ᠹᠧᠩᠵᠧᠨ ᠬᠤᠲᠠ ᠬᠠᠪᠤᠷ ᠤᠨ ᠤᠯᠠᠷᠢᠯ ᠤᠨ ᠰᠤᠷᠤᠯᠭ᠎ᠠ ᠡᠬᠢᠯᠡᠬᠦ ᠠᠴᠠ ᠡᠮᠦᠨᠡᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠪᠡ
ᠨᠡᠶᠢᠲᠡᠯᠡᠭᠰᠡᠨ ᠴᠠᠭ᠄
2022/3/1
    ᠹᠧᠩᠵᠧᠨ ᠬᠤᠲᠠ ᠣᠳᠣᠬᠠᠨ ᠤ ᠪᠥᠬᠦ ᠤᠯᠤᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠦᠨᠳᠦ ᠬᠡᠴᠡᠭᠦᠤ ᠪᠠᠶᠢᠳᠠᠯ ᠲᠠᠢ ᠤᠶᠠᠯᠳᠤᠭᠤᠯᠤᠨ᠂ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠶ ᠲᠤᠭᠤᠰᠢᠯᠠᠭᠤᠯᠵᠤ᠂ ︽ᠬᠥᠮᠦᠨ᠂ ᠪᠣᠳᠠᠰ᠂ ᠣᠷᠴᠢᠨ  ᠲᠤᠭᠤᠷᠢᠨ ᠢ ᠬᠠᠮᠲᠤ ᠳᠤ ᠨᠢ ᠰᠡᠷᠭᠡᠶᠢᠯᠡᠬᠦ᠂ ᠣᠯᠠᠨ ᠡᠪᠡᠳᠴᠢᠨ ᠢ ᠬᠠᠮᠲᠤ ᠳᠤ ᠨᠢ ᠰᠡᠷᠭᠡᠶᠢᠯᠡᠨ ᠬᠠᠮᠠᠭᠠᠯᠠᠬᠤ︾ ᠵᠠᠷᠴᠢᠮ ᠢ ᠪᠠᠷᠢᠮᠲᠠᠯᠠᠨ᠂ ᠰᠤᠷᠭᠠᠭᠤᠯᠢ ᠡᠬᠢᠯᠡᠭᠰᠡᠨ ᠡᠬᠢᠨ ᠤ ᠦᠶ᠎ᠡ ᠳᠤ ᠪᠣᠯᠪᠠᠰᠤᠷᠠᠭᠤᠯᠤᠯ᠂ ᠥᠪᠡᠷ ᠤᠨ ᠪᠠᠶᠢᠴᠠᠭᠠᠯᠲᠠ᠂ ᠰᠢᠪᠠᠳᠠᠨ ᠪᠠᠶᠢᠴᠠᠭᠠᠯᠲᠠ᠂ ᠪᠣᠳᠠᠲᠤ ᠪᠠᠶᠢᠯᠳᠤᠭᠠᠨ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠰᠤᠷᠭᠠᠭᠤᠯᠢ᠂ ᠬᠡᠤᠬᠡᠳ ᠤᠨ ᠴᠡᠴᠡᠷᠯᠢᠭ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠶᠯ ᠤᠨ ᠠᠷᠭ᠎ᠠ ᠬᠡᠮᠵᠢᠶ᠎ᠡ ᠶᠢ ᠨᠠᠷᠢᠨ ᠨᠢᠮᠪᠠᠶ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠪᠠ᠃    ᠨᠢᠭᠡ ᠳᠤ ᠬᠠᠪᠤᠷ ᠤᠨ ᠤᠯᠠᠷᠢᠯ ᠤᠨ ᠰᠤᠷᠤᠯᠭ᠎ᠠ ᠡᠬᠢᠯᠡᠬᠦ ᠡᠬᠢᠨ ᠤ ᠦᠶ᠎ᠡ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠠᠯ ᠢ ᠬᠤᠷᠠᠯᠳᠤᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠦᠬᠦᠢ ᠮᠡᠳᠡᠯᠭᠡ ᠶᠢᠨ ᠪᠣᠯᠪᠠᠰᠤᠷᠠᠯ᠂ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ᠂ ᠭᠤᠣᠯᠳᠠᠯᠭ᠎ᠠ ᠲᠠᠢ ᠲᠠᠯᠠᠪᠤᠷ ᠭᠠᠵᠠᠷ ᠢ ᠴᠡᠪᠡᠷᠯᠡᠨ ᠠᠷᠢᠭᠤᠳᠬᠠᠬᠤ᠂ ᠪᠠᠭᠰᠢ ᠰᠤᠷᠤᠭᠴᠢᠳ ᠤᠨ ᠡᠷᠡᠭᠦᠯ ᠮᠡᠨᠳᠦ ᠶᠢᠨ ᠪᠠᠶᠢᠳᠠᠯ᠂ ᠵᠤᠭᠠᠴᠠᠨ ᠰᠠᠭᠤᠭᠰᠠᠨ ᠪᠠᠶᠢᠳᠠᠯ᠂ ᠣᠶᠢᠷᠠᠲᠤᠭᠰᠠᠨ ᠪᠠᠶᠢᠳᠠᠯ ᠶᠢ ᠵᠢᠭᠰᠠᠭᠠᠨ ᠪᠠᠶᠢᠴᠠᠭᠠᠬᠤ᠂ ᠭᠤᠣᠯᠳᠠᠯᠭ᠎ᠠ ᠲᠠᠢ ᠬᠥᠮᠦᠰ ᠤᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ᠂ ᠤᠯᠠᠨ ᠲᠠᠯᠠᠪᠤᠷ ᠤᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠵᠡᠷᠭᠡ ᠠᠵᠢᠯ ᠢ ᠥᠷᠨᠢᠭᠦᠯᠪᠡ᠃ ᠬᠤᠶᠠᠷ ᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠥᠬᠦᠶ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠪᠡ᠃ ᠡᠯ᠎ᠡ ᠰᠤᠷᠭᠠᠭᠤᠯᠢ ᠪᠣᠯᠤᠨ ᠬᠡᠤᠬᠡᠳ ᠤᠨ ᠴᠡᠴᠡᠷᠯᠢᠭ ᠤᠨ ᠠᠵᠢᠯᠲᠠᠨ ᠢ ᠵᠣᠬᠢᠶᠠᠨ ᠪᠠᠶᠢᠭᠤᠯᠤᠨ ᠹᠧᠩᠵᠧᠨ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠨᠡᠶᠢᠭᠡᠮ ᠤᠨ ᠬᠠᠮᠢᠶᠠᠷᠤᠨ ᠡᠵᠡᠮᠳᠡᠬᠦ ᠳᠤᠭᠤᠶᠢᠯᠠᠩ ᠤᠨ ᠵᠣᠬᠢᠶᠠᠨ ᠪᠠᠶᠢᠭᠤᠯᠤᠭᠰᠠᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠪᠣᠯᠪᠠᠰᠤᠷᠠᠭᠤᠯᠤᠯ ᠳᠤ ᠣᠷᠣᠯᠴᠠᠭᠤᠯᠬᠤ ᠶᠢᠨ ᠬᠠᠮᠲᠤ ᠪᠣᠯᠪᠠᠰᠤᠷᠠᠭᠤᠯᠤᠯ ᠤᠨ ᠠᠭᠤᠯᠭ᠎ᠠ ᠶᠢ ᠬᠢᠨᠠᠮᠠᠭᠠᠶ ᠤᠯᠠᠮᠵᠢᠯᠠᠭᠤᠯᠪᠠ᠃ ᠭᠤᠷᠪᠠ ᠳᠤ᠂ ᠤᠯᠤᠯᠴᠠᠭ᠎ᠠ ᠵᠣᠬᠢᠴᠠᠭᠤᠯᠭ᠎ᠠ ᠶᠢ ᠰᠠᠶᠢᠲᠤᠷ ᠬᠢᠪᠡ᠃ ᠡᠷᠡᠭᠦᠯ ᠬᠠᠮᠠᠭᠠᠯᠠᠯ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ᠂ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠪᠠᠶᠢᠭᠤᠯᠤᠮᠵᠢ ᠲᠠᠢ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠬᠠᠷᠢᠯᠴᠠᠵᠤ᠂ ᠰᠢᠨᠵᠢᠯᠡᠬᠦ ᠤᠬᠠᠭᠠᠨᠴᠢ ᠪᠠᠷ ᠳᠣᠭᠢᠷᠠᠭᠤᠯᠤᠨ᠂ ᠡᠷᠡᠭᠦᠯ ᠬᠠᠮᠠᠭᠠᠯᠠᠯ ᠡᠷᠡᠭᠦᠯᠵᠢᠯ᠂ ᠠᠮᠤᠷ ᠢ ᠬᠠᠮᠠᠭᠠᠯᠠᠬᠤ᠂ ᠠᠷᠢᠭᠤᠨ ᠴᠡᠪᠡᠷ ᠢ ᠪᠠᠲᠤᠯᠠᠬᠤ᠂ ᠬᠤᠭᠤᠯᠠᠨ ᠬᠡᠷ ᠵᠡᠷᠭᠡ ᠦᠶᠯᠡᠴᠢᠯᠡᠭᠡᠨ ᠤ ᠪᠠᠲᠤᠯᠠᠭ᠎ᠠ ᠶᠢᠨ ᠠᠵᠢᠯᠴᠢᠨ ᠳᠤ ᠭᠠᠷᠠᠭ ᠪᠦᠷᠢ ᠥᠯᠢᠭᠡᠷ ᠠᠪᠴᠤ ᠪᠠᠶᠢᠴᠠᠭᠠᠨ ᠰᠢᠯᠭᠠᠬᠤ ᠶᠢ ᠬᠡᠷᠡᠭᠵᠢᠭᠦᠯᠵᠦ᠂ ᠤᠳᠠᠭ᠎ᠠ ᠪᠦᠷᠢ ᠶᠢᠨ ᠬᠥᠮᠦᠰ ᠤᠨ ᠰᠣᠩᠭᠤᠨ ᠠᠪᠬᠤ ᠬᠠᠷᠢᠴᠠᠯ ᠨᠢ 25% ᠪᠠᠶᠢᠵᠤ᠂ ᠡᠳᠡᠭᠡᠷ ᠬᠥᠮᠦᠰ ᠤᠨ ᠰᠠᠷ᠎ᠠ ᠪᠦᠷᠢ ᠶᠢᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠪᠦᠬᠦᠨ ᠢ ᠬᠠᠮᠤᠷᠬᠤ ᠶᠢ ᠦᠨᠡᠨᠬᠦ ᠪᠠᠲᠤᠯᠠᠪᠠ᠃ ᠳᠥᠷᠪᠡ ᠳᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠪᠡ᠃ ᠰᠤᠷᠭᠠᠭᠤᠯᠢ ᠨᠤᠭᠤᠳ ᠤᠨ ᠠᠩᠭᠢ ᠪᠠᠷ ᠨᠢᠭᠡᠴᠢ ᠪᠣᠯᠭᠠᠨ᠂ ᠰᠣᠷᠣᠭᠴᠢ ᠶᠢᠨ ᠰᠢᠨ᠎ᠡ ᠲᠢᠲᠢᠮᠯᠢᠭ ᠸᠠᠺᠼᠢᠨ ᠤ ᠲᠠᠷᠢᠯᠭ᠎ᠠ ᠶᠢᠨ ᠪᠠᠶᠢᠳᠠᠯ ᠢ ᠵᠢᠭᠰᠠᠭᠠᠨ ᠪᠠᠶᠢᠴᠠᠭᠠᠵᠤ᠂ ᠪᠥᠬᠦ ᠶᠠᠪᠤᠴᠠ ᠶᠢᠨ ᠸᠠᠺᠼᠢᠨ ᠤ ᠲᠠᠷᠢᠯᠭ᠎ᠠ ᠬᠢᠭᠰᠡᠨ ᠥᠬᠡᠶ ᠰᠣᠷᠣᠭᠴᠢ ᠶᠢ ᠴᠠᠭ ᠲᠤᠬᠠᠶ ᠳᠤ ᠨᠢ ᠰᠡᠷᠡᠮᠵᠢᠯᠡᠭᠦᠯᠦᠨ ᠰᠢᠪᠠᠳᠠᠵᠤ᠂ ᠲᠠᠷᠢᠬᠦ ᠶᠣᠰᠣᠲᠠᠶ ᠶᠢ ᠨᠢ ᠴᠥᠮ ᠲᠠᠷᠢᠭᠤᠯᠬᠤ ᠶᠢ ᠦᠨᠡᠨ ᠬᠦ ᠪᠠᠲᠤᠯᠠᠪᠠ᠃                                              ᠣᠷᠴᠢᠭᠤᠯᠤᠭᠴᠢ᠄ ᠤᠳᠠ                                              ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2