ᠬᠤᠸᠠᠳᠧ ᠰᠢᠶᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢᠶᠠᠨ ᠦᠷᠭᠦᠯᠵᠢᠯᠡᠨ ᠰᠢᠯᠢᠳᠡᠭᠵᠢᠭᠦᠯᠵᠦ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠪᠤᠢ
ᠨᠡᠶᠢᠲᠡᠯᠡᠭᠰᠡᠨ ᠴᠠᠭ᠄
2022/2/28
     ᠨᠢᠳᠤᠨᠤᠨ ᠠᠴᠠ ᠨᠠᠰᠢ᠂ ᠬᠤᠸᠠᠳᠧ ᠰᠢᠶᠠᠨ ᠤ ᠬᠢᠨ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠦᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠲᠠᠲᠠᠬᠤ ᠬᠦᠴᠦᠨ ᠢ ᠪᠠᠲᠤᠳᠬᠠᠵᠤ᠂ ᠰᠢᠶᠠᠨ ᠤ ᠪᠦᠰᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠠᠢ᠃      ᠨᠢᠭᠡ ᠳᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠤᠨ ᠠᠵᠢᠯ ᠢ ᠰᠢᠯᠢᠳᠡᠭᠵᠢᠭᠦᠯᠵᠦ᠂ ᠬᠤᠸᠠᠳᠧ ᠰᠢᠶᠠᠨ ᠤ ᠬᠢᠨ ᠶᠢᠨ ᠲᠦᠸᠧ ᠬᠤᠪᠴᠠᠰᠤ ᠵᠠᠰᠠᠯ ᠤᠨ ᠬᠢᠵᠠᠭᠠᠷᠲᠤ ᠺᠣᠮᠫᠠᠨᠢ ᠶᠢ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠠᠵᠤ ᠠᠬᠤᠶᠢᠯᠠᠯ ᠳᠤ ᠣᠷᠣᠭᠤᠯᠵᠤ᠂ ᠲᠤᠰ ᠠᠵᠤ ᠠᠬᠤᠶᠢᠯᠠᠯ ᠢ ᠬᠠᠪᠰᠤᠷᠤᠨ ᠬᠥᠭᠵᠢᠯᠲᠡ ᠶᠢᠨ ᠰᠡᠳᠬᠢᠴᠡ ᠶᠢ ᠨᠢ ᠡᠮᠬᠢᠯᠡᠵᠦ᠂ ᠲᠤᠰᠬᠠᠢ ᠪᠡᠯᠡ ᠮᠥᠩᠭᠦ ᠭᠤᠶᠤᠴᠢᠯᠠᠵᠤ᠂ ᠦᠢᠯᠡᠳᠪᠦᠷᠢ ᠶᠢᠨ ᠭᠡᠷ ᠪᠠᠶᠢᠰᠢᠩ ᠢ ᠥᠷᠭᠡᠳᠬᠡᠨ ᠪᠠᠶᠢᠭᠤᠯᠵᠤ ᠰᠢᠯᠢᠳᠡᠭ ᠦᠢᠯᠡᠳᠬᠦᠨ ᠦᠢᠯᠡᠳᠪᠦᠷᠢᠯᠡᠭᠦᠯᠵᠦ᠂ ᠲᠦᠷᠦᠯ ᠲᠡᠮᠳᠡᠭ ᠤᠨ ᠠᠯᠳᠠᠷᠰᠢᠯ ᠢ ᠳᠡᠭᠡᠭᠰᠢᠯᠡᠭᠦᠯᠵᠦ᠂ ᠦᠢᠯᠡᠳᠬᠦᠨ ᠤ ᠪᠣᠷᠣᠯᠠᠭᠤᠯᠭ᠎ᠠ ᠶᠢᠨ ᠵᠠᠬ᠎ᠠ ᠳᠡᠯᠭᠡᠭᠦᠷ ᠢ ᠠᠯᠬᠤᠮ ᠠᠯᠬᠤᠮ ᠢᠶᠠᠷ ᠥᠷᠭᠡᠳᠬᠡᠪᠡ᠃      ᠬᠤᠶᠠᠷ ᠲᠤ᠂ ᠠᠵᠤ ᠠᠬᠤᠶᠢᠯᠠᠯ ᠤᠨ ᠦᠨᠡᠮᠯᠡᠯ ᠠᠪᠬᠤ ᠳᠤ ᠬᠦᠴᠢᠷ᠂ ᠢᠯᠡᠭᠦᠦ ᠭᠦᠶᠦᠯᠭᠡᠬᠦ ᠵᠡᠷᠭᠡ ᠠᠰᠠᠭᠤᠳᠠᠯ ᠳᠤ ᠴᠢᠭᠯᠡᠭᠦᠯᠦᠨ᠂ ᠬᠤᠸᠠᠳᠧ ᠰᠢᠶᠠᠨ ᠳᠤᠮᠳᠠ ᠵᠢᠵᠢᠭ ᠠᠵᠤ ᠠᠬᠤᠶᠢᠯᠠᠯ ᠤᠨ ᠦᠢᠯᠡᠴᠢᠯᠡᠭᠡᠨ ᠤ ᠲᠥᠪ ᠢ ᠪᠠᠶᠢᠭᠤᠯᠵᠤ᠂ ᠣᠳᠣᠬᠠᠨ ᠳᠤ ᠣᠯᠠᠨ ᠨᠡᠶᠢᠲᠡ ᠶᠢᠨ ᠦᠶᠯᠡᠴᠢᠯᠡᠭᠡᠨ ᠤ ᠲᠠᠪᠴᠠᠩ ᠳᠤ ᠨᠢᠭᠡᠨᠲᠡ ᠨᠡᠶᠢᠭᠡᠮ ᠤᠨ ᠭᠤᠷᠪᠠᠳᠠᠬᠢ ᠡᠲᠡᠭᠡᠳ ᠤᠨ ᠴᠢᠨᠠᠷ ᠰᠠᠶᠢᠲᠠᠶ ᠦᠶᠯᠡᠴᠢᠯᠡᠭᠡᠨ ᠤ ᠪᠠᠶᠢᠭᠤᠯᠤᠮᠵᠢ 20 ᠭᠠᠷᠤᠶ ᠣᠷᠣᠵᠤ ᠰᠠᠭᠤᠭᠠᠳ᠂ ᠠᠵᠤ ᠠᠬᠤᠶᠢᠯᠠᠯ ᠳᠤ ᠲᠥᠷᠥᠯ ᠵᠦᠶᠯ ᠲᠣᠭᠲᠠᠭᠠᠬᠤ᠂ ᠣᠷᠴᠢᠨ ᠠᠬᠤᠶ ᠶᠢᠨ ᠨᠥᠯᠥᠭᠡᠯᠡᠯ ᠤᠨ ᠦᠨᠡᠯᠡᠯᠲᠡ ᠬᠢᠬᠦ᠂ ᠮᠥᠩᠭᠦᠨ ᠭᠦᠶᠯᠭᠡᠭᠡ ᠵᠢᠴᠢ ᠡᠳ᠋ ᠤᠨ ᠵᠠᠰᠠᠭ ᠭᠠᠶᠢᠯᠢ ᠵᠡᠷᠭᠡ ᠲᠠᠯ᠎ᠠ ᠶᠢᠨ ᠵᠥᠪᠯᠡᠯᠭᠡ ᠥᠭᠬᠦ ᠦᠶᠯᠡᠴᠢᠯᠡᠭᠡ᠂ ᠮᠡᠷᠭᠡᠵᠢᠯ ᠤᠨ ᠦᠶᠯᠡᠴᠢᠯᠡᠭᠡ ᠬᠠᠩᠭᠠᠬᠤ ᠶᠢᠨ ᠬᠠᠮᠲᠤ ᠠᠵᠤ ᠠᠬᠤᠶᠢᠯᠠᠯ ᠤᠨ ᠭᠠᠷ ᠭᠦᠶᠴᠡᠳᠬᠡᠯ ᠢ ᠰᠦᠶᠳᠬᠡᠯ ᠬᠤᠷᠢᠶᠠᠬᠤ ᠥᠬᠡᠶ ᠪᠠᠷ ᠬᠠᠪᠰᠤᠷᠤᠨ ᠭᠦᠶᠴᠡᠳᠬᠡᠬᠦ ᠲᠤᠬᠠᠶᠢᠯᠠᠭᠰᠠᠨ ᠠᠵᠢᠯ ᠢ ᠥᠷᠨᠢᠭᠦᠯᠵᠦ᠂ ᠠᠵᠤ ᠠᠬᠤᠶᠢᠯᠠᠯ ᠤᠨ ᠨᠠᠰᠢ ᠴᠠᠰᠢ ᠭᠦᠶᠦᠵᠦ᠂ ᠲᠤᠰᠬᠠᠶ ᠮᠡᠷᠭᠡᠵᠢᠯ ᠤᠨ ᠪᠠᠶᠢᠭᠤᠯᠤᠮᠵᠢ ᠶᠢ ᠡᠷᠢᠵᠦ ᠤᠯᠬᠤ ᠥᠬᠡᠶ ᠪᠠᠶᠢᠬᠤ ᠪᠣᠳᠠᠲᠠᠶ ᠠᠰᠠᠭᠤᠳᠠᠯ ᠢ  ᠰᠢᠢᠳᠪᠦᠷᠢᠯᠡᠪᠡ᠃      ᠭᠤᠷᠪᠠ ᠳᠤ ᠲᠥᠰᠦᠯ ᠢ ᠢᠳᠡᠪᠬᠢᠲᠡᠶ ᠪᠠᠷ ᠰᠤᠳᠤᠯᠤᠨ ᠲᠣᠭᠲᠠᠭᠠᠵᠤ᠂ ᠬᠠᠷᠠᠯᠲᠠ ᠡᠭᠦᠷᠭᠡ ᠪᠠᠨ ᠨᠠᠷᠢᠯᠢᠬᠵᠢᠭᠤᠯᠵᠤ᠂ ︽ᠨᠢᠭᠡ ᠠᠰᠠᠭᠤᠳᠠᠯ᠂ ᠨᠢᠭᠡ ᠤᠳᠤᠷᠢᠳᠤᠯᠭ᠎ᠠ᠂ ᠡᠴᠦᠰ ᠲᠤᠨᠢ ᠲᠤᠯᠲᠠᠯ᠎ᠠ ᠠᠳᠬᠤᠬᠤ︾ ᠳᠠᠭᠠᠭᠠᠴᠢᠯᠠᠯᠲᠠ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠵᠦ᠂ ᠡᠭᠦᠨ ᠤ ᠬᠠᠮᠲᠤ ᠠᠵᠤ ᠠᠬᠤᠶᠢᠯᠠᠯ ᠳᠤ ᠭᠦᠨᠵᠡᠭᠡᠶᠢᠷᠡᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠥᠷᠨᠢᠭᠦᠯᠵᠦ᠂ ᠠᠵᠤ ᠠᠬᠤᠶᠢᠯᠠᠯᠲᠠᠨ ᠤ ᠪᠠᠯᠠ ᠣᠷᠣᠭᠤᠯᠵᠤ ᠠᠳᠠᠯ ᠦᠶᠯᠡᠰ ᠴᠣᠭᠴᠠᠯᠠᠬᠤ ᠢᠲᠡᠭᠡᠯ ᠢ ᠨᠡᠮᠡᠭᠳᠡᠭᠦᠯᠬᠦ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠢᠳᠡᠪᠬᠢᠲᠡᠶ ᠪᠠᠷ ᠵᠣᠯᠭᠠᠭᠤᠯᠵᠤ᠂ ᠠᠵᠤ ᠠᠬᠤᠶᠢᠯᠠᠯ ᠢ ᠬᠠᠪᠰᠤᠷᠤᠨ ᠲᠥᠷᠥᠯ ᠵᠦᠶᠯ ᠤᠨ ᠪᠠᠯᠠ ᠮᠥᠩᠭᠦ ᠵᠢᠴᠢ ᠪᠠᠲᠤᠯᠠᠭᠠᠲᠤ ᠵᠢᠭᠡᠯᠡᠯᠭᠡ ᠶᠢᠨ ᠪᠠᠯᠠ ᠮᠥᠩᠭᠦ ᠭᠤᠶᠤᠴᠢᠯᠠᠵᠤ᠂ ᠣᠯᠠᠨ ᠵᠦᠶᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠠᠯᠢ ᠣᠯᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠢ ᠥᠷᠨᠢᠭᠦᠯᠵᠦ᠂ ︽ᠬᠤᠳᠠᠯᠳᠤᠭᠠᠴᠢᠨ ᠤᠷᠢᠬᠤ᠂ ᠬᠤᠳᠠᠯᠳᠤᠭᠠᠴᠢᠨ ᠳᠤ ᠠᠰᠢᠭ ᠬᠦᠷᠲᠡᠭᠡᠬᠦ᠂ ᠬᠤᠳᠠᠯᠳᠤᠭᠠᠴᠢᠨ ᠢ ᠲᠣᠭᠲᠠᠪᠤᠷᠢᠵᠢᠭᠤᠯᠬᠤ᠂ ᠬᠤᠳᠠᠯᠳᠤᠭᠠᠴᠢᠨ ᠢ ᠪᠠᠶᠠᠵᠢᠭᠤᠯᠬᠤ︾ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃                                        ᠣᠷᠴᠢᠭᠤᠯᠤᠭᠴᠢ᠄ ᠤᠳᠠ                                        ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2