ᠹᠧᠩᠵᠧᠨ ᠬᠤᠲᠠ ᠶᠢᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠡᠷᠭᠡᠶᠢᠯᠡᠯᠲᠡ ᠶᠢᠨ ᠱᠤᠭᠤᠮ ᠢ ᠪᠥᠬᠦ ᠬᠦᠴᠦᠨ ᠢᠶᠠᠷ ᠪᠠᠬᠢᠵᠢᠭᠦᠯᠪᠡ
ᠨᠡᠶᠢᠲᠡᠯᠡᠭᠰᠡᠨ ᠴᠠᠭ᠄
2022/2/24
   ᠣᠶᠢᠷ᠎ᠠ ᠶᠢᠨ ᠬᠤᠭᠤᠴᠠᠭᠠᠨ ᠳᠤ᠂ ᠬᠥᠬᠡᠬᠤᠲᠠ ᠳᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢᠯᠡᠷᠡᠵᠦ᠂ ᠬᠢᠵᠢᠭ ᠤᠨ ᠬᠠᠯᠳᠠᠪᠤᠷᠢᠯᠠᠬᠤ ᠵᠠᠮ ᠢ ᠲᠡᠰᠦᠯᠵᠦ᠂ ᠬᠢᠵᠢᠭ ᠤᠨ ᠲᠠᠷᠬᠠᠯᠲᠠ ᠶᠢ ᠪᠦᠲᠦᠮᠵᠢᠲᠡᠶ ᠬᠤᠷᠢᠭᠯᠠᠬᠤ ᠶᠢᠨ ᠲᠥᠯᠥᠭᠡ᠂ ᠹᠧᠩᠵᠧᠨ ᠬᠤᠲᠠ ᠶᠢᠨ ᠬᠢᠨ ᠲᠣᠤᠷᠵᠢᠭᠤᠯᠤᠭᠰᠠᠨ ᠬᠢᠨᠠᠯᠲᠠ ᠬᠠᠮᠢᠶᠠᠷᠤᠯᠲᠠ ᠶᠢ ᠥᠨᠳᠥᠷ ᠪᠦᠲᠦᠮᠵᠢᠲᠡᠶ ᠪᠠᠷ ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠪᠡᠶᠡᠴᠢ ᠴᠣᠭᠴᠠ ᠶᠢᠨ ᠲᠣᠭᠤᠷᠢᠨ ᠪᠠᠶᠢᠴᠠᠭᠠᠬᠤ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠪᠡ᠃ ᠡᠵᠡᠩᠨᠡᠭᠴᠢᠳ ᠢ ᠣᠷᠣᠵᠤ ᠭᠠᠷᠬᠤ ᠬᠥᠮᠦᠰ ᠲᠤ ᠠᠮᠠᠪᠴᠢ ᠵᠡᠭᠦᠯᠭᠡᠬᠦ᠂ ᠪᠡᠶ᠎ᠡ ᠶᠢᠨ ᠳᠤᠯᠠᠭᠠᠨ ᠢ ᠬᠡᠮᠵᠢᠬᠦ᠂ ᠺᠣᠳ᠋ ᠰᠢᠷᠪᠢᠬᠦ᠂ ︽ᠨᠢᠭᠡ ᠮᠧᠲᠷ ᠤᠨ ᠱᠤᠭᠤᠮ︾ ᠭᠠᠷᠭᠠᠬᠤ᠂ ᠲᠠᠯᠠᠪᠤᠷ ᠭᠠᠵᠠᠷ ᠢ ᠠᠷᠢᠭᠤᠳᠬᠠᠨ ᠰᠠᠯᠬᠢ ᠨᠡᠪᠲᠡᠷᠡᠭᠦᠯᠬᠦ ᠵᠡᠷᠭᠡ ᠠᠷᠭ᠎ᠠ ᠬᠡᠮᠵᠢᠶ᠎ᠡ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠤᠳᠠᠯᠳᠤᠭᠠᠨ ᠤ ᠲᠠᠯᠠᠪᠤᠷ᠂ ᠬᠡᠲᠦ ᠳᠡᠯᠭᠡᠭᠦᠷ ᠵᠡᠷᠭᠡ ᠭᠤᠤᠯᠳᠠᠯᠭ᠎ᠠ ᠲᠠᠢ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠢᠨᠠᠯᠲᠠ ᠬᠠᠮᠢᠶᠠᠷᠤᠯᠲᠠ ᠶᠢ ᠲᠣᠪᠤᠶᠢᠮ᠎ᠠ ᠰᠠᠶᠢᠲᠤᠷ ᠠᠳᠬᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠪᠥᠭᠡᠳ ᠨᠠᠷᠢᠯᠢᠬᠵᠢᠭᠤᠯᠵᠤ᠂ ᠬᠡᠷᠡᠭᠯᠡᠭᠴᠢᠳ ᠢ ᠵᠠᠯᠠᠵᠤ ᠵᠢᠯᠣᠭᠤᠳᠬᠤ ᠠᠵᠢᠯ ᠢ ᠰᠠᠶᠢᠲᠤᠷ ᠬᠢᠵᠦ᠂ ᠣᠪᠣᠭᠠᠷᠠᠨ ᠴᠤᠭᠯᠠᠷᠠᠬᠤ ᠶᠢ ᠰᠡᠷᠭᠡᠶᠢᠯᠡᠬᠦ ᠶᠢ ᠱᠠᠭᠠᠷᠳᠠᠪᠠ᠃ ᠮᠡᠳᠡᠭᠡ ᠵᠠᠩᠭᠢ ᠶᠢᠨ ᠲᠠᠪᠴᠠᠩ ᠢᠶᠠᠷ ᠳᠠᠮᠵᠢᠭᠤᠯᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠪᠥᠬᠦ ᠬᠤᠲᠠ ᠶᠢᠨ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠢᠯᠡᠭᠡᠭᠰᠡᠨ ᠨᠢᠭᠡ ᠬᠤᠪᠢ ᠵᠠᠬᠢᠳᠠᠯ ᠢ ᠨᠡᠶᠢᠲᠡᠯᠡᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠪᠣᠯᠤᠨ ᠵᠠᠬ᠎ᠠ ᠳᠡᠯᠭᠡᠭᠦᠷ ᠤᠨ ᠠᠵᠢᠯ ᠡᠷᠬᠢᠯᠡᠭᠴᠢᠳ ᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠶᠢ ᠤᠷᠢᠶᠠᠯᠠᠵᠤ᠂ ᠨᠢᠭᠡ ᠰᠡᠳᠬᠢᠯ ᠨᠢᠭᠡ ᠵᠣᠷᠢᠭ ᠢᠶᠠᠷ ᠬᠢᠵᠢᠭ ᠤᠨ ᠪᠠᠶᠢᠳᠠᠯ ᠢ ᠰᠡᠷᠭᠡᠶᠢᠯᠡᠬᠦ ᠱᠤᠭᠤᠮ ᠢ ᠬᠠᠮᠲᠤ ᠪᠠᠷ ᠪᠠᠶᠢᠭᠤᠯᠪᠠ᠃ ᠡᠭᠦᠨ ᠤ ᠬᠠᠮᠲᠤ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠡᠵᠡᠩᠨᠡᠯᠲᠡ ᠶᠢᠨ ᠲᠠᠯᠠᠪᠤᠷ ᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠱᠠᠭᠠᠷᠳᠠᠯᠭ᠎ᠠ ᠪᠠ ᠢᠯᠡᠴᠢᠯᠡᠨ ᠮᠡᠳᠡᠭᠦᠯᠬᠦ ᠤᠲᠠᠰᠤ ᠶᠢ ᠨᠠᠭᠠᠵᠤ᠂ ᠣᠯᠠᠨ ᠨᠡᠶᠢᠲᠡ ᠶᠢᠨ ᠬᠢᠨᠠᠯᠲᠠ ᠲᠠᠯᠪᠢᠬᠤ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ ᠣᠯᠠᠨ ᠨᠡᠶᠢᠲᠡ ᠶᠢᠨ ᠬᠢᠨᠠᠯᠲᠠ ᠲᠠᠯᠪᠢᠬᠤ ᠦᠶᠯᠡᠳᠦᠯ ᠢ ᠪᠠᠳᠠᠷᠠᠭᠤᠯᠪᠠ᠃ ᠹᠧᠩᠵᠧᠨ ᠬᠤᠲᠠ ᠬᠤᠯᠪᠣᠭᠳᠠᠯ ᠪᠥᠬᠦᠶ ᠡᠭᠦᠷᠭᠡ ᠴᠢᠳᠠᠪᠤᠷᠢᠲᠤ ᠨᠢᠭᠡᠴᠢ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠠᠴᠠ ᠠᠵᠢᠯᠲᠠᠨ ᠲᠠᠲᠠᠵᠤ ᠭᠤᠷᠪᠠᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠬᠤᠲᠠ ᠶᠢᠨ ᠲᠣᠭᠤᠷᠢᠭ ᠰᠢᠶᠠᠩ ᠪᠠᠯᠭᠠᠰᠤᠨ ᠤ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠲᠤᠰᠬᠠᠶ ᠰᠢᠪᠠᠳᠠᠨ ᠪᠠᠶᠢᠴᠠᠭᠠᠯᠲᠠ ᠥᠷᠨᠢᠭᠦᠯᠬᠦ ᠶᠢᠨ ᠬᠠᠮᠲᠤ ᠨᠢᠭᠤᠴᠠ ᠪᠠᠷ ᠰᠤᠷᠪᠤᠯᠵᠢᠯᠠᠬᠤ᠂ ᠰᠥᠨᠢ ᠪᠠᠷ ᠪᠠᠶᠢᠴᠠᠭᠠᠬᠤ ᠠᠵᠢᠯ ᠢ ᠥᠷᠨᠢᠭᠦᠯᠪᠡ᠃ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠠᠵᠢᠯ ᠡᠷᠬᠢᠯᠡᠵᠦ ᠪᠠᠶᠢᠭ᠎ᠠ ᠬᠥᠮᠦᠰ ᠤᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠪᠠ ᠬᠠᠮᠢᠶᠠᠷᠤᠯᠲᠠ ᠶᠢ ᠴᠢᠩᠭᠠᠳᠬᠠᠵᠤ᠂ ᠠᠵᠢᠯᠲᠠᠨ ᠤ ᠬᠠᠮᠢᠶᠠᠷᠤᠯᠲᠠ ᠶᠢᠨ ᠲᠦᠷᠢᠮ ᠢ ᠪᠦᠷᠢᠨᠰᠢᠭᠦᠯᠬᠦ ᠶᠢᠨ ᠬᠠᠮᠲᠤ ᠴᠢᠩᠭ᠎ᠠ ᠬᠡᠷᠡᠭᠵᠢᠭᠦᠯᠵᠦ᠂ ᠠᠵᠢᠯ ᠡᠷᠬᠢᠯᠡᠵᠦ ᠪᠠᠶᠢᠭ᠎ᠠ ᠬᠥᠮᠦᠰ ᠤᠨ ᠣᠶᠢᠷ᠎ᠠ ᠶᠢᠨ ᠬᠤᠭᠤᠴᠠᠭᠠᠨ ᠤ ᠠᠶᠠᠯᠠᠯ ᠢ ᠡᠵᠡᠮᠰᠢᠨ᠂ ᠡᠳᠦᠷ ᠪᠦᠷᠢ ᠶᠢᠨ ᠥᠷᠯᠥᠭᠡ ᠶᠢᠨ ᠪᠠᠶᠢᠴᠠᠭᠠᠯᠲᠠ ᠬᠢᠬᠦ ᠶᠢᠨ ᠬᠠᠮᠲᠤ ᠳᠡᠩᠰᠡᠯᠡᠯᠲᠡ ᠶᠢᠨ ᠡᠬᠡ ᠲᠠᠩᠰᠠ ᠪᠠᠶᠢᠭᠤᠯᠬᠤ ᠶᠢ ᠱᠠᠭᠠᠷᠳᠠᠪᠠ᠃ ᠢᠳᠡᠭᠡᠨ ᠤᠮᠳᠠᠭᠠᠨ ᠤ ᠠᠵᠢᠯ ᠡᠷᠬᠢᠯᠡᠭᠰᠡᠳ ᠢ ᠠᠵᠢᠯ ᠤᠨ ᠳᠤᠮᠳᠠ ᠪᠠᠨ ᠠᠮᠠᠪᠴᠢ ᠵᠡᠭᠦᠵᠦ᠂ ᠬᠦᠢᠲᠡᠨ ᠬᠡᠯᠬᠢᠶᠡᠲᠦ ᠢᠳᠡᠭᠡᠨ ᠪᠠ ᠰᠢᠨ᠎ᠡ ᠰᠣᠷᠭᠤᠭ ᠢᠳᠡᠭᠡᠨ ᠲᠠᠢ ᠰᠢᠭᠤᠳ ᠬᠦᠷᠦᠯᠴᠡᠬᠦ ᠬᠥᠮᠦᠰ ᠢ ᠠᠵᠢᠯ ᠤᠨ ᠪᠦᠬᠦ ᠶᠠᠪᠤᠴᠠ ᠳᠠᠭᠠᠨ ᠪᠡᠭᠡᠯᠡᠶ ᠵᠡᠷᠭᠡ ᠬᠠᠮᠠᠭᠠᠯᠠᠯᠲᠠ ᠶᠢᠨ ᠬᠡᠷᠡᠭᠰᠡᠯ ᠢ ᠵᠡᠭᠦᠬᠦ ᠶᠢ ᠱᠠᠭᠠᠷᠳᠠᠪᠡ᠃ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠵᠢᠯᠴᠠᠨ᠂ ᠱᠠᠭᠠᠷᠳᠠᠯᠭ᠎ᠠ ᠶᠣᠰᠣᠭᠠᠷ ᠭᠤᠤᠯᠳᠠᠯᠭ᠎ᠠ ᠲᠠᠢ ᠬᠥᠮᠦᠰ᠂ ᠭᠤᠤᠯᠳᠠᠯᠭ᠎ᠠ ᠲᠠᠢ ᠲᠠᠯᠠᠪᠤᠷ ᠭᠠᠵᠠᠷ᠂ ᠭᠤᠤᠯᠳᠠᠯᠭ᠎ᠠ ᠲᠠᠢ ᠪᠠᠶᠢᠭᠤᠯᠤᠮᠵᠢ ᠶᠢᠨ ᠪᠠᠶᠢᠴᠠᠭᠠᠬᠤ ᠶᠣᠰᠣᠲᠠᠶ ᠶᠢ ᠨᠢ ᠴᠥᠮ ᠪᠠᠶᠢᠴᠠᠭᠠᠬᠤ ᠠᠵᠢᠯ ᠢ ᠰᠠᠶᠢᠲᠤᠷ ᠬᠢᠪᠡ᠃    ᠣᠲᠣ ᠪᠣᠯᠲᠠᠯ᠎ᠠ᠂ ᠭᠠᠳᠠᠭᠠᠳᠤ ᠠᠴᠠ ᠣᠷᠣᠭᠤᠯᠤᠭᠰᠠᠨ ᠬᠦᠶᠲᠡᠨ ᠬᠡᠯᠬᠢᠶᠡᠲᠦ ᠢᠳᠡᠭᠡᠨ ᠤ ᠵᠦᠶᠯ ᠤᠨ ᠠᠵᠢᠯᠲᠠᠨ 20 ᠬᠥᠮᠦᠨ᠂ ᠵᠠᠬᠢᠶᠠᠯᠠᠭ᠎ᠠ ᠶᠢᠨ ᠬᠤᠭᠤᠯᠠᠨ ᠤ ᠠᠵᠢᠯᠲᠠᠨ 60 ᠬᠥᠮᠦᠨ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠠᠵᠢᠯᠲᠠᠨ 14 ᠬᠥᠮᠦᠨ᠂ ᠬᠥᠮᠦᠨ ᠣᠯᠠᠨ ᠴᠤᠭᠯᠠᠷᠠᠳᠠᠭ ᠬᠤᠳᠠᠯᠳᠤᠭᠠᠨ ᠤ ᠲᠠᠯᠠᠪᠤᠷ  ᠬᠡᠲᠦ ᠳᠡᠯᠭᠡᠭᠦᠷ ᠪᠠᠭᠤᠳᠠᠯ ᠤᠨ ᠠᠵᠢᠯᠲᠠᠨ 259 ᠬᠥᠮᠦᠨ᠂ ᠡᠮ ᠤᠨ ᠳᠡᠯᠭᠡᠭᠦᠷ ᠤᠨ ᠠᠵᠢᠯᠲᠠᠨ 296 ᠬᠥᠮᠦᠨ ᠳᠤ ᠪᠥᠭᠡᠮ ᠬᠦᠴᠢᠯ ᠤᠨ ᠪᠠᠶᠢᠴᠠᠭᠠᠯᠲᠠ ᠬᠢᠵᠦ᠂ ᠴᠥᠮ ᠪᠢᠯᠢᠭ ᠴᠢᠨᠠᠷᠲᠠᠶ᠃ ᠡᠭᠦᠨ ᠤ ᠬᠠᠮᠲᠤ ᠢᠳᠡᠭᠡᠨ ᠤ ᠵᠦᠶᠯ ᠡᠮ ᠤᠨ ᠵᠦᠶᠯ ᠤᠨ ᠡᠵᠡᠩᠨᠡᠯᠲᠡ ᠶᠢᠨ ᠨᠢᠭᠡᠴᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠦᠶᠲᠡᠨ ᠬᠡᠯᠬᠢᠶᠡᠲᠦ ᠢᠳᠡᠭᠡᠨ ᠪᠠ ᠵᠢᠮᠢᠰ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠭᠠᠳᠠᠭᠠᠳᠤ ᠠᠴᠠ ᠣᠷᠣᠭᠤᠯᠤᠭᠰᠠᠨ ᠬᠦᠶᠲᠡᠨ ᠬᠡᠯᠬᠢᠶᠡᠲᠦ ᠢᠳᠡᠭᠡᠨ᠂ ᠭᠠᠳᠠᠭᠠᠳᠤ ᠠᠴᠠ ᠣᠷᠣᠭᠤᠯᠤᠭᠰᠠᠨ ᠵᠢᠮᠢᠰ ᠤᠨ ᠢᠳᠡᠭᠡᠨ ᠤ ᠦᠶᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢ ᠵᠢᠭᠰᠠᠭᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠠᠴᠠ ᠵᠥᠷᠢᠴᠡᠭᠰᠡᠳ ᠢ ᠪᠠᠶᠢᠴᠠᠭᠠᠨ ᠰᠢᠶᠳᠪᠦᠷᠢᠯᠡᠪᠡ᠃ ᠢᠳᠡᠭᠡᠨ ᠤᠮᠳᠠᠭᠠᠨ ᠤ ᠨᠢᠭᠡᠴᠢ ᠶᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠯᠪᠠᠨ ᠵᠠᠷ ᠪᠠ ᠢᠳᠡᠭᠡᠨ ᠤᠮᠳᠠᠭᠠᠨ ᠤ ᠠᠵᠢᠯ ᠲᠥᠷᠥᠯ ᠤᠨ ᠲᠤᠬᠠᠶ ᠮᠡᠳᠡᠭᠳᠡᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠶᠢ ᠱᠠᠭᠠᠷᠳᠠᠪᠠ᠃ ᠡᠯ᠎ᠡ ᠲᠥᠷᠥᠯ ᠤᠨ ᠡᠮ ᠤᠨ ᠳᠡᠯᠭᠡᠭᠦᠷ ᠲᠤ ︽ᠬᠠᠯᠠᠭᠤᠨ ᠢ ᠪᠠᠭᠤᠷᠠᠭᠤᠯᠬᠤ᠂ ᠬᠠᠨᠢᠶᠠᠳᠤ ᠶᠢ ᠵᠣᠭᠰᠣᠭᠠᠬᠤ᠂ ᠨᠢᠶᠠᠨ ᠳᠠᠷᠤᠭᠴᠢ᠂ ᠸᠢᠷᠦ᠋ᠰ ᠢ ᠡᠰᠡᠷᠭᠦᠴᠡᠬᠦ︾ ᠳᠥᠷᠪᠡᠨ ᠲᠥᠷᠥᠯ ᠤᠨ ᠡᠮ ᠤᠨ ᠵᠦᠶᠯ ᠢ ᠪᠣᠷᠣᠯᠠᠭᠤᠯᠬᠤ ᠪᠠᠨ ᠲᠦᠷ ᠵᠣᠭᠰᠣᠭᠠᠵᠤ᠂ ᠡᠶᠢᠮᠦᠷᠬᠦ ᠡᠪᠡᠳᠴᠢᠨ ᠤ ᠢᠯᠡᠷᠡᠯ ᠲᠠᠢ ᠡᠪᠡᠳᠴᠢᠲᠡᠨ ᠢ ᠬᠥᠲᠥᠯᠥᠨ ᠵᠢᠯᠣᠭᠤᠳᠴᠤ ᠪᠠᠶᠢᠭᠠᠳ ᠬᠠᠯᠠᠭᠤᠷᠠᠯ ᠤᠨ ᠡᠭᠦᠳᠡᠨ ᠡᠮᠨᠡᠯᠭᠡ ᠳᠤ ᠲᠦᠷᠭᠡᠨ ᠡᠮᠨᠡᠭᠦᠯᠬᠦ ᠬᠡᠷᠡᠭᠲᠡᠶ ᠭᠡᠵᠦ ᠱᠠᠭᠠᠷᠳᠠᠪᠠ᠃ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠬᠢᠨᠠᠯᠲᠠ ᠬᠠᠮᠢᠶᠠᠷᠤᠯᠲᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠠᠮᠠᠪᠴᠢ᠂ ᠠᠷᠢᠭᠤᠳᠬᠠᠯ ᠵᠡᠷᠭᠡ ᠬᠢᠵᠢᠭ ᠢ ᠰᠡᠷᠭᠡᠶᠢᠯᠡᠬᠦ ᠬᠡᠷᠡᠭᠰᠡᠯ ᠪᠠ ᠠᠮᠤ ᠪᠤᠳᠠᠭ᠎ᠠ ᠲᠣᠰᠣ᠂ ᠢᠳᠡᠰᠢᠨ ᠨᠣᠭᠤᠭ᠎ᠠ ᠵᠢᠮᠢᠰ ᠵᠡᠷᠭᠡ ᠠᠷᠠᠳ ᠤᠨ ᠠᠮᠢᠳᠤᠷᠠᠯ ᠤᠨ ᠬᠡᠷᠡᠭᠰᠡᠯ ᠤᠨ ᠦᠨ᠎ᠡ ᠬᠠᠩᠰᠢ ᠶᠢᠨ ᠬᠢᠨᠠᠯᠲᠠ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠵᠤ᠂ ᠵᠠᠬ᠎ᠠ ᠳᠡᠯᠭᠡᠭᠦᠷ ᠤᠨ ᠰᠠᠶᠢᠨ ᠰᠠᠶᠢᠬᠠᠨ ᠦᠨ᠎ᠡ ᠬᠠᠩᠰᠢ ᠶᠢᠨ ᠡᠮᠬᠢ ᠳᠢᠭᠯᠢᠮ ᠢ ᠬᠠᠮᠠᠭᠠᠯᠠᠨ᠂ ᠰᠠᠨᠠᠭ᠎ᠠ ᠠᠮᠤᠷ ᠬᠡᠷᠡᠭᠯᠡᠭᠡᠨ ᠤ ᠣᠷᠴᠢᠨ ᠲᠣᠭᠤᠷᠢᠨ ᠢ ᠪᠣᠶ ᠪᠣᠯᠭᠠᠨ᠎ᠠ᠃ ᠬᠢᠨᠠᠯᠲᠠ ᠲᠠᠯᠪᠢᠵᠤ ᠪᠠᠶᠢᠴᠠᠭᠠᠬᠤ ᠳᠤᠮᠳᠠ ᠡᠵᠡᠩᠨᠡᠭᠴᠢᠳ ᠲᠤ ᠦᠨ᠎ᠡ ᠬᠠᠩᠰᠢ ᠶᠢᠨ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠨ᠂ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠷᠠᠭᠤᠯᠵᠤ᠂ ᠦᠨ᠎ᠡ ᠬᠠᠩᠰᠢ ᠶᠢᠨ ᠦᠶᠯᠡ ᠠᠵᠢᠯᠯᠠᠭ᠎ᠠ ᠶᠢᠨ ᠥᠪᠡᠷ ᠢ ᠪᠠᠨ ᠱᠠᠭᠠᠷᠳᠠᠬᠤ ᠪᠠᠨ ᠤᠬᠠᠮᠰᠠᠷ ᠠᠴᠠ ᠪᠠᠨ ᠴᠢᠩᠭᠠᠳᠬᠠᠬᠤ ᠬᠡᠷᠡᠭᠲᠡᠶ ᠭᠡᠵᠦ ᠰᠠᠨᠠᠭᠤᠯᠪᠠ᠃ ᠬᠤᠷᠠᠮᠳᠤᠭᠤᠯᠤᠨ ᠳᠠᠷᠤᠵᠤ ᠬᠤᠨᠵᠢᠨ ᠵᠠᠪᠰᠢᠬᠤ᠂ ᠪᠠᠷᠠᠭᠠᠨ ᠤ ᠦᠨ᠎ᠡ ᠶᠢ ᠥᠰᠬᠡᠬᠦ ᠵᠡᠷᠭᠡ ᠵᠠᠬ᠎ᠠ ᠳᠡᠯᠭᠡᠭᠦᠷ ᠤᠨ ᠡᠮᠬᠢ ᠵᠢᠷᠤᠮ ᠢ ᠰᠠᠮᠠᠭᠤᠷᠠᠭᠤᠯᠤᠭᠰᠠᠨ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠴᠢᠩᠭ᠎ᠠ ᠪᠠᠶᠢᠴᠠᠭᠠᠪᠠ᠃                                                              ᠣᠷᠴᠢᠭᠤᠯᠤᠭᠴᠢ᠄ ᠤᠳᠠ                                                              ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2