ᠰᠦᠢ ᠸᠧᠢ ᠵᠢᠶᠦ᠋ᠨ ᠱᠦᠵᠢ ᠶᠢᠨ ᠲᠤᠰᠬᠠᠢ ᠰᠡᠳᠦᠪᠲᠦ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠵᠤ ᠪᠡᠭᠡᠵᠢᠩ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠤ ᠦᠢᠯᠡᠰ ᠤᠨ ᠬᠦᠷᠢᠶᠡᠯᠡᠩ ᠢ ᠲᠥᠯᠥᠪᠵᠢᠭᠦᠯᠦᠨ ᠪᠦᠲᠦᠭᠡᠨ ᠪᠠᠶᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2022/3/11
     3 ᠰᠠᠷ᠎ᠠ ᠶᠢᠨ 10 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠶ ᠸᠧᠶ ᠵᠢᠶᠦ᠋ᠨ ᠱᠦᠵᠢ ᠶᠢᠨ ᠲᠤᠰᠬᠠᠶ ᠰᠡᠳᠦᠪᠲᠦ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠪᠡᠭᠡᠵᠢᠩ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠤ ᠦᠢᠯᠡᠰ ᠤᠨ ᠬᠦᠷᠢᠶᠡᠯᠡᠩ ᠤᠨ ᠲᠥᠯᠥᠪᠵᠢᠭᠦᠯᠭᠡ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢ ᠰᠣᠳᠣᠯᠤᠨ ᠪᠠᠶᠢᠷᠢᠯᠠᠭᠤᠯᠪᠠ᠃      ᠬᠤᠲᠠ ᠶᠢᠨ ᠤᠳᠤᠷᠢᠳᠤᠯᠭ᠎ᠠ ᠴᠢᠶᠣᠤ ᠶᠦᠨ ᠯᠢ᠂ ᠶᠦᠨ ᠫᠧᠩ ᠭᠠᠩ᠂ ᠯᠢᠦ ᠭᠦᠸᠧ ᠭᠠᠩ᠂ ᠯᠢ ᠵᠢᠶᠠᠨ ᠸᠧᠨ ᠬᠤᠷᠠᠯ ᠳᠤ ᠣᠷᠣᠯᠴᠠᠪᠠ᠃      ᠰᠦᠢ ᠸᠧᠢ ᠵᠢᠶᠦ᠋ᠨ᠂ ᠪᠡᠭᠡᠵᠢᠩ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠤ ᠦᠢᠯᠡᠰ ᠤᠨ ᠬᠦᠷᠢᠶᠡᠯᠡᠩ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠪᠣᠯ ᠪᠡᠭᠡᠵᠢᠩ ᠥᠪᠥᠷ ᠮᠣᠩᠭᠤᠯ ᠤᠨ ᠤᠯᠠᠨ ᠬᠦᠷᠢᠶᠡᠨ ᠤ ᠭᠦᠨ ᠳᠠᠪᠬᠤᠷᠭ᠎ᠠ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠪᠣᠳᠠᠲᠠᠢ ᠶᠢ ᠡᠷᠬᠢᠮᠯᠡᠭᠰᠡᠨ ᠪᠤᠳᠤᠯᠭ᠎ᠠ ᠮᠥᠨ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠶᠡᠭᠡ ᠠᠵᠠ ᠲᠣᠬᠢᠶᠠᠯ ᠮᠥᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠡᠬᠢ ᠪᠠᠶᠠᠯᠢᠭ ᠢ ᠲᠥᠪᠯᠡᠷᠡᠭᠦᠯᠬᠦ᠂ ᠰᠢᠨ᠎ᠡ ᠶᠢ ᠡᠭᠦᠳᠬᠦ ᠴᠢᠳᠠᠪᠤᠷᠢᠲᠠᠨ ᠢ ᠴᠤᠭᠯᠠᠭᠤᠯᠬᠤ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠪᠤᠶᠢᠵᠢᠭᠤᠯᠬᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠪᠠᠨ ᠨᠢᠭᠡᠳᠬᠡᠵᠦ᠂ ᠲᠠᠨᠢᠯᠲᠠ ᠪᠠᠨ ᠳᠡᠭᠡᠭᠰᠢᠯᠡᠭᠦᠯᠵᠦ᠂ ᠠᠵᠤ ᠦᠢᠯᠡᠰ ᠤᠨ ᠬᠦᠷᠢᠶᠡᠯᠡᠩ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠪᠤᠳᠤᠯ ᠢᠶᠠᠨ ᠦᠨᠡᠨᠬᠦ ᠴᠢᠩᠭᠠᠳᠬᠠᠵᠤ᠂ ᠭᠦᠨᠵᠡᠭᠡᠢ ᠰᠤᠳᠤᠯᠤᠨ ᠲᠥᠯᠥᠪᠵᠢᠭᠦᠯᠵᠦ᠂ ᠬᠠᠮᠵᠢᠯᠴᠠᠬᠤ ᠪᠠᠨ ᠴᠢᠩᠭᠠᠳᠬᠠᠵᠤ᠂ ᠠᠵᠢᠯ ᠤᠨ ᠠᠷᠭ᠎ᠠ ᠵᠠᠮ ᠢᠶᠠᠨ ᠣᠨᠣᠪᠴᠢᠲᠠᠢ ᠣᠯᠵᠤ᠂ ᠪᠦᠬᠦ ᠬᠤᠳᠠ ᠶᠢᠨ ᠬᠦᠴᠦᠨ ᠢᠶᠠᠷ ᠠᠵᠤ ᠦᠢᠯᠡᠰ ᠤᠨ ᠬᠦᠷᠢᠶᠡᠯᠡᠩ ᠤᠨ ᠪᠦᠳᠦᠭᠡᠨ ᠪᠠᠶᠢᠭᠤᠯᠤᠯᠲᠠ ᠶᠢ ᠥᠨᠳᠥᠷ ᠲᠦᠪᠰᠢᠨ ᠳᠤ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃     ᠰᠦᠢ ᠸᠧᠢ ᠵᠢᠶᠦ᠋ᠨ᠂ ᠠᠵᠤ ᠦᠢᠯᠡᠰ ᠤᠨ ᠬᠦᠷᠢᠶᠡᠯᠡᠩ ᠤᠨ ᠪᠠᠶᠢᠷᠢ ᠲᠣᠭᠲᠠᠭᠠᠯᠲᠠ ᠶᠢ ᠴᠢᠨᠠᠭᠰᠢᠳᠠ ᠲᠣᠳᠣᠷᠬᠠᠶᠢᠯᠠᠵᠤ᠂ ᠴᠢᠳᠠᠪᠤᠷᠢᠲᠠᠨ ᠢ ᠴᠤᠭᠯᠠᠷᠠᠭᠤᠯᠤᠨ ᠰᠣᠯᠢᠯᠴᠠᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠵᠦ ᠰᠢᠨ᠎ᠡ ᠶᠢ ᠡᠭᠦᠳᠬᠦ ᠲᠠᠪᠴᠠᠩ ᠢ ᠪᠠᠶᠢᠭᠤᠯᠬᠤ᠂ ᠴᠢᠳᠠᠪᠤᠷᠢᠲᠠᠨ ᠤ ᠦᠢᠯᠡᠴᠢᠯᠡᠭᠡᠨ ᠤ ᠲᠥᠪ ᠢ ᠪᠠᠶᠢᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠪᠣᠯᠤᠨ ᠰᠢᠨ᠎ᠡ ᠶᠢ ᠡᠭᠦᠳᠬᠦ ᠬᠡᠯᠪᠡᠷᠢ ᠶᠢᠨ ᠠᠵᠤ ᠠᠬᠤᠶᠢᠯᠠᠯ ᠢ ᠨᠡᠪᠴᠢᠭᠦᠯᠬᠦ ᠰᠠᠭᠤᠷᠢᠨ ᠢ ᠪᠠᠶᠢᠭᠤᠯᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠵᠤ᠂ ᠴᠢᠳᠠᠪᠤᠷᠢᠲᠠᠨ ᠤ ᠬᠡᠯᠬᠢᠶ᠎ᠡ ᠪᠣᠯᠤᠨ ᠠᠵᠤ ᠦᠢᠯᠡᠰ ᠤᠨ ᠬᠡᠯᠬᠢᠶ᠎ᠡ᠂ ᠰᠢᠨ᠎ᠡ ᠶᠢ ᠡᠭᠦᠳᠬᠦ ᠬᠡᠯᠬᠢᠶ᠎ᠡ ᠶᠢᠨ ᠭᠦᠨᠵᠡᠭᠡᠢ ᠠᠭᠤᠰᠤᠯᠴᠠᠯ ᠢ ᠪᠦᠲᠦᠮᠵᠢᠲᠡᠢ ᠠᠬᠢᠭᠤᠯᠬᠤ ᠬᠡᠷᠡᠭᠲᠡᠢ᠃ ᠲᠥᠯᠥᠪᠵᠢᠭᠦᠯᠭᠡ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠮᠠᠨ ᠤ ᠬᠤᠲᠠ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠦᠨᠡᠨ ᠬᠦ ᠬᠡᠷᠡᠭᠵᠢᠭᠦᠯᠵᠦ ᠪᠣᠯᠬᠤᠶᠢᠴᠠ ᠲᠥᠯᠥᠪᠵᠢᠭᠦᠯᠭᠡ ᠪᠠ ᠬᠡᠷᠡᠭᠵᠢᠭᠦᠯᠬᠦ ᠲᠥᠰᠦᠯ ᠢ ᠨᠠᠶᠢᠷᠠᠭᠤᠯᠤᠨ ᠵᠣᠬᠢᠶᠠᠵᠤ᠂ ᠠᠵᠤ ᠦᠢᠯᠡᠰ ᠤᠨ ᠬᠦᠷᠢᠶᠡᠯᠡᠩ ᠤᠨ ᠰᠢᠨᠵᠢᠯᠡᠬᠦ ᠤᠬᠠᠭᠠᠨᠴᠢ ᠥᠨᠳᠥᠷ ᠪᠦᠲᠦᠮᠵᠢᠲᠡᠶ ᠪᠠᠷ ᠬᠥᠭᠵᠢᠬᠦ ᠶᠢ ᠬᠥᠲᠥᠯᠥᠨ ᠵᠢᠯᠣᠭᠤᠳᠴᠤ ᠠᠬᠢᠭᠤᠯᠬᠤ ᠬᠡᠷᠡᠭᠲᠡᠶ᠃ ᠣᠲᠣ ᠶᠢᠨ ᠪᠠᠶᠢᠭ᠎ᠠ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠠᠴᠢᠶᠠᠯᠠᠪᠤᠷᠢ ᠶᠢᠨ ᠴᠢᠳᠠᠮᠵᠢ ᠶᠢ ᠠᠵᠤ ᠦᠢᠯᠡᠰ ᠤᠨ ᠬᠦᠷᠢᠶᠡᠯᠡᠩ ᠤᠨ ᠬᠥᠭᠵᠢᠯᠲᠡ ᠳᠤ ᠠᠭᠤᠰᠬᠠᠨ ᠣᠷᠣᠭᠤᠯᠵᠤ᠂ ᠴᠢᠳᠠᠪᠤᠷᠢᠲᠠᠨ᠂ ᠠᠵᠤ ᠦᠢᠯᠡᠰ ᠵᠡᠷᠭᠡ ᠲᠠᠯ᠎ᠠ ᠪᠠᠷ ᠬᠢ ᠬᠦᠷᠢᠶᠡᠯᠡᠩ ᠲᠣᠭᠤᠷᠢᠭ ᠤᠨ ᠴᠤᠭᠯᠠᠷᠠᠯ ᠤᠨ ᠦᠢᠯᠡᠳᠦᠯ ᠢ ᠲᠠᠰᠤᠷᠠᠯᠲᠠ ᠥᠬᠡᠶ ᠪᠠᠳᠠᠷᠠᠭᠤᠯᠬᠤ ᠬᠡᠷᠡᠭᠲᠡᠶ᠃ ᠪᠠᠶᠢᠭᠤᠯᠤᠮᠵᠢ ᠶᠢᠨ ᠣᠷᠣᠨ ᠲᠤᠭ᠎ᠠ ᠶᠢ ᠬᠡᠷᠡᠭᠯᠡᠬᠦ ᠶᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠬᠦᠷᠢᠶᠡᠯᠡᠩ ᠲᠣᠭᠤᠷᠢᠭ ᠤᠨ ᠠᠵᠢᠯ ᠤᠨ ᠬᠦᠴᠦᠨ ᠢ ᠪᠦᠷᠢᠨ ᠭᠦᠢᠴᠡᠳ ᠳᠤᠬᠢᠷᠠᠭᠤᠯᠬᠤ ᠬᠡᠷᠡᠭᠲᠡᠢ᠃ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠬᠦᠯᠵᠦ᠂ ᠴᠢᠳᠠᠪᠤᠷᠢᠲᠠᠨ ᠢ ᠣᠷᠣᠭᠤᠯᠤᠨ ᠠᠪᠴᠢᠷᠠᠵᠤ ᠪᠤᠶᠢᠵᠢᠭᠤᠯᠬᠤ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠵᠦ᠂ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠠᠬᠢᠭᠤᠯᠵᠤ᠂ ᠵᠥᠭᠡᠯᠡᠨ ᠬᠠᠲᠠᠭᠤ ᠣᠷᠴᠢᠨ ᠲᠣᠭᠤᠷᠢᠨ ᠢ ᠲᠠᠰᠤᠷᠠᠯᠳᠠ ᠦᠭᠡᠢ ᠰᠢᠯᠢᠳᠡᠭᠵᠢᠭᠦᠯᠬᠦ ᠬᠡᠷᠡᠭᠲᠡᠢ᠃ ᠴᠢᠳᠠᠪᠤᠷᠢᠲᠠᠨ ᠤᠷᠢᠵᠤ ᠤᠶᠤᠨ ᠮᠡᠳᠡᠯᠭᠡ ᠲᠠᠲᠠᠨ ᠣᠷᠣᠭᠤᠯᠬᠤ ᠠᠵᠢᠯ ᠢ ᠢᠳᠡᠪᠬᠢᠲᠡᠢ ᠠᠬᠢᠭᠤᠯᠵᠤ᠂ ᠶᠡᠭᠡ ᠳᠡᠭᠡᠳᠦ ᠰᠤᠷᠭᠠᠭᠤᠯᠢ ᠪᠣᠯᠤᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠯᠤᠭ᠎ᠠ ᠶᠢᠨ ᠬᠠᠮᠲᠤᠷᠠᠯᠴᠠᠭ᠎ᠠ ᠶᠢ ᠲᠦᠷᠭᠡᠳᠬᠡᠵᠦ᠂ ᠡᠯ᠎ᠡ ᠲᠦᠷᠦᠯ ᠤᠨ ᠳᠡᠭᠡᠳᠦ ᠲᠡᠰ ᠤᠨ ᠴᠢᠳᠠᠪᠤᠷᠢᠲᠠᠨ ᠪᠣᠯᠤᠨ ᠲᠦᠷᠦᠯ ᠵᠦᠢᠯ ᠤᠨ ᠪᠦᠯᠬᠦᠮ ᠨᠡᠶᠢᠲᠡ ᠶᠢᠨ ᠮᠠᠨ ᠤ ᠬᠤᠳᠠ ᠳᠤ ᠴᠤᠭᠯᠠᠷᠠᠬᠤ ᠶᠢ ᠲᠦᠷᠭᠡᠳᠬᠡᠵᠦ᠂ ᠴᠢᠳᠠᠪᠤᠷᠢᠲᠠᠨ ᠤ ᠴᠤᠭᠯᠠᠷᠠᠯ ᠪᠣᠯᠤᠨ ᠭᠤᠣᠯᠳᠠᠯᠭ᠎ᠠ ᠲᠠᠢ ᠠᠵᠤ ᠦᠢᠯᠡᠰ ᠤᠨ ᠬᠠᠮᠵᠢᠯᠴᠠᠨ ᠬᠥᠭᠵᠢᠬᠦ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2