2021 ᠣᠨ ᠳᠤ ᠵᠢᠨᠢᠩ ᠲᠣᠭᠤᠷᠢᠭ ᠤᠨ ︽12315︾ ᠬᠡᠷᠡᠭᠯᠡᠭᠴᠢᠳ ᠲᠤ 120 ᠭᠠᠷᠤᠢ ᠲᠦᠮᠡᠨ ᠲᠥᠭᠦᠷᠢᠭ ᠤᠨ ᠠᠵᠤ ᠠᠬᠤᠢ ᠶᠢᠨ ᠬᠤᠬᠢᠷᠠᠯ ᠢ ᠡᠭᠡᠭᠦᠯᠦᠨ ᠠᠪᠴᠢᠷᠠᠵᠠᠢ
ᠨᠡᠶᠢᠲᠡᠯᠡᠭᠰᠡᠨ ᠴᠠᠭ᠄
2022/3/15
     ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠨᠡᠩ ᠰᠠᠶᠢᠨ ᠬᠠᠮᠠᠭᠠᠯᠠᠵᠤ᠂ ᠰᠠᠶᠢᠨ ᠰᠠᠶᠢᠬᠠᠨ ᠬᠡᠷᠡᠭᠯᠡᠭᠡᠨ ᠤ ᠣᠷᠴᠢᠨ ᠲᠣᠭᠤᠷᠢᠨ ᠢ ᠪᠤᠢ ᠪᠣᠯᠭᠠᠬᠤ ᠶᠢᠨ ᠲᠥᠯᠥᠭᠡ᠂ ᠵᠢᠨᠢᠩ ᠲᠣᠭᠤᠷᠢᠭ ᠤᠨ ᠬᠢᠨ ᠬᠠᠤᠯᠢ ᠬᠡᠷᠡᠭᠵᠢᠭᠦᠯᠬᠦ ᠦᠷ᠎ᠡ ᠪᠦᠲᠦᠮᠵᠢ ᠪᠠᠨ ᠴᠢᠨᠠᠭᠰᠢᠳᠠ ᠳᠡᠭᠡᠭᠰᠢᠯᠡᠭᠦᠯᠵᠦ᠂ 2021 ᠣᠨ ᠳᠤ᠂ ᠨᠡᠶᠢᠲᠡ 666 ᠬᠡᠷᠡᠭᠯᠡᠭᠴᠢᠳ ᠤᠨ ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠶᠢ ᠡᠶᠡᠳᠡᠭᠦᠯᠦᠨ ᠰᠢᠢᠳᠪᠦᠷᠢᠯᠡᠵᠦ᠂ ᠬᠡᠷᠡᠭᠯᠡᠭᠴᠢᠳ ᠲᠤ 120 ᠭᠠᠷᠤᠢ ᠲᠦᠮᠡᠨ ᠲᠥᠭᠦᠷᠢᠭ ᠤᠨ ᠠᠵᠤ ᠠᠬᠤᠢ ᠶᠢᠨ ᠬᠤᠬᠢᠷᠠᠯ ᠢ ᠡᠭᠡᠭᠦᠯᠦᠨ ᠠᠪᠴᠢᠷᠠᠪᠠ᠃      ᠣᠶᠢᠷ᠎ᠠ ᠶᠢᠨ ᠵᠢᠯ ᠤᠳ ᠲᠤ᠂ ᠵᠢᠨᠢᠩ ᠲᠣᠭᠤᠷᠢᠭ ᠤᠨ ᠰᠦᠯᠵᠢᠶᠡᠨ ᠳᠡᠭᠡᠷᠡᠬᠢ ᠬᠡᠷᠡᠭᠯᠡᠭᠡ ᠶᠢᠨ ᠡᠵᠡᠯᠡᠬᠦ ᠬᠠᠷᠢᠴᠠᠯ ᠡᠳᠦᠷ ᠢᠷᠡᠬᠦᠶ᠎ᠡ ᠳᠡᠭᠡᠭᠰᠢᠯᠡᠵᠦ᠂ ᠡᠭᠦᠨ ᠲᠠᠢ ᠬᠤᠯᠪᠣᠭᠳᠠᠬᠤ ᠵᠠᠭᠠᠯᠳᠤᠯᠭ᠎ᠠ᠂ ᠯᠠᠪᠯᠠᠭ᠎ᠠ ᠴᠤ ᠳᠠᠭᠠᠯᠳᠤᠨ ᠨᠡᠮᠡᠭᠳᠡᠵᠡᠶ᠃ ᠰᠦᠯᠵᠢᠶᠡᠨ ᠳᠡᠭᠡᠷᠡᠬᠢ ᠬᠡᠷᠡᠭᠯᠡᠭᠡ ᠶᠢᠨ ᠲᠤᠬᠠᠶ ᠵᠠᠭᠠᠯᠳᠤᠯᠭ᠎ᠠ ᠶᠢᠨ ᠬᠠᠯᠠᠮᠰᠢᠯ ᠠᠰᠠᠭᠤᠳᠠᠯ ᠨᠢ ᠭᠤᠤᠯᠳᠠᠭᠤ ᠬᠤᠳᠠᠯᠳᠤᠭᠠᠴᠢᠨ ᠪᠠᠷᠠᠭ᠎ᠠ ᠶᠢ ᠴᠠᠭ ᠲᠤᠬᠠᠶ ᠳᠤ ᠨᠢ ᠶᠠᠪᠤᠭᠤᠯᠤᠭᠰᠠᠨ ᠥᠬᠡᠶ᠂ ᠪᠠᠷᠠᠭ᠎ᠠ ᠶᠢ ᠪᠤᠴᠠᠭᠠᠬᠤ ᠪᠤᠶᠤ ᠰᠣᠯᠢᠬᠤ ᠶᠢ ᠰᠢᠶᠳᠪᠦᠷᠢᠯᠡᠬᠦ ᠬᠥᠮᠦᠨ ᠥᠬᠡᠶ᠂ ᠵᠠᠬᠢᠶᠠᠯᠠᠭ᠎ᠠ ᠶᠢᠨ ᠪᠠᠷᠠᠭ᠎ᠠ ᠶᠢ ᠳᠤᠲᠠᠭᠤ ᠶᠠᠪᠤᠭᠤᠯᠤᠭᠰᠠᠨ ᠪᠠ ᠣᠷᠬᠢᠭᠳᠠᠭᠤᠯᠤᠭᠰᠠᠨ ᠵᠡᠷᠭᠡ ᠲᠠᠯ᠎ᠠ ᠳᠤ ᠲᠥᠪᠯᠡᠷᠡᠵᠦ ᠪᠠᠶᠢᠨ᠎ᠠ᠃ ᠵᠢᠨᠢᠩ ᠲᠣᠭᠤᠷᠢᠭ ᠤᠨ ᠬᠢᠨ ︽ᠰᠦᠯᠵᠢᠶᠡᠨ ᠳᠡᠭᠡᠷ᠎ᠡ + ᠰᠦᠯᠵᠢᠶᠡᠨ ᠭᠠᠳᠠᠨᠠᠬᠢ︾  ᠪᠠᠷ ᠳᠠᠮᠵᠢᠭᠤᠯᠤᠨ᠂ ᠵᠠᠭᠠᠯᠳᠤᠵᠤ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ ᠡᠷᠬᠡ ᠪᠠᠨ ᠬᠠᠮᠠᠭᠠᠯᠠᠬᠤ ᠠᠷᠭ᠎ᠠ ᠵᠠᠮ ᠢ ᠥᠷᠭᠡᠳᠬᠡᠨ᠂ ᠰᠦᠯᠵᠢᠶᠡᠨ ᠳᠡᠭᠡᠷᠡᠬᠢ ᠬᠡᠷᠡᠭᠯᠡᠭᠡ ᠶᠢᠨ ᠵᠢᠭᠤᠷᠠᠯᠳᠤᠭᠠᠨ ᠢ ᠲᠦᠷᠭᠡᠨ ᠰᠢᠶᠳᠪᠦᠷᠢᠯᠡᠬᠦ ᠶᠢ ᠳᠥᠯᠭᠢᠨ ᠠᠬᠢᠭᠤᠯᠪᠠ᠃                                         ᠣᠷᠴᠢᠭᠤᠯᠤᠭᠴᠢ᠄ ᠤᠳᠠ                                         ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
1
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2