| | | 3 ᠰᠠᠷ᠎ᠠ ᠶᠢᠨ 6 ᠤ ᠡᠳᠦᠷ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ | ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠪᠦᠬᠦ ᠤᠯᠤᠰ ᠤᠨ ᠤᠯᠤᠰ | ᠲᠦᠷᠦ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ ᠲᠠᠪᠤᠳᠤᠭᠠᠷ ᠬᠤᠷᠠᠯ ᠳᠤ | ᠣᠷᠣᠯᠴᠠᠵᠤ ᠪᠠᠶᠢᠭ᠎ᠠ ᠬᠥᠳᠡᠭᠡ ᠠᠵᠤ ᠠᠬᠤᠢ ᠶᠢᠨ ᠡᠲᠡᠭᠡᠳ᠂ ᠨᠡᠶᠢᠭᠡᠮ ᠤᠨ ᠠᠰᠠᠷᠠᠮᠵᠢ ᠪᠣᠯᠤᠨ ᠨᠡᠶᠢᠭᠡᠮ ᠤᠨ | ᠪᠠᠲᠤᠯᠠᠭ᠎ᠠ ᠶᠢᠨ ᠡᠲᠡᠭᠡᠳ ᠤᠨ ᠭᠡᠰᠢᠭᠦᠳ ᠢ ᠡᠷᠬᠢᠨ ᠦᠵᠡᠭᠰᠡᠨ ᠪᠥᠭᠡᠳ ᠳᠤᠭᠤᠶᠢᠯᠠᠩ ᠬᠠᠮᠲᠤᠷᠠᠭᠰᠠᠨ ᠬᠤᠷᠠᠯ ᠳᠤ | ᠣᠷᠣᠯᠴᠠᠵᠤ᠂ ᠰᠠᠨᠠᠯ ᠰᠠᠨᠠᠭᠤᠯᠭ᠎ᠠ ᠶᠢ ᠨᠢ ᠰᠤᠨᠤᠰᠪᠠ᠃ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ | ᠲᠤᠪᠴᠢᠶᠠᠨ ᠤ ᠪᠠᠶᠢᠩᠭᠤ ᠶᠢᠨ ᠭᠡᠰᠢᠭᠦᠨ᠂ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠲᠡᠷᠢᠭᠦᠯᠡᠭᠴᠢ | ᠸᠠᠩ ᠶᠠᠩ ᠡᠷᠭᠢᠨ ᠦᠵᠡᠬᠦ ᠪᠠ ᠶᠠᠷᠢᠯᠴᠠᠬᠤ ᠳᠤ ᠤᠷᠤᠯᠴᠠᠵᠠᠢ᠃ | ᠰ᠊ᠵᠨᠬᠤᠸᠠ ᠬᠤᠷᠢᠶᠠᠨ ᠤ ᠰᠤᠷᠪᠤᠯᠵᠢᠯᠠᠭᠴᠢ ᠬᠤᠸᠠᠩ ᠵᠢᠩ ᠸᠧᠨ ᠰᠡᠭᠦᠳᠡᠷᠯᠡᠪᠡ | ᠰᠢᠨᠬᠤᠸᠠ ᠬᠤᠷᠢᠶᠠᠨ ᠤ ᠪᠡᠭᠡᠵᠢᠩ ᠤᠨ 3 ᠰᠠᠷ᠎ᠠ ᠶᠢᠨ 6 ᠤ ᠴᠠᠬᠢᠯᠭᠠᠨ ᠮᠡᠳᠡᠭᠡ ᠨᠠᠮ ᠤᠨ ᠲᠥᠪ | ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ | ᠲᠡᠷᠢᠭᠦᠯᠡᠭᠴᠢ ᠰᠢ ᠶᠢᠨ ᠫᠢᠩ 3 ᠰᠠᠷ᠎ᠠ ᠶᠢᠨ 6 ᠤ ᠦᠳᠡ ᠶᠢᠨ ᠬᠤᠶᠢᠨ᠎ᠠ ᠪᠦᠬᠦ ᠤᠯᠤᠰ ᠤᠨ ᠤᠯᠤᠰ ᠲᠦᠷᠦ ᠶᠢᠨ | ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ ᠲᠠᠪᠤᠳᠤᠭᠠᠷ ᠬᠤᠷᠠᠯ ᠳᠤ ᠣᠷᠣᠯᠴᠠᠵᠤ | ᠪᠠᠶᠢᠭ᠎ᠠ ᠬᠥᠳᠡᠭᠡ ᠠᠵᠤ ᠠᠬᠤᠢ ᠶᠢᠨ ᠡᠲᠡᠭᠡᠳ᠂ ᠨᠡᠶᠢᠭᠡᠮ ᠤᠨ ᠠᠰᠠᠷᠠᠮᠵᠢ ᠪᠣᠯᠤᠨ ᠨᠡᠶᠢᠭᠡᠮ ᠤᠨ ᠪᠠᠲᠤᠯᠠᠭ᠎ᠠ ᠶᠢᠨ | ᠡᠲᠡᠭᠡᠳ ᠤᠨ ᠭᠡᠰᠢᠭᠦᠳ ᠢ ᠡᠷᠬᠢᠨ ᠦᠵᠡᠭᠰᠡᠨ ᠪᠥᠭᠡᠳ ᠳᠤᠭᠤᠶᠢᠯᠠᠩ ᠬᠠᠮᠲᠤᠷᠠᠭᠰᠠᠨ ᠬᠤᠷᠠᠯ ᠳᠤ ᠣᠷᠣᠯᠴᠠᠵᠤ᠂ | ᠰᠠᠨᠠᠯ ᠰᠠᠨᠠᠭᠤᠯᠭ᠎ᠠ ᠶᠢ ᠨᠢ ᠰᠣᠨᠣᠰᠴᠠᠢ᠃ ᠲᠡᠷᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠳᠤ᠂ ᠡᠷᠬᠡᠪᠰᠢ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠢᠯᠠᠩᠭᠤᠶ᠎ᠠ | ᠠᠮᠤ ᠪᠤᠳᠠᠭᠠᠨ ᠤ ᠬᠠᠩᠭᠠᠯᠭ᠎ᠠ ᠶᠢ ᠪᠠᠲᠤᠯᠠᠬᠤ ᠪᠠᠷ ᠲᠡᠷᠢᠭᠦᠨ ᠴᠢᠬᠤᠯᠠ ᠡᠭᠦᠷᠭᠡ ᠪᠣᠯᠭᠠᠵᠤ᠂ ᠬᠦᠳᠡᠭᠡ ᠠᠵᠤ | ᠠᠬᠤᠢ ᠶᠢᠨ ᠶᠡᠷᠦᠩᠬᠡᠶᠢᠯᠡᠭᠰᠡᠨ ᠦᠶᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠶᠢ ᠨᠠᠩ ᠲᠣᠪᠣᠶᠢᠮ᠎ᠠ | ᠪᠠᠶᠢᠷᠢᠨ ᠳᠤ ᠲᠠᠯᠪᠢᠵᠤ᠂ ︽ᠲᠠᠷᠢᠶᠠᠨ ᠭᠠᠵᠠᠷ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ | ᠪᠠᠲᠤᠯᠠᠵᠤ᠂ ᠮᠡᠷᠭᠡᠵᠢᠯ ᠢᠶᠠᠷ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ︾ ᠶᠢ ᠦᠨᠡᠨ ᠬᠦ ᠪᠣᠳᠠᠲᠠᠶ ᠳᠤ | ᠨᠠᠶᠢᠳᠠᠪᠤᠷᠢᠵᠢᠭᠤᠯᠬᠤ ᠬᠡᠷᠡᠭᠲᠡᠶ᠃ ᠨᠡᠶᠢᠭᠡᠮ ᠤᠨ ᠪᠠᠲᠤᠯᠠᠭ᠎ᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠨᠡᠶᠢᠭᠡᠮ ᠤᠨ ᠪᠠᠲᠤᠯᠠᠭ᠎ᠠ ᠶᠢᠨ ᠠᠮᠤᠷ ᠲᠦᠪᠰᠢᠨ ᠤ ᠲᠣᠣᠷ ᠢ | ᠨᠢᠭᠲᠠ ᠰᠦᠯᠵᠢᠵᠦ᠂ ᠠᠷᠠᠳ ᠲᠦᠮᠡᠨ ᠤ ᠠᠮᠤᠷ ᠲᠠᠶᠢᠪᠤᠩ ᠠᠵᠤ ᠲᠦᠷᠦᠬᠦ ᠳᠤ ᠦᠨᠳᠦᠰᠦᠨ ᠵᠦᠢᠯ ᠢ ᠪᠠᠲᠤᠯᠠᠬᠤ | ᠬᠡᠷᠡᠭᠲᠡᠢ ᠬᠡᠵᠥ ᠴᠢᠬᠤᠯᠠᠴᠢᠯᠠᠪᠠ᠃ | ︽3·8︾ ᠤ ᠳᠡᠯᠡᠬᠡᠢ ᠶᠢᠨ ᠡᠮᠡᠭᠲᠡᠶᠢᠴᠦᠳ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠰᠢ ᠶᠢᠨ | ᠫᠢᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠡᠮᠦᠨ᠎ᠡ ᠠᠴᠠ ᠪᠦᠬᠦ ᠤᠯᠤᠰ ᠤᠨ ᠬᠤᠶᠠᠷ | ᠬᠤᠷᠠᠯ ᠳᠤ ᠣᠷᠣᠯᠴᠠᠵᠥ ᠪᠠᠶᠢᠭ᠎ᠠ ᠡᠮᠡᠭᠲᠡᠢ ᠲᠥᠯᠥᠭᠡᠯᠡᠭᠴᠢ᠂ ᠡᠮᠡᠭᠲᠡᠢ ᠭᠡᠰᠢᠭᠦᠨ᠂ ᠡᠮᠡᠭᠲᠡᠢ ᠠᠵᠢᠯᠳᠠᠨ᠂ ᠪᠦᠬᠦ | ᠤᠯᠤᠰ ᠤᠨ ᠡᠯ᠎ᠡ ᠦᠨᠳᠦᠰᠦᠲᠡᠨ ᠡᠯ᠎ᠡ ᠡᠲᠡᠭᠡᠳ ᠤᠨ ᠡᠮᠡᠭᠲᠡᠶᠢᠴᠦᠳ᠂ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ | ᠣᠷᠣᠨ᠂ ᠣᠣᠮᠧᠨ ᠣᠨᠴᠠᠭᠠᠢ ᠵᠠᠰᠠᠭ ᠵᠠᠬᠢᠷᠭᠠᠨ ᠤ ᠣᠷᠣᠨ ᠪᠣᠯᠤᠨ ᠲᠠᠶᠢᠸᠠᠨ ᠤ ᠡᠮᠡᠭᠲᠡᠢ ᠡᠬᠡᠴᠢ ᠳᠡᠭᠦᠦ ᠨᠡᠷ᠂ | ᠤᠯᠤᠰ ᠤᠨ ᠭᠠᠳᠠᠭᠠᠳᠤ ᠳᠤ ᠪᠠᠶᠢᠭ᠎ᠠ ᠡᠮᠡᠭᠲᠡᠢ ᠬᠠᠷᠢᠶᠠᠲᠤ ᠡᠬᠡᠴᠢ ᠳᠡᠭᠦᠦ ᠨᠡᠷ ᠲᠤ ᠪᠠᠶᠠᠷ ᠤᠨ ᠡᠳᠦᠷ ᠤᠨ | ᠮᠡᠨᠳᠦᠴᠢᠯᠡᠯ ᠪᠣᠯᠤᠨ ᠰᠠᠶᠢᠨ ᠰᠠᠶᠢᠬᠠᠨ ᠵᠥᠩᠨᠡᠯ ᠳᠡᠪᠰᠢᠭᠦᠯᠪᠡ᠃ | ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠪᠦᠬᠦ | ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠸᠠᠩ ᠶᠠᠩ ᠡᠷᠬᠢᠨ ᠦᠵᠡᠬᠦ ᠪᠠ ᠶᠠᠷᠢᠯᠴᠠᠬᠤ ᠳᠤ | ᠣᠷᠣᠯᠴᠠᠪᠠ᠃ | ᠳᠤᠭᠤᠶᠢᠯᠠᠩ ᠬᠠᠮᠲᠤᠷᠠᠭᠰᠠᠨ ᠬᠤᠷᠠᠯ ᠳᠡᠭᠡᠷ᠎ᠡ᠂ ᠶᠠᠩ ᠹᠧᠩ ᠵᠢᠶ᠂ ᠸᠠᠩ ᠵᠢᠩ᠂ ᠲᠠᠩ ᠵᠢᠶᠦ᠋ᠨ ᠵᠢᠶᠧ᠂ | ᠮᠦᠸᠧ ᠷᠦᠩ᠂ ᠢᠰᠢᠳᠠᠸᠠ᠂ ᠸᠠᠨ ᠵᠢᠶᠠᠨ ᠮᠢᠨ᠂ ᠸᠠᠩ ᠬᠠᠶ ᠵᠢᠩ ᠵᠡᠷᠭᠡ 7 ᠭᠡᠰᠢᠭᠦᠨ ᠬᠥᠳᠡᠭᠡ ᠲᠣᠰᠬᠤᠨ ᠤ | ᠠᠵᠤ ᠦᠶᠯᠡᠰ ᠢ ᠶᠡᠭᠡ ᠪᠠᠷ ᠬᠥᠭᠵᠢᠭᠦᠯᠬᠦ᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ | ᠲᠦᠪᠰᠢᠨ ᠤ ᠰᠠᠭᠤᠷᠢ ᠶᠢ ᠪᠠᠬᠢᠵᠢᠭᠦᠯᠬᠦ᠂ ᠲᠠᠷᠢᠮᠠᠯ ᠤᠨ ᠦᠶᠯᠡᠰ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠶᠢ | ᠠᠬᠢᠭᠤᠯᠬᠤ᠂ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ ᠳᠤᠲᠠᠭᠤᠳᠠᠯ ᠢ ᠨᠥᠬᠦᠪᠥᠷᠢᠯᠡᠬᠦ᠂ ᠨᠡᠶᠢᠭᠡᠮ ᠤᠨ | ᠠᠰᠠᠷᠠᠮᠵᠢ ᠶᠢᠨ ᠦᠶᠯᠡᠰ ᠤᠨ ᠦᠷᠭᠦᠯᠵᠢᠯᠡᠬᠦ ᠬᠥᠭᠵᠢᠯᠲᠡ ᠶᠢ ᠠᠬᠢᠭᠤᠯᠬᠤ᠂ ᠬᠦᠳᠡᠭᠡ ᠠᠵᠥ ᠠᠬᠤᠢ ᠬᠥᠳᠡᠭᠡ | ᠲᠣᠰᠬᠤᠨ ᠤ ᠣᠳᠣᠬᠢᠴᠢᠯᠠᠯᠲᠠ ᠶᠢ ᠪᠥᠬᠦ ᠲᠠᠯ᠎ᠠ ᠪᠠᠷ ᠠᠬᠢᠭᠤᠯᠬᠤ᠂ ᠨᠡᠶᠢᠭᠡᠮ ᠤᠨ ᠬᠦᠴᠦᠨ ᠢ ᠳᠠᠶᠢᠴᠢᠯᠠᠵᠤ | ᠪᠠᠶᠢᠭᠠᠳ ᠬᠠᠮᠲᠤ ᠪᠠᠷ ᠪᠠᠶᠠᠵᠢᠬᠤ ᠶᠢ ᠠᠬᠢᠭᠤᠯᠬᠤ ᠵᠡᠷᠭᠡ ᠶᠢᠨ ᠲᠣᠭᠤᠷᠢᠨ ᠳᠤ ᠦᠭᠡ ᠬᠡᠯᠡᠪᠡ᠃ | ᠰᠢ ᠶᠢᠨ ᠫᠢᠩ ᠤᠯᠠᠨ ᠤ ᠬᠡᠯᠡᠬᠦ ᠶᠢ ᠰᠣᠨᠣᠰᠤᠭᠰᠠᠨ ᠤ ᠲᠠᠷᠠᠭ᠎ᠠ ᠴᠢᠬᠤᠯᠠ ᠶᠠᠷᠢᠶ᠎ᠠ ᠲᠠᠯᠪᠢᠪᠠ᠃ ᠲᠡᠷᠡ᠂ | ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠬᠥᠳᠡᠭᠡ ᠠᠵᠤ ᠠᠬᠤᠢ ᠶᠢᠨ ᠡᠲᠡᠭᠡᠳ᠂ ᠨᠡᠶᠢᠭᠡᠮ ᠤᠨ | ᠠᠰᠠᠷᠠᠮᠵᠢ ᠪᠣᠯᠤᠨ ᠨᠡᠶᠢᠭᠡᠮ ᠤᠨ ᠪᠠᠲᠤᠯᠠᠭ᠎ᠠ ᠶᠢᠨ ᠡᠲᠡᠭᠡᠳ ᠤᠨ ᠭᠡᠰᠢᠭᠦᠳ ᠢ ᠡᠷᠬᠢᠨ ᠦᠵᠡᠵᠦ᠂ ᠳᠤᠭᠤᠶᠢᠯᠠᠩ | ᠬᠠᠮᠲᠤᠷᠠᠭᠰᠠᠨ ᠬᠤᠷᠠᠯ ᠳᠤ ᠣᠷᠣᠯᠴᠠᠭᠰᠠᠨ ᠳᠠᠭᠠᠨ ᠮᠠᠰᠢ ᠪᠠᠶᠠᠷᠲᠠᠢ ᠪᠠᠶᠢᠨ᠎ᠠ ᠬᠡᠵᠥ ᠢᠯᠡᠳᠬᠡᠪᠡ᠃ ᠲᠡᠷᠡ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠡᠮᠦᠨ᠎ᠡ ᠠᠴᠠ ᠬᠤᠷᠠᠯ ᠳᠤ ᠣᠷᠣᠯᠴᠠᠭᠰᠠᠨ ᠭᠡᠰᠢᠭᠦᠳ᠂ | ᠪᠦᠬᠦ ᠤᠯᠤᠰ ᠤᠨ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠲᠤ ᠴᠢᠩ ᠰᠡᠳᠭᠢᠯ ᠤᠨ | ᠮᠡᠨᠳᠦᠴᠢᠯᠡᠯ ᠳᠡᠪᠰᠢᠭᠦᠯᠵᠦ᠂ ᠪᠦᠬᠦ ᠤᠯᠤᠰ ᠤᠨ ᠥᠷᠭᠡᠨ ᠤᠯᠠᠨ ᠬᠦᠳᠡᠭᠡ ᠠᠵᠥ ᠠᠬᠤᠢ ᠪᠠ ᠨᠡᠶᠢᠭᠡᠮ ᠤᠨ | ᠪᠠᠲᠤᠯᠠᠭ᠎ᠠ᠂ ᠨᠡᠶᠢᠭᠡᠮ ᠤᠨ ᠠᠰᠠᠷᠠᠮᠵᠢ ᠶᠢᠨ ᠠᠵᠢᠯᠲᠠᠳ ᠢ ᠴᠢᠩ ᠰᠡᠳᠭᠢᠯ ᠠᠴᠠ ᠪᠠᠨ ᠲᠣᠬᠤᠨᠢᠭᠤᠯᠪᠠ᠃ | ᠰᠢ ᠶᠢᠨ ᠫᠢᠩ᠂ ᠥᠩᠭᠡᠷᠡᠭᠰᠡᠨ ᠨᠢᠭᠡ ᠵᠢᠯ᠂ ᠨᠠᠷᠢᠨ ᠪᠤᠳᠤᠯᠢᠶᠠᠨᠲᠠᠶ ᠬᠠᠳᠠᠭᠤ ᠪᠡᠷᠭᠡ ᠳᠡᠯᠡᠬᠡᠶ ᠶᠢᠨ ᠪᠠᠶᠢᠳᠠᠯ | ᠂ ᠪᠡᠷᠬᠡ ᠬᠠᠳᠠᠭᠤᠵᠢᠯᠳᠠᠢ ᠨᠦᠰᠡᠷ ᠬᠦᠨᠳᠦ ᠤᠯᠤᠰ ᠤᠨ ᠳᠣᠲᠣᠭᠠᠳᠤ ᠶᠢᠨ ᠥᠭᠡᠷᠡᠴᠢᠯᠡᠯᠲᠡ ᠬᠥᠭᠵᠢᠯᠲᠡ | ᠲᠣᠭᠲᠠᠭᠤᠨ ᠤ ᠡᠭᠦᠷᠭᠡ ᠢᠯᠠᠩᠭᠤᠶ᠎ᠠ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠤᠨ | ᠬᠦᠨᠳᠦ ᠨᠣᠴᠢᠲᠠᠶ ᠳᠠᠭᠠᠷᠢᠯᠲᠠ ᠶᠢᠨ ᠡᠮᠤᠨ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠪᠦᠬᠦ | ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠰᠢᠷᠭᠠᠭᠤ | ᠬᠠᠲᠠᠭᠤᠵᠢᠯᠲᠠᠶ ᠲᠡᠮᠡᠴᠡᠵᠥ᠂ ᠬᠦᠴᠢᠷ ᠢ ᠰᠦᠷᠦᠨ ᠤᠷᠤᠭᠰᠢᠯᠠᠵᠤ᠂ ᠳᠤᠮᠳᠠᠳᠤ ᠤᠯᠤᠰ ᠤᠨ ᠡᠪ ᠬᠠᠮᠲᠤ ᠨᠠᠮ | ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢ ᠦᠪᠡᠳᠡᠭᠰᠢ ᠶᠡᠭᠡ ᠪᠠᠷ ᠪᠡᠯᠭᠡᠯᠡᠵᠥ᠂ ᠲᠣᠭᠲᠠᠭᠰᠠᠨ | ᠬᠤᠭᠤᠴᠠᠭᠠᠨ ᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ | ᠣᠯᠵᠥ᠂ ᠳᠤᠬᠳᠠᠬᠰᠠᠨ ᠬᠤᠭᠤᠴᠠᠭᠠᠨ ᠳᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠵᠥ᠂ ᠨᠢᠭᠡᠳᠦᠭᠡᠷ | ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠦᠨ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ | ᠲᠠᠯ᠎ᠠ ᠪᠠᠷ ᠪᠦᠲᠦᠭᠡᠨ ᠪᠠᠶᠢᠭᠤᠯᠬᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠤᠷᠤᠬᠰᠢᠯᠠᠬᠤ | ᠰᠢᠨ᠎ᠡ ᠠᠶᠠᠨ ᠢᠶᠠᠨ ᠡᠬᠢᠯᠡᠬᠦᠯᠵᠥ᠂ ᠨᠠᠮ ᠪᠠ ᠤᠯᠤᠰ ᠤᠨ ᠡᠯ᠎ᠡ ᠵᠦᠢᠯ ᠤᠨ ᠠᠵᠢᠯ ᠦᠢᠯᠡᠰ ᠴᠢᠬᠤᠯᠠ ᠶᠡᠭᠡ ᠰᠢᠨ᠎ᠡ | ᠠᠮᠵᠢᠯᠲᠠ ᠤᠯᠵᠥ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠠᠶᠢᠨ ᠰᠠᠶᠢᠬᠠᠨ ᠡᠬᠢᠯᠡᠯᠲᠡ ᠶᠢ ᠪᠡᠶᠡᠯᠡᠭᠦᠯᠪᠡ᠃ | ᠡᠳᠡᠭᠡᠷ ᠠᠮᠵᠢᠯᠲᠠ ᠪᠦᠲᠦᠮᠵᠢ ᠶᠢ ᠬᠢᠯᠪᠠᠷ ᠪᠤᠰᠤ ᠪᠠᠷ ᠣᠯᠤᠭᠰᠠᠨ ᠶᠤᠮ᠂ ᠡᠨᠡ ᠪᠣᠯ ᠪᠦᠬᠦ ᠨᠠᠮ ᠪᠦᠬᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠢᠷᠭᠠᠭᠤ ᠬᠠᠲᠠᠭᠤᠵᠢᠯᠲᠠᠢ ᠲᠡᠮᠡᠴᠡᠭᠰᠡᠨ ᠤ ᠦᠷ᠎ᠡ ᠳ᠋ᠦᠩ ᠮᠥᠨ᠂ | ᠪᠠᠰᠠ ᠴᠤ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠪᠦᠯᠬᠦᠮᠳᠡᠨ ᠲᠡᠮᠡᠴᠡᠭᠰᠡᠨ ᠤ ᠦᠷ᠎ᠡ | ᠳ᠋ᠦᠩ ᠮᠥᠨ᠃ | ᠰᠢ ᠶᠢᠨ ᠫᠢᠩ᠂ ᠣᠳᠣᠬᠠᠨ ᠳᠤ᠂ ᠳᠡᠯᠡᠬᠡᠢ ᠶᠢᠨ ᠪᠠᠶᠢᠳᠠᠯ ᠳᠤ ᠦᠷᠭᠦᠯᠵᠢᠯᠡᠨ ᠭᠦᠨᠵᠡᠭᠡᠢ ᠪᠤᠳᠤᠯᠢᠶᠠᠨᠲᠠᠢ | ᠬᠤᠪᠢᠷᠠᠯᠲᠠ ᠭᠠᠷᠴᠤ᠂ ᠵᠠᠭᠤᠨ ᠵᠢᠯ ᠤᠨ ᠬᠤᠪᠢᠰᠤᠯᠲᠠ ᠪᠣᠯᠤᠨ ᠡᠷᠢᠨ ᠵᠠᠭᠤᠨ ᠤ ᠬᠢᠵᠢᠭ ᠤᠨ ᠪᠠᠶᠢᠳᠠᠯ ᠬᠠᠷᠢᠯᠴᠠᠨ | ᠰᠣᠯᠪᠢᠴᠠᠵᠤ᠂ ᠠᠵᠤ ᠠᠬᠤᠢ ᠶᠢᠨ ᠳᠡᠯᠡᠬᠡᠶᠢᠵᠢᠯᠲᠡ ᠰᠥᠷᠭᠡᠦ ᠤᠷᠤᠰᠬᠠᠯ ᠳᠤ ᠤᠴᠠᠷᠠᠵᠤ᠂ ᠲᠤᠮᠤ ᠤᠯᠤᠰ ᠤᠨ | ᠥᠷᠢᠰᠥᠯᠳᠦᠭᠡᠨ ᠡᠳᠦᠷ ᠢᠷᠡᠬᠦᠶ᠎ᠡ ᠰᠢᠷᠦᠭᠦᠰᠴᠦ᠂ ᠳᠡᠯᠡᠬᠡᠢ ᠳ᠋ᠠᠬᠢᠨ ᠰᠢᠨ᠎ᠡ ᠣᠷᠤᠭ᠎ᠠ ᠪᠤᠰᠬᠠᠭ᠎ᠠ ᠬᠤᠪᠢᠰᠤᠯᠲᠠ ᠶᠢᠨ | ᠬᠤᠭᠤᠴᠠᠭᠠᠨ ᠳᠤ ᠣᠷᠣᠵᠤ᠂ ᠤᠯᠤᠰ ᠤᠨ ᠳᠣᠲᠣᠭᠠᠳᠤ ᠶᠢᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ | ᠡᠭᠦᠷᠭᠡ ᠪᠡᠷᠬᠡ ᠬᠠᠲᠠᠭᠤᠵᠢᠯᠲᠠᠢ ᠬᠦᠨᠳᠦ ᠨᠦᠰᠡᠷ ᠪᠠᠶᠢᠨ᠎ᠠ᠃ ᠮᠠᠨ ᠤ ᠤᠯᠤᠰ ᠤᠨ ᠬᠥᠭᠵᠢᠯᠲᠡ ᠳᠤ ᠮᠥᠨ ᠯᠡ | ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠮᠠᠰᠢ ᠤᠯᠠᠨ ᠠᠰᠢᠭᠲᠠᠢ ᠨᠥᠬᠦᠴᠡᠯ ᠪᠠᠶᠢᠬᠤ ᠶᠢ ᠪᠢᠳᠡ ᠣᠯᠵᠤ ᠬᠠᠷᠠᠬᠤ | ᠬᠡᠷᠡᠭᠲᠡᠢ᠃ ᠨᠢᠭᠡ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ | ᠪᠦᠬᠦ ᠲᠠᠯ᠎ᠠ ᠶᠢ ᠶᠡᠷᠦᠩᠬᠡᠶᠢᠯᠡᠨ ᠡᠵᠡᠮᠳᠡᠵᠦ᠂ ᠡᠯ᠎ᠡ ᠲᠠᠯ᠎ᠠ ᠶᠢ ᠵᠣᠬᠢᠴᠠᠭᠤᠯᠵᠤ᠂ ᠡᠯ᠎ᠡ ᠵᠦᠢᠯ ᠤᠨ ᠬᠦᠨᠳᠦ ᠶᠡᠭᠡ | ᠠᠶᠤᠯ ᠲᠦᠭᠰᠢᠭᠦᠷᠢ ᠥᠷᠢᠰᠥᠯᠳᠦᠭᠡᠨ ᠢ ᠯᠠᠪᠳᠠᠭᠤᠨ ᠲᠣᠭᠲᠠᠭᠤᠨ ᠢᠶᠠᠷ ᠠᠷᠭᠠᠴᠠᠭᠠᠬᠤ ᠳᠤ ᠦᠨᠳᠦᠰᠦᠨ ᠤᠯᠤᠰ | ᠲᠦᠷᠦ ᠶᠢᠨ ᠪᠠᠲᠤᠯᠠᠭ᠎ᠠ ᠬᠠᠩᠭᠠᠪᠠ᠃ ᠬᠤᠶᠠᠷ ᠲᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠪᠠᠶᠢᠭᠤᠯᠤᠯ ᠤᠨ ᠢᠯᠡᠳᠲᠡ ᠳᠠᠪᠠᠭᠤᠯᠢᠭ ᠲᠠᠢ ᠪᠠᠶᠢᠵᠤ᠂ ᠮᠠᠨ ᠤ ᠤᠯᠤᠰ ᠤᠨ ᠤᠯᠤᠰ ᠲᠥᠷᠥ ᠶᠢᠨ ᠪᠠᠶᠢᠭᠤᠯᠤᠯ | ᠪᠣᠯᠤᠨ ᠵᠠᠰᠠᠯᠲᠠ ᠶᠢᠨ ᠰᠢᠰᠲ᠋ᠧᠮ ᠨᠢ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠢ | ᠠᠷᠭᠠᠴᠠᠭᠠᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ | ᠵᠡᠷᠭᠡ ᠦᠢᠯᠡᠳᠦᠯᠭᠡ ᠶᠢᠨ ᠳᠤᠮᠳᠠ ᠢᠯᠡᠳᠲᠡ ᠳᠠᠪᠠᠭᠤᠯᠢᠭ ᠴᠢᠨᠠᠷ ᠢᠶᠠᠨ ᠤᠯᠠᠮ ᠴᠢᠨᠠᠬᠰᠢᠳᠠ ᠢᠯᠡᠷᠡᠭᠦᠯᠵᠦ᠂ ︽ | ᠳᠤᠮᠳᠠᠳᠤ ᠤᠯᠤᠰ ᠤᠨ ᠵᠠᠰᠠᠯᠲᠠ︾ ᠬᠢᠭᠡᠳ ︽ᠥᠷᠥᠨᠡᠳᠠᠬᠢᠨ ᠤ ᠰᠠᠮᠠᠭᠤᠷᠠᠯ︾ ᠤᠨ ᠬᠠᠷᠢᠴᠠᠭᠤᠯᠤᠯ ᠨᠢ ᠨᠠᠩ | ᠢᠯᠡ ᠲᠣᠳᠣ ᠪᠣᠯᠪᠠ᠃ ᠭᠤᠷᠪᠠ ᠳᠤ᠂ ᠦᠷᠭᠦᠯᠵᠢᠯᠡᠨ ᠲᠦᠷᠭᠡᠨ ᠬᠥᠭᠵᠢᠵᠦ ᠬᠤᠷᠠᠮᠳᠤᠭᠤᠯᠤᠭᠰᠠᠨ ᠪᠠᠲᠤ ᠪᠠᠬᠢ | ᠰᠠᠭᠤᠷᠢ ᠲᠠᠢ ᠪᠠᠶᠢᠵᠤ᠂ ᠮᠠᠨ ᠤ ᠤᠯᠤᠰ ᠤᠨ ᠠᠵᠤ ᠠᠬᠤᠢ ᠶᠢᠨ ᠪᠣᠳᠠᠲᠤ ᠬᠦᠴᠦᠨ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠪᠣᠳᠠᠲᠤ ᠬᠦᠴᠦᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠣᠳᠠᠲᠤ ᠬᠦᠴᠦᠨ᠂ | ᠤᠯᠤᠰ ᠤᠨ ᠶᠡᠷᠦᠩᠬᠡᠶᠢᠯᠡᠭᠰᠡᠨ ᠬᠦᠴᠦᠨ ᠢᠯᠡᠳᠲᠡ ᠴᠢᠩᠭᠠᠷᠠᠵᠤ᠂ ᠠᠵᠤ ᠠᠬᠤᠢ ᠶᠢᠨ ᠪᠠᠭᠲᠠᠭᠠᠮᠵᠢ ᠶᠡᠭᠡ᠂ | ᠡᠷᠭᠢᠯᠲᠡ ᠶᠢᠨ ᠣᠷᠣᠨ ᠵᠠᠢ ᠥᠷᠭᠡᠨ ᠪᠥᠭᠡᠳ ᠭᠡᠳᠤ ᠶᠡᠭᠡ ᠬᠡᠪᠴᠢᠶᠡᠨ ᠤ ᠵᠠᠬ᠎ᠠ ᠳᠡᠯᠭᠡᠭᠦᠷ ᠲᠠᠢ ᠪᠠᠶᠢᠵᠤ᠂ ᠤᠷᠳᠤ | ᠬᠤᠭᠤᠴᠠᠭ᠎ᠠ ᠪᠠᠷ ᠰᠠᠶᠢᠵᠢᠷᠠᠬᠤ ᠦᠨᠳᠦᠰᠦᠨ ᠪᠠᠶᠢᠳᠠᠯ ᠬᠤᠪᠢᠷᠠᠬᠤ ᠦᠭᠡᠢ ᠪᠠᠶᠢᠵᠤ᠂ ᠬᠦᠴᠦᠷᠬᠡᠭ ᠶᠡᠭᠡ ᠤᠶᠠᠨ | ᠬᠠᠳᠠᠨ ᠴᠢᠨᠠᠷ ᠪᠠ ᠠᠮᠢᠵᠢᠷᠠᠯ ᠤᠨ ᠬᠦᠴᠦᠨ ᠲᠠᠢ ᠶᠤᠮ᠃ ᠲᠦᠷᠪᠡ ᠳᠤ᠂ ᠤᠷᠳᠤ ᠬᠤᠭᠤᠴᠠᠭᠠᠨ ᠤ ᠲᠣᠭᠲᠠᠭᠤᠨ | ᠨᠡᠶᠢᠭᠡᠮ ᠤᠨ ᠣᠷᠴᠢᠨ ᠲᠣᠭᠤᠷᠢᠨ ᠲᠠᠢ ᠪᠠᠶᠢᠵᠤ᠂ ᠠᠷᠠᠳ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ | ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢᠯᠡᠳᠲᠡ ᠨᠡᠮᠡᠭᠳᠡᠵᠦ᠂ ᠨᠡᠶᠢᠭᠡᠮ ᠤᠨ ᠵᠠᠰᠠᠯᠲᠠ ᠶᠢᠨ ᠲᠦᠪᠰᠢᠨ | ᠲᠠᠰᠤᠷᠠᠯᠳᠡ ᠦᠭᠡᠢ ᠳᠡᠭᠡᠭᠰᠢᠯᠡᠵᠦ᠂ ᠨᠡᠶᠢᠭᠡᠮ ᠤᠨ ᠤᠷᠳᠤ ᠬᠤᠭᠤᠴᠠᠭᠠᠨ ᠤ ᠲᠣᠭᠲᠠᠭᠤᠨ ᠪᠠᠶᠢᠳᠠᠯ ᠤᠨ | ᠭᠠᠶᠢᠬᠠᠮᠰᠢᠭ ᠢ ᠦᠷᠭᠦᠯᠵᠢᠯᠡᠨ ᠪᠢᠴᠢᠭᠯᠡᠪᠡ᠃ ᠲᠠᠪᠤ ᠳᠤ᠂ ᠢᠲᠡᠭᠡᠯ ᠲᠡᠭᠦᠯᠳᠡᠷ ᠢᠶᠠᠷ ᠥᠪᠡᠷ ᠢ ᠪᠠᠨ | ᠬᠦᠴᠦᠷᠬᠡᠭᠵᠢᠭᠦᠯᠬᠦ ᠵᠣᠷᠢᠭ ᠰᠠᠨᠠᠭᠠᠨ ᠤ ᠬᠦᠴᠦᠨ ᠲᠠᠢ ᠪᠠᠶᠢᠵᠤ᠂ ᠳᠤᠮᠳᠠᠳᠤ ᠤᠯᠤᠰ ᠤᠨ ᠠᠷᠠᠳ ᠲᠦᠮᠡᠨ ᠤ | ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠤᠯᠠᠮ ᠴᠢᠨᠠᠬᠰᠢᠳᠠ ᠬᠥᠭᠵᠢᠭᠡᠵᠦ᠂ ᠡᠷᠴᠢ | ᠵᠤᠷᠢᠭ᠂ ᠰᠥᠰᠥ ᠵᠣᠷᠢᠭ᠂ ᠢᠲᠡᠭᠡᠯ ᠵᠣᠷᠢᠭ ᠤᠷᠢᠳᠤ ᠡᠮᠦᠨ᠎ᠡ ᠪᠠᠶᠢᠭ᠎ᠠ ᠦᠭᠡᠢ ᠴᠢᠩᠭᠠᠷᠠᠵᠤ᠂ ᠨᠠᠮ ᠤᠨ ᠰᠡᠳᠭᠢᠯ | ᠴᠡᠷᠢᠭ ᠤᠨ ᠰᠡᠳᠭᠢᠯ ᠠᠷᠠᠳ ᠤᠨ ᠰᠡᠳᠭᠢᠯ ᠢ ᠬᠦᠪᠴᠢᠯᠡᠪᠡ᠃ ᠪᠢᠳᠡ ᠬᠦᠴᠢᠷ ᠪᠡᠷᠬᠡᠰᠢᠶᠡᠯ ᠳᠤ ᠵᠥᠪ ᠢᠶᠠᠷ | ᠬᠠᠨᠳᠤᠬᠤ ᠮᠥᠷᠲᠡᠭᠡᠨ ᠪᠠᠰᠠ ᠢᠲᠡᠭᠡᠯ ᠵᠣᠷᠢᠭ ᠢᠶᠠᠨ ᠪᠠᠲᠤᠳᠬᠠᠵᠤ᠂ ᠲᠡᠦᠬᠡ ᠶᠢᠨ ᠰᠠᠨᠠᠭᠠᠴᠢᠯᠠᠭᠠᠲᠤ ᠵᠣᠷᠢᠭ | ᠰᠠᠨᠠᠭ᠎ᠠ ᠶᠢ ᠪᠠᠳᠠᠷᠠᠭᠤᠯᠤᠨ᠂ ᠬᠦᠴᠢᠷ ᠢ ᠰᠦᠷᠦᠨ ᠤᠷᠤᠭᠰᠢᠯᠠᠵᠤ᠂ ᠵᠣᠷᠢᠭᠲᠠᠢ ᠪᠠᠷ ᠲᠡᠮᠡᠴᠡᠨ᠂ ᠡᠷᠡᠮᠡᠬᠡᠶᠢᠯᠡᠨ | ᠤᠷᠤᠭᠰᠢᠯᠠᠵᠤ᠂ ᠬᠦᠴᠦᠯᠡᠨ ᠴᠢᠷᠮᠠᠶᠢᠵᠤ ᠦᠢᠯᠡᠰ ᠪᠦᠲᠦᠭᠡᠵᠦ᠂ ᠪᠣᠳᠠᠲᠤ ᠠᠵᠢᠯᠯᠠᠭ᠎ᠠ ᠪᠠᠷ ᠢᠶᠠᠨ ᠳᠤᠮᠳᠠᠳᠤ | ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠠᠯᠲᠠ ᠲᠠᠢ ᠪᠠᠷ ᠬᠤᠷᠠᠯᠳᠤᠬᠤ ᠶᠢ ᠤᠭᠲᠤᠬᠤ | ᠬᠡᠷᠡᠭᠲᠡᠢ ᠭᠡᠵᠤ ᠴᠢᠬᠤᠯᠠᠴᠢᠯᠠᠪᠠ᠃ | ᠰᠢ ᠶᠢᠨ ᠫᠢᠩ᠂ ᠠᠮᠤ ᠪᠤᠳᠠᠭᠠᠨ ᠤ ᠠᠮᠤᠷ ᠲᠦᠪᠰᠢᠨ ᠪᠣᠯ ︽ᠤᠯᠤᠰ ᠤᠨ ᠶᠡᠭᠡ ᠶᠠᠪᠤᠳᠠᠯ ᠮᠥᠨ︾᠃ | ᠲᠦᠮᠡᠨ ᠬᠡᠷᠡᠭ ᠮᠢᠩᠭᠠᠨ ᠶᠠᠪᠤᠳᠠᠯ᠂ ᠬᠤᠭᠤᠯᠠ ᠢᠳᠡᠬᠦ ᠪᠤᠯ ᠶᠡᠭᠡ ᠶᠠᠪᠤᠳᠠᠯ ᠮᠦᠨ᠃ ᠠᠷᠠᠳ ᠢᠨᠤ ᠬᠦᠨᠡᠰᠦ ᠶᠢ | ᠲᠡᠭᠡᠳᠦᠯᠡᠮᠤᠢ᠃ ᠬᠠᠲᠠᠭᠤᠵᠢᠯᠲᠠᠶ ᠴᠢᠷᠮᠠᠶᠢᠯᠭ᠎ᠠ ᠪᠠᠷ ᠳᠡᠮᠵᠢᠨ᠂ ᠮᠠᠨ ᠤ ᠤᠯᠤᠰ ᠳᠡᠯᠡᠬᠡᠶ ᠶᠢᠨ 9% ᠶᠢ ᠡᠵᠡᠯᠡᠬᠦ | ᠲᠠᠷᠢᠶᠠᠨ ᠭᠠᠵᠠᠷ᠂ 6% ᠶᠢᠨ ᠴᠡᠩᠭᠡᠭ ᠤᠰᠤᠨ ᠤ ᠡᠬᠢ ᠪᠠᠶᠠᠯᠢᠭ ᠢᠶᠠᠷ ᠳᠡᠯᠡᠬᠡᠶ ᠶᠢᠨ 1/5 ᠣᠷᠴᠢᠮ ᠤᠨ ᠬᠥᠮᠦᠨ | ᠠᠮᠠ ᠶᠢ ᠲᠡᠵᠢᠭᠡᠵᠦ᠂ ᠲᠤᠬᠠᠶ ᠶᠢᠨ ᠵᠢᠯ ᠳᠤ 4 ᠳ᠋ᠦᠩᠰᠢᠭᠤᠷ ᠬᠥᠮᠦᠨ ᠢᠳᠡᠵᠦ ᠴᠠᠳᠬᠤ ᠥᠬᠡᠶ | ᠪᠠᠶᠢᠭᠰᠠᠨ ᠠᠴᠠ ᠪᠠᠨ ᠥᠨᠥᠳᠦᠷ ᠤᠨ 14 ᠳ᠋ᠦᠩᠰᠢᠭᠤᠷ ᠭᠠᠷᠤᠶ ᠬᠥᠮᠦᠨ ᠭᠡᠳᠡᠰᠦ ᠴᠠᠳᠬᠤᠯᠠᠩ ᠪᠤᠯᠵᠤ᠂ ︽ᠬᠡᠨ | ᠳᠤᠮᠳᠠᠳᠤ ᠤᠯᠤᠰ ᠢ ᠲᠡᠵᠢᠭᠡᠬᠦ ᠪᠣᠶ︾ ᠭᠡᠬᠦ ᠠᠰᠠᠭᠤᠯᠲᠠ ᠳᠤ ᠬᠦᠴᠦᠲᠡᠶ ᠬᠠᠷᠢᠭᠤᠯᠳᠠ ᠦᠭᠪᠠ᠃ ᠡᠨᠡ ᠬᠦ | ᠠᠮᠵᠢᠯᠲᠠ ᠶᠢ ᠬᠢᠯᠪᠠᠷ ᠪᠤᠰᠤ ᠪᠠᠷ ᠣᠯᠤᠭᠰᠠᠨ ᠶᠤᠮ᠂ ᠦᠷᠭᠦᠯᠵᠢᠯᠡᠨ ᠪᠠᠬᠢᠵᠢᠭᠦᠯᠦᠨ ᠥᠷᠭᠡᠳᠭᠡᠬᠦ ᠬᠡᠷᠡᠭᠲᠡᠢ᠃ ᠠᠮᠤ | ᠪᠤᠳᠠᠭᠠᠨ ᠤ ᠠᠮᠤᠷ ᠲᠦᠪᠰᠢᠨ ᠤ ᠠᠰᠠᠭᠤᠳᠠᠯ ᠳᠡᠭᠡᠷ᠎ᠡ ᠥᠴᠦᠬᠡᠨ ᠴᠦ ᠠᠯᠮᠠᠶᠢᠷᠠᠨ ᠲᠠᠶᠢᠪᠤᠰᠢᠷᠠᠵᠤ ᠪᠣᠯᠬᠤ ᠦᠭᠡᠢ᠂ | ᠠᠵᠤ ᠦᠢᠯᠡᠳᠪᠦᠷᠢᠵᠢᠯᠲᠡ ᠳᠤ ᠣᠷᠣᠪᠠᠯ ᠬᠤᠭᠤᠯᠠ ᠬᠦᠨᠡᠰᠦᠨ ᠤ ᠠᠰᠠᠭᠤᠳᠠᠯ ᠢ ᠬᠦᠩᠭᠡᠪᠴᠢᠯᠠᠵᠤ ᠪᠤᠯᠬᠤ ᠦᠭᠡᠢ᠂ | ᠳᠡᠯᠡᠬᠡᠢ ᠶᠢᠨ ᠵᠠᠬ᠎ᠠ ᠳᠡᠯᠭᠡᠭᠦᠷ ᠲᠤ ᠲᠦᠰᠢᠭᠯᠡᠨ ᠰᠢᠢᠳᠪᠤᠷᠢᠯᠡᠨ᠎ᠠ ᠭᠡᠵᠦ ᠭᠤᠷᠢᠳᠠᠵᠤ ᠪᠤᠯᠬᠤ ᠦᠭᠡᠢ᠃ ᠪᠡᠯᠡᠳᠭᠡᠯ | ᠠᠵᠢᠯ ᠢᠶᠠᠨ ᠰᠠᠶᠢᠲᠤᠷ ᠬᠢᠵᠦ᠂ ᠠᠮᠤ ᠪᠤᠳᠠᠭᠠᠨ ᠤ ᠠᠮᠤᠷ ᠲᠦᠪᠰᠢᠨ ᠤ ᠡᠨᠡ ᠬᠦ ᠬᠥᠪᠴᠢ ᠶᠢ ᠢᠮᠠᠭᠲᠠ ᠴᠢᠩᠭᠠᠯᠠᠵᠤ | ᠂ ᠢᠮᠠᠭᠲᠠ ᠥᠪᠡᠷ ᠤᠨ ᠬᠢ ᠪᠠᠷ ᠢᠶᠠᠨ ᠭᠤᠣᠯ ᠪᠣᠯᠭᠠᠬᠤ ᠶᠢ ᠪᠠᠷᠢᠮᠲᠠᠯᠠᠵᠤ᠂ ᠤᠯᠤᠰ ᠤᠨ ᠳᠣᠲᠣᠭᠠᠳᠤ ᠳᠠᠭᠠᠨ | ᠰᠠᠭᠤᠷᠢᠯᠠᠵᠤ᠂ ᠦᠢᠯᠡᠳᠪᠦᠷᠢᠯᠡᠯ ᠤᠨ ᠴᠢᠳᠠᠪᠤᠷᠢ ᠶᠢ ᠪᠠᠲᠤᠯᠠᠵᠤ᠂ ᠭᠠᠳᠠᠭᠠᠳᠤ ᠠᠴᠠ ᠵᠣᠬᠢᠰᠲᠠᠢ ᠣᠷᠣᠭᠤᠯᠵᠤ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠲᠤᠯᠭᠠᠭᠤᠷᠢᠯᠠᠬᠤ ᠬᠡᠷᠡᠭᠲᠡᠢ ᠭᠡᠵᠤ ᠵᠢᠭᠠᠵᠤ ᠭᠠᠷᠭᠠᠪᠠ᠃ | ᠰᠢ ᠶᠢᠨ ᠫᠢᠩ᠂ ᠠᠮᠤ ᠪᠤᠳᠠᠭᠠᠨ ᠤ ᠠᠮᠤᠷ ᠲᠦᠪᠰᠢᠨ ᠳᠤ ᠨᠠᠮ ᠵᠠᠰᠠᠭ ᠠᠳᠠᠯᠢ ᠬᠠᠷᠢᠭᠤᠴᠠᠯᠭ᠎ᠠ | ᠡᠭᠦᠷᠭᠡᠯᠡᠬᠦ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠮᠤ ᠪᠤᠳᠠᠭᠠᠨ ᠤ ᠠᠮᠤᠷ ᠲᠦᠪᠰᠢᠨ ᠤ | ᠬᠠᠷᠢᠭᠤᠴᠠᠯᠭ᠎ᠠ ᠶᠢᠨ ᠳᠦᠷᠢᠮ ᠤᠨ ᠰᠢᠯᠭᠠᠨ ᠪᠠᠶᠢᠴᠠᠭᠠᠯᠳᠠ ᠶᠢ ᠴᠢᠩᠳᠠᠯᠠᠵᠤ᠂ ᠭᠤᠣᠯ ᠭᠠᠷᠤᠯᠲᠠ ᠶᠢᠨ ᠣᠷᠣᠨ᠂ | ᠭᠤᠣᠯ ᠪᠣᠷᠣᠯᠠᠭᠤᠯᠭ᠎ᠠ ᠶᠢᠨ ᠣᠷᠣᠨ᠂ ᠦᠢᠯᠡᠳᠪᠦᠷᠢᠯᠡᠯ ᠪᠣᠷᠣᠯᠠᠭᠤᠯᠭ᠎ᠠ ᠲᠡᠩᠴᠡᠭᠦᠷᠢᠲᠡᠢ ᠪᠠᠶᠢᠬᠤ ᠣᠷᠣᠨ ᠤ ᠬᠢᠨ | ᠪᠤᠳᠠᠭᠠᠨ ᠠᠶᠠᠭ᠎ᠠ ᠪᠠᠨ ᠬᠠᠮᠳᠤ ᠪᠠᠷ ᠠᠳᠬᠤᠵᠤ᠂ ᠬᠠᠷᠢᠭᠤᠴᠠᠯᠭ᠎ᠠ ᠶᠢ ᠬᠠᠮᠲᠤ ᠪᠠᠷ ᠡᠭᠦᠷᠭᠡᠯᠡᠬᠦ ᠬᠡᠷᠡᠭᠲᠡᠢ᠃ | ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠠᠮᠤ ᠪᠤᠳᠠᠭ᠎ᠠ ᠶᠢ ᠲᠣᠭᠲᠠᠪᠤᠷᠢᠵᠢᠭᠤᠯᠵᠤ᠂ ᠡᠷᠳᠡᠨᠢ ᠰᠢᠰᠢ ᠶᠢ | ᠲᠣᠭᠲᠠᠪᠤᠷᠢᠵᠢᠭᠤᠯᠵᠤ᠂ ᠪᠤᠷᠴᠠᠭ ᠢ ᠥᠷᠭᠡᠳᠭᠡᠵᠦ᠂ ᠲᠣᠰᠣᠯᠢᠭ ᠲᠠᠷᠢᠮᠠᠯ ᠢ ᠥᠷᠭᠡᠳᠭᠡᠵᠦ᠂ ᠠᠮᠤ ᠪᠤᠳᠠᠭᠠᠨ ᠤ | ᠵᠢᠯ ᠤᠨ ᠤᠨᠠᠯᠲᠠ ᠶᠢ 1.3 ᠲᠦᠮᠡᠨ ᠳ᠋ᠦᠩᠰᠢᠭᠤᠷ ᠵᠢᠩ ᠠᠴᠠ ᠳᠡᠭᠡᠭᠰᠢ ᠪᠠᠶᠢᠯᠭᠠᠬᠤ ᠶᠢ ᠪᠠᠲᠤᠯᠠᠵᠤ᠂ | ᠳᠤᠮᠳᠠᠳᠤᠴᠤᠳ ᠤᠨ ᠪᠤᠳᠠᠭᠠᠨ ᠠᠶᠠᠭᠠᠨ ᠳᠤ ᠭᠤᠤᠯᠳᠠᠭᠤ ᠳᠤᠮᠳᠠᠳᠤ ᠤᠯᠤᠰ ᠤᠨ ᠠᠮᠤ ᠪᠤᠳᠠᠭ᠎ᠠ ᠶᠢ ᠰᠠᠪᠠᠯᠠᠬᠤ ᠶᠢ | ᠪᠠᠲᠤᠯᠠᠬᠤ ᠬᠡᠷᠡᠭᠲᠡᠶ᠃ ᠲᠠᠷᠢᠶᠠᠴᠢᠳ ᠤᠨ ᠠᠮᠤ ᠪᠤᠳᠠᠭ᠎ᠠ ᠲᠠᠷᠢᠬᠤ ᠢᠳᠡᠪᠬᠢᠵᠢᠯ ᠢ ᠬᠠᠮᠠᠭᠠᠯᠠᠵᠤ᠂ ᠵᠣᠬᠢᠬᠤ | ᠬᠡᠪᠴᠢᠶᠡᠲᠦ ᠡᠵᠡᠩᠨᠡᠯᠲᠡ ᠶᠢ ᠬᠥᠭᠵᠢᠭᠦᠯᠦᠨ᠂ ᠲᠠᠷᠢᠶᠠᠴᠢᠳ ᠲᠤ ᠠᠰᠢᠭ ᠬᠦᠷᠳᠡᠭᠡᠵᠤ᠂ ᠢᠯᠡᠭᠦᠬᠡᠨ ᠠᠰᠢᠭ | ᠬᠦᠷᠳᠡᠭᠡᠬᠦ ᠬᠡᠷᠡᠭᠲᠡᠢ᠃ ᠢᠳᠡᠭᠡᠨ ᠤᠮᠳᠠᠭᠠᠨ ᠢ ᠪᠦᠷᠢᠯᠭᠡᠨ ᠰᠦᠢᠳᠭᠡᠬᠦ ᠶᠢ ᠬᠤᠷᠢᠬᠯᠠᠬᠤ ᠪᠣᠯ ᠨᠢᠭᠡᠨ ᠤᠷᠳᠤ | ᠬᠤᠭᠤᠴᠠᠭᠠᠨ ᠤ ᠡᠭᠦᠷᠭᠡ ᠮᠥᠨ᠂ ᠴᠥᠬᠦᠷᠡᠰᠢ ᠦᠭᠡᠢ ᠠᠳᠬᠤᠵᠤ᠂ ᠠᠷᠪᠢᠯᠡᠨ ᠭᠠᠮᠨᠠᠬᠤ ᠮᠠᠶ᠋ᠢᠭ ᠤᠨ ᠨᠡᠶᠢᠭᠡᠮ ᠤᠨ | ᠪᠠᠶᠢᠭᠤᠯᠤᠯᠳᠠ ᠶᠢ ᠠᠬᠢᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃ | ᠰᠢ ᠶᠢᠨ ᠫᠢᠩ᠂ ᠲᠠᠷᠢᠶᠠᠨ ᠭᠠᠵᠠᠷ ᠪᠣᠯ ᠠᠮᠤ ᠪᠤᠳᠠᠭᠠᠨ ᠤ ᠦᠢᠯᠡᠳᠪᠦᠷᠢᠯᠡᠯ ᠤᠨ ᠠᠮᠢᠨ ᠰᠤᠳᠠᠰᠤ ᠮᠦᠨ᠂ | ᠳᠤᠮᠳᠠᠳᠤ ᠶᠢᠨ ᠦᠨᠳᠦᠰᠦᠲᠡᠨ ᠤ ᠥᠨᠢᠳᠡ ᠶᠢᠨ ᠬᠥᠭᠵᠢᠯᠲᠡ ᠶᠢᠨ ᠦᠨᠳᠦᠰᠦ ᠰᠠᠭᠤᠷᠢ ᠮᠥᠨ᠃ ᠲᠠᠷᠢᠶᠠᠨ ᠭᠠᠵᠠᠷ | ᠪᠣᠯ ᠲᠠᠷᠤᠢ ᠲᠠᠷᠢᠶᠠᠨ ᠭᠠᠵᠠᠷ ᠮᠦᠨ᠂ ᠵᠥᠪᠬᠡᠨ ᠲᠠᠷᠢᠮᠠᠯ ᠤᠨ ᠦᠶᠯᠡᠰ ᠢᠯᠠᠩᠭᠤᠶ᠎ᠠ ᠠᠮᠤ ᠪᠤᠳᠠᠭᠠᠨ ᠤ | ᠦᠶᠯᠡᠳᠪᠦᠷᠢᠯᠡᠯ ᠢ ᠬᠥᠭᠵᠢᠭᠦᠯᠬᠦ ᠳᠤ ᠯᠡ ᠬᠡᠷᠡᠭᠯᠡᠨ᠎ᠠ᠂ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ | ᠲᠦᠷᠢᠮ ᠢ ᠨᠠᠶᠢᠳᠠᠪᠤᠷᠢᠵᠢᠭᠤᠯᠵᠤ᠂ ᠬᠡᠷᠡᠭᠴᠡᠭᠡ ᠶᠢᠨ ᠬᠠᠮᠢᠶᠠᠷᠤᠯᠲᠠ ᠶᠢ ᠴᠢᠩᠭᠠᠳᠬᠠᠨ᠂ ᠡᠵᠡᠯᠡᠬᠦ ᠪᠠ | ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠶᠢ ᠵᠢᠷᠤᠮᠵᠢᠭᠤᠯᠵᠤ᠂ ᠭᠠᠵᠠᠷ ᠰᠢᠷᠣᠶ ᠶᠢᠨ | ᠡᠵᠡᠩᠨᠡᠯᠳᠠ ᠶᠢᠨ ᠡᠷᠭᠡ ᠶᠢ ᠬᠦᠢᠯᠭᠡᠭᠡᠬᠦ ᠬᠡᠷᠡᠭᠴᠡᠭᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ | ᠠᠲᠠᠷᠰᠢᠭᠤᠯᠤᠭᠰᠠᠨ ᠭᠠᠵᠠᠷ ᠢ ᠠᠰᠢᠭᠯᠠᠬᠤ ᠶᠢ ᠠᠬᠢᠭᠤᠯᠵᠤ᠂ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ | ᠪᠣᠯᠭᠠᠬᠤ︾᠂ ᠦᠨᠳᠦᠰᠦᠨ ᠲᠠᠷᠢᠶᠠᠨ ᠭᠠᠵᠠᠷ ᠢ ︽ᠠᠮᠤ ᠪᠤᠳᠠᠭᠠᠨ ᠤ ᠪᠤᠰᠤ ᠪᠣᠯᠭᠠᠬᠤ︾ ᠶᠢ ᠡᠷᠡᠰ ᠬᠤᠷᠢᠭᠯᠠᠬᠤ | ᠬᠡᠷᠡᠭᠲᠡᠶ᠃ ᠲᠠᠷᠢᠶᠠᠨ ᠭᠠᠵᠠᠷ ᠨᠢ ᠡᠷᠬᠡᠪᠰᠢ ᠰᠠᠶᠢᠨ ᠲᠠᠷᠢᠶ᠎ᠠ ᠪᠠᠶᠢᠬᠤ ᠭᠡᠷᠡᠭᠲᠡᠢ᠂ ᠤᠯᠤᠰ ᠤᠨ ᠠᠮᠤ ᠪᠤᠳᠠᠭᠠᠨ ᠤ | ᠠᠮᠤᠷ ᠲᠦᠪᠰᠢᠨ ᠤ ᠠᠵᠤ ᠦᠶᠯᠡᠰ ᠤᠨ ᠪᠦᠰᠡ ᠶᠢ ᠪᠥᠲᠥᠭᠡᠨ ᠪᠠᠶᠢᠭᠤᠯᠵᠤ᠂ ᠲᠠᠷᠢᠶᠠᠨ ᠭᠠᠵᠠᠷ ᠤᠨ ᠤᠰᠤᠨ | ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠬᠠᠷ᠎ᠠ ᠬᠥᠷᠥᠰᠥᠲᠦ ᠭᠠᠵᠠᠷ ᠢ ᠬᠠᠮᠠᠭᠠᠯᠠᠬᠤ | ᠢᠨᠵᠧᠨᠧᠷᠢᠩ ᠢ ᠬᠡᠷᠡᠭᠵᠢᠭᠦᠯᠵᠦ᠂ ᠬᠤᠵᠢᠷᠯᠢᠭ ᠭᠠᠵᠠᠷ ᠢ ᠲᠥᠷᠥᠯ ᠬᠤᠪᠢᠶᠠᠨ ᠥᠭᠡᠷᠡᠴᠢᠯᠡᠵᠦ᠂ 10 ᠳ᠋ᠦᠩᠰᠢᠭᠤᠷ | ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠴᠢᠷᠮᠠᠶᠢᠨ ᠪᠠᠶᠢᠭᠤᠯᠬᠤ ᠬᠡᠷᠡᠭᠲᠡᠶ᠃ ︽ᠰᠢᠳᠦ ᠤᠷᠭᠤᠭᠤᠯᠬᠤ︾ | ᠴᠢᠩᠭ᠎ᠠ ᠠᠷᠭ᠎ᠠ ᠬᠡᠮᠵᠢᠶ᠎ᠡ ᠠᠪᠴᠤ᠂ ᠡᠯ᠎ᠡ ᠱᠠᠲᠤᠨ ᠤ ᠣᠷᠣᠨ ᠨᠤᠲᠤᠭ ᠤᠨ ᠨᠠᠮ ᠤᠨ ᠬᠤᠷᠢᠶ᠎ᠠ ᠪᠣᠯᠤᠨ ᠵᠠᠰᠠᠭ ᠤᠨ | ᠣᠷᠳᠣᠨ ᠤ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠪᠣᠳᠠᠲᠠᠶᠢᠵᠢᠭᠤᠯᠵᠤ᠂ | ᠲᠥᠪ ᠠᠴᠠ ᠡᠯ᠎ᠡ ᠭᠠᠵᠠᠷ ᠤᠨ ᠬᠢᠨ ᠲᠠᠢ ᠲᠠᠷᠢᠶᠠᠨ ᠭᠠᠵᠠᠷ ᠢ ᠬᠠᠮᠠᠭᠠᠯᠠᠬᠤ ︽ᠵᠠᠷᠯᠢᠭ ᠤᠨ ᠪᠢᠴᠢᠭ︾ ᠲᠣᠭᠲᠠᠵᠤ᠂ | ᠴᠢᠩᠭ᠎ᠠ ᠬᠢᠨᠠᠨ ᠰᠢᠯᠭᠠᠵᠤ᠂ ᠨᠠᠰᠤᠨ ᠲᠤᠷᠰᠢᠳᠠ ᠬᠠᠷᠢᠭᠤᠴᠠᠯᠭ᠎ᠠ ᠨᠡᠬᠡᠮᠵᠢᠯᠡᠵᠦ᠂ 18 ᠳ᠋ᠦᠩᠰᠢᠭᠤᠷ ᠮᠥ ᠲᠠᠷᠢᠶᠠᠨ | ᠭᠠᠵᠠᠷ ᠢ ᠨᠡᠷ᠎ᠡ ᠨᠢᠳᠡᠷ ᠲᠡᠭᠡᠨ ᠨᠡᠶᠢᠴᠡᠭᠰᠡᠡ ᠲᠠᠷᠢᠶᠠᠠ ᠭᠠᠵᠠᠷ ᠪᠠᠶᠢᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠶ | ᠭᠡᠵᠦ ᠵᠢᠭᠠᠵᠦ ᠭᠠᠷᠭᠠᠪᠠ᠃ | ᠰᠢ ᠶᠢᠨ ᠫᠢᠩ᠂ ᠠᠮᠤ ᠪᠤᠲᠠᠭᠠᠠ ᠤ ᠠᠰᠠᠭᠤᠳᠠᠯ ᠢ ᠰᠢᠢᠳᠪᠦᠷᠢᠯᠡᠬᠦ ᠳᠤ ᠦᠨᠳᠦᠰᠦᠨ ᠭᠠᠷᠬᠤ ᠵᠠᠮ ᠨᠢ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠳᠤ ᠪᠠᠶᠢᠨ᠎ᠠ᠃ ᠦᠷ᠎ᠡ ᠶᠢᠨ ᠢᠷᠡᠯᠳᠡ ᠶᠢᠨ ᠠᠮᠤᠷ ᠲᠦᠪᠰᠢᠨ ᠨᠢ | ᠤᠯᠤᠰ ᠤᠨ ᠠᠮᠤᠷ ᠲᠦᠪᠰᠢᠨ ᠳᠤ ᠬᠤᠯᠪᠣᠭᠳᠠᠵᠤ ᠪᠠᠶᠢᠳᠠᠭ᠂ ᠡᠷᠬᠡᠪᠰᠢ ᠵᠣᠷᠢᠭ ᠰᠢᠭᠤᠳᠤᠨ ᠮᠠᠨ ᠤ ᠤᠯᠤᠰ ᠤᠨ | ᠦᠷ᠎ᠡ ᠶᠢᠨ ᠦᠢᠯᠡᠰ ᠢ ᠬᠥᠭᠵᠢᠭᠦᠯᠵᠦ᠂ ᠦᠷ᠎ᠡ ᠶᠢᠨ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠲᠠᠯ᠎ᠠ ᠪᠠᠷ ᠪᠡᠶ᠎ᠡ ᠪᠠᠨ ᠳᠠᠭᠠᠭᠠᠵᠤ ᠬᠦᠴᠦᠷᠬᠡᠭᠵᠢᠬᠦ᠂ ᠦᠷ᠎ᠡ ᠶᠢᠨ ᠢᠷᠡᠯᠳᠡ ᠶᠢ ᠪᠡᠶ᠎ᠡ ᠪᠠᠨ ᠳᠠᠭᠠᠭᠠᠵᠤ ᠡᠵᠡᠮᠳᠡᠬᠦ ᠶᠢ | ᠪᠡᠶᠡᠯᠡᠭᠦᠯᠬᠦ ᠬᠡᠷᠡᠭᠲᠡᠢ᠃ ᠮᠠᠨ ᠤ ᠤᠯᠤᠰ ᠤᠨ ᠪᠠᠶᠢᠭᠤᠯᠤᠯ ᠤᠨ ᠳᠠᠪᠠᠭᠤᠯᠢᠭ ᠢ ᠪᠠᠳᠠᠷᠠᠭᠤᠯᠵᠤ᠂ ᠳᠠᠪᠠᠭᠤᠯᠢᠭ ᠲᠠᠢ | ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠵᠤ᠂ ᠦᠷ᠎ᠡ ᠶᠢᠨ ᠦᠢᠯᠡᠰ ᠤᠨ ᠬᠦᠷᠢᠶᠡᠨ ᠳᠠᠬᠢ | ᠤᠯᠤᠰ ᠤᠨ ᠴᠢᠬᠤᠯᠠ ᠶᠡᠭᠡ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠶᠢ ᠠᠬᠢᠭᠤᠯᠵᠤ᠂ ᠰᠠᠭᠤᠷᠢ | ᠴᠢᠨᠠᠷᠲᠠᠢ ᠬᠤᠰᠢᠭᠤᠷᠠᠯ ᠰᠤᠳᠤᠯᠭᠠᠨ ᠢ ᠴᠢᠩᠭᠠᠳᠬᠠᠵᠤ᠂ ᠦᠷ᠎ᠡ ᠶᠢᠨ ᠡᠬᠢ ᠪᠠᠶᠠᠯᠢᠭ ᠢ ᠴᠤᠭᠯᠠᠭᠤᠯᠬᠤ᠂ | ᠬᠠᠮᠠᠭᠠᠯᠠᠬᠤ ᠪᠠ ᠨᠡᠭᠡᠭᠡᠨ ᠠᠰᠢᠭᠯᠠᠬᠤ ᠶᠢ ᠴᠢᠩᠭᠠᠳᠬᠠᠵᠤ᠂ ᠠᠮᠢᠳᠤ ᠪᠣᠳᠠᠰ ᠤᠨ ᠦᠷ᠎ᠡ ᠪᠣᠶᠢᠵᠢᠭᠤᠯᠬᠤ ᠠᠵᠤ | ᠦᠢᠯᠡᠰᠵᠢᠯᠲᠡ ᠶᠢᠨ ᠠᠯᠬᠤᠭ᠎ᠠ ᠶᠢ ᠲᠦᠷᠭᠡᠳᠭᠡᠬᠦ ᠬᠡᠷᠡᠭᠲᠡᠢ᠃ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠵᠤ ᠠᠬᠤᠶᠢᠯᠠᠯ ᠤᠨ ᠰᠢᠨ᠎ᠡ ᠶᠢ | ᠡᠭᠦᠳᠬᠦ ᠭᠤᠤᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠨ᠂ ᠡᠭᠦᠯᠳᠡᠷ ᠢ ᠬᠢᠨᠠᠨ ᠲᠣᠭᠲᠠᠭᠠᠬᠤ ᠪᠠ | ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ ᠲᠦᠷᠢᠮ ᠢ ᠪᠦᠷᠢᠨᠰᠢᠬᠦᠯᠵᠤ᠂ ᠰᠢᠨ᠎ᠡ ᠶᠢ ᠡᠭᠦᠳᠬᠦ | ᠬᠡᠯᠬᠢᠶ᠎ᠡ ᠶᠢᠨ ᠪᠥᠲᠥᠭᠡᠨ ᠪᠠᠶᠢᠭᠤᠯᠤᠯᠲᠠ ᠪᠠᠷ ᠭᠠᠷᠳᠠᠴᠠ ᠪᠣᠯᠭᠠᠨ ᠮᠠᠨ ᠤ ᠤᠯᠤᠰ ᠤᠨ ᠦᠷ᠎ᠡ ᠶᠢᠨ ᠦᠶᠯᠡᠰ ᠤᠨ | ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ | ᠰᠢ ᠶᠢᠨ ᠫᠢᠩ᠂ ᠬᠠᠮ ᠢᠳᠡᠭᠡᠨ ᠤ ᠦᠵᠡᠯᠲᠡ ᠶᠢ ᠪᠤᠢ ᠪᠣᠯᠭᠠᠵᠤ᠂ ᠠᠷᠠᠳ ᠲᠦᠮᠡᠨ ᠤ ᠰᠠᠶᠢᠨ ᠰᠠᠶᠢᠬᠠᠨ | ᠠᠮᠢᠳᠤᠷᠠᠯ ᠤᠨ ᠬᠡᠷᠡᠭᠴᠡᠭᠡ ᠶᠢ ᠨᠡᠩ ᠰᠠᠶᠢᠨ ᠬᠠᠩᠭᠠᠬᠤ ᠠᠴᠠ ᠡᠭᠦᠰᠴᠦ᠂ ᠠᠷᠠᠳ ᠤᠯᠠᠨ ᠤ ᠢᠳᠡᠭᠡᠨ ᠤ | ᠪᠦᠲᠦᠴᠡ ᠶᠢᠨ ᠬᠤᠪᠢᠷᠠᠯᠲᠠ ᠶᠢᠨ ᠬᠠᠨᠳᠤᠰᠢ ᠶᠢ ᠡᠵᠡᠮᠳᠡᠵᠦ᠂ ᠠᠮᠤ ᠪᠤᠳᠠᠭᠠᠨ ᠤ ᠬᠠᠩᠭᠠᠯᠭ᠎ᠠ ᠶᠢ ᠪᠠᠲᠤᠯᠠᠬᠤ ᠶᠢᠨ | ᠵᠡᠷᠭᠡ ᠪᠠᠷ ᠮᠢᠬᠠᠨ ᠤ ᠲᠦᠷᠦᠯ᠂ ᠢᠳᠡᠰᠢᠨ ᠨᠣᠭᠤᠭ᠎ᠠ᠂ ᠵᠢᠮᠢᠰ᠂ ᠤᠰᠤᠨ ᠭᠠᠷᠤᠯᠲᠠ ᠵᠡᠷᠭᠡ ᠡᠯ᠎ᠡ ᠲᠦᠷᠦᠯ ᠤᠨ | ᠢᠳᠡᠭᠡᠨ ᠤ ᠪᠦᠲᠦᠮᠵᠢᠲᠡᠢ ᠬᠠᠩᠭᠠᠯᠭ᠎ᠠ ᠶᠢ ᠪᠠᠲᠤᠯᠠᠬᠤ ᠬᠡᠷᠡᠭᠲᠡᠢ᠂ ᠠᠯᠢ ᠨᠢ ᠳᠤᠲᠠᠭᠳᠠᠪᠠᠴᠤ ᠪᠣᠯᠬᠤ ᠦᠭᠡᠢ᠃ ᠠᠮᠢ | ᠠᠬᠤᠢ ᠣᠷᠴᠢᠨ ᠲᠤᠭᠤᠷᠢᠨ ᠢ ᠰᠠᠶᠢᠲᠤᠷ ᠬᠠᠮᠠᠭᠠᠯᠠᠭᠰᠠᠨ ᠤᠷᠢᠲᠠᠯ ᠳᠣᠣᠷ᠎ᠠ᠂ ᠲᠠᠷᠢᠶᠠᠨ ᠭᠠᠵᠠᠷ ᠤᠨ ᠡᠬᠢ | ᠪᠠᠶᠠᠯᠢᠭ ᠢ ᠪᠦᠬᠦᠶᠢᠯᠡ ᠤᠯᠤᠰ ᠤᠨ ᠨᠤᠲᠤᠭ ᠳᠡᠪᠢᠰᠭᠡᠷ ᠡᠬᠢ ᠪᠠᠶᠠᠯᠢᠭ ᠲᠡᠶᠢᠰᠢ ᠥᠷᠭᠡᠳᠭᠡᠵᠦ᠂ ᠠᠮᠤ ᠪᠤᠳᠠᠭ᠎ᠠ | ᠲᠠᠷᠢᠬᠤ ᠳᠤ ᠲᠣᠬᠢᠷᠠᠮᠵᠢᠲᠠᠢ ᠪᠣᠯ ᠠᠮᠤ ᠪᠤᠳᠠᠭ᠎ᠠ ᠲᠠᠷᠢᠵᠤ᠂ ᠠᠵᠤ ᠠᠬᠤᠢ ᠡᠷᠬᠢᠯᠡᠬᠦ ᠳᠤ ᠲᠣᠬᠢᠷᠠᠮᠵᠢᠲᠠᠢ ᠪᠣᠯ ᠠᠵᠤ | ᠠᠬᠤᠢ ᠡᠷᠬᠢᠯᠡᠵᠦ᠂ ᠮᠠᠯᠵᠢᠬᠤ ᠳᠤ ᠲᠣᠬᠢᠷᠠᠮᠵᠢᠲᠠᠢ ᠪᠣᠯ ᠮᠠᠯ ᠠᠵᠤ ᠠᠬᠤᠢ ᠡᠷᠬᠢᠯᠡᠵᠦ᠂ ᠵᠢᠭᠠᠰᠤ ᠲᠡᠵᠢᠭᠡᠬᠦ ᠳᠤ | ᠲᠣᠬᠢᠷᠠᠮᠵᠢᠲᠠᠢ ᠪᠣᠯ ᠵᠢᠭᠠᠰᠤ ᠲᠡᠵᠢᠭᠡᠵᠤ᠂ ᠣᠶᠢᠵᠢᠭᠤᠯᠬᠤ ᠳᠤ ᠲᠣᠬᠢᠷᠠᠮᠵᠢᠲᠠᠢ ᠪᠣᠯ ᠤᠶᠢᠵᠢᠭᠤᠯᠵᠤ᠂ ᠵᠠᠬ᠎ᠠ | ᠳᠡᠯᠭᠡᠭᠦᠷ ᠤᠨ ᠬᠡᠷᠡᠭᠴᠡᠭᠡ ᠲᠠᠢ ᠵᠣᠬᠢᠴᠠᠭᠰᠠᠨ᠂ ᠡᠬᠢ ᠪᠠᠶᠠᠯᠢᠭ ᠣᠷᠴᠢᠨ ᠲᠤᠭᠤᠷᠢᠨ ᠤ ᠳᠠᠭᠠᠭᠠᠴᠠ ᠲᠠᠢ | ᠵᠣᠬᠢᠴᠠᠯᠳᠤᠭᠰᠠᠨ ᠤᠳᠤ ᠦᠶ᠎ᠡ ᠶᠢᠨ ᠲᠠᠷᠢᠶᠠᠯᠠᠩ ᠤᠨ ᠦᠢᠯᠡᠳᠪᠦᠷᠢᠯᠡᠯ ᠤᠨ ᠪᠦᠲᠦᠴᠡ ᠪᠠ ᠣᠷᠣᠨ ᠪᠦᠰᠡ ᠶᠢᠨ | ᠪᠠᠶᠢᠷᠢᠰᠢᠭᠤᠯᠤᠯᠳᠠ ᠶᠢ ᠪᠦᠷᠢᠯᠳᠦᠬᠦᠯᠬᠦ ᠬᠡᠷᠡᠭᠲᠡᠢ᠃ ᠤᠢ ᠰᠢᠭᠤᠢ ᠠᠴᠠ ᠢᠳᠡᠭᠡᠡ ᠠᠪᠴᠤ᠂ ᠭᠤᠣᠯ ᠮᠥᠷᠡᠨ ᠳᠠᠯᠠᠢ | ᠲᠠᠩᠭᠢᠰ ᠠᠴᠠ ᠢᠳᠡᠭᠡᠡ ᠠᠪᠴᠤ᠂ ᠲᠦᠬᠦᠭᠡᠷᠦᠮᠵᠢᠲᠦ ᠲᠠᠷᠢᠶᠠᠯᠠᠩ ᠠᠴᠠ ᠢᠳᠡᠭᠡᠡ ᠠᠪᠬᠤ ᠶᠢᠨ ᠬᠠᠮᠲᠤ | ᠤᠯᠠᠮᠵᠢᠯᠠᠯᠲᠤ ᠲᠠᠷᠢᠮᠠᠯ ᠪᠠ ᠮᠠᠯ ᠵᠢᠭᠦᠷᠲᠡᠨ ᠤ ᠡᠬᠢ ᠪᠠᠶᠠᠯᠢᠭ ᠠᠴᠠ ᠨᠡᠩ ᠡᠯᠪᠡᠭ ᠪᠠᠶᠠᠯᠢᠭ ᠠᠮᠢᠳᠤ ᠪᠣᠳᠠᠰ ᠤᠨ | ᠡᠬᠢ ᠪᠠᠶᠠᠯᠢᠭ ᠵᠦᠭ ᠥᠷᠭᠡᠳᠭᠡᠵᠦ᠂ ᠠᠮᠢᠳᠤ ᠪᠣᠳᠠᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠠᠮᠢᠳᠤ | ᠪᠣᠳᠠᠰ ᠤᠨ ᠠᠵᠤ ᠦᠢᠯᠡᠰ ᠢ ᠬᠥᠭᠵᠢᠭᠦᠯᠵᠦ᠂ ᠠᠮᠢᠲᠠᠨ ᠤᠷᠭᠤᠮᠠᠯ ᠮᠢᠺᠷᠣᠪ ᠠᠴᠠ ᠢᠯᠴᠢ᠂ ᠤᠭᠤᠷᠠᠭ ᠠᠪᠬᠤ | ᠬᠡᠷᠡᠭᠲᠡᠢ᠃ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ | ᠢᠳᠡᠪᠬᠢᠲᠡᠢ ᠠᠬᠢᠭᠤᠯᠵᠤ᠂ ᠢᠳᠡᠭᠡᠨ ᠤ ᠡᠬᠢ ᠪᠠᠶᠠᠯᠢᠭ ᠢ ᠪᠦᠬᠦ ᠲᠠᠯ᠎ᠠ ᠪᠠᠷ᠂ ᠤᠯᠠᠨ ᠠᠷᠭ᠎ᠠ ᠵᠠᠮ ᠢᠶᠠᠷ ᠨᠡᠭᠡᠭᠡᠨ | ᠬᠥᠭᠵᠢᠭᠦᠯᠵᠦ᠂ ᠡᠯᠪᠡᠭ ᠪᠠᠶᠠᠯᠢᠭ ᠤᠯᠠᠨ ᠶᠠᠩᠵᠤ ᠶᠢᠨ ᠢᠳᠡᠭᠡᠨ ᠤ ᠲᠦᠷᠦᠯ ᠵᠦᠢᠯ ᠢ ᠨᠡᠭᠡᠭᠡᠨ ᠬᠥᠭᠵᠢᠭᠦᠯᠵᠦ᠂ | ᠡᠯ᠎ᠡ ᠲᠦᠷᠦᠯ ᠤᠨ ᠢᠳᠡᠭᠡᠨ ᠤ ᠬᠠᠩᠭᠠᠯᠭ᠎ᠠ ᠬᠡᠷᠡᠭᠴᠡᠭᠡ ᠶᠢᠨ ᠲᠡᠩᠴᠡᠭᠦᠷᠢ ᠶᠢ ᠪᠡᠶᠡᠯᠡᠭᠦᠯᠵᠦ᠂ ᠠᠷᠠᠳ ᠤᠯᠠᠨ ᠤ | ᠡᠳᠦᠷ ᠢᠷᠡᠬᠦᠶ᠎ᠡ ᠤᠯᠠᠨ ᠡᠰᠢᠵᠢᠵᠤ ᠪᠠᠶᠢᠭ᠎ᠠ ᠢᠳᠡᠭᠡᠨ ᠤ ᠬᠡᠷᠡᠭᠯᠡᠭᠡᠨ ᠤ ᠬᠡᠷᠡᠭᠴᠡᠭᠡ ᠶᠢ ᠨᠡᠩ ᠰᠠᠶᠢᠲᠤᠷ ᠬᠠᠩᠭᠠᠬᠤ | ᠬᠡᠷᠡᠭᠲᠡᠢ ᠭᠡᠵᠦ ᠵᠢᠭᠠᠵᠦ ᠭᠠᠷᠭᠠᠪᠠ᠃ | ᠰᠢ ᠶᠢᠨ ᠫᠢᠩ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠵᠥᠪᠬᠡᠨ ᠠᠵᠤ ᠠᠬᠤᠢ ᠶᠢᠨ | ᠬᠥᠭᠵᠢᠯᠲᠡ ᠶᠢ ᠴᠢᠬᠤᠯᠠᠴᠢᠯᠠᠵᠤ ᠪᠣᠯᠬᠤ ᠦᠭᠡᠢ᠂ ᠪᠠᠰᠠ ᠡᠷᠬᠡᠪᠰᠢ ᠬᠥᠳᠡᠭᠡ ᠲᠣᠰᠬᠤᠨ ᠤ ᠦᠨᠳᠦᠰᠦᠨ ᠱᠠᠲᠤᠨ ᠤ | ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠵᠤ᠂ ᠲᠠᠷᠢᠶᠠᠴᠢᠳ ᠤᠨ ᠦᠵᠡᠯ ᠰᠠᠨᠠᠭ᠎ᠠ | ᠶᠣᠰᠣ ᠰᠤᠷᠲᠠᠬᠤᠨ ᠤ ᠬᠥᠮᠦᠵᠢᠯ ᠢ ᠴᠢᠬᠤᠯᠠᠴᠢᠯᠠᠵᠤ᠂ ᠬᠠᠤᠯᠢᠵᠢᠯ ᠤᠨ ᠪᠠᠶᠢᠭᠤᠯᠤᠯᠲᠠ ᠶᠢ ᠴᠢᠬᠤᠯᠠᠴᠢᠯᠠᠵᠤ᠂ | ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠲᠣᠰᠬᠤᠨ ᠤ ᠠᠷᠠᠳ ᠤᠨ ᠥᠪᠡᠷᠲᠡᠭᠡᠨ | ᠵᠠᠰᠠᠬᠤ ᠦᠢᠯᠡᠳᠦᠯᠭᠡ ᠶᠢ ᠭᠦᠨᠵᠡᠭᠡᠶᠢᠷᠡᠭᠦᠯᠵᠦ᠂ ᠲᠣᠰᠬᠤᠨ ᠤ ᠲᠦᠷᠢᠮ ᠠᠷᠠᠳ ᠤᠨ ᠭᠡᠷ᠎ᠡ᠂ ᠭᠡᠷ ᠤᠨ ᠰᠤᠷᠭᠠᠯ | ᠭᠡᠷ ᠤᠨ ᠰᠤᠷᠲᠠᠯ ᠤᠨ ᠦᠢᠯᠡᠳᠦᠯ ᠢ ᠪᠦᠲᠦᠮᠵᠢᠲᠡᠢ ᠪᠠᠳᠠᠷᠠᠭᠤᠯᠵᠤ᠂ ᠪᠣᠯᠪᠠᠰᠤᠨ ᠨᠤᠲᠤᠭ ᠤᠨ ᠰᠤᠷᠲᠠᠯ᠂ ᠰᠠᠶᠢᠨ | ᠰᠠᠶᠢᠬᠠᠨ ᠭᠡᠷ ᠤᠨ ᠰᠤᠷᠲᠠᠯ᠂ ᠡᠭᠡᠯ ᠪᠣᠷᠣᠭᠵᠢᠭᠤᠨ ᠠᠷᠠᠳ ᠤᠨ ᠰᠤᠷᠲᠠᠯ ᠢ ᠪᠣᠶᠢᠵᠢᠭᠤᠯᠬᠤ ᠬᠡᠷᠡᠭᠲᠡᠢ᠃ ᠬᠥᠳᠡᠭᠡ | ᠲᠣᠰᠬᠤᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠪᠠᠶᠢᠡᠭᠭᠤᠵᠢᠬᠰᠡᠨ ᠲᠣᠭᠲᠠᠴᠠ ᠶᠢ | ᠪᠦᠷᠢᠨᠰᠢᠬᠦᠯᠵᠤ᠂ ᠬᠥᠳᠡᠭᠡ ᠲᠣᠰᠬᠤᠨ ᠤ ᠬᠠᠷ᠎ᠠ ᠪᠦᠯᠦᠭᠲᠡᠨ ᠬᠠᠷᠭᠢᠰ ᠬᠦᠴᠦᠨ᠂ ᠤᠪᠤᠭ ᠲᠦᠷᠦᠯ ᠤᠨ ᠬᠠᠷᠭᠢᠰ | ᠬᠦᠴᠦᠨ ᠳᠤ ᠦᠷᠭᠦᠯᠵᠢᠯᠡᠨ ᠴᠣᠬᠢᠯᠲᠠ ᠥᠭᠴᠦ᠂ ᠬᠥᠳᠡᠭᠡ ᠲᠣᠰᠬᠤᠨ ᠤ ᠱᠠᠯᠢᠭ ᠵᠠᠪᠬᠠᠢ ᠵᠣᠭᠤᠰ ᠮᠥᠷᠥᠶᠢᠴᠡᠬᠦ | ᠬᠤᠣᠷ ᠲᠠᠲᠠᠬᠤ ᠪᠠ ᠡᠮᠡᠭᠲᠡᠶᠢᠴᠦᠳ ᠬᠡᠦᠬᠡᠳ ᠤᠨ ᠡᠷᠬᠡ ᠠᠰᠢᠭ ᠲᠤ ᠬᠠᠯᠳᠠᠭᠰᠠᠨ ᠬᠠᠤᠯᠢ ᠠᠴᠠ ᠵᠥᠷᠢᠴᠡᠭᠰᠡᠨ | ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠮᠠᠨ ᠤ ᠤᠯᠤᠰ ᠨᠢᠭᠡᠨᠲᠡ ᠳᠡᠯᠡᠬᠡᠢ ᠳᠡᠭᠡᠷᠡᠬᠢ ᠬᠡᠪᠴᠢᠶ᠎ᠡ ᠪᠠᠷ ᠬᠠᠮᠤᠭ ᠤᠨ ᠶᠡᠭᠡ | ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠪᠠᠶᠢᠭᠤᠯᠪᠠ᠃ ᠨᠡᠶᠢᠭᠡᠮ ᠤᠨ ᠪᠠᠲᠤᠯᠠᠭ᠎ᠠ ᠶᠢᠨ ᠦᠢᠯᠡᠰ ᠤᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠲᠦᠷᠢᠮ ᠤᠨ ᠨᠢᠭᠡᠳᠦᠯᠲᠡᠢ ᠴᠢᠨᠠᠷ | ᠪᠠ ᠵᠢᠷᠤᠮᠵᠢᠯᠳᠤ ᠴᠢᠨᠠᠷ ᠢ ᠴᠢᠩᠭᠠᠳᠬᠠᠵᠦ᠂ ᠤᠯᠠᠨ ᠲᠡᠰ ᠳᠠᠪᠬᠤᠷᠭ᠎ᠠ᠂ ᠤᠯᠠᠨ ᠲᠤᠯᠭᠠᠭᠤᠷᠢᠳᠤ ᠨᠠᠰᠤᠵᠢᠯ ᠤᠨ | ᠳᠠᠭᠠᠳᠬᠠᠯ ᠤᠨ ᠰᠢᠰᠲ᠋ᠧᠮ ᠢ ᠬᠥᠭᠵᠢᠭᠦᠯᠵᠦ᠂ ᠨᠡᠩ ᠤᠯᠠᠨ ᠬᠥᠮᠦᠨ ᠢ ᠨᠡᠶᠢᠭᠡᠮ ᠤᠨ ᠪᠠᠲᠤᠯᠠᠭ᠎ᠠ ᠶᠢᠨ | ᠰᠢᠰᠲ᠋ᠧᠮ ᠳᠤ ᠣᠷᠣᠭᠤᠯᠬᠤ ᠬᠡᠷᠡᠭᠲᠡᠢ᠃ ᠠᠮᠢᠳᠤᠯᠢᠭ ᠢᠶᠠᠷ ᠠᠵᠢᠯ ᠣᠯᠤᠭᠰᠠᠳ ᠤᠨ ᠨᠡᠶᠢᠭᠡᠮ ᠤᠨ ᠪᠠᠲᠤᠯᠠᠭ᠎ᠠ ᠶᠢᠨ | ᠲᠦᠷᠢᠮ ᠢ ᠪᠦᠷᠢᠨᠰᠢᠬᠦᠯᠵᠤ᠂ ᠠᠵᠢᠯ ᠠᠯᠳᠠᠯᠲᠠ᠂ ᠠᠵᠢᠯ ᠠᠴᠠ ᠪᠣᠯᠤᠭᠰᠠᠨ ᠭᠡᠮᠲᠦᠯ᠂ ᠦᠷᠡᠵᠢᠯ ᠤᠨ | ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠥᠷᠭᠡᠳᠭᠡᠵᠦ᠂ ᠲᠦᠷᠢᠮ ᠤᠨ ᠲᠤᠬᠢᠷᠠᠭᠤᠯᠤᠯᠳᠠ ᠶᠢ ᠨᠡᠩ ᠲᠥᠪ | ᠭᠤᠣᠯᠴᠢ᠂ ᠬᠠᠮᠤᠷᠬᠤ ᠬᠡᠪᠴᠢᠶ᠎ᠡ ᠶᠢ ᠨᠡᠩ ᠥᠷᠭᠡᠨ ᠳᠡᠯᠭᠡᠷ ᠪᠣᠯᠭᠠᠵᠤ᠂ ᠠᠷᠠᠳ ᠲᠦᠮᠡᠨ ᠤ ᠠᠮᠤᠷ ᠲᠠᠶᠢᠪᠤᠩ ᠠᠵᠤ | ᠲᠦᠷᠦᠬᠦ ᠳᠤ ᠦᠨᠳᠦᠰᠦᠨ ᠵᠦᠢᠯ ᠢ ᠪᠠᠲᠤᠯᠠᠬᠤ ᠬᠡᠷᠡᠭᠲᠡᠢ᠃ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢᠨ | ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠪᠦᠷᠢᠨᠰᠢᠭᠦᠯᠵᠦ᠂ ᠳᠠᠭᠠᠳᠬᠠᠯ ᠢ ᠮᠡᠬᠡᠯᠡᠨ ᠠᠪᠬᠤ᠂ ᠳᠠᠭᠠᠳᠬᠠᠯ ᠢ | ᠲᠤᠬᠤᠵᠤ ᠠᠪᠬᠤ ᠪᠠ ᠡᠯ᠎ᠡ ᠲᠦᠷᠦᠯ ᠤᠨ ᠨᠡᠶᠢᠭᠡᠮ ᠤᠨ ᠪᠠᠲᠤᠯᠠᠭ᠎ᠠ ᠶᠢᠨ ᠪᠡᠯᠡ ᠮᠥᠩᠭᠦ ᠶᠢ ᠨᠡᠭᠦᠯᠭᠡᠨ ᠬᠡᠷᠡᠭᠯᠡᠵᠦ | ᠡᠵᠡᠯᠡᠨ ᠠᠪᠬᠤ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠷᠠᠳ | ᠤᠯᠠᠨ ᠤ ︽ᠨᠠᠰᠤᠵᠢᠯ ᠤᠨ ᠠᠰᠠᠷᠠᠮᠵᠢ ᠶᠢᠨ ᠮᠥᠩᠭᠦ︾᠂ ︽ᠠᠮᠢ ᠠᠪᠤᠷᠠᠬᠤ ᠮᠥᠩᠭᠦ︾ ᠨᠢᠭᠡᠪᠦᠷᠢ ᠶᠢ ᠰᠠᠶᠢᠲᠤᠷ | ᠬᠠᠮᠠᠭᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠠᠷᠠᠳ ᠤᠨ ᠠᠮᠢᠳᠤᠷᠠᠯ ᠳᠤ ᠪᠠᠭ᠎ᠠ ᠶᠠᠪᠤᠳᠠᠯ ᠭᠡᠵᠦ ᠦᠭᠡᠢ᠂ ᠪᠠᠭ᠎ᠠ ᠶᠠᠪᠤᠳᠠᠯ ᠢ ᠴᠤ | ᠢᠮᠠᠭᠳᠠ ᠬᠠᠯᠠᠮᠵᠢᠯᠠᠬᠤ ᠬᠡᠷᠡᠭᠳᠡᠢ᠃ ᠬᠦᠴᠢᠷᠳᠡᠯᠲᠡᠢ ᠤᠯᠠᠨ ᠲᠦᠮᠡᠨ ᠢ ᠪᠢᠳᠡ ᠣᠨᠴᠠᠭᠠᠶᠢᠯᠠᠨ ᠠᠩᠬᠠᠷᠴᠤ᠂ | ᠣᠨᠴᠠᠭᠠᠶᠢᠯᠠᠨ ᠬᠠᠯᠠᠮᠵᠢᠯᠠᠵᠤ᠂ ᠣᠨᠴᠠᠭᠠᠶᠢᠯᠠᠨ ᠬᠠᠶᠢᠷᠠᠯᠠᠵᠤ᠂ ᠲᠡᠳᠡᠨ ᠢ ᠬᠠᠪᠰᠤᠷᠤᠨ ᠬᠦᠴᠢᠷ ᠵᠣᠪᠠᠭᠤᠷᠢ ᠶᠢ ᠨᠢ | ᠰᠢᠢᠳᠪᠦᠷᠢᠯᠡᠵᠦ ᠥᠭᠬᠦ ᠬᠡᠷᠡᠭᠲᠡᠢ᠃ ᠨᠡᠶᠢᠭᠡᠮ ᠤᠨ ᠠᠪᠤᠷᠠᠨ ᠲᠤᠰᠠᠯᠠᠬᠤ ᠲᠦᠷᠢᠮ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠦᠨᠳᠦᠰᠦᠨ ᠠᠮᠢᠳᠤᠷᠠᠯ ᠤᠨ ᠠᠪᠤᠷᠠᠨ ᠲᠤᠰᠠᠯᠠᠯᠲᠠ᠂ ᠲᠤᠰᠬᠠᠢ ᠵᠦᠢᠯ ᠤᠨ ᠨᠡᠶᠢᠭᠡᠮ ᠤᠨ | ᠠᠪᠤᠷᠠᠨ ᠲᠤᠰᠠᠯᠠᠯᠲᠠ᠂ ᠪᠠᠴᠢᠮ ᠬᠦᠴᠢᠷᠳᠡᠯ ᠤᠨ ᠨᠡᠶᠢᠭᠡᠮ ᠤᠨ ᠠᠪᠤᠷᠠᠨ ᠲᠤᠰᠠᠯᠠᠯᠲᠠ ᠪᠠᠷ ᠭᠤᠣᠯ ᠴᠣᠭᠴᠠ | ᠪᠣᠯᠭᠠᠭᠰᠠᠨ᠂ ᠨᠡᠶᠢᠭᠡᠮ ᠤᠨ ᠬᠦᠴᠦᠨ ᠤ ᠤᠷᠤᠯᠴᠠᠭ᠎ᠠ ᠪᠠᠷ ᠨᠥᠬᠦᠪᠥᠷᠢ ᠪᠣᠯᠭᠠᠭᠰᠠᠨ᠂ ᠪᠦᠬᠦ ᠲᠠᠯ᠎ᠠ ᠶᠢ | ᠬᠠᠮᠤᠷᠤᠭᠰᠠᠨ᠂ ᠳᠠᠪᠬᠤᠷᠭ᠎ᠠ ᠲᠦᠷᠦᠯ ᠬᠤᠪᠢᠶᠠᠭᠰᠠᠨ᠂ ᠶᠡᠷᠦᠩᠬᠡᠶᠢᠯᠡᠭᠰᠡᠨ ᠥᠨᠳᠥᠷ ᠪᠦᠲᠦᠮᠵᠢᠲᠡᠢ ᠨᠡᠶᠢᠭᠡᠮ ᠤᠨ | ᠠᠪᠤᠷᠠᠨ ᠲᠤᠰᠠᠯᠠᠬᠤ ᠪᠠᠶᠢᠷᠢᠰᠢᠯ ᠢ ᠪᠦᠷᠢᠯᠳᠦᠭᠦᠯᠬᠦ ᠬᠡᠷᠡᠭᠲᠡᠢ᠃ ᠣᠨᠴᠠ ᠬᠦᠴᠢᠷᠳᠡᠯᠲᠡᠶ ᠬᠥᠮᠦᠰ ᠤᠨ ᠣᠨᠴᠠᠯᠢᠭ | ᠪᠠ ᠬᠡᠷᠡᠭᠴᠡᠭᠡ ᠳᠤ ᠴᠢᠭᠯᠡᠭᠦᠯᠦᠨ ᠲᠥᠷᠥ ᠶᠢᠨ ᠪᠣᠳᠣᠯᠭ᠎ᠠ ᠶᠢ ᠣᠨᠣᠴᠠᠲᠠᠶ ᠬᠡᠷᠡᠭᠵᠢᠭᠦᠯᠵᠦ᠂ ᠡᠯ᠎ᠡ ᠲᠥᠷᠥᠯ ᠤᠨ | ᠠᠪᠤᠷᠠᠨ ᠲᠤᠰᠠᠯᠠᠬᠤ ᠮᠥᠩᠭᠦ ᠶᠢ ᠴᠠᠭ ᠲᠤᠬᠠᠶ ᠳᠤᠨᠢ ᠲᠤᠭ᠎ᠠ ᠶᠣᠰᠣᠭᠠᠷ ᠲᠠᠷᠬᠠᠭᠠᠵᠤ᠂ ᠲᠦᠷ ᠴᠠᠭ ᠤᠨ ᠠᠪᠤᠷᠠᠨ | ᠲᠤᠰᠠᠯᠠᠬᠤ ᠶᠢ ᠴᠢᠩᠭᠠᠳᠬᠠᠵᠤ᠂ ᠦᠨᠳᠦᠰᠦᠨ ᠵᠦᠶᠯ ᠢ ᠣᠨᠣᠪᠴᠢᠲᠠᠶ ᠰᠠᠶᠢᠲᠤᠷ ᠪᠠᠲᠤᠯᠠᠬᠤ ᠬᠡᠷᠡᠭᠲᠡᠶ᠃ ᠬᠥᠳᠡᠭᠡ | ᠲᠣᠰᠬᠤᠨ ᠤ ᠨᠡᠶᠢᠭᠡᠮ ᠤᠨ ᠠᠰᠠᠷᠠᠮᠵᠢ ᠶᠢᠨ ᠳᠤᠲᠠᠭᠤᠳᠠᠯ ᠢ ᠨᠥᠬᠦᠪᠥᠷᠢᠯᠡᠵᠦ᠂ ᠬᠥᠳᠡᠭᠡ ᠲᠣᠰᠬᠤᠨ ᠤ | ᠨᠠᠰᠤᠲᠠᠶᠢᠴᠤᠳ᠂ ᠬᠡᠦᠬᠡᠳ ᠪᠠᠭᠠᠴᠤᠳ᠂ ︽ᠬᠦᠳᠡᠭᠡ ᠲᠤᠰᠬᠤᠨ ᠤ ᠭᠡᠷ ᠲᠡᠭᠡᠨ ᠬᠤᠴᠤᠷᠤᠭᠰᠠᠨ ᠭᠡᠦᠭᠡᠳ᠂ | ᠬᠦᠳᠡᠭᠡ ᠲᠤᠰᠬᠤᠨ ᠤ ᠭᠡᠷ ᠲᠡᠭᠡᠨ ᠬᠤᠴᠤᠷᠤᠭᠰᠠᠨ ᠨᠠᠰᠤᠳᠠᠶᠢᠴᠤᠳ᠂ ᠬᠦᠳᠡᠭᠡ ᠲᠤᠰᠬᠤᠨ ᠤ ᠭᠡᠷ ᠲᠡᠭᠡᠨ | ᠬᠤᠴᠤᠷᠤᠭᠰᠠᠨ ᠪᠦᠰᠡᠭᠦᠶᠢᠴᠤᠳ︾ ᠵᠡᠷᠭᠡ ᠣᠨᠴᠠᠭᠠᠢ ᠬᠦᠴᠢᠷᠳᠡᠯᠲᠡᠢ ᠬᠥᠮᠦᠰ ᠢ ᠬᠠᠯᠠᠮᠵᠢᠯᠠᠨ ᠬᠠᠶᠢᠷᠠᠯᠠᠬᠤ ᠪᠠᠨ | ᠴᠢᠩᠭᠠᠳᠬᠠᠬᠤ ᠬᠡᠷᠡᠭᠲᠡᠢ᠃ ᠬᠢᠵᠢᠭ ᠤᠨ ᠪᠠᠶᠢᠳᠠᠯ᠂ ᠭᠠᠮᠰᠢᠭ ᠠᠴᠠ ᠪᠤᠯᠵᠤ ᠬᠦᠴᠢᠷᠳᠡᠯ ᠳᠤ ᠲᠤᠯᠭᠠᠷᠠᠭᠰᠠᠨ ᠤᠯᠠᠨ | ᠲᠦᠮᠡᠨ ᠢ ᠲᠦᠷ ᠴᠠᠭ ᠠᠪᠤᠷᠠᠨ ᠲᠤᠰᠠᠯᠠᠬᠤ ᠡᠷᠴᠢᠮ ᠢᠶᠠᠨ ᠴᠢᠩᠭᠠᠷᠠᠭᠤᠯᠵᠤ᠂ ᠵᠡᠮᠳᠡᠭᠴᠦᠳ ᠤᠨ ᠡᠷᠡᠭᠦᠯᠵᠢᠯ᠂ | ᠰᠤᠷᠭᠠᠨ ᠬᠥᠮᠦᠵᠢᠯ᠂ ᠠᠵᠢᠯ ᠣᠯᠭᠤᠯᠲᠠ ᠵᠡᠷᠭᠡ ᠠᠵᠢᠯ ᠢ ᠰᠠᠶᠢᠲᠤᠷ ᠬᠢᠵᠦ᠂ ᠲᠡᠨᠦᠭᠦᠴᠢᠯᠡᠨ ᠭᠤᠶᠢᠷᠠᠨᠴᠢᠯᠠᠵᠤ | ᠪᠠᠶᠢᠭ᠎ᠠ ᠬᠥᠮᠦᠰ ᠤᠨ ᠪᠡᠶ᠎ᠡ ᠮᠠᠬᠠᠪᠤᠳ ᠤᠨ ᠠᠮᠤᠷ ᠲᠦᠪᠰᠢᠨ ᠪᠣᠯᠤᠨ ᠦᠨᠳᠦᠰᠦᠨ ᠠᠮᠢᠳᠤᠷᠠᠯ ᠢ ᠪᠠᠲᠤᠯᠠᠵᠤ᠂ | ᠤᠶᠤᠨ ᠮᠡᠳᠡᠷᠡᠯ ᠤᠨ ᠰᠠᠭᠠᠳ ᠲᠠᠢ ᠬᠥᠮᠦᠰ ᠢ ᠬᠠᠯᠠᠮᠵᠢᠯᠠᠨ ᠬᠠᠶᠢᠷᠠᠯᠠᠵᠤ᠂ ᠡᠮᠡᠭᠲᠡᠶᠢᠴᠦᠳ ᠬᠡᠦᠬᠡᠳ᠂ | ᠨᠠᠰᠤᠲᠠᠶᠢᠴᠤᠳ᠂ ᠵᠡᠮᠳᠡᠭᠴᠦᠳ ᠢ ᠲᠤᠷᠤᠮᠵᠢᠯᠠᠨ ᠳᠠᠷᠤᠯᠠᠬᠤ ᠵᠡᠷᠭᠡ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ | ᠡᠷᠡᠰ ᠲᠡᠪᠴᠢᠬᠦ ᠬᠡᠷᠡᠭᠲᠡᠢ ᠭᠡᠵᠦ ᠴᠢᠬᠤᠯᠠᠴᠢᠯᠠᠪᠠ᠃ | ᠳ᠋ᠢᠩ ᠰᠢᠤᠸᠠᠢ ᠰᠢᠶᠠᠩ᠂ ᠵᠠᠩ ᠴᠢᠩ ᠯᠢ᠂ ᠯᠢ ᠪᠢᠨ᠂ ᠸᠠᠩ ᠶᠦᠩ ᠴᠢᠩ᠂ ᠭᠦ᠋ ᠱᠧᠩ ᠽᠦ ᠨᠠᠷ | ᠬᠠᠮᠲᠤᠷᠠᠭᠰᠠᠨ ᠳᠤᠭᠤᠶᠢᠯᠠᠩ ᠤᠨ ᠬᠤᠷᠠᠯ ᠳᠤ ᠣᠷᠣᠯᠴᠠᠵᠠᠢ᠃ |