ᠰᠦᠶ ᠸᠧᠶ ᠵᠢᠶᠦ᠋ᠨ ᠬᠤᠲᠠ ᠶᠢᠨ ᠨᠠᠮ ᠤᠨ ᠬᠤᠷᠢᠶᠠᠨ ᠤ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ ᠥᠪᠥᠷ ᠮᠣᠩᠭᠤᠯ ᠤᠨ ᠴᠠᠬᠠᠷ ᠪᠡᠭᠡᠵᠢᠩ ᠥᠪᠥᠷ ᠮᠣᠩᠭᠤᠯ ᠤᠨ ᠴᠢᠳᠠᠪᠤᠷᠢᠲᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠤ ᠦᠢᠯᠡᠰ ᠤᠨ ᠬᠦᠷᠢᠶᠡᠯᠡᠩ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠲᠥᠰᠥᠯ ᠢ ᠰᠤᠳᠤᠯᠪᠠ
ᠨᠡᠶᠢᠲᠡᠯᠡᠭᠰᠡᠨ ᠴᠠᠭ᠄
2022/3/15
   3 ᠳ᠋ᠤᠭᠠᠷ ᠰᠠᠷ᠎ᠠ ᠶᠢᠨ 14 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠰᠦᠶ ᠸᠧᠶ ᠵᠢᠶᠦ᠋ᠨ ᠬᠤᠲᠠ ᠶᠢᠨ ᠨᠠᠮ ᠤᠨ ᠬᠤᠷᠢᠶ᠎ᠠ ᠶᠢᠨ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠥᠪᠥᠷ ᠮᠣᠩᠭᠤᠯ ᠤᠨ ᠴᠠᠬᠠᠷ ᠪᠡᠭᠡᠵᠢᠩ ᠥᠪᠥᠷ ᠮᠣᠩᠭᠤᠯ ᠤᠨ ᠴᠢᠳᠠᠪᠤᠷᠢᠲᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠤ ᠦᠢᠯᠡᠰ ᠤᠨ ᠬᠦᠷᠢᠶᠡᠯᠡᠩ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠲᠥᠰᠦᠯ ᠢ ᠨᠠᠶᠢᠷᠠᠭᠤᠯᠤᠨ ᠵᠣᠬᠢᠶᠠᠭᠰᠠᠨ ᠪᠠᠶᠢᠳᠠᠯ ᠢ ᠰᠣᠨᠣᠰᠴᠤ᠂ ᠲᠠᠷᠠᠭᠠᠴᠢ ᠶᠢᠨ ᠱᠠᠲᠤᠨ ᠤ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃    ᠬᠤᠲᠠ ᠶᠢᠨ ᠤᠳᠤᠷᠢᠳᠤᠯᠭ᠎ᠠ ᠴᠢ ᠹᠸᠢ ᠶᠦᠨ᠂ ᠴᠢᠶᠣᠤ ᠶᠦᠨ ᠯᠢ᠂ ᠶᠦᠨ ᠫᠧᠩ ᠭᠠᠩ᠂ ᠯᠢᠦ ᠭᠦᠸᠧ ᠭᠠᠩ᠂ ᠹᠠᠩ ᠽᠧ᠂ ᠯᠢ ᠵᠢᠶᠠᠨ ᠸᠧᠨ᠂ ᠶᠤᠸᠠᠨ ᠰᠢᠶᠤᠤ ᠳ᠋ᠦᠩ ᠬᠤᠷᠠᠯ ᠳᠤ ᠣᠷᠣᠯᠴᠠᠵᠠᠶ᠃    ᠰᠦᠢ ᠸᠧᠢ ᠵᠢᠶᠦ᠋ᠨ᠂ ᠥᠪᠥᠷ ᠮᠣᠩᠭᠤᠯ ᠤᠨ ᠴᠠᠬᠠᠷ ᠪᠡᠭᠡᠵᠢᠩ ᠥᠪᠥᠷ ᠮᠣᠩᠭᠤᠯ ᠤᠨ ᠴᠢᠳᠠᠪᠤᠷᠢᠲᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠤ ᠦᠢᠯᠡᠰ ᠤᠨ ᠬᠦᠷᠢᠶᠡᠯᠡᠩ ᠢ ᠪᠠᠶᠢᠭᠤᠯᠬᠤ ᠪᠣᠯ ᠰᠢᠨ᠎ᠡ ᠶᠢ ᠡᠭᠦᠳᠬᠦ ᠴᠢᠳᠠᠪᠤᠷᠢᠲᠠᠨ ᠢ ᠴᠤᠭᠯᠠᠷᠠᠭᠤᠯᠬᠤ᠂ ᠰᠢᠨ᠎ᠡ ᠶᠢ ᠡᠭᠦᠳᠬᠦ ᠬᠡᠯᠪᠡᠷᠢ ᠶᠢᠨ ᠠᠵᠤ ᠦᠢᠯᠡᠰ ᠢ ᠴᠤᠭᠯᠠᠷᠠᠭᠤᠯᠬᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠥᠳᠡᠯᠭᠡᠬᠦ ᠬᠦᠴᠦᠨ ᠤ ᠬᠥᠳᠡᠯᠭᠡᠭᠦᠷ ᠮᠥᠨ᠂ ᠪᠠᠰᠠᠴᠤ ᠤᠯᠠᠭᠠᠨᠴᠠᠪ ᠤᠨ ᠴᠢᠨᠠᠷ ᠰᠠᠶᠢᠲᠠᠢ ᠬᠥᠭᠵᠢᠯᠲᠡ ᠶᠢ ᠳᠡᠯᠭᠡᠨ ᠦᠵᠡᠭᠦᠯᠬᠦ ᠴᠢᠬᠤᠯᠠ ᠴᠤᠩᠬᠤᠪᠴᠢ ᠮᠥᠨ᠃ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠪᠠᠨ ᠨᠢᠭᠡᠳᠬᠡᠵᠦ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠨᠡᠩ ᠥᠷᠭᠡᠨ ᠬᠠᠷᠠᠭᠠᠰᠤ᠂ ᠨᠡᠩ ᠥᠨᠳᠥᠷ ᠡᠬᠢᠯᠡᠯᠲᠡ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠠᠵᠤ ᠦᠢᠯᠡᠰ ᠤᠨ ᠬᠦᠷᠢᠶᠡᠯᠡᠩ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠰᠦᠶ ᠸᠧᠶ ᠵᠢᠶᠦ᠋ᠨ᠂ ᠲᠥᠰᠦᠯ ᠲᠣᠭᠲᠠᠭᠠᠬᠤ ᠳᠠᠭᠠᠨ ︽ᠲᠥᠪᠯᠡᠷᠡᠭᠦᠯᠬᠦ︾ ᠶᠢ ᠳᠣᠪᠤᠶᠢᠯᠭᠠᠨ᠂ ᠣᠶᠤᠨ ᠴᠢᠳᠠᠯ ᠢᠶᠠᠨ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠲᠥᠪᠯᠡᠷᠡᠭᠦᠯᠵᠦ᠂ ᠲᠥᠪᠯᠡᠷᠡᠭᠦᠯᠬᠦ ᠦᠢᠯᠡᠳᠦᠯ ᠢ ᠲᠠᠰᠤᠷᠠᠯᠲᠠ ᠥᠬᠡᠶ ᠳᠣᠪᠤᠶᠢᠯᠭᠠᠨ᠂ ᠴᠡᠭ ᠳᠡᠭᠡᠷᠡᠬᠢ ᠰᠢᠪᠲᠤᠯᠤᠯᠲᠠ ᠪᠠᠷ ᠡᠯ᠎ᠡ ᠵᠦᠢᠯ ᠤᠨ ᠠᠵᠢᠯ ᠢ ᠳᠠᠶᠢᠴᠢᠯᠠᠨ ᠨᠠᠩ ᠶᠡᠭᠡ ᠬᠥᠭᠵᠢᠯᠲᠡ ᠲᠠᠢ ᠪᠣᠯᠭᠠᠬᠤ ᠬᠡᠷᠡᠭᠲᠡᠶ᠃ ︽ᠲᠤᠰᠬᠠᠶᠢᠵᠢᠭᠤᠯᠬᠤ︾ ᠶᠢ ᠲᠤᠪᠤᠶᠢᠯᠭᠠᠵᠦ᠂ ︽ᠲᠠᠪᠤᠨ ᠶᠡᠭᠡ ᠠᠵᠤ ᠠᠬᠤᠢ︾ ᠶᠢᠨ ᠭᠤᠣᠯᠳᠠᠯᠭ᠎ᠠ ᠲᠠᠢ ᠬᠦᠷᠢᠶ᠎ᠡ᠂ ᠵᠠᠩᠭᠢᠯᠠᠭ᠎ᠠ ᠶᠢᠨ ᠭᠤᠭᠴᠤᠭ᠎ᠠ ᠶᠢᠨ ᠲᠣᠭᠤᠷᠢᠨ ᠳᠤ ᠲᠤᠰᠬᠠᠶᠢᠵᠢᠭᠰᠠᠨ ᠪᠣᠭᠤᠮᠲᠠ ᠰᠢᠪᠲᠤᠯᠵᠤ᠂ ᠠᠵᠤ ᠦᠢᠯᠡᠰ ᠤᠨ ᠬᠡᠯᠬᠢᠶ᠎ᠡ ᠶᠢᠨ ᠬᠠᠩᠭᠠᠯᠭ᠎ᠠ ᠶᠢᠨ ᠬᠡᠯᠬᠢᠶ᠎ᠡ ᠶᠢᠨ ᠣᠳᠣᠬᠢᠴᠢᠯᠠᠯᠲᠠ ᠶᠢᠨ ᠲᠦᠪᠰᠢᠨ ᠢ ᠳᠠᠰᠤᠷᠠᠯᠳᠠ ᠦᠬᠡᠢ ᠳᠡᠭᠡᠭᠰᠢᠯᠡᠭᠦᠯᠬᠦ ᠬᠡᠷᠡᠭᠲᠡᠢ᠃ ︽ᠰᠢᠯᠢᠳᠡᠭ︾ ᠢ ᠳᠣᠪᠤᠶᠢᠯᠭᠠᠨ᠂ ᠲᠤᠬᠠᠶ ᠶᠢᠨ ᠭᠠᠵᠠᠷ ᠤᠨ ᠣᠨᠴᠠᠯᠢᠭ ᠲᠠᠢ ᠳᠠᠪᠠᠭᠤᠯᠢᠭ ᠢ ᠢᠯᠡᠷᠡᠭᠦᠯᠵᠦ᠂ ᠵᠦᠷᠢᠶᠡᠴᠢᠯᠡᠭᠰᠡᠨ ᠬᠥᠭᠵᠢᠯᠲᠡ ᠶᠢ ᠪᠡᠶᠡᠯᠡᠭᠦᠯᠦᠨ᠂ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠬᠢᠷᠢ ᠬᠡᠮᠵᠢᠶ᠎ᠡ ᠬᠢᠭᠡᠳ ᠭᠤᠤᠯᠯᠠᠬᠤ ᠥᠷᠢᠰᠦᠯᠳᠦᠬᠦ ᠬᠦᠴᠦᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ︽ᠬᠡᠷᠡᠭᠯᠡᠬᠦ︾ ᠶᠢ ᠲᠤᠪᠤᠶᠢᠯᠭᠠᠵᠦ᠂ ᠴᠢᠳᠠᠪᠤᠷᠢᠲᠠᠨ ᠢ ᠠᠵᠤ ᠦᠢᠯᠡᠰ ᠲᠤ ᠰᠢᠩᠭᠡᠭᠡᠵᠦ᠂ ᠲᠠᠪᠴᠠᠩ ᠢ ᠠᠵᠤ ᠠᠬᠤᠶᠢᠯᠠᠯ ᠳᠤ ᠪᠠᠶᠢᠭᠤᠯᠵᠤ᠂ ᠴᠢᠳᠠᠪᠤᠷᠢᠲᠠᠨ ᠤ ᠠᠵᠢᠯ ᠤᠨ ᠦᠷ᠎ᠡ ᠪᠦᠲᠦᠮᠵᠢ ᠶᠢ ᠬᠠᠮᠤᠭ ᠤᠨ ᠶᠡᠭᠡ ᠬᠡᠮᠵᠢᠶ᠎ᠡ ᠪᠠᠷ ᠳᠡᠭᠡᠭᠰᠢᠯᠡᠭᠦᠯᠬᠦ ᠬᠡᠷᠡᠭᠲᠡᠢ᠃ ︽ᠰᠢᠨ᠎ᠡ︾ ᠶᠢ ᠳᠤᠪᠤᠶᠢᠯᠭᠠᠵᠤ᠂ ᠰᠢᠨ᠎ᠡ ᠮᠡᠷᠭᠡᠵᠢᠯ᠂ ᠰᠢᠨ᠎ᠡ ᠬᠦᠷᠢᠶ᠎ᠡ᠂ ᠰᠢᠨ᠎ᠡ ᠲᠣᠭᠲᠠᠴᠠ ᠳᠤ ᠰᠠᠭᠤᠷᠢᠯᠠᠵᠤ᠂ ᠲᠥᠯᠥᠪᠵᠢᠭᠦᠯᠭᠡ ᠶᠢᠨ ᠪᠠᠷᠠᠭᠠᠯᠬᠢᠯᠠᠯᠳᠤ ᠴᠢᠨᠠᠷ ᠰᠢᠨᠵᠢᠯᠡᠬᠦ ᠤᠬᠠᠭᠠᠨᠴᠢ ᠴᠢᠨᠠᠷ ᠵᠦᠢ ᠵᠣᠬᠢᠰᠲᠠᠢ ᠴᠢᠨᠠᠷ ᠢ ᠳᠠᠰᠤᠷᠠᠯᠳᠠ ᠦᠬᠡᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    ᠰᠦᠶ ᠸᠧᠶ ᠵᠢᠶᠦ᠋ᠨ᠂ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢ ᠡᠮᠬᠢᠯᠡᠨ ᠨᠡᠶᠢᠯᠡᠭᠦᠯᠵᠦ᠂ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ᠂ ᠠᠵᠤ ᠠᠬᠤᠶᠢᠯᠠᠯ ᠤᠨ ᠬᠦᠷᠢᠶᠡᠯᠡᠩ ᠳᠤ ᠣᠷᠣᠬᠤ᠂ ᠪᠠᠶᠢᠭᠤᠯᠤᠮᠵᠢ ᠶᠢᠨ ᠬᠠᠮᠲᠤᠷᠠᠯᠴᠠᠭ᠎ᠠ ᠪᠠ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠵᠡᠷᠭᠡ ᠳᠤ ᠴᠢᠭᠯᠡᠭᠦᠯᠦᠨ ᠬᠠᠨᠳᠤᠯᠭᠠᠲᠤ ᠴᠢᠨᠠᠷᠲᠠᠶ ᠣᠨᠴᠠᠭᠠᠶ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠣᠨᠴᠠᠭᠠᠶᠢᠯᠠᠨ ᠡᠳ᠋ ᠤᠨ ᠵᠠᠰᠠᠭ ᠪᠠ ᠮᠥᠩᠭᠦᠨ ᠭᠦᠢᠯᠭᠡᠭᠡᠨ ᠤ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠤ ᠦᠢᠯᠡᠰ ᠤᠨ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠡᠵᠡᠩᠨᠡᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠶ᠃ ᠠᠵᠤ ᠦᠢᠯᠡᠰ ᠤᠨ ᠬᠦᠷᠢᠶᠡᠯᠡᠩ ᠤᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠬᠦᠷᠢᠶᠡᠯᠡᠩ ᠲᠣᠭᠤᠷᠢᠭ ᠤᠨ ᠰᠢᠨ᠎ᠡ ᠶᠢ ᠡᠭᠦᠳᠦᠨ ᠰᠤᠳᠤᠯᠤᠨ ᠨᠡᠭᠡᠭᠡᠬᠦ᠂ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠶᠢ ᠨᠡᠪᠴᠢᠭᠦᠯᠬᠦ᠂ ᠠᠮᠢᠳᠤᠷᠠᠯ ᠤᠨ ᠪᠠᠲᠤᠯᠠᠭ᠎ᠠ ᠵᠡᠷᠭᠡ ᠦᠢᠯᠡᠴᠢᠯᠡᠭᠡᠨ ᠤ ᠴᠢᠳᠠᠮᠵᠢ ᠶᠢ ᠴᠢᠩᠭᠠᠷᠠᠭᠤᠯᠵᠤ᠂ ᠠᠵᠤ ᠦᠢᠯᠡᠰ ᠤᠨ ᠬᠦᠷᠢᠶᠡᠯᠡᠩ ᠤᠨ ᠬᠥᠭᠵᠢᠯᠲᠡ ᠶᠢᠨ ᠳᠠᠭᠠᠭᠠᠴᠠ ᠶᠢ ᠬᠦᠴᠦᠯᠡᠨ ᠳᠡᠭᠡᠭᠰᠢᠯᠡᠭᠦᠯᠬᠦ ᠬᠡᠷᠡᠭᠲᠡᠶ᠃ ᠬᠠᠷᠠᠯᠲᠠ ᠡᠭᠦᠷᠭᠡ ᠪᠠᠨ ᠤᠯᠠᠮ ᠨᠢᠭᠡ ᠠᠯᠬᠤᠮ ᠲᠣᠳᠣᠷᠬᠠᠶᠢᠯᠠᠵᠤ᠂ ᠤᠯᠤᠰ ᠤᠨ ᠲᠡᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠢ ᠡᠭᠦᠳᠦᠨ ᠪᠠᠶᠢᠭᠤᠯᠬᠤ ᠪᠠᠷ ᠤᠳᠤᠷᠢᠳᠤᠮᠵᠢ ᠪᠣᠯᠭᠠᠵᠤ᠂ ᠴᠢᠳᠠᠪᠤᠷᠢᠲᠠᠨ ᠤ ᠰᠢᠨ᠎ᠡ ᠶᠢ ᠡᠭᠦᠳᠬᠦ ᠢᠨᠵᠧᠨᠧᠷᠢᠩ ᠢ ᠬᠡᠷᠡᠭᠵᠢᠭᠦᠯᠵᠦ᠂ ᠳᠡᠭᠡᠳᠦ ᠲᠡᠰ ᠤᠨ ᠴᠢᠳᠠᠪᠤᠷᠢᠲᠠᠨ ᠢ ᠬᠥᠮᠦᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠤ ᠠᠬᠤᠶᠢᠯᠠᠯ ᠢ ᠨᠡᠪᠴᠢᠭᠦᠯᠵᠦ᠂ ᠤᠷ᠎ᠠ ᠮᠡᠷᠭᠡᠵᠢᠯ ᠤᠨ ᠬᠡᠯᠪᠡᠷᠢ ᠶᠢᠨ ᠴᠢᠳᠠᠪᠤᠷᠢᠲᠠᠨ ᠢ ᠬᠥᠮᠦᠵᠢᠭᠦᠯᠵᠦ᠂ ᠠᠵᠤ ᠦᠢᠯᠡᠰ ᠪᠣᠯᠤᠨ ᠴᠢᠳᠠᠪᠤᠷᠢᠲᠠᠨ ᠤ ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃    
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2