ᠰᠢᠩ ᠾᠧ ᠰᠢᠶᠠᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ 2022 ᠣᠨ ᠤ ᠬᠤᠶᠠᠳᠤᠭᠠᠷ ᠤᠳᠠᠭᠠᠨ ᠤ ᠬᠤᠷᠠᠯ ᠵᠢᠴᠢ ᠠᠶᠤᠯ ᠲᠦᠭᠰᠢᠭᠦᠷᠢ ᠶᠢ ᠰᠤᠳᠤᠯᠤᠨ ᠮᠠᠭᠠᠳᠯᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/2/21
     ᠪᠥᠬᠦ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠭᠠᠳᠠᠨ᠎ᠠ ᠠᠴᠠ ᠬᠠᠯᠳᠠᠪᠤᠷᠢᠯᠠᠬᠤ ᠶᠢ ᠰᠡᠷᠭᠡᠶᠢᠯᠡᠬᠦ︾ ᠰᠡᠷᠭᠡᠶᠢᠯᠡᠯᠲᠡ ᠶᠢᠨ ᠱᠤᠭᠤᠮ ᠢ ᠡᠷᠡᠰ ᠰᠠᠬᠢᠬᠤ ᠶᠢᠨ ᠲᠥᠯᠥᠭᠡ᠂ 2 ᠰᠠᠷ᠎ᠠ ᠶᠢᠨ 18 ᠤ ᠡᠳᠦᠷ᠂ ᠰᠢᠩ ᠾᠧ ᠰᠢᠶᠠᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ 2022 ᠣᠨ ᠤ ᠬᠤᠶᠠᠳᠤᠭᠠᠷ ᠤᠳᠠᠭᠠᠨ ᠤ ᠬᠤᠷᠠᠯ ᠵᠢᠴᠢ ᠠᠶᠤᠯ ᠲᠦᠭᠰᠢᠭᠦᠷᠢ ᠶᠢ ᠰᠤᠳᠤᠯᠤᠨ ᠮᠠᠭᠠᠳᠯᠠᠬᠤ ᠬᠤᠷᠠᠯ ᠬᠤᠷᠠᠯᠳᠤᠭᠤᠯᠪᠠ᠃      ᠬᠤᠷᠠᠯ ᠠᠴᠠ᠂ ᠡᠯ᠎ᠡ ᠠᠵᠢᠯᠯᠠᠬᠤ ᠳᠤᠭᠤᠶᠢᠯᠠᠩ ᠨᠢ ᠠᠵᠢᠯ ᠢᠶᠠᠨ ᠨᠢᠭᠡᠳᠦᠯᠲᠡᠶ ᠲᠥᠯᠥᠪᠯᠡᠬᠦ ᠴᠢᠳᠠᠪᠤᠷᠢ ᠪᠠᠨ ᠴᠢᠩᠭᠠᠷᠠᠭᠤᠯᠤᠨ᠂ ᠡᠯ᠎ᠡ ᠵᠦᠶᠯ ᠤᠨ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠠᠵᠢᠯ ᠤᠨ ᠳᠤᠮᠳᠠᠬᠢ ᠪᠠᠭᠤᠷᠠᠶ ᠭᠤᠭᠴᠤᠭ᠎ᠠ ᠪᠣᠯᠤᠨ ᠲᠣᠪᠤᠶᠢᠮ᠎ᠠ ᠠᠰᠠᠭᠤᠳᠠᠯ ᠢ ᠬᠢᠨᠠᠮᠠᠭᠠᠶ ᠪᠠᠶᠢᠴᠠᠭᠠᠨ ᠰᠢᠶᠳᠪᠦᠷᠢᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠭᠴᠤᠭ᠎ᠠ ᠨᠢᠭᠡᠪᠦᠷᠢ᠂ ᠡᠭᠦᠷᠭᠡ ᠨᠢᠭᠡᠪᠦᠷᠢ ᠶᠢ ᠴᠥᠮ ᠪᠣᠳᠠᠲᠠᠶ ᠪᠠᠷ ᠯᠠᠪᠳᠠᠭᠤᠨ ᠪᠠᠲᠤᠲᠠᠶ ᠨᠠᠶᠢᠳᠠᠪᠤᠷᠢᠵᠢᠭᠤᠯᠬᠤ ᠮᠥᠷᠲᠡᠭᠡᠨ ᠬᠦᠴᠦᠲᠡᠶ ᠪᠥᠭᠡᠳ ᠪᠦᠲᠦᠮᠵᠢᠲᠡᠶ ᠪᠠᠷ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ᠃ ᠡᠯ᠎ᠡ ᠰᠢᠶᠠᠩ ᠪᠠᠯᠭᠠᠰᠤ ᠵᠠᠪᠠᠯ ᠣᠷᠣᠨ ᠨᠤᠲᠤᠭ ᠢᠶᠠᠨ ᠬᠠᠮᠠᠭᠠᠯᠠᠬᠤ ᠬᠠᠷᠢᠭᠤᠴᠠᠯᠭᠠᠲᠦ ᠰᠡᠳᠬᠢᠯ ᠲᠠᠢ ᠪᠠᠶᠢᠵᠤ᠂ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠪᠦᠬᠦ ᠬᠦᠴᠦᠨ ᠢᠶᠠᠷ ᠢᠶᠠᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠡᠶᠡᠯᠡᠭᠦᠯᠵᠦ᠂ ᠭᠤᠣᠯ ᠬᠠᠷᠢᠭᠤᠴᠠᠯᠭᠠᠲᠠᠨ ᠨᠥᠬᠦᠳ ᠡᠮᠦᠨ᠎ᠡ ᠹᠷᠣᠨᠲ ᠲᠤ ᠵᠣᠭᠰᠣᠵᠤ᠂ ᠡᠮᠦᠨ᠎ᠡ ᠹᠷᠣᠨᠲ ᠲᠤ ᠵᠢᠯᠣᠭᠤᠳᠴᠤ᠂ ᠡᠯ᠎ᠡ ᠵᠦᠢᠯ ᠤᠨ ᠠᠵᠢᠯ ᠢ ᠪᠣᠳᠠᠲᠠᠢ ᠠᠳᠬᠤᠬᠤ ᠬᠡᠷᠡᠭᠲᠡᠢ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠨᠢᠭᠲᠠ ᠨᠡᠪᠲᠡᠷᠡᠯᠴᠡᠵᠦ᠂ ᠨᠢᠭᠲᠠ ᠬᠠᠮᠵᠢᠯᠴᠠᠨ᠂ ᠠᠯᠬᠤᠮ ᠨᠢᠭᠡᠲᠡᠶ ᠪᠠᠷ ᠠᠵᠢᠯ ᠢᠶᠠᠨ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠦᠴᠦᠷᠬᠡᠭ ᠶᠡᠭᠡ ᠨᠡᠶᠢᠯᠡᠮᠡᠯ ᠬᠦᠴᠦᠨ ᠢ ᠪᠣᠶ ᠪᠣᠯᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠭᠤᠭᠴᠤᠭ᠎ᠠ ᠶᠢ ᠣᠷᠭᠠᠨᠢᠭ ᠢᠶᠠᠷ ᠵᠣᠯᠭᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ᠂ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ᠂ ᠡᠯ᠎ᠡ ᠠᠵᠢᠯ ᠤᠨ ᠳᠤᠭᠤᠶᠢᠯᠠᠩ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠦᠨᠳᠦᠰᠦᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠤᠯᠠᠨ ᠲᠦᠮᠡᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠪᠣᠯᠤᠨ ᠨᠡᠶᠢᠭᠡᠮ ᠤᠨ ᠠᠮᠤᠷ ᠲᠣᠭᠲᠠᠭᠤᠨ ᠤ ᠶᠡᠭᠡ ᠲᠠᠯ᠎ᠠ ᠶᠢ ᠡᠷᠡᠰ ᠬᠠᠮᠠᠭᠠᠯᠠᠬᠤ ᠬᠡᠷᠡᠭᠲᠡᠢ ᠭᠡᠵᠦ ᠱᠠᠭᠠᠷᠳᠠᠪᠠ᠃ ᠡᠯ᠎ᠡ ᠪᠣᠭᠤᠮᠲᠠ ᠨᠢ ᠡᠯ᠎ᠡ ᠵᠦᠢᠯ ᠤᠨ ᠬᠢᠵᠢᠭ ᠪᠠᠶᠢᠴᠠᠭᠠᠬᠤ ᠪᠠᠶᠢᠴᠠᠭᠠᠨ ᠬᠡᠮᠵᠢᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ︽ᠬᠤᠶᠠᠷ ᠡᠪᠦᠯ ᠤᠨ ᠤᠯᠠᠷᠢᠯ ᠤᠨ ᠣᠯᠢᠮᠫᠢᠺ︾᠂ ︽ᠬᠤᠶᠠᠷ ᠬᠤᠷᠠᠯ︾ ᠤᠨ ᠠᠮᠤᠷ ᠲᠦᠪᠰᠢᠨ ᠢ ᠪᠠᠲᠤᠯᠠᠬᠤ ᠬᠡᠷᠡᠭᠲᠡᠢ︔ ᠠᠵᠢᠯ ᠤᠨ ᠲᠣᠬᠢᠷᠠᠭᠤᠯᠤᠯᠲᠠ ᠶᠢ ᠴᠢᠩᠭᠠᠳᠬᠠᠵᠤ᠂ ᠭᠡᠨᠡᠳᠲᠡ ᠶᠢᠨ ᠬᠢᠵᠢᠭ ᠤᠨ ᠪᠠᠶᠢᠳᠠᠯ ᠡᠭᠦᠰᠬᠦ ᠦᠶ᠎ᠡ ᠳᠤ᠂ ᠵᠦᠶ ᠵᠣᠬᠢᠰᠲᠠᠶ ᠳᠣᠭᠢᠷᠠᠭᠤᠯᠵᠤ᠂ ᠡᠮᠬᠢ ᠵᠢᠷᠤᠮ ᠲᠠᠢ ᠪᠦᠲᠦᠮᠵᠢᠲᠡᠶ ᠰᠢᠶᠳᠪᠦᠷᠢᠯᠡᠬᠦ ᠶᠢ ᠦᠨᠡᠨ ᠬᠦ ᠪᠠᠲᠤᠯᠠᠬᠤ ᠬᠡᠷᠡᠭᠲᠡᠶ᠂ ᠢᠯᠠᠩᠭᠤᠶ᠎ᠠ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠶᠢᠨ ᠠᠵᠢᠯᠲᠠᠨ ᠤ ᠪᠣᠯᠪᠠᠰᠤᠷᠠᠭᠤᠯᠤᠯ ᠢ ᠴᠢᠩᠭᠠᠳᠬᠠᠵᠤ᠂ ᠵᠠᠩᠭᠢᠯᠠᠭ᠎ᠠ ᠶᠢᠨ ᠦᠶ᠎ᠡ ᠳᠤ ᠲᠠᠲᠠᠵᠤ ᠳᠡᠶᠢᠯᠬᠦ᠂ ᠬᠡᠷᠡᠭᠯᠡᠵᠦ ᠳᠡᠶᠢᠯᠬᠦ ᠶᠢ ᠪᠡᠶᠡᠯᠡᠭᠦᠯᠵᠦ᠂ ᠡᠳ᠋ ᠪᠣᠳᠠᠰ ᠤᠨ ᠪᠠᠲᠤᠯᠠᠭ᠎ᠠ ᠶᠢ ᠨᠠᠷᠢᠨ ᠬᠢᠨᠠᠮᠠᠭᠠᠶ ᠰᠠᠶᠢᠲᠤᠷ ᠬᠢᠵᠦ᠂ ᠡᠳ᠋ ᠪᠣᠳᠠᠰ ᠢ ᠰᠢᠯᠵᠢᠭᠦᠯᠦᠨ ᠲᠡᠭᠡᠭᠡᠪᠦᠷᠢᠯᠡᠬᠦ ᠨᠥᠭᠡᠴᠡᠯᠡᠨ ᠬᠤᠪᠢᠶᠠᠷᠢᠯᠠᠬᠤ ᠡᠯ᠎ᠡ ᠵᠦᠶᠯ ᠤᠨ ᠠᠵᠢᠯ ᠢ ᠨᠠᠷᠢᠯᠢᠭ ᠣᠨᠣᠴᠠᠲᠠᠶ ᠪᠠᠷ ᠥᠷᠨᠢᠭᠦᠯᠵᠦ᠂ ᠭᠦᠶᠴᠡᠳ ᠬᠠᠩᠭᠠᠯᠭ᠎ᠠ ᠶᠢ ᠦᠨᠡᠨ ᠬᠦ ᠪᠠᠲᠤᠯᠠᠬᠤ ᠬᠡᠷᠡᠭᠲᠡᠶ︔ ᠬᠤᠷᠳᠤᠨ ᠤ ᠲᠡᠮᠦᠷ ᠵᠠᠮ ᠤᠨ ᠥᠷᠲᠡᠭᠡ᠂ ᠭᠠᠯᠲᠤ ᠲᠡᠷᠭᠡᠨ ᠤ ᠥᠷᠲᠡᠭᠡ᠂ ᠮᠠᠰᠢᠨ ᠲᠡᠷᠭᠡᠨ ᠤ ᠥᠷᠲᠡᠭᠡ᠂ ᠵᠣᠴᠢᠳ ᠤᠨ ᠪᠠᠭᠤᠳᠠᠯ᠂ ᠬᠤᠳᠠᠯᠳᠤᠭᠠᠨ ᠤ ᠳᠡᠯᠭᠡᠭᠦᠷ ᠬᠡᠲᠦ ᠳᠡᠯᠭᠡᠭᠦᠷ᠂ ᠵᠢᠭᠤᠯᠴᠢᠯᠠᠯ ᠳᠤ ᠬᠤᠯᠪᠣᠭᠳᠠᠬᠤ ᠲᠠᠯᠠᠪᠤᠷ ᠵᠢᠴᠢ ᠲᠥᠪᠯᠡᠷᠡᠭᠦᠯᠦᠨ ᠲᠤᠰᠠᠭᠠᠷᠯᠠᠬᠤ ᠭᠠᠵᠠᠷ᠂ ᠬᠠᠯᠠᠭᠤᠷᠠᠯ ᠤᠨ ᠡᠭᠦᠳᠡᠨ ᠡᠮᠨᠡᠯᠭᠡ᠂ ᠬᠦᠶᠲᠡᠨ ᠬᠡᠯᠬᠢᠶᠡᠲᠦ ᠪᠠᠷᠠᠭᠠᠨ ᠤ ᠭᠦᠶᠯᠭᠡᠭᠡ ᠵᠡᠷᠭᠡ ᠭᠤᠤᠯᠳᠠᠯᠭ᠎ᠠ ᠲᠠᠢ ᠲᠠᠯᠠᠪᠤᠷ᠂ ᠭᠤᠤᠯᠳᠠᠯᠭ᠎ᠠ ᠲᠠᠢ ᠭᠤᠭᠴᠤᠭ᠎ᠠ ᠶᠢ ᠴᠢᠩᠭ᠎ᠠ ᠠᠩᠬᠠᠷᠴᠤ᠂ ᠠᠮᠠᠪᠴᠢ ᠵᠡᠭᠦᠬᠦ᠂ ᠪᠡᠶ᠎ᠡ ᠶᠢᠨ ᠳᠤᠯᠠᠭᠠᠨ ᠢ ᠬᠢᠨᠠᠨ ᠬᠡᠮᠵᠢᠬᠦ ᠵᠡᠷᠭᠡ ᠠᠵᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠤᠷ ᠢ ᠪᠠᠲᠤ ᠪᠠᠬᠢ ᠨᠢᠭᠲᠠ ᠰᠦᠯᠵᠢᠬᠦ ᠬᠡᠷᠡᠭᠲᠡᠶ ᠭᠡᠵᠦ ᠱᠠᠭᠠᠷᠳᠠᠪᠠ᠃                                       ᠣᠷᠴᠢᠭᠤᠯᠤᠭᠴᠢ᠄ ᠤᠳᠠ                                       ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2