ᠤᠯᠠᠭᠠᠨᠴᠠᠪ ᠬᠤᠲᠠ ︽3.15︾ ᠤ ᠣᠯᠠᠨ ᠤᠯᠤᠰ ᠤᠨ ᠬᠡᠷᠡᠭᠯᠡᠭᠴᠢᠳ ᠤᠨ ᠡᠷᠬᠡ ᠠᠰᠢᠭ ᠤᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/3/16
    2022 ᠣᠨ ᠤ ︽ᠬᠡᠷᠡᠭᠯᠡᠭᠡᠨ ᠤ ᠡᠷᠬᠡ ᠲᠡᠭᠰᠢ ᠪᠠᠶᠢᠬᠤ ᠶᠢ ᠬᠠᠮᠲᠤ ᠪᠠᠷ ᠠᠬᠢᠭᠤᠯᠤᠨ᠎ᠠ︾ ᠬᠡᠷᠡᠭᠯᠡᠬᠡᠨ ᠤ ᠡᠷᠬᠡ ᠠᠰᠢᠭ ᠢ ᠬᠠᠮᠠᠭᠠᠯᠠᠬᠤ ᠣᠨ ᠤ ᠭᠤᠣᠯ ᠰᠡᠳᠦᠪ ᠢ ᠤᠬᠠᠭᠤᠯᠵᠤ᠂ ᠬᠡᠷᠡᠭᠯᠡᠭᠡᠨ ᠤ ᠡᠷᠬᠡ ᠠᠰᠢᠭ ᠢ ᠬᠠᠮᠠᠭᠠᠯᠠᠬᠤ ᠮᠡᠳᠡᠯᠭᠡ ᠶᠢ ᠲᠦᠭᠡᠮᠡᠯᠵᠢᠭᠦᠯᠬᠦ ᠶᠢᠨ ᠲᠥᠯᠥᠭᠡ᠂ 3 ᠰᠠᠷ᠎ᠠ ᠶᠢᠨ 15 ᠤ ᠡᠳᠦᠷ ᠤᠨ ᠦᠳᠡ ᠶᠢᠨ ᠡᠮᠦᠨᠡᠬᠢ 9 ᠴᠠᠭ ᠲᠤ᠂ ᠬᠤᠲᠠ ᠲᠣᠭᠤᠷᠢᠭ ᠬᠤᠶᠠᠷ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠤᠲᠠ ᠲᠣᠭᠤᠷᠢᠭ ᠬᠤᠶᠠᠷ ᠱᠠᠲᠤᠨ ᠤ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠠᠵᠢᠯ ᠤᠨ ᠬᠠᠮᠲᠤᠷᠠᠭᠰᠠᠨ ᠬᠤᠷᠠᠯ ᠤᠨ ᠪᠦᠷᠢᠯᠳᠦᠭᠦᠨ ᠨᠢᠭᠡᠴᠢ ᠶᠢ ᠵᠣᠬᠢᠶᠠᠨ ᠪᠠᠶᠢᠭᠤᠯᠵᠤ᠂ ᠵᠠᠬ᠎ᠠ ᠳᠡᠯᠭᠡᠭᠦᠷ ᠲᠤ ᠣᠷᠣᠬᠤ᠂ ᠬᠤᠳᠠᠯᠳᠤᠭᠠᠨ ᠤ ᠲᠠᠯᠠᠪᠤᠷ ᠲᠤ ᠣᠷᠣᠬᠤ᠂ ᠠᠵᠤ ᠠᠬᠤᠶᠢᠯᠠᠯ ᠳᠤ ᠣᠷᠣᠬᠤ᠂ ᠰᠤᠷᠭᠠᠭᠤᠯᠢ ᠶᠢᠨ ᠬᠦᠷᠢᠶᠡᠨ ᠳᠤ ᠣᠷᠣᠬᠤ ᠵᠡᠷᠭᠡ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠣᠯᠠᠨ ᠲᠥᠷᠥᠯ ᠤᠨ ᠰᠢᠷᠢᠰ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠪᠡ᠃ 2021 ᠣᠨ ᠳᠤ ᠪᠥᠬᠦ ᠬᠤᠲᠠ 2230 ᠵᠠᠭᠠᠯᠳᠤᠯᠭ᠎ᠠ᠂ ᠢᠯᠡᠴᠢᠯᠡᠨ ᠮᠡᠳᠡᠬᠦᠯᠦᠯᠳᠡ᠂ ᠯᠠᠪᠯᠠᠯᠳᠠ ᠶᠢ ᠭᠥᠯᠢᠶᠡᠨ ᠠᠪᠴᠤ ᠬᠡᠷᠡᠭᠯᠡᠭᠴᠢᠳ ᠲᠤ 150 ᠭᠠᠷᠤᠢ ᠲᠦᠮᠡᠨ ᠲᠥᠭᠦᠷᠢᠭ ᠤᠨ ᠠᠵᠤ ᠠᠬᠤᠢ ᠶᠢᠨ ᠬᠤᠬᠢᠷᠠᠯ ᠢ ᠡᠭᠡᠭᠦᠯᠦᠨ ᠠᠪᠴᠢᠷᠠᠪᠠ᠃
             
                                 ᠵᠤ᠋ ᠽᠢ ᠴᠧᠨ ᠰᠡᠬᠦᠳᠡᠷᠯᠡᠪᠡ
 
ᠢᠷᠡᠯᠲᠡ᠄ ᠤᠯᠠᠭᠠᠨᠴᠠᠪ ᠤᠨ ᠡᠳᠦᠷ ᠤᠨ ᠰᠤᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2