2022 ᠣᠨ ᠤ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ | ᠦᠨᠳᠦᠰᠦᠯᠡᠨ᠂ ᠵᠦᠸᠧᠽᠢ ᠰᠢᠶᠠᠨ ᠤ ᠬᠢᠨ ︽ᠦᠬᠡᠷ ᠢᠮᠠᠭ᠎ᠠ ᠨᠣᠯᠤᠤᠷ ᠪᠠ ᠰᠦ ᠶᠢᠨ ᠦᠶᠯᠡᠰ ᠤᠨ | ᠦᠶᠯᠡᠳᠪᠦᠷᠢᠯᠡᠯ ᠢ ᠲᠦᠷᠭᠡᠳᠬᠡᠨ ᠥᠷᠭᠡᠳᠬᠡᠵᠦ᠂ ᠲᠠᠯ᠎ᠠ ᠨᠤᠲᠤᠭ ᠤᠨ ᠮᠠᠯ ᠠᠵᠤ ᠠᠬᠤᠶ ᠶᠢᠨ ᠬᠡᠯᠪᠡᠷᠢ ᠪᠠᠨ | ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠬᠤ︾ ᠲᠣᠭᠤᠷᠢᠨ ᠳᠤ᠂ ᠡᠨᠡ ᠵᠢᠯ ᠠᠯᠠᠰᠢᠨ ᠦᠬᠡᠷ ᠤᠨ | ᠰᠦᠷᠦᠭ ᠢᠶᠠᠨ ᠥᠷᠭᠡᠳᠬᠡᠨ ᠳᠠᠬᠢᠨ ᠢᠶᠠᠷ ᠨᠡᠮᠡᠭᠳᠡᠭᠦᠯᠬᠦ ᠠᠵᠢᠯᠯᠠᠭ᠎ᠠ ᠶᠢ ᠶᠡᠭᠡ ᠪᠠᠷ ᠬᠡᠷᠡᠭᠵᠢᠭᠦᠯᠬᠦ ᠪᠠᠷ ᠪᠣᠶ᠃ ᠬᠠᠶ | ᠭᠤᠤ ᠮᠠᠯ ᠠᠵᠤ ᠠᠬᠤᠶ ᠶᠢᠨ ᠪᠠᠯᠠ ᠣᠷᠣᠭᠤᠯᠤᠯᠲᠠ ᠶᠢ 1.5 ᠳ᠋ᠦᠩᠰᠢᠭᠤᠷ ᠲᠥᠭᠦᠷᠢᠭ ᠣᠷᠣᠭᠤᠯᠤᠨ ᠠᠪᠴᠢᠷᠠᠵᠤ | ᠂ ᠰᠦ ᠮᠢᠬ᠎ᠠ ᠶᠢ ᠨᠢ ᠪᠦᠷ ᠬᠡᠷᠡᠭᠯᠡᠬᠦ ᠦᠬᠡᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠣᠲᠣ | ᠦᠶ᠎ᠡ ᠶᠢᠨ ᠮᠠᠯᠵᠢᠯ ᠤᠨ ᠲᠠᠯᠠᠪᠠᠶ ᠶᠢᠨ ᠲᠥᠷᠥᠯ ᠵᠦᠶᠯ ᠢ ᠪᠥᠲᠥᠭᠡᠨ ᠪᠠᠶᠢᠭᠤᠯᠵᠤ᠂ ᠠᠯᠠᠰᠢᠨ ᠦᠬᠡᠷ ᠤᠨ ᠠᠵᠤ | ᠦᠶᠯᠡᠰ ᠤᠨ ᠣᠳᠣᠬᠢᠴᠢᠯᠠᠬᠤ ᠪᠥᠲᠥᠭᠡᠨ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠬᠡᠬᠦ ᠶᠢ ᠳᠥᠯᠭᠢᠨ | ᠠᠬᠢᠭᠤᠯᠵᠤ᠂ 10 ᠲᠦᠮᠡᠨ ᠲᠣᠯᠣᠭᠠᠶ ᠬᠦᠷᠲᠡᠯ᠎ᠡ ᠥᠷᠭᠡᠳᠬᠡᠨ᠎ᠡ᠃ ᠠᠯᠠᠰᠢᠨ ᠬᠤᠨᠢᠨ ᠤ ᠡᠭᠦᠯᠳᠡᠷ ᠢ | ᠰᠠᠶᠢᠵᠢᠷᠠᠭᠤᠯᠤᠨ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ 3140 ᠲᠦᠮᠡᠨ ᠲᠥᠭᠦᠷᠢᠭ ᠤᠨ | ᠪᠠᠯᠠ ᠣᠷᠣᠭᠤᠯᠵᠤ ᠲᠦᠮᠡᠨ ᠲᠣᠯᠣᠭᠠᠶ ᠪᠣᠷᠳᠣᠵᠤ ᠲᠠᠷᠭᠤᠯᠠᠭᠤᠯᠬᠤ ᠬᠤᠨᠢ ᠲᠡᠵᠢᠭᠡᠨ ᠦᠷᠡᠵᠢᠭᠦᠯᠬᠦ ᠲᠠᠯᠠᠪᠠᠶ ᠶᠢ | ᠪᠥᠲᠥᠭᠡᠨ ᠪᠠᠶᠢᠭᠤᠯᠵᠤ᠂ ︽ᠺᠣᠮᠫᠠᠨᠢ + ᠰᠠᠭᠤᠷᠢᠨ ᠭᠠᠵᠠᠷ + ᠲᠠᠷᠢᠶᠠᠴᠢᠨ ᠡᠷᠦᠬᠡ︾ ᠶᠢᠨ ᠵᠠᠭᠪᠤᠷ ᠢᠶᠠᠷ ᠠᠯᠠᠰᠢᠨ | ᠬᠤᠨᠢᠨ ᠤ ᠰᠢᠨ᠎ᠡ ᠡᠭᠦᠯᠳᠡᠷ ᠢ ᠪᠤᠶᠢᠵᠢᠭᠤᠯᠬᠤ ᠶᠢ ᠳᠥᠯᠭᠢᠨ ᠠᠬᠢᠭᠤᠯᠵᠤ᠂ ᠲᠠᠷᠢᠶᠠᠴᠢᠳ ᠤᠨ ᠣᠷᠣᠯᠭ᠎ᠠ ᠶᠢᠨ | ᠨᠡᠮᠡᠭᠳᠡᠯ ᠢ ᠳᠠᠶᠢᠴᠢᠯᠠᠨ᠎ᠠ᠃ ᠠᠯᠲᠠᠨ ᠲᠠᠬᠢᠶ᠎ᠠ ᠶᠢᠨ ᠠᠵᠤ ᠦᠶᠯᠡᠰ ᠤᠨ ᠲᠠᠰ ᠳᠡᠪᠰᠢᠭᠦᠯᠬᠦ ᠠᠵᠢᠯᠯᠠᠭ᠎ᠠ ᠶᠢ | ᠬᠡᠷᠡᠭᠵᠢᠭᠦᠯᠵᠦ᠂ ᠥᠨᠳᠡᠭᠡᠨ ᠲᠠᠬᠢᠶ᠎ᠠ ᠶᠢᠨ ᠲᠡᠵᠢᠭᠡᠨ ᠦᠷᠡᠵᠢᠭᠦᠯᠬᠦ ᠬᠡᠪᠴᠢᠶ᠎ᠡ ᠶᠢ 400 ᠲᠦᠮᠡ ᠬᠦᠷᠲᠡᠯ᠎ᠡ | ᠥᠷᠭᠡᠳᠬᠡᠬᠦ ᠶᠢ ᠠᠬᠢᠭᠤᠯᠤᠨ᠂ ᠡᠳᠦᠷ ᠲᠤ 240 ᠲᠦᠮᠡ ᠠᠴᠠ ᠳᠡᠭᠡᠭᠰᠢ ᠥᠨᠳᠡᠭᠡ ᠥᠨᠳᠡᠭᠡᠯᠡᠬᠦ ᠶᠢ ᠪᠠᠲᠤᠯᠠᠵᠤ᠂ | 1.8 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠲᠠᠢ ᠤᠲᠤᠮᠠᠯ ᠢᠳᠡᠭᠡᠨ ᠤ ᠠᠵᠤ ᠦᠶᠯᠡᠰ ᠤᠨ | ᠬᠦᠷᠢᠶᠡᠯᠡᠩ ᠢ ᠪᠠᠶᠢᠭᠤᠯᠵᠤ᠂ ︽ᠠᠯᠲᠠᠨ ᠲᠠᠬᠢᠶ᠎ᠠ ᠶᠢᠨ ᠠᠵᠤ ᠦᠶᠯᠡᠰ︾ ᠤᠨ ᠭᠤᠤᠯᠯᠠᠬᠤ ᠥᠷᠢᠰᠦᠯᠳᠦᠬᠦ | ᠬᠦᠴᠦᠨᠢ ᠪᠥᠬᠦ ᠬᠦᠴᠦᠨ ᠢᠶᠠᠷ ᠳᠡᠭᠡᠭᠰᠢᠯᠡᠭᠦᠯᠦᠨ᠎ᠡ᠃ ᠰᠦ ᠶᠢᠨ ᠦᠶᠯᠡᠰ ᠤᠨ ᠲᠡᠭ ᠢ ᠳᠠᠪᠠᠭ᠋ᠤ ᠠᠵᠢᠯᠯᠠᠭ᠎ᠠ ᠶᠢ | ᠬᠡᠷᠡᠭᠵᠢᠭᠦᠯᠵᠦ᠂ ᠣᠲᠣ ᠦᠶ᠎ᠡ ᠶᠢᠨ ᠮᠠᠯᠵᠢᠯ ᠤᠨ ᠲᠠᠯᠠᠪᠠᠶ ᠶᠢᠨ ᠲᠥᠷᠥᠯ ᠵᠦᠶᠯ ᠳᠤ ᠲᠦᠰᠢᠭᠯᠡᠨ 5000 | ᠲᠣᠯᠣᠭᠠᠢ ᠰᠠᠭᠠᠯᠢ ᠶᠢᠨ ᠦᠨᠢᠶ᠎ᠡ ᠲᠡᠵᠢᠭᠡᠵᠦ᠂ ᠵᠢᠯ ᠳᠤ 2 ᠲᠦᠮᠡᠨ ᠲᠣᠨ ᠰᠦ ᠦᠶᠯᠡᠳᠪᠦᠷᠢᠯᠡᠵᠦ᠂ ᠵᠦᠸᠧᠽᠢ | ᠰᠢᠶᠠᠨ ᠤ ᠰᠦ ᠶᠢᠨ ᠦᠶᠯᠡᠰ ᠤᠨ ᠬᠥᠭᠵᠢᠯᠲᠡ ᠶᠢᠨ ᠬᠤᠭᠤᠰᠣᠨ ᠢ ᠨᠥᠬᠦᠪᠥᠷᠢᠯᠡᠨ᠎ᠡ᠃ | ᠣᠷᠴᠢᠭᠤᠯᠤᠭᠴᠢ᠄ ᠤᠳᠠ | ᠬᠢᠨᠠᠭᠴᠢ᠄ ᠠᠷᠢᠭᠤᠨ |