| ᠵᠢᠯ ᠤᠨ ᠠᠵᠢᠯ ᠬᠠᠪᠤᠷ ᠲᠠᠭᠠᠨ᠃ ᠣᠳᠣᠬᠠᠨ ᠳᠤ ᠹᠧᠩᠵᠧᠨ ᠬᠤᠳᠠ ᠶᠢᠨ ᠬᠠᠪᠤᠷ ᠤᠨ ᠤᠯᠠᠷᠢᠯ ᠤᠨ | ᠲᠠᠷᠢᠶᠠᠯᠠᠩ ᠤᠨ ᠦᠢᠯᠡᠳᠪᠦᠷᠢᠯᠡᠯ ᠤᠨ ᠠᠵᠢᠯ ᠨᠢᠭᠡᠨᠲᠡ ᠠᠯᠬᠤᠮ ᠠᠯᠬᠤᠮ ᠢᠶᠠᠷ ᠥᠷᠨᠢᠵᠦ᠂ ᠪᠦᠬᠦ ᠬᠤᠳᠠ ᠶᠢᠨ | ᠡᠯ᠎ᠡ ᠰᠢᠶᠠᠩ ᠪᠠᠯᠭᠠᠰᠤ᠂ ᠲᠠᠷᠢᠶᠠᠯᠠᠩ ᠳᠤ ᠬᠤᠯᠪᠣᠭᠳᠠᠬᠤ ᠡᠯ᠎ᠡ ᠰᠠᠯᠠᠭ᠎ᠠ ᠮᠥᠴᠢᠷ ᠤᠳ ᠦᠳᠲᠡᠷ ᠲᠦᠷᠭᠡᠨ | ᠬᠥᠳᠡᠯᠦᠯᠴᠡᠵᠦ᠂ ᠬᠢᠮᠢ ᠶᠢᠨ ᠪᠤᠷᠳᠤᠭᠤᠷ᠂ ᠰᠦᠯᠢᠶᠣᠣ ᠪᠦᠷᠬᠦᠪᠴᠢ᠂ ᠲᠠᠷᠢᠶᠠᠨ ᠡᠮ᠂ ᠦᠷ᠎ᠡ ᠵᠡᠷᠭᠡ | ᠦᠢᠯᠡᠳᠪᠦᠷᠢᠯᠡᠯ ᠤᠨ ᠬᠡᠷᠡᠭᠰᠡᠯ ᠢ ᠢᠳᠡᠪᠬᠢᠲᠡᠶ ᠪᠠᠷ ᠨᠥᠭᠡᠴᠡᠯᠡᠨ ᠲᠣᠬᠢᠷᠠᠭᠤᠯᠤᠨ ᠵᠥᠭᠡᠭᠡᠪᠦᠷᠢᠯᠡᠵᠦ᠂ ᠬᠠᠪᠤᠷ ᠤᠨ | ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ ᠪᠠᠶᠢᠨ᠎ᠠ᠃ | ᠹᠧᠩᠵᠧᠨ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠤᠨ 3 ᠰᠠᠷ᠎ᠠ ᠶᠢᠨ 10 ᠤ | ᠡᠳᠦᠷ ᠤᠨ ᠪᠦᠷᠢᠳᠬᠡᠯ ᠢ ᠦᠨᠳᠦᠰᠦᠯᠡᠪᠡᠯ᠂ ᠡᠨᠡ ᠵᠢᠯ ᠪᠥᠬᠦ ᠬᠤᠲᠠ ᠶᠢᠨ ᠲᠠᠷᠢᠮᠠᠯ ᠳᠠᠷᠢᠬᠤ ᠲᠠᠯᠠᠪᠠᠶ ᠵᠢᠱᠢᠯᠲᠡ ᠪᠠᠷ | 86 ᠲᠦᠮᠡᠨ ᠮᠥ ᠳᠤ ᠬᠦᠷᠴᠦ᠂ ᠨᠢᠳᠤᠨᠤᠨ ᠤ ᠬᠢ ᠲᠠᠢ ᠠᠳᠠᠯᠢ ᠪᠣᠯᠵᠠᠶ᠂ ᠡᠭᠦᠨ ᠳᠤ᠄ ᠠᠮᠤ ᠪᠤᠳᠠᠭᠠᠨ ᠤ ᠲᠠᠷᠢᠮᠠᠯ | ᠳᠠᠷᠢᠬᠤ ᠲᠠᠯᠠᠪᠠᠶ 75 ᠲᠦᠮᠡᠨ ᠮᠥ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.67% ᠪᠠᠷ ᠨᠡᠮᠡᠭᠳᠡᠪᠡ︔ | ᠠᠵᠤ ᠠᠬᠤᠶ ᠶᠢᠨ ᠲᠠᠷᠢᠮᠠᠯ ᠳᠠᠷᠢᠬᠤ ᠲᠠᠯᠠᠪᠠᠶ 11 ᠲᠦᠮᠡᠨ ᠮᠥ ᠳᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 4.3% ᠪᠠᠷ ᠪᠠᠭᠠᠰᠴᠤ᠂ ᠠᠮᠤ ᠪᠤᠳᠠᠭᠠᠨ ᠤ ᠤᠨᠠᠯᠲᠠ ᠵᠢᠱᠢᠯᠲᠡ ᠪᠠᠷ 2.6 | ᠳ᠋ᠦᠩᠰᠢᠭᠤᠷ ᠵᠢᠩ ᠠᠴᠠ ᠳᠡᠭᠡᠭᠰᠢ ᠳᠤ ᠬᠦᠷᠬᠦ ᠪᠣᠯᠤᠨ᠎ᠠ᠃ ᠣᠳᠣᠬᠠᠨ ᠳᠤ᠂ ᠪᠥᠬᠦ ᠬᠤᠲᠠ ᠳᠤ ᠨᠢᠭᠡᠨᠲᠡ 3792 | ᠲᠣᠨ ᠡᠯ᠎ᠡ ᠲᠥᠷᠥᠯ ᠤᠨ ᠪᠣᠷᠲᠣᠭᠤᠷ᠂ 4528 ᠲᠣᠨ ᠦᠷ᠎ᠡ᠂ 789 ᠲᠣᠨ ᠰᠦᠯᠢᠶᠣᠣ ᠪᠦᠷᠬᠦᠪᠴᠢ᠂ 4 | ᠲᠣᠨ ᠲᠠᠷᠢᠶᠠᠨ ᠡᠮ ᠪᠡᠯᠡᠳᠬᠡᠵᠦ᠂ ᠲᠣᠰ ᠲᠣᠰ ᠪᠥᠬᠦ ᠵᠢᠯ ᠤᠨ ᠬᠡᠷᠡᠭᠯᠡᠬᠦ ᠪᠠᠷ ᠲᠥᠯᠥᠪᠯᠡᠭᠰᠡᠨ ᠬᠡᠮᠵᠢᠶ᠎ᠡ ᠶᠢᠨ | 40%᠂ 55%᠂ 30% ᠪᠠ 9.6% ᠶᠢ ᠡᠵᠡᠯᠡᠵᠦ᠂ ᠪᠥᠬᠦ ᠬᠤᠲᠠ ᠶᠢᠨ ᠬᠠᠪᠤᠷ ᠤᠨ ᠲᠠᠷᠢᠶᠠᠯᠠᠭ᠎ᠠ ᠶᠢᠨ | ᠡᠮᠬᠢ ᠵᠢᠷᠤᠮ ᠲᠠᠢ ᠶᠠᠪᠤᠭᠳᠠᠬᠤ ᠶᠢ ᠦᠨᠡᠨ ᠬᠦ ᠪᠠᠲᠤᠯᠠᠵᠤ ᠳᠡᠶᠢᠯᠦᠨ᠎ᠡ᠃ | | ᠣᠷᠴᠢᠭᠤᠯᠤᠭᠴᠢ᠄ ᠤᠳᠠ | ᠬᠢᠨᠠᠭᠴᠢ᠄ ᠠᠷᠢᠭᠤᠨ |