3 ᠰᠠᠷ᠎ᠠ ᠶᠢᠨ 9 ᠤ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠰᠦᠢ ᠸᠧᠢ ᠵᠢᠶᠦ᠋ᠨ ᠱᠠᠩᠳᠤ | ᠰᠢᠶᠠᠨ ᠳᠤ ᠭᠦᠨᠵᠡᠭᠡᠶᠢᠷᠡᠨ ᠴᠠᠭᠠᠨᠨᠠᠭᠤᠷ ᠤᠨ ᠠᠮᠢ ᠠᠬᠤᠢ ᠶᠢ ᠬᠠᠮᠠᠭᠠᠯᠠᠬᠤ ᠪᠠ ᠰᠡᠷᠭᠦᠭᠡᠨ ᠵᠠᠰᠠᠬᠤ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠲᠤᠬᠠᠢ ᠪᠠᠶᠢᠴᠠᠭᠠᠨ | ᠰᠤᠳᠤᠯᠬᠤ ᠳᠠᠭᠠᠨ᠂ ᠠᠮᠢ ᠠᠬᠤᠢ ᠣᠷᠴᠢᠨ ᠲᠣᠭᠤᠷᠢᠨ ᠤ ᠥᠨᠳᠥᠷ ᠲᠦᠪᠰᠢᠨ ᠪᠦᠬᠦᠢ ᠬᠠᠮᠠᠭᠠᠯᠠᠯᠲᠠ ᠶᠢ | ᠯᠠᠪᠳᠠᠭᠤᠨ ᠪᠠᠲᠤᠲᠠᠢ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ | ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ | ᠪᠣᠬᠢᠷᠲᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ | ᠵᠠᠮ ᠢᠶᠠᠷ ᠭᠤᠶᠢᠪᠢᠰᠢ ᠦᠭᠡᠢ ᠰᠠᠶᠢᠲᠤᠷ ᠵᠠᠮᠨᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠱᠠᠩᠳᠤ ᠰᠢᠶᠠᠨ ᠤ ᠨᠤᠭᠤ ᠭᠠᠵᠠᠷ ᠤᠨ ᠬᠠᠮᠠᠭᠠᠯᠠᠯᠲᠠ ᠶᠢᠨ ᠲᠥᠪ ᠂ ᠴᠠᠭᠠᠨᠨᠠᠭᠤᠷ ᠤᠨ ᠨᠤᠭᠤ ᠭᠠᠵᠠᠷ ᠲᠤ᠂ | ᠰᠦᠢ ᠸᠧᠢ ᠵᠢᠶᠦ᠋ᠨ ᠴᠠᠭᠠᠨᠨᠠᠭᠤᠷ ᠤᠨ ᠨᠤᠭᠤ ᠭᠠᠵᠠᠷ ᠢ ᠬᠠᠮᠠᠭᠠᠯᠠᠬᠤ ᠪᠠ ᠰᠡᠷᠭᠦᠭᠡᠨ ᠵᠠᠰᠠᠬᠤ ᠶᠡᠷᠦᠩᠬᠡᠢ ᠠᠵᠢᠯ ᠤᠨ | ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠴᠠᠭᠠᠨᠨᠠᠭᠤᠷ ᠤᠨ ᠠᠮᠢ ᠠᠬᠤᠢ ᠶᠢᠨ ᠵᠠᠰᠠᠯᠲᠠ ᠬᠠᠮᠠᠭᠠᠯᠠᠯᠲᠠ ᠪᠣᠯ | ᠨᠢᠭᠡᠨ ᠰᠢᠰᠲ᠋ᠧᠮᠲᠦ ᠢᠨᠵᠧᠨᠧᠷᠢᠩ ᠪᠣᠯᠤᠨ᠎ᠠ᠂ ᠬᠡᠷᠡᠭᠵᠢᠭᠦᠯᠬᠦ ᠲᠥᠰᠦᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ | ᠰᠢᠨᠵᠢᠯᠡᠬᠦ ᠤᠬᠠᠭᠠᠨᠴᠢ ᠪᠠᠷ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ᠂ ᠤᠨᠢᠨ ᠳᠡᠭᠡᠷ᠎ᠡ ᠨᠢ ᠬᠦᠴᠦᠯᠡᠵᠦ᠂ ᠡᠯ᠎ᠡ | ᠵᠦᠢᠯ ᠤᠨ ᠪᠣᠳᠠᠲᠠᠢ ᠡᠭᠦᠷᠭᠡ ᠶᠢ ᠦᠨᠡᠨᠬᠦ ᠪᠣᠳᠠᠲᠠᠢ ᠪᠥᠭᠡᠳ ᠨᠠᠷᠢᠯᠢᠭ ᠠᠳᠬᠤᠵᠤ᠂ ᠵᠠᠰᠠᠯᠲᠠ ᠶᠢᠨ ᠠᠵᠢᠯ ᠤᠨ | ᠪᠣᠳᠠᠲᠠᠢ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠤᠷᠭᠤᠮᠠᠯ ᠤᠨ ᠬᠤᠴᠢᠯᠭ᠎ᠠ ᠶᠢᠨ ᠰᠡᠷᠭᠦᠭᠡᠯᠲᠡ ᠶᠢ | ᠲᠦᠷᠭᠡᠳᠬᠡᠬᠦ ᠳᠡᠭᠡᠷ᠎ᠡ ᠬᠦᠴᠦ ᠲᠠᠯᠪᠢᠵᠤ᠂ ᠡᠯᠡᠰᠦᠷᠬᠡᠭᠵᠢᠭᠰᠡᠨ᠂ ᠬᠤᠵᠢᠷᠰᠢᠭᠰᠠᠨ ᠭᠠᠵᠠᠷ ᠰᠢᠷᠣᠶ ᠶᠢᠨ ᠵᠠᠰᠠᠯᠲᠠ ᠶᠢ | ᠴᠢᠩᠭᠠᠳᠬᠠᠵᠤ᠂ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠰᠠᠯᠬᠢᠨ ᠢ ᠬᠠᠯᠬᠠᠯᠠᠨ ᠬᠥᠷᠥᠰᠥ ᠶᠢ | ᠲᠣᠭᠲᠠᠪᠤᠷᠢᠵᠢᠭᠤᠯᠬᠤ ᠤᠷᠭᠤᠮᠠᠯ ᠤᠨ ᠬᠤᠴᠢᠯᠭ᠎ᠠ ᠶᠢ ᠳᠠᠷᠢᠵᠤ᠂ ᠰᠠᠪᠠ ᠭᠠᠵᠠᠷ ᠤᠨ ᠳᠣᠲᠣᠷᠠᠬᠢ ᠤᠷᠭᠤᠮᠠᠯ ᠤᠨ | ᠬᠤᠴᠢᠯᠭ᠎ᠠ ᠶᠢ ᠬᠠᠮᠠᠭᠠᠯᠠᠬᠤ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠬᠦ ᠬᠡᠷᠡᠭᠲᠡᠶ᠃ ᠬᠤᠲᠠ ᠰᠢᠶᠠᠨ ᠤ | ᠵᠣᠬᠢᠴᠠᠯᠳᠤᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ | ᠴᠢᠩᠭ᠎ᠠ ᠪᠣᠳᠠᠲᠠᠶᠢᠵᠢᠭᠤᠯᠵᠤ᠂ ᠴᠤᠭᠭᠠᠷ ᠠᠳᠬᠤᠵᠤ ᠬᠠᠮᠲᠤᠪᠠᠷ ᠬᠠᠮᠢᠶᠠᠷᠬᠤ ᠠᠵᠢᠯ ᠤᠨ ᠬᠠᠮᠲᠤᠷᠠᠯ ᠤᠨ ᠬᠦᠴᠦᠨ ᠢ | ᠬᠦᠴᠦᠯᠡᠨ ᠪᠦᠷᠢᠯᠳᠦᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠱᠢ ᠪᠠ ᠴᠢᠩ ᠪᠠᠯᠭᠠᠰᠤᠨ ᠤ ᠴᠢᠤᠸᠠᠨ ᠨᠤᠤ ᠽᠢ ᠲᠣᠰᠬᠤᠨ ᠤ ᠠᠷᠠᠳ ᠤᠨ ᠵᠥᠪᠯᠡᠯ ᠳᠤ᠂ ᠰᠦᠢ ᠸᠧᠢ | ᠵᠢᠶᠦ᠋ᠨ ᠭᠤᠣᠯᠳᠠᠯᠭ᠎ᠠ ᠲᠠᠢ ᠬᠢᠨᠠᠨ ᠪᠠᠶᠢᠴᠠᠭᠠᠭᠳᠠᠬᠤ ᠡᠲᠡᠭᠡᠳ ᠤᠨ ᠬᠠᠪᠰᠤᠷᠤᠨ ᠲᠡᠳᠬᠦᠬᠦ᠂ ᠬᠥᠳᠡᠭᠡ ᠲᠣᠰᠬᠤᠨ ᠤ | ᠠᠵᠤ ᠦᠢᠯᠡᠰ ᠤᠨ ᠬᠥᠭᠵᠢᠯᠲᠡ᠂ ᠶᠠᠳᠠᠭᠤ ᠶᠢ ᠲᠡᠳᠬᠦᠬᠦ ᠦᠢᠯᠡᠳᠪᠦᠷᠢ ᠶᠢᠨ ᠲᠠᠰᠤᠭ ᠤᠨ ᠡᠵᠡᠩᠨᠡᠯᠲᠡ ᠶᠢᠨ | ᠪᠠᠶᠢᠳᠠᠯ ᠢ ᠨᠠᠷᠢᠨ ᠯᠠᠪᠯᠠᠨ ᠠᠰᠠᠭᠤᠪᠠ᠃ ᠲᠡᠷᠡ᠂ ︽ᠶᠠᠳᠠᠭᠤ ᠠᠴᠠ ᠠᠩᠭᠢᠵᠢᠷᠠᠭᠰᠠᠨ ᠴᠤ ᠬᠠᠷᠢᠭᠤᠴᠠᠯᠭ᠎ᠠ ᠪᠠᠨ | ᠬᠠᠶᠠᠬᠤ ᠦᠭᠡᠢ᠂ ᠶᠠᠳᠠᠭᠤ ᠠᠴᠠ ᠠᠩᠭᠢᠵᠢᠷᠠᠭᠰᠠᠨ ᠴᠤ ᠲᠥᠷᠥ ᠶᠢᠨ ᠪᠣᠳᠣᠯᠭ᠎ᠠ ᠪᠠᠨ ᠲᠠᠰᠤᠯᠳᠠᠭᠤᠯᠬᠤ ᠦᠭᠡᠢ᠂ | ᠶᠠᠳᠠᠭᠤ ᠠᠴᠠ ᠠᠩᠭᠢᠵᠢᠷᠠᠭᠰᠠᠨ ᠴᠤ ᠬᠠᠪᠰᠤᠷᠤᠨ ᠲᠡᠳᠬᠦᠬᠦ ᠪᠠᠨ ᠪᠣᠯᠢᠬᠤ ᠦᠭᠡᠢ᠂ ᠶᠠᠳᠠᠭᠤ ᠠᠴᠠ ᠠᠩᠭᠢᠵᠢᠷᠠᠭᠰᠠᠨ | ᠴᠤ ᠬᠢᠨᠠᠯᠲᠠ ᠬᠠᠮᠢᠶᠠᠷᠤᠯᠲᠠ ᠪᠠᠨ ᠰᠤᠯᠠᠷᠠᠭᠤᠯᠬᠤ ᠦᠭᠡᠢ︾ ᠪᠠᠶᠢᠬᠤ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠶ ᠪᠠᠶᠢᠳᠠᠯ ᠢ ᠬᠢᠨᠠᠨ ᠬᠡᠮᠵᠢᠬᠦ ᠪᠠ | ᠬᠠᠪᠰᠤᠷᠤᠨ ᠲᠡᠳᠬᠦᠬᠦ ᠲᠣᠭᠲᠠᠴᠠ ᠶᠢ ᠦᠷᠭᠦᠯᠵᠢᠯᠡᠨ ᠴᠢᠩᠭᠠᠳᠬᠠᠨ ᠲᠡᠭᠦᠯᠳᠡᠷᠵᠢᠭᠦᠯᠵᠦ᠂ ᠬᠡᠪᠴᠢᠶᠡᠵᠢᠭᠰᠡᠨ | ᠴᠢᠨᠠᠷᠲᠠᠶ ᠳᠠᠬᠢᠨ ᠶᠠᠳᠠᠭᠤᠷᠠᠬᠤ ᠥᠬᠡᠶ ᠪᠠᠶᠢᠬᠤ ᠬᠢᠵᠠᠭᠠᠷ ᠱᠤᠭᠤᠮ ᠢ ᠡᠷᠡᠰ ᠪᠠᠲᠤ ᠰᠠᠬᠢᠬᠤ ᠬᠡᠷᠡᠭᠲᠡᠶ᠃ ᠬᠥᠳᠡᠭᠡ | ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ᠂ ᠴᠢᠳᠠᠪᠤᠷᠢᠲᠠᠨ ᠢ ᠬᠥᠭᠵᠢᠭᠦᠯᠦᠨ ᠮᠠᠨᠳᠤᠭᠤᠯᠬᠤ᠂ | ᠰᠣᠶᠣᠯ ᠢ ᠬᠥᠭᠵᠢᠭᠦᠯᠦᠨ ᠮᠠᠨᠳᠤᠭᠤᠯᠬᠤ᠂ ᠠᠮᠢ ᠠᠬᠤᠢ ᠶᠢ ᠬᠥᠭᠵᠢᠭᠦᠯᠦᠨ ᠮᠠᠨᠳᠤᠭᠤᠯᠬᠤ᠂ ᠵᠣᠬᠢᠶᠠᠨ | ᠪᠠᠶᠢᠭᠤᠯᠤᠯᠲᠠ ᠶᠢ ᠬᠥᠭᠵᠢᠭᠦᠯᠦᠨ ᠮᠠᠨᠳᠤᠭᠤᠯᠬᠤ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ | ᠰᠠᠶᠢᠲᠤᠷ ᠬᠢᠵᠦ᠂ ᠭᠤᠣᠯᠳᠠᠯᠭ᠎ᠠ ᠶᠢ ᠠᠳᠬᠤᠵᠤ᠂ ᠳᠤᠲᠠᠭᠤᠳᠠᠯ ᠢ ᠨᠥᠬᠦᠪᠥᠷᠢᠯᠡᠵᠦ᠂ ᠪᠠᠭᠤᠷᠠᠢ ᠲᠠᠯ᠎ᠠ ᠪᠠᠨ | ᠬᠦᠴᠦᠷᠬᠡᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠢᠨ᠎ᠡ ᠦᠷ᠎ᠡ ᠪᠦᠲᠦᠮᠵᠢ | ᠤᠯᠬᠤ ᠶᠢ ᠦᠨᠡᠨᠬᠦ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠴᠢ ᠲᠠᠢ ᠪᠠᠯᠭᠠᠰᠤᠨ ᠤ ᠨᠠᠨ ᠰᠢᠶᠤᠤ ᠬᠠᠶ ᠽᠢ ᠲᠣᠰᠬᠤᠨ ᠳᠤ᠂ ᠰᠦᠶ ᠸᠧᠶ ᠵᠢᠶᠦ᠋ᠨ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠪᠡ᠃ | ᠲᠡᠷᠡ᠂ ᠱᠠᠩᠳᠤ ᠰᠢᠶᠠᠨ ᠪᠣᠯ ᠪᠦᠬᠦ ᠬᠤᠳᠠ ᠶᠢᠨ ᠬᠥᠳᠡᠭᠡ ᠠᠵᠤ ᠠᠬᠤᠢ ᠶᠢᠨ ᠲᠤᠮᠤ ᠰᠢᠶᠠᠨ ᠪᠣᠯᠤᠨ᠎ᠠ᠂ | ᠬᠥᠳᠡᠭᠡ ᠠᠵᠤ ᠠᠬᠤᠢ ᠶᠢᠨ ᠬᠥᠭᠵᠢᠯᠲᠡ ᠶᠢᠨ ᠲᠠᠯ᠎ᠠ ᠪᠠᠷ ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠵᠤ᠂ | ᠲᠠᠷᠢᠶᠠᠯᠠᠩ ᠮᠠᠯ ᠠᠵᠤ ᠠᠬᠤᠢ ᠶᠢ ᠤᠶᠠᠯᠳᠤᠭᠤᠯᠬᠤ ᠶᠢ ᠪᠠᠷᠢᠮᠲᠠᠯᠠᠵᠤ᠂ ᠲᠡᠵᠢᠭᠡᠬᠦ ᠶᠢᠨ ᠲᠥᠯᠥᠭᠡ ᠲᠠᠷᠢᠵᠦ᠂ | ᠬᠠᠰᠢᠶᠠᠯᠠᠨ ᠲᠡᠵᠢᠭᠡᠵᠦ ᠨᠠᠷᠢᠯᠢᠭ ᠠᠷᠠᠴᠢᠯᠠᠵᠤ᠂ ᠦᠷᠳᠡᠭ ᠢ ᠨᠡᠮᠡᠭᠳᠡᠭᠦᠯᠵᠦ᠂ ᠠᠵᠤ ᠦᠢᠯᠡᠰᠵᠢᠯᠲᠡ ᠶᠢᠨ | ᠴᠢᠭᠯᠡᠯ ᠢᠶᠠᠷ ᠲᠠᠷᠢᠮᠠᠯ ᠤᠨ ᠦᠢᠯᠡᠰ ᠤᠨ ᠪᠦᠲᠦᠴᠡ ᠳᠤ ᠲᠤᠬᠢᠷᠠᠭᠤᠯᠤᠯᠳᠠ ᠬᠢᠵᠦ᠂ ᠮᠠᠯ ᠠᠵᠤ ᠠᠬᠤᠢ | ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢ ᠦᠨᠡᠨᠬᠦ ᠠᠬᠢᠭᠤᠯᠬᠤ ᠬᠡᠷᠡᠭᠲᠡᠢ᠃ ᠠᠮᠤ ᠪᠤᠳᠠᠭ᠎ᠠ ᠨᠢ ᠭᠠᠵᠠᠷ | ᠰᠢᠷᠣᠶ ᠳᠤ ᠲᠦᠰᠢᠭᠯᠡᠨ ᠤᠷᠭᠤᠬᠤ᠂ ᠠᠮᠤ ᠪᠤᠳᠠᠭ᠎ᠠ ᠨᠢ ᠮᠡᠷᠭᠡᠵᠢᠯ ᠳᠤ ᠲᠦᠰᠢᠭᠯᠡᠬᠦ ᠪᠠᠶᠢᠯᠳᠤᠬᠤ ᠪᠤᠳᠤᠯᠭ᠎ᠠ ᠶᠢ | ᠭᠦᠨᠵᠡᠭᠡᠶ ᠬᠡᠷᠡᠭᠵᠢᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢ ᠤᠯᠠᠮ | ᠨᠢᠭᠡ ᠠᠯᠬᠤᠮ ᠴᠢᠩᠭᠠᠳᠬᠠᠵᠤ᠂ ᠰᠦᠯᠢᠶᠣᠣ ᠪᠦᠷᠬᠦᠪᠴᠢ ᠶᠢᠨ ᠵᠠᠰᠠᠯᠲᠠ ᠶᠢ ᠲᠤᠪᠤᠶᠢᠮ᠎ᠠ ᠰᠠᠶᠢᠲᠤᠷ ᠠᠳᠬᠤᠵᠤ᠂ | ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠᠶᠢᠨ ᠡᠷᠴᠢᠮ ᠢ | ᠴᠢᠩᠭᠠᠷᠠᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠣᠳᠣᠬᠢᠴᠢᠯᠠᠯᠲᠠ ᠶᠢ ᠲᠦᠷᠭᠡᠪᠴᠢᠯᠡᠨ ᠪᠡᠶᠡᠯᠡᠭᠦᠯᠬᠦ ᠬᠡᠷᠡᠭᠲᠡᠶ | ᠭᠡᠵᠦ ᠴᠢᠬᠤᠯᠠᠴᠢᠯᠠᠪᠠ᠃ | ᠥᠪᠥᠷ ᠮᠣᠩᠭᠤᠯ ᠤᠨ ᠵᠦᠩ ᠳ᠋ᠢ ᠰᠦᠨ ᠤ ᠦᠢᠯᠡᠰ ᠤᠨ ᠬᠢᠵᠠᠭᠠᠷᠲᠤ ᠺᠣᠮᠫᠠᠨᠢ ᠳᠤ᠂ ᠰᠦᠢ ᠸᠧᠢ ᠵᠢᠶᠦ᠋ᠨ | ᠠᠵᠤ ᠠᠬᠤᠶᠢᠯᠠᠯ ᠤᠨ ᠡᠵᠡᠩᠨᠡᠯᠲᠡ ᠶᠢᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠬᠤᠳᠠᠯᠳᠤᠭ᠎ᠠ ᠡᠷᠬᠢᠯᠡᠬᠦ | ᠣᠷᠴᠢᠨ ᠨᠦᠬᠦᠴᠡᠯ ᠢ ᠰᠢᠯᠢᠳᠡᠭᠵᠢᠭᠦᠯᠬᠦ ᠶᠢ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠵᠠᠩᠭᠢᠯᠠᠭ᠎ᠠ | ᠪᠣᠯᠭᠠᠵᠤ᠂ ᠠᠷᠭ᠎ᠠ ᠪᠦᠬᠦᠨ ᠢ ᠰᠦᠪᠡᠭᠴᠢᠯᠡᠨ ᠠᠵᠤ ᠠᠬᠤᠶᠢᠯᠠᠯ ᠤᠨ ᠬᠦᠴᠢᠷ ᠵᠣᠪᠠᠭᠤᠷᠢ ᠶᠢ ᠰᠢᠢᠳᠪᠦᠷᠢᠯᠡᠵᠦ᠂ | ᠠᠵᠤ ᠠᠬᠤᠶᠢᠯᠠᠯ ᠤᠨ ᠪᠠᠴᠢᠮᠳᠠᠵᠤ ᠬᠦᠴᠢᠷᠳᠡᠵᠦ ᠪᠠᠶᠢᠭ᠎ᠠ ᠶᠢ ᠰᠢᠢᠳᠪᠦᠷᠢᠯᠡᠵᠦ᠂ ᠠᠵᠤ ᠠᠬᠤᠶᠢᠯᠠᠯ ᠤᠨ | ᠪᠤᠵᠠᠭᠠᠶᠢᠷᠠᠨ ᠬᠦᠴᠦᠷᠬᠡᠭᠵᠢᠬᠦ ᠳᠤ ᠰᠡᠳᠬᠢᠯ ᠲᠠᠯᠪᠢᠨ ᠦᠢᠯᠡᠴᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠳᠠ ᠶᠢᠨ ᠤᠳᠤᠷᠢᠳᠤᠯᠭ᠎ᠠ ᠢᠦᠢ ᠬᠠᠢ ᠢᠦᠢ᠂ ᠶᠦᠨ ᠫᠧᠩ ᠭᠠᠩ᠂ ᠯᠢᠦ ᠭᠦᠸᠧ ᠭᠠᠩ᠂ ᠶᠤᠸᠠᠨ | ᠰᠢᠶᠤᠤ ᠳ᠋ᠦᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | | |