ᠵᠦᠸᠧᠽᠢ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠢᠯᠧᠲ ᠤᠨ ᠰᠣᠩᠭᠤᠯᠲᠠ ᠪᠠᠷ | ᠪᠠᠲᠤᠯᠠᠭᠰᠠᠨ ᠢᠶᠠᠷ᠂ 2022 ᠣᠨ ᠳᠤ᠂ ᠵᠦᠸᠧᠽᠢ ᠰᠢᠶᠠᠨ 10 ᠵᠦᠢᠯ ᠤᠨ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠤᠨ ᠲᠦᠷᠦᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ᠂ ᠵᠢᠱᠢᠯᠲᠡ ᠪᠠᠷ ᠶᠡᠷᠦᠩᠬᠡᠢ ᠪᠡᠯᠡ | ᠣᠷᠣᠭᠤᠯᠤᠯᠲᠠ ᠨᠢ 5431.95 ᠲᠦᠮᠡᠨ ᠲᠥᠭᠦᠷᠢᠭ ᠲᠤ ᠬᠦᠷᠦᠨ᠎ᠡ᠃ ᠲᠦᠷᠦᠯ ᠵᠦᠢᠯ ᠨᠢ ᠭᠤᠣᠯᠳᠠᠭᠤ | ᠰᠤᠷᠭᠠᠨ ᠬᠥᠮᠦᠵᠢᠯ᠂ ᠵᠠᠮ᠂ ᠨᠡᠶᠢᠭᠡᠮ ᠠᠷᠠᠳ ᠤᠨ ᠠᠮᠢᠳᠤᠷᠠᠯ ᠵᠡᠷᠭᠡ ᠬᠦᠷᠢᠶᠡᠨ ᠳᠤ ᠬᠤᠯᠪᠣᠭᠳᠠᠵᠤ᠂ ᠴᠥᠮ | ᠠᠷᠠᠳ ᠤᠯᠠᠨ ᠤ ᠬᠠᠮᠤᠭ ᠠᠴᠠ ᠠᠩᠬᠠᠷᠴᠤ ᠪᠠᠶᠢᠭ᠎ᠠ᠂ ᠬᠠᠮᠤᠭ ᠤᠨ ᠰᠢᠭᠤᠳ᠂ ᠬᠠᠮᠤᠭ ᠤᠨ ᠪᠣᠳᠠᠲᠠᠢ ᠠᠮᠢ | ᠪᠡᠶ᠎ᠡ ᠶᠢᠨ ᠠᠰᠢᠭ ᠲᠤᠰᠠ ᠶᠢᠨ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ ᠶᠤᠮ᠂ ᠡᠭᠦᠨ ᠳᠤ ᠠᠷᠠᠳ ᠤᠯᠠᠨ ᠤ | ᠡᠳᠦᠷ ᠲᠤᠳᠤᠮ ᠤᠨ ᠢᠳᠡᠬᠦ᠂ ᠡᠮᠦᠰᠬᠦ᠂ ᠰᠠᠭᠤᠬᠤ᠂ ᠬᠡᠷᠡᠭᠯᠡᠬᠦ᠂ ᠶᠠᠪᠤᠬᠤ ᠵᠡᠷᠭᠡ ᠶᠢ ᠪᠠᠭᠲᠠᠭᠠᠵᠤ᠂ ᠵᠠᠰᠠᠭ ᠤᠨ | ᠣᠷᠳᠣᠨ ᠤ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠠᠷᠠᠳ ᠤᠨ ᠰᠡᠳᠬᠢᠯ ᠤᠨ ᠢᠨᠵᠧᠨᠧᠷᠢᠩ ᠪᠣᠯᠤᠨ᠎ᠠ᠃ | ᠲᠠᠷᠠᠭᠠᠴᠢ ᠶᠢᠨ ᠠᠯᠬᠤᠮ ᠳᠤ᠂ ᠰᠢᠶᠠᠨ ᠤ ᠠᠷᠠᠳ ᠤᠨ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ | ᠠᠩᠬᠠᠷᠴᠤ᠂ ᠰᠤᠯᠠᠷᠠᠭᠤᠯᠤᠯ ᠥᠬᠡᠶ ᠪᠠᠷ ᠵᠣᠬᠢᠶᠠᠨ ᠪᠠᠶᠢᠭᠤᠯᠵᠤ ᠤᠳᠤᠷᠢᠳᠬᠤ ᠪᠠ ᠨᠢᠭᠡᠳᠦᠯᠲᠡᠶ ᠲᠥᠯᠥᠪᠯᠡᠨ | ᠵᠣᠬᠢᠴᠠᠭᠤᠯᠬᠤ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠬᠡᠷᠡᠭᠵᠢᠭᠦᠯᠬᠦ ᠨᠢᠭᠡᠴᠢ ᠶᠢ ᠬᠠᠪᠰᠤᠷᠤᠨ | ᠲᠤᠯᠭᠠᠷᠠᠭᠰᠠᠨ ᠡᠯ᠎ᠡ ᠵᠦᠶᠯ ᠤᠨ ᠬᠦᠴᠢᠷᠳᠡᠯ ᠪᠠ ᠠᠰᠠᠭᠤᠳᠠᠯ ᠢ ᠵᠣᠬᠢᠴᠠᠭᠤᠯᠤᠨ ᠰᠢᠶᠳᠪᠦᠷᠢᠯᠡᠨ᠎ᠡ᠃ ᠡᠭᠦᠨ ᠤ | ᠬᠠᠮᠲᠤ᠂ ᠪᠠᠷᠢᠯᠭ᠎ᠠ ᠶᠢᠨ ᠶᠠᠰᠤ ᠴᠢᠨᠠᠷ ᠢ ᠴᠢᠩᠭ᠎ᠠ ᠠᠳᠬᠤᠵᠤ᠂ ᠶᠠᠰᠤ ᠴᠢᠨᠠᠷ ᠤᠨ ᠬᠠᠮᠤᠭ ᠤᠨ ᠴᠢᠩᠭ᠎ᠠ | ᠬᠠᠮᠢᠶᠠᠷᠤᠯᠲᠠ ᠶᠢ ᠬᠡᠷᠡᠭᠵᠢᠭᠦᠯᠵᠦ᠂ ᠶᠠᠰᠤ ᠴᠢᠨᠠᠷ ᠢᠶᠠᠷ ᠰᠠᠶᠢᠨ᠂ ᠤᠯᠠᠨ ᠲᠦᠮᠡᠨ ᠰᠡᠳᠬᠢᠯ ᠬᠠᠨᠤᠮᠵᠢᠲᠠᠢ᠂ | ᠰᠢᠯᠭᠠᠯᠲᠠ ᠶᠢ ᠳᠠᠭᠠᠭᠠᠵᠤ ᠳᠡᠶᠢᠯᠬᠦ ᠰᠠᠨᠠᠭ᠎ᠠ ᠠᠮᠤᠷ ᠢᠨᠵᠧᠨᠧᠷᠢᠩ ᠢ ᠪᠠᠶᠢᠭᠤᠯᠤᠨ᠎ᠠ᠃ | | | | ᠣᠷᠴᠢᠭᠤᠯᠤᠭᠴᠢ᠄ ᠤᠳᠠ | ᠬᠢᠨᠠᠭᠴᠢ᠄ ᠠᠷᠢᠭᠤᠨ |