| | ᠰᠢᠨᠬᠤᠸᠠ ᠬᠤᠷᠢᠶᠠᠨ ᠤ ᠪᠡᠭᠡᠵᠢᠩ ᠤᠨ 3 ᠳ᠋ᠤᠭᠠᠷ ᠰᠠᠷ᠎ᠠ ᠶᠢᠨ 12 ᠤᠨ ᠡᠳᠦᠷ ᠤᠨ ᠴᠠᠬᠢᠯᠭᠠᠨ ᠮᠡᠳᠡᠭᠡ | ᠰᠢᠨᠬᠤᠸᠠ ᠬᠤᠷᠢᠶ᠎ᠠ ᠡᠷᠬᠡ ᠣᠯᠵᠤ 12 ᠤᠨ ᠡᠳᠦᠷ ᠶᠡᠷᠦᠩᠬᠡᠢ ᠰᠠᠶᠢᠳ ᠯᠢ ᠺᠧ ᠴᠢᠶᠠᠩ ᠤᠨ ᠲᠦᠷᠦ ᠶᠢᠨ | ᠶᠠᠪᠤᠳᠠᠯ ᠤᠨ ᠬᠤᠷᠢᠶᠠᠨ ᠤ ᠡᠮᠦᠨ᠎ᠡ ᠠᠴᠠ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠳᠡᠭᠡᠷ᠎ᠡ ᠬᠢᠭᠰᠡᠨ ︽ᠵᠠᠰᠠᠭ ᠤᠨ ᠣᠷᠳᠣᠨ ᠤ | ᠠᠵᠢᠯ ᠤᠨ ᠢᠯᠡᠳᠬᠡᠯ︾ ᠢ ᠨᠡᠪᠲᠡᠷᠡᠭᠦᠯᠪᠡ᠃ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠠᠴᠠ 3 ᠳ᠋ᠤᠭᠠᠷ ᠰᠠᠷ᠎ᠠ ᠶᠢᠨ | 11 ᠤ ᠡᠳᠦᠷ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠲᠤᠬᠠᠢ ᠰᠢᠢᠳᠪᠦᠷᠢ ᠶᠢ ᠪᠠᠲᠤᠯᠠᠵᠤ᠂ ᠲᠣᠰ | ᠢᠯᠡᠳᠬᠡᠯ ᠢ ᠵᠥᠪᠰᠢᠶᠡᠷᠡᠪᠡ᠃ | ᠢᠯᠡᠳᠬᠡᠯ ᠢ ᠭᠤᠷᠪᠠᠨ ᠬᠡᠰᠡᠭ ᠬᠤᠪᠢᠶᠠᠨ᠎ᠠ᠄ ᠨᠢᠭᠡ᠂ 2021 ᠣᠨ ᠤ ᠠᠵᠢᠯ ᠤᠨ ᠡᠷᠭᠢᠴᠡᠭᠦᠯᠦᠯ︔ ᠬᠤᠶᠠᠷ | ᠂ 2022 ᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠷᠦᠩᠬᠡᠢ ᠱᠠᠭᠠᠷᠳᠠᠯᠭ᠎ᠠ ᠪᠠ ᠲᠦᠷᠦ ᠶᠢᠨ | ᠪᠣᠳᠣᠯᠭ᠎ᠠ ᠶᠢᠨ ᠬᠠᠨᠳᠤᠰᠢ︔ ᠭᠤᠷᠪᠠ᠂ 2022 ᠣᠨ ᠤ ᠵᠠᠰᠠᠭ ᠤᠨ ᠣᠷᠳᠣᠨ ᠤ ᠠᠵᠢᠯ ᠤᠨ ᠡᠭᠦᠷᠭᠡ᠃ | ᠢᠯᠡᠳᠬᠡᠯ ᠳᠤ᠂ ᠥᠩᠭᠡᠷᠡᠭᠰᠡᠨ ᠨᠢᠭᠡ ᠵᠢᠯ ᠪᠣᠯ ᠨᠠᠮ ᠪᠣᠯᠣᠨ ᠤᠯᠤᠰ ᠤᠨ ᠲᠡᠦᠬᠡᠨ ᠳᠠᠬᠢ ᠬᠥᠰᠢᠶ᠎ᠡ | ᠳᠤᠷᠠᠰᠬᠠᠯ ᠤᠨ ᠠᠴᠢ ᠬᠤᠯᠪᠣᠭᠳᠠᠯ ᠲᠠᠢ ᠨᠢᠭᠡ ᠵᠢᠯ ᠪᠣᠯᠣᠨ᠎ᠠ᠃ ᠨᠢᠭᠡ ᠵᠢᠯ ᠤᠨ ᠲᠤᠷᠰᠢ᠂ ᠨᠠᠷᠢᠨ ᠪᠤᠳᠤᠯᠢᠶᠠᠨᠲᠠᠢ | ᠪᠥᠭᠡᠳ ᠬᠦᠨᠳᠦ ᠬᠡᠴᠡᠭᠦᠦ ᠤᠯᠤᠰ ᠤᠨ ᠳᠣᠲᠣᠭᠠᠳᠤ ᠭᠠᠳᠠᠭᠠᠳᠤ ᠶᠢᠨ ᠪᠠᠶᠢᠳᠠᠯ ᠪᠠ ᠠᠯᠢ ᠤᠯᠠᠨ ᠠᠶᠤᠯ | ᠲᠦᠭᠰᠢᠭᠦᠷᠢ ᠰᠢᠯᠭᠠᠯᠲᠠ ᠶᠢᠨ ᠡᠮᠦᠨ᠎ᠡ᠂ ᠪᠦᠬᠦ ᠤᠯᠤᠰ ᠢᠶᠠᠷ ᠢᠶᠠᠨ ᠬᠠᠮᠲᠤ ᠪᠠᠷ ᠴᠢᠷᠮᠠᠶᠢᠵᠤ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ | ᠲᠥᠯᠥᠪᠵᠢᠭᠦᠯᠦᠭᠡᠳ᠂ ᠪᠦᠬᠦ ᠵᠢᠯ ᠤᠨ ᠭᠤᠣᠯ ᠬᠠᠷᠠᠯᠲᠠ ᠡᠭᠦᠷᠭᠡ ᠪᠠᠨ ᠨᠡᠯᠢᠶᠡᠳ ᠰᠠᠶᠢᠨ ᠪᠡᠶᠡᠯᠡᠭᠦᠯᠵᠦ᠂ ︽ | ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ︾ ᠰᠠᠶᠢᠨ ᠡᠬᠢᠯᠡᠯᠲᠡ ᠲᠠᠢ ᠪᠣᠯᠵᠤ᠂ ᠮᠠᠨ ᠤ ᠤᠯᠤᠰ ᠤᠨ | ᠬᠥᠭᠵᠢᠯᠲᠡ ᠮᠥᠨ ᠬᠦ ᠴᠢᠬᠤᠯᠠ ᠶᠡᠭᠡ ᠰᠢᠨ᠎ᠡ ᠠᠮᠵᠢᠯᠲᠠ ᠣᠯᠵᠠᠢ᠃ | ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ᠂ ᠡᠨᠡ ᠵᠢᠯ ᠤᠨ ᠬᠥᠭᠵᠢᠯᠲᠡ ᠶᠢᠨ ᠭᠤᠣᠯ ᠵᠢᠱᠢᠭᠰᠡᠨ | ᠬᠠᠷᠠᠯᠲᠠ ᠪᠣᠯ᠄ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠪᠦᠬᠦ ᠦᠷᠳᠡᠭ ᠢ 5.5% ᠣᠷᠴᠢᠮ ᠢᠶᠠᠷ | ᠨᠡᠮᠡᠭᠳᠡᠭᠦᠯᠦᠨ᠎ᠡ︔ ᠬᠤᠲᠠ ᠪᠠᠯᠭᠠᠰᠤᠨ ᠤ 1100 ᠲᠦᠮᠡ ᠠᠴᠠ ᠳᠡᠭᠡᠭᠰᠢ ᠬᠥᠮᠥᠨ ᠳᠤ ᠰᠢᠨ᠎ᠡ ᠪᠠᠷ | ᠠᠵᠢᠯ ᠣᠯᠭᠤᠵᠤ᠂ ᠬᠤᠲᠠ ᠪᠠᠯᠭᠠᠰᠤᠨ ᠤ ᠪᠠᠶᠢᠴᠠᠭᠠᠯᠲᠠ ᠬᠢᠭᠰᠡᠨ ᠠᠵᠢᠯ ᠠᠯᠳᠠᠯᠲᠠ ᠶᠢᠨ ᠨᠤᠷᠮ᠎ᠠ ᠶᠢ ᠪᠦᠬᠦ | ᠵᠢᠯ ᠳᠤ 5.5% ᠶᠢᠨ ᠳᠣᠲᠣᠷ᠎ᠠ ᠬᠢᠵᠠᠭᠠᠷᠯᠠᠨ᠎ᠠ︔ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠶᠢ 3% | ᠣᠷᠴᠢᠮ ᠥᠰᠬᠡᠨ᠎ᠡ︔ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠵᠤ ᠠᠬᠤᠢ ᠶᠢᠨ ᠨᠡᠮᠡᠭᠳᠡᠯ ᠲᠠᠢ | ᠦᠨᠳᠦᠰᠦᠨ ᠳᠤ ᠪᠠᠨ ᠵᠡᠷᠭᠡᠴᠡᠭᠦᠯᠦᠨ᠎ᠡ︔ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠲᠣᠭᠲᠠᠭᠤᠨ ᠢ ᠪᠠᠲᠤᠯᠠᠵᠤ | ᠶᠠᠰᠤ ᠴᠢᠨᠠᠷ ᠢ ᠳᠡᠭᠡᠭᠰᠢᠯᠡᠭᠦᠯᠵᠦ᠂ ᠣᠯᠠᠨ ᠤᠯᠤᠰ ᠤᠨ ᠣᠷᠣᠯᠭ᠎ᠠ ᠵᠠᠷᠤᠯᠭ᠎ᠠ ᠶᠢ ᠦᠨᠳᠦᠰᠦᠨ ᠳᠤ ᠪᠠᠨ | ᠲᠡᠩᠴᠡᠭᠦᠷᠢᠰᠢᠭᠦᠯᠦᠨ᠎ᠡ︔ ᠠᠮᠤ ᠪᠤᠳᠠᠭᠠᠨ ᠤ ᠤᠨᠠᠯᠲᠠ ᠶᠢ 1.3 ᠲᠦᠮᠡ ᠭᠠᠷᠤᠢ ᠳ᠋ᠦᠩᠰᠢᠭᠤᠷ ᠵᠢᠩ ᠳᠤ ᠬᠦᠷᠭᠡᠨ᠎ᠡ | ︔ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠵᠤ᠂ ᠭᠤᠣᠯ ᠪᠣᠯᠬᠤ | ᠪᠣᠬᠢᠷᠳᠤᠯ ᠪᠣᠳᠠᠰ ᠤᠨ ᠭᠠᠳᠠᠭᠰᠢᠯᠠᠭᠤᠯᠬᠤ ᠬᠡᠮᠵᠢᠶ᠎ᠡ ᠶᠢ ᠦᠷᠭᠦᠯᠵᠢᠯᠡᠨ ᠳᠣᠷᠣᠭᠰᠢᠯᠠᠭᠤᠯᠤᠨ᠎ᠠ︔ ᠡᠨᠧᠷᠭᠢ ᠶᠢᠨ | ᠬᠤᠷᠣᠭᠳᠠᠭᠤᠯᠤᠯ ᠤᠨ ᠬᠦᠴᠦᠯᠡᠴᠡ ᠶᠢᠨ ᠬᠠᠷᠠᠯᠲᠠ ᠶᠢ ︽ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠦᠪᠵᠢᠭᠦᠯᠭᠡ︾ ᠶᠢᠨ ᠬᠤᠭᠤᠴᠠᠭᠠᠨ ᠳᠤ ᠨᠢᠭᠡᠳᠦᠯᠲᠡᠢ ᠲᠥᠯᠥᠪᠵᠢᠭᠦᠯᠦᠨ ᠬᠢᠨᠠᠨ ᠰᠢᠯᠭᠠᠬᠤ ᠶᠢᠨ ᠬᠠᠮᠲᠤ | ᠵᠣᠬᠢᠬᠤ ᠬᠠᠷᠢᠮᠠᠬᠠᠢ ᠴᠢᠨᠠᠷᠲᠠᠢ ᠪᠠᠶᠢᠯᠭᠠᠵᠤ᠂ ᠰᠢᠨ᠎ᠡ ᠪᠠᠷ ᠨᠡᠮᠡᠭᠳᠡᠭᠰᠡᠨ ᠡᠭᠦᠰᠦᠮᠡᠯ ᠡᠨᠧᠷᠭᠢ ᠶᠢᠨ ᠰᠤᠷᠪᠤᠯᠵᠢ ᠪᠠ | ᠲᠦᠭᠦᠬᠡᠢ ᠮᠠᠲ᠋ᠧᠷᠢᠶᠠᠯ ᠤᠨ ᠬᠡᠷᠡᠭᠯᠡᠬᠦ ᠡᠨᠧᠷᠭᠢ ᠶᠢ ᠡᠨᠧᠷᠭᠢ ᠶᠢᠨ ᠰᠤᠷᠪᠤᠯᠵᠢ ᠶᠢᠨ ᠬᠡᠷᠡᠭᠯᠡᠭᠡᠨ ᠤ ᠶᠡᠷᠦᠩᠬᠡᠢ | ᠬᠡᠮᠵᠢᠶ᠎ᠡ ᠶᠢᠨ ᠬᠢᠵᠠᠭᠠᠷᠯᠠᠯ ᠳᠤ ᠣᠷᠣᠭᠤᠯᠬᠤ ᠦᠭᠡᠢ᠃ | ᠢᠯᠡᠳᠬᠡᠯ ᠳᠤ ᠵᠢᠭᠠᠵᠤ ᠭᠠᠷᠭᠠᠭᠰᠠᠨ ᠨᠢ᠂ ᠡᠨᠡ ᠵᠢᠯ ᠬᠤᠷᠸ᠎ᠠ ᠠᠵᠤ ᠠᠬᠤᠢ ᠶᠢᠨ ᠶᠡᠭᠡ ᠪᠠᠶᠢᠳᠠᠯ ᠢ | ᠬᠦᠴᠦᠯᠡᠨ ᠲᠣᠭᠲᠠᠪᠤᠷᠢᠵᠢᠭᠤᠯᠵᠤ᠂ ᠠᠵᠤ ᠠᠬᠤᠢ ᠶᠢᠨ ᠠᠵᠢᠯᠯᠠᠭᠠᠨ ᠢ ᠵᠦᠢ ᠵᠣᠬᠢᠰᠲᠠᠢ ᠣᠷᠣᠨ ᠵᠠᠢ ᠳᠤ | ᠪᠠᠶᠢᠯᠭᠠᠨ᠎ᠠ︔ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠲᠣᠭᠲᠠᠪᠤᠷᠢᠵᠢᠭᠤᠯᠤᠨ ᠠᠵᠢᠯ ᠣᠯᠭᠤᠯᠲᠠ ᠶᠢ ᠪᠠᠲᠤᠯᠠᠬᠤ | ᠲᠠᠯ᠎ᠠ ᠪᠠᠷ ᠬᠦᠴᠦᠯᠡᠨ᠂ ᠬᠤᠷᠸ᠎ᠠ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠤᠨ᠎ᠠ︔ | ᠥᠭᠡᠷᠡᠴᠢᠯᠡᠯᠲᠡ ᠶᠢ ᠭᠤᠶᠢᠪᠢᠰᠢ ᠦᠭᠡᠢ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ | ᠪᠣᠯᠣᠨ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠨᠡᠩ ᠶᠡᠭᠡ ᠪᠠᠷ ᠬᠥᠭᠵᠢᠭᠡᠨ᠎ᠡ︔ ᠰᠢᠨ᠎ᠡ ᠶᠢ | ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠭᠰᠠᠨ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ | ᠪᠣᠳᠠᠲᠤ ᠴᠣᠭᠴᠠᠲᠤ ᠠᠵᠤ ᠠᠬᠤᠢ ᠶᠢᠨ ᠰᠠᠭᠤᠷᠢ ᠶᠢ ᠪᠠᠬᠢᠵᠢᠭᠦᠯᠦᠨ ᠪᠤᠵᠠᠭᠠᠶᠢᠷᠠᠭᠤᠯᠤᠨ᠎ᠠ︔ ᠳᠣᠲᠣᠭᠠᠳᠤ | ᠬᠡᠷᠡᠭᠴᠡᠭᠡ ᠶᠢ ᠥᠷᠭᠡᠳᠬᠡᠬᠦ ᠪᠠᠶᠢᠯᠳᠤᠬᠤ ᠪᠣᠳᠣᠯᠭ᠎ᠠ ᠶᠢ ᠡᠷᠡᠰ ᠬᠡᠷᠡᠭᠵᠢᠭᠦᠯᠵᠦ᠂ ᠣᠷᠣᠨ ᠪᠦᠰᠡ ᠶᠢᠨ ᠵᠣᠬᠢᠴᠠᠩᠭᠤᠢ | ᠬᠥᠭᠵᠢᠯᠲᠡ ᠪᠠ ᠰᠢᠨ᠎ᠡ ᠮᠠᠶ᠋ᠢᠭ ᠤᠨ ᠬᠤᠳᠠ ᠪᠠᠯᠭᠠᠰᠤᠵᠢᠯᠲᠠ ᠶᠢ ᠠᠬᠢᠭᠤᠯᠤᠨ᠎ᠠ︔ ᠬᠥᠳᠡᠭᠡ ᠠᠵᠤ ᠠᠬᠤᠢ ᠶᠢᠨ | ᠦᠢᠯᠡᠳᠪᠦᠷᠢᠯᠡᠯ ᠢ ᠶᠡᠭᠡ ᠪᠠᠷ ᠠᠳᠬᠤᠵᠤ᠂ ᠬᠥᠳᠡᠭᠡ ᠲᠣᠰᠬᠤᠨ ᠤ ᠪᠦᠬᠦ ᠲᠠᠯ᠎ᠠ ᠶᠢᠨ ᠬᠥᠭᠵᠢᠯ ᠮᠠᠨᠳᠤᠯ ᠢ | ᠠᠬᠢᠭᠤᠯᠤᠨ᠎ᠠ︔ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠵᠦ᠂ ᠭᠠᠳᠠᠭᠠᠳᠤ ᠠᠷᠠᠯᠵᠢᠶ᠎ᠠ | ᠭᠠᠳᠠᠭᠠᠳᠤ ᠪᠡᠯᠡ ᠶᠢᠨ ᠲᠣᠭᠲᠠᠭᠤᠨ ᠢᠶᠠᠷ ᠬᠥᠭᠵᠢᠬᠦ ᠶᠢ ᠠᠬᠢᠭᠤᠯᠤᠨ᠎ᠠ︔ ᠠᠮᠢ ᠠᠬᠤᠢ ᠣᠷᠴᠢᠨ ᠲᠣᠭᠤᠷᠢᠨ ᠢ | ᠦᠷᠭᠦᠯᠵᠢᠯᠡᠨ ᠰᠠᠶᠢᠵᠢᠷᠠᠭᠤᠯᠵᠤ᠂ ᠪᠣᠬᠢᠷᠳᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ | ᠠᠬᠢᠭᠤᠯᠤᠨ᠎ᠠ︔ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠨ ᠰᠠᠶᠢᠵᠢᠷᠠᠭᠤᠯᠵᠤ᠂ ᠨᠡᠶᠢᠭᠡᠮ ᠤᠨ ᠵᠠᠰᠠᠯᠲᠠ ᠶᠢ | ᠴᠢᠩᠭᠠᠳᠬᠠᠵᠤ ᠨᠡᠶᠢᠭᠡᠮ ᠤᠨ ᠵᠠᠰᠠᠯᠲᠠ ᠳᠤ ᠰᠢᠨ᠎ᠡ ᠶᠢ ᠡᠭᠦᠳᠦᠨ᠎ᠡ ᠭᠡᠵᠡᠢ᠃ | | |