ᠨᠢᠭᠡᠳᠦᠭᠡᠷ ᠤᠯᠠᠷᠢᠯ ᠳᠤ ᠵᠦᠸᠧᠽᠢ ᠰᠢᠶᠠᠨ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠶᠢ ᠨᠡᠶᠢᠲᠡ 3530.76 ᠲᠦᠮᠡᠨ ᠲᠥᠭᠦᠷᠢᠭ ᠲᠠᠷᠬᠠᠭᠠᠪᠠ
ᠨᠡᠶᠢᠲᠡᠯᠡᠭᠰᠡᠨ ᠴᠠᠭ᠄
2022/3/15
     2022 ᠣᠨ ᠤ 3 ᠰᠠᠷ᠎ᠠ ᠪᠣᠯᠲᠠᠯ᠎ᠠ᠂ ᠵᠦᠸᠧᠽᠢ ᠰᠢᠶᠠᠨ ᠳᠤ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠡᠲᠡᠭᠡᠳ ᠨᠡᠶᠢᠲᠡ 24331 ᠡᠷᠦᠬᠡ᠂ 35871 ᠬᠥᠮᠦᠨ ᠪᠠᠶᠢᠵᠤ᠂ 1 — 3 ᠰᠠᠷ᠎ᠠ ᠳᠤ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠠᠯᠠ ᠮᠥᠩᠭᠦ ᠶᠢ ᠨᠡᠶᠢᠲᠡ 3530.76 ᠲᠦᠮᠡᠨ ᠲᠥᠭᠦᠷᠢᠭ ᠲᠠᠷᠬᠠᠭᠠᠭᠰᠠᠨ ᠪᠠᠶᠢᠨ᠎ᠠ᠃ ᠡᠭᠦᠨ ᠳᠤ᠂ ᠬᠤᠲᠠ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠬᠦ ᠡᠲᠡᠭᠡᠳ 7659 ᠡᠷᠦᠬᠡ᠂ 8463 ᠬᠥᠮᠦᠨ ᠪᠠᠶᠢᠵᠤ᠂ 421.76 ᠲᠦᠮᠡᠨ ᠲᠥᠭᠦᠷᠢᠭ ᠤᠨ ᠪᠠᠯᠠ ᠮᠥᠩᠭᠦ ᠲᠠᠷᠬᠠᠭᠠᠵᠠᠶ︔ ᠬᠥᠳᠡᠭᠡ ᠲᠣᠰᠬᠤᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠬᠦ ᠡᠲᠡᠭᠡᠳ 65334 ᠡᠷᠦᠬᠡ᠂ 99949 ᠬᠥᠮᠦᠨ ᠪᠠᠶᠢᠵᠤ᠂ 3109 ᠲᠦᠮᠡᠨ ᠲᠥᠭᠦᠷᠢᠭ ᠤᠨ ᠪᠠᠯᠠ ᠮᠥᠩᠭᠦ ᠲᠠᠷᠬᠠᠭᠠᠪᠠ᠃ ᠰᠠᠷ᠎ᠠ ᠪᠦᠷᠢ ᠶᠢᠨ 10 ᠤ ᠡᠳᠦᠷ ᠠᠴᠠ ᠡᠮᠦᠨ᠎ᠡ᠂ ᠵᠦᠸᠧᠽᠢ ᠰᠢᠶᠠᠨ ︽ᠪᠦᠷᠢᠨ ᠴᠢᠳᠠᠮᠵᠢᠲᠤ ᠺᠠᠷᠲ︾ ᠢᠶᠠᠷ ᠳᠠᠮᠵᠢᠭᠤᠯᠤᠨ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠠᠯᠠ ᠮᠥᠩᠭᠦ ᠶᠢ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠡᠲᠡᠭᠡᠳ ᠲᠤ ᠲᠤᠭ᠎ᠠ ᠶᠣᠰᠣᠭᠠᠷ ᠭᠦᠶᠴᠡᠳ ᠲᠠᠷᠬᠠᠭᠠᠵᠤ᠂ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠢ ᠦᠨᠡᠨ ᠬᠦ ᠪᠠᠲᠤᠯᠠᠪᠠ᠃                                           ᠣᠷᠴᠢᠭᠤᠯᠤᠭᠴᠢ᠄ ᠤᠳᠠ                                           ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
1
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2