ᠯᠢᠶᠠᠩᠴᠧᠩ ᠰᠢᠶᠠᠨ ᠤ 5.5 ᠲᠦᠮᠡᠨ ᠮᠥ ᠬᠠᠭᠤᠷᠠᠶ ᠲᠠᠷᠢᠶᠠᠯᠠᠭ᠎ᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠤᠨ ᠪᠠᠷᠢᠯᠭ᠎ᠠ ᠡᠬᠢᠯᠡᠪᠡ
ᠨᠡᠶᠢᠲᠡᠯᠡᠭᠰᠡᠨ ᠴᠠᠭ᠄
2022/3/16
     ᠣᠶᠢᠷ᠎ᠠ ᠳᠤ᠂ ᠯᠢᠶᠠᠩᠴᠧᠩ ᠰᠢᠶᠠᠨ ᠤ ᠬᠠᠭᠤᠷᠠᠶ ᠲᠠᠷᠢᠶᠠᠯᠠᠭ᠎ᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠠᠵᠢᠯ ᠡᠬᠢᠯᠡᠪᠡ᠃ ᠲᠦᠷᠦᠯ ᠵᠦᠢᠯ ᠨᠢ ᠪᠦᠬᠦ ᠰᠢᠶᠠᠨ ᠤ 6 ᠰᠢᠶᠠᠩ ᠪᠠᠯᠭᠠᠰᠤ ᠳᠤ ᠲᠠᠷᠬᠠᠵᠤ᠂ 27 ᠵᠠᠰᠠᠭ ᠵᠠᠬᠢᠷᠭᠠᠨ ᠤ ᠲᠣᠰᠬᠤᠨ᠂ 65 ᠠᠶᠢᠯ ᠲᠣᠰᠬᠤᠨ ᠳᠤ ᠬᠤᠯᠪᠣᠭᠳᠠᠵᠤ᠂ ᠶᠡᠷᠦᠩᠬᠡᠢ ᠪᠡᠯᠡ ᠣᠷᠣᠭᠤᠯᠤᠯᠲᠠ ᠨᠢ 6600 ᠲᠦᠮᠡᠨ ᠲᠥᠭᠦᠷᠢᠭ ᠲᠤ ᠬᠦᠷᠴᠦ᠂ ᠰᠢᠨ᠎ᠡ ᠪᠠᠷ ᠪᠠᠶᠢᠭᠤᠯᠤᠭᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ 5.5 ᠲᠦᠮᠡᠨ ᠮᠦ ᠪᠠᠶᠢᠵᠤ᠂ 4 ᠰᠠᠷ᠎ᠠ ᠶᠢᠨ ᠰᠡᠭᠦᠯᠴᠢ ᠪᠠᠷ ᠲᠦᠷᠦᠯ ᠵᠦᠢᠯ ᠢ ᠳᠠᠭᠤᠰᠬᠠᠬᠤ ᠪᠠᠷ ᠵᠢᠱᠢᠵᠦ᠂ ᠪᠠᠶᠢᠭᠤᠯᠵᠤ ᠳᠠᠭᠤᠰᠤᠭᠰᠠᠨ ᠤ ᠳᠠᠷᠠᠭ᠎ᠠ ᠬᠥᠳᠡᠭᠡ ᠠᠵᠤ ᠠᠬᠤᠢ ᠶᠢᠨ ᠰᠠᠭᠤᠷᠢ ᠲᠥᠬᠦᠭᠡᠷᠦᠮᠵᠢ ᠶᠢ ᠴᠢᠨᠠᠭᠰᠢᠳᠠ ᠪᠠᠬᠢᠵᠢᠭᠦᠯᠵᠦ᠂ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠬᠤ ᠪᠣᠯᠤᠨ᠎ᠠ᠃                                       ᠣᠷᠴᠢᠭᠤᠯᠤᠭᠴᠢ᠄ ᠤᠳᠠ                                       ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2