ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠵᠢᠴᠢ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ ᠪᠥᠬᠦ ᠤᠯᠤᠰ ᠤᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2022/3/16
     3 ᠰᠠᠷ᠎ᠠ ᠶᠢᠨ 15 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠰᠦᠶ ᠸᠧᠶ ᠵᠢᠶᠦ᠋ᠨ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠵᠢᠴᠢ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠤᠯᠤᠰ ᠤᠨ ︽ᠬᠤᠶᠠᠷ ᠬᠤᠷᠠᠯ︾ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠺᠠᠳ᠋ᠷᠴᠤᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠪᠦᠬᠦ ᠬᠤᠳᠠ ᠪᠠᠷ ᠢᠶᠠᠨ ᠶᠡᠷᠦᠩᠬᠡᠢ ᠱᠦᠵᠢ ᠰᠢ ᠶᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠤᠢᠢᠯᠠᠭᠠᠨ ᠣᠨᠣᠪᠴᠢᠲᠠᠢ ᠡᠵᠡᠮᠰᠢᠬᠦ ᠬᠡᠷᠡᠭᠲᠡᠢ᠃ ︽ᠲᠠᠪᠤᠨ ᠵᠠᠪᠠᠯ ᠶᠠᠪᠤᠬᠤ ᠵᠠᠮ︾ ᠤᠨ ᠴᠢᠬᠤᠯᠠ ᠲᠠᠨᠢᠯᠲᠠ ᠶᠢ ᠭᠦᠨᠵᠡᠭᠡᠢ ᠣᠶᠢᠯᠠᠭᠠᠵᠤ᠂ ᠪᠠᠭ᠎ᠠ ᠠᠴᠠ ᠶᠡᠭᠡ ᠶᠢ ᠣᠯᠵᠤ ᠮᠡᠳᠡᠬᠦ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠰᠢᠮᠳᠠᠨ ᠰᠤᠷᠤᠯᠴᠠᠵᠤ ᠴᠢᠳᠠᠮᠠᠭᠠᠢ ᠰᠡᠳᠬᠢᠬᠦ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠬᠠᠷᠰᠢ ᠰᠠᠭᠠᠳ ᠢ ᠢᠯᠠᠨ ᠳᠠᠪᠠᠵᠤ ᠪᠣᠭᠤᠮᠲᠠ ᠰᠢᠪᠲᠤᠯᠬᠤ ᠤᠯᠤᠰ ᠲᠦᠷᠦ ᠶᠢᠨ ᠬᠡᠷᠡᠭᠵᠢᠭᠦᠯᠬᠦ ᠬᠦᠴᠦᠨ ᠢ ᠲᠠᠰᠤᠷᠠᠯᠲᠠ ᠦᠭᠡᠢ ᠴᠢᠩᠭᠠᠳᠬᠠᠵᠤ᠂ ︽ᠲᠦᠷᠪᠡᠨ ᠤᠬᠠᠮᠰᠠᠷ︾ ᠢ ᠦᠨᠡᠨᠬᠦ ᠴᠢᠩᠭᠠᠳᠬᠠᠵᠤ᠂ ︽ᠲᠦᠷᠪᠡᠨ ᠢᠲᠡᠭᠡᠯ︾ ᠢ ᠪᠠᠲᠤᠳᠬᠠᠵᠤ᠂ ︽ᠬᠤᠶᠠᠷ ᠢ ᠲᠣᠭᠲᠠᠭᠠᠬᠤ︾ ᠶᠢ ᠦᠨᠡᠨᠴᠢ ᠪᠠᠷ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ᠃ ᠲᠥᠪ ᠭᠤᠣᠯᠴᠢ ᠪᠠᠷ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠪᠠᠶᠢᠯᠳᠤᠬᠤ ᠪᠤᠳᠤᠯᠭ᠎ᠠ ᠶᠢᠨ ᠲᠣᠭᠲᠠᠯ ᠬᠦᠴᠦᠨ ᠢ ᠪᠠᠲᠤᠯᠠᠵᠤ᠂ ᠵᠣᠷᠢᠭᠲᠠᠢ ᠪᠠᠷ ᠲᠡᠮᠡᠴᠡᠯ ᠥᠷᠨᠢᠭᠦᠯᠵᠦ᠂ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠦᠢᠯᠡᠳᠦᠯᠭᠡ ᠪᠠᠨ ᠵᠢᠯᠤᠭᠤᠳᠤᠭᠤᠯᠵᠤ᠂ ᠠᠵᠢᠯ ᠢᠶᠠᠨ ᠠᠬᠢᠭᠤᠯᠬᠤ ᠬᠡᠷᠡᠭᠲᠡᠢ᠃ ᠬᠤᠷᠢᠭ᠎ᠠ ᠱᠤᠭᠤᠮ ᠤᠨ ᠰᠡᠳᠬᠢᠬᠦᠢ᠂ ᠲᠦᠭᠰᠢᠭᠦᠷᠢ ᠶᠢᠨ ᠤᠬᠠᠮᠰᠠᠷ ᠢ ᠪᠤᠢ ᠪᠣᠯᠭᠠᠵᠤ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠰᠠᠶᠢᠲᠤᠷ ᠵᠠᠮᠨᠠᠬᠤ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠪᠦᠬᠦ ᠤᠯᠤᠰ ᠤᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠭᠦᠨᠵᠡᠭᠡᠢ   ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠲᠣᠭᠲᠠᠭᠤᠨ‌‍ᠪᠠᠶᠢᠯᠭᠠᠬᠤ ᠶᠢ ᠲᠡᠷᠢᠭᠦᠨ ᠳᠤ ᠲᠠᠯᠪᠢᠬᠤ᠂ ᠲᠣᠭᠲᠠᠭᠤᠨ ᠤ ᠳᠠᠭᠠᠤ ᠤᠷᠤᠭᠰᠢᠯᠠᠬᠤ᠂ ᠤᠷᠤᠭᠰᠢᠯᠠᠬᠤ ᠶᠢᠨ ᠳᠠᠭᠠᠤ  ᠰᠢᠯᠢᠳᠡᠭᠵᠢᠭᠦᠯᠬᠦ ᠶᠢ ᠪᠠᠷᠢᠮᠲᠠᠯᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠲᠣᠭᠲᠠᠪᠤᠷᠢᠵᠢᠭᠤᠯᠬᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠠᠳᠬᠤᠬᠤ᠂ ᠬᠡᠷᠡᠭᠯᠡᠭᠡᠨ ᠤ ᠳᠤᠲᠠᠭᠤᠳᠠᠯ ᠢ ᠨᠥᠬᠦᠪᠥᠷᠢᠯᠡᠬᠦ᠂ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠰᠢᠨ᠎ᠡ ᠡᠨᠧᠷᠭᠢ ᠶᠢᠨ ᠳᠠᠪᠠᠭᠤᠯᠢᠭ ᠢ ᠲᠠᠰᠤᠷᠠᠯᠲᠠ ᠦᠭᠡᠢ ᠬᠤᠪᠢᠷᠠᠭᠤᠯᠤᠨ ᠶᠡᠬᠡᠰᠬᠡᠵᠦ᠂ ︽ᠬᠤᠶᠠᠷ ᠶᠡᠬᠡᠲᠡᠢ︾ ᠪᠠᠶᠢᠬᠤ ᠲᠦᠷᠦᠯ ᠵᠦᠢᠯ ᠤᠨ ᠳᠣᠣᠷ᠎ᠠ ᠲᠦᠪᠰᠢᠨ ᠳᠤ ᠰᠣᠬᠤᠷ ᠪᠠᠯᠠᠢ ᠪᠠᠷ ᠬᠥᠭᠵᠢᠭᠦᠯᠬᠦ ᠶᠢ ᠡᠷᠡᠰ ᠬᠤᠷᠢᠭᠯᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠦᠬᠦ ᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠡᠷᠡᠰ ᠭᠤᠶᠢᠪᠢᠰᠢ ᠦᠭᠡᠢ ᠠᠬᠢᠭᠤᠯᠬᠤ ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠥᠨᠳᠥᠷ ᠪᠠᠷᠢᠮᠵᠢᠶ᠎ᠠ ᠪᠠᠷ ᠪᠠᠬᠢᠵᠢᠭᠦᠯᠵᠦ᠂ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠶᠢ ᠥᠨᠳᠥᠷ ᠶᠠᠰᠤ ᠴᠢᠨᠠᠷᠲᠠᠢ ᠪᠠᠷ ᠠᠬᠢᠭᠤᠯᠵᠤ᠂ ᠮᠠᠯ ᠠᠵᠤ ᠠᠬᠤᠢ ᠲᠠᠷᠢᠶᠠᠯᠠᠩ ᠤᠨ ᠬᠥᠭᠵᠢᠯᠲᠡ ᠶᠢ ᠥᠨᠳᠥᠷ ᠶᠠᠰᠤ ᠴᠢᠨᠠᠷᠲᠠᠢ ᠪᠠᠷ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠨᠡᠬᠦ ᠲᠤᠮᠤ ᠶᠠᠪᠤᠳᠠᠯ ᠢ ᠦᠨᠡᠨᠬᠦ ᠰᠠᠶᠢᠲᠤᠷ ᠬᠢᠬᠦ ᠬᠡᠷᠡᠭᠲᠡᠢ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠶᠢ ᠲᠦᠷᠭᠡᠳᠬᠡᠨ ᠬᠡᠷᠡᠭᠵᠢᠭᠦᠯᠵᠦ᠂ ᠪᠦᠲᠦᠮᠵᠢᠲᠡᠢ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠠᠤᠯᠢᠵᠢᠯ ᠤᠨ ᠡᠵᠡᠩᠨᠡᠯᠲᠡ ᠶᠢᠨ ᠣᠷᠴᠢᠨ ᠲᠣᠭᠤᠷᠢᠨ ᠢ ᠪᠤᠢ ᠪᠣᠯᠭᠠᠵᠤ᠂ ᠡᠵᠡᠩᠨᠡᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠠᠯ᠎ᠠ ᠪᠠᠷ ᠦᠷᠭᠦᠯᠵᠢᠯᠡᠨ ᠦᠨᠡᠨᠬᠦ ᠬᠦᠴᠦ ᠣᠷᠣᠭᠤᠯᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠭᠤᠣᠯ ᠰᠢᠵᠢᠮ ᠪᠣᠯᠭᠠᠵᠤ᠂ ︽ᠬᠡᠯᠪᠡᠷᠢᠲᠡᠢ᠂ ᠲᠦᠷᠦᠭᠳᠡᠯ ᠲᠠᠢ᠂ ᠪᠦᠲᠦᠮᠵᠢᠲᠡᠢ︾ ᠪᠠᠶᠢᠬᠤ ᠶᠢ ᠲᠤᠪᠤᠶᠢᠯᠭᠠᠵᠦ᠂ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠦᠪᠰᠢᠨ ᠢ ᠲᠠᠰᠤᠷᠠᠯᠳᠡ ᠦᠭᠡᠢ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠠᠬᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠯᠬᠠᠪᠴᠢ ᠶᠢ ᠪᠦᠬᠦ ᠬᠦᠴᠦᠨ ᠢᠶᠠᠷ ᠢᠶᠠᠨ ᠪᠠᠶᠢᠭᠤᠯᠵᠤ᠂ ᠠᠷᠠᠳ ᠤᠨ ᠠᠮᠢᠳᠤᠷᠠᠯ ᠢ ᠪᠠᠲᠤᠯᠠᠬᠤ ᠪᠠ ᠰᠠᠶᠢᠵᠢᠷᠠᠭᠤᠯᠬᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠤᠷ ᠢ ᠬᠠᠮᠠᠭᠠᠯᠠᠬᠤ ᠵᠡᠷᠭᠡ ᠠᠵᠢᠯ ᠢ ᠦᠨᠡᠨᠬᠦ ᠰᠠᠶᠢᠲᠤᠷ ᠬᠢᠬᠦ ᠬᠡᠷᠡᠭᠲᠡᠢ᠃ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠴᠢᠩᠭ᠎ᠠ ᠪᠠᠶᠢᠬᠤ ᠶᠢ ᠲᠡᠷᠢᠭᠦᠨ ᠳᠤ ᠲᠠᠯᠪᠢᠵᠤ᠂ ᠡᠴᠦᠰ ᠲᠤᠨᠢ ᠲᠤᠯᠲᠠᠯ᠎ᠠ ᠴᠢᠩᠭ᠎ᠠ ᠪᠠᠶᠢᠬᠤ ᠶᠢ ᠪᠠᠷᠢᠮᠲᠠᠯᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ ᠪᠠᠰᠠ  ᠳᠠᠭ᠎ᠠ ᠶᠢᠨ ᠨᠠᠭᠤᠷ ᠤᠨ ᠤᠰᠤᠨ ᠤ ᠠᠮᠢ ᠠᠬᠤᠢ ᠶᠢ ᠶᠡᠷᠦᠩᠬᠡᠶᠢᠯᠡᠨ ᠵᠠᠰᠠᠬᠤ᠂ ᠴᠠᠭᠠᠨᠨᠠᠭᠤᠷ ᠤᠨ ᠠᠮᠢ ᠠᠬᠤᠢ ᠶᠢ ᠬᠠᠮᠠᠭᠠᠯᠠᠬᠤ ᠪᠠ ᠵᠠᠰᠠᠨ ᠰᠡᠷᠭᠦᠭᠡᠬᠦ ᠠᠵᠢᠯ ᠤᠨ ᠲᠤᠬᠠᠢ ᠪᠣᠳᠠᠲᠠᠢ ᠪᠠᠶᠢᠷᠢᠯᠠᠭᠤᠯᠤᠯᠲᠠ ᠬᠢᠵᠡᠢ᠃            
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2