ᠰᠦᠢ ᠸᠧᠢ ᠵᠢᠶᠦ᠋ᠨ ᠵᠢᠨᠢᠩ ᠲᠣᠭᠤᠷᠢᠭ ᠲᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠴᠢᠬᠤᠯᠠᠴᠢᠯᠠᠭᠰᠠᠨ  ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ  ᠲᠥᠯᠥᠪᠯᠡᠨ ᠰᠠᠶᠢᠲᠤᠷ ᠠᠳᠬᠤᠵᠤ᠂ ᠠᠮᠢ ᠠᠬᠤᠢ ᠶᠢ ᠤᠷᠢᠳᠡᠪᠡᠷ ᠪᠤᠳᠤᠯᠬᠢᠯᠠᠬᠤ᠂ ᠪᠤᠬᠢᠷᠳᠤᠯ ᠦᠬᠡᠢ ᠬᠦᠭᠵᠢᠯᠳᠡ ᠪᠠᠷ ᠤᠳᠤᠷᠢᠳᠤᠮᠵᠢ ᠪᠤᠯᠭᠠᠭᠰᠠᠨ ᠴᠢᠨᠠᠷ ᠰᠠᠶᠢᠳᠠᠢ ᠬᠦᠭᠵᠢᠯᠳᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠰᠠᠶᠢᠲᠤᠷ ᠵᠠᠮᠨᠠᠬᠤ ᠬᠡᠷᠡᠭᠳᠡᠢ
ᠨᠡᠶᠢᠲᠡᠯᠡᠭᠰᠡᠨ ᠴᠠᠭ᠄
2022/3/17
    3 ᠰᠠᠷ᠎ᠠ ᠶᠢᠨ 16 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠥᠪᠥᠷ ᠮᠣᠩᠭᠤᠯ ᠤᠨ ᠰᠠᠨ ᠰᠢᠨ ᠠᠵᠤ ᠦᠢᠯᠡᠰ ᠤᠨ ᠬᠢᠵᠠᠭᠠᠷᠲᠤ ᠺᠣᠮᠫᠠᠨᠢ ᠳᠤ ᠰᠢᠨ᠎ᠡ ᠬᠡᠯᠪᠡᠷᠢ ᠶᠢᠨ ᠯᠢᠲ᠋ᠢ ᠢᠶᠤᠨ ᠤ ᠳ᠋ᠢᠶᠠᠨ ᡂᠢ ᠶᠢᠨ ᠮᠠᠲ᠋ᠧᠷᠢᠶᠠᠯ ᠪᠠ ᠨᠡᠭᠦᠷᠡᠰᠦᠵᠢᠭᠦᠯᠦᠭᠰᠡᠨ ᠰᠢᠨ᠎ᠡ ᠮᠠᠲ᠋ᠧᠷᠢᠶᠠᠯ ᠤᠨ ᠰᠤᠳᠤᠯᠤᠨ ᠨᠡᠭᠡᠭᠡᠯᠲᠡ ᠪᠠ ᠦᠢᠯᠡᠳᠪᠦᠷᠢᠯᠡᠯ ᠤᠨ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠪᠡ᠃ ᠲᠠᠩ ᠰᠢᠤᠸᠠᠨ ᠪᠥᠸᠧ ᠰᠡᠭᠦᠳᠡᠷᠯᠡᠪᠡ     3 ᠰᠠᠷ᠎ᠠ ᠶᠢᠨ 16 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠵᠢᠨᠢᠩ ᠲᠣᠭᠤᠷᠢᠭ ᠲᠤ ᠭᠦᠨᠵᠡᠭᠡᠶᠢᠷᠡᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠬᠤᠲᠠ ᠶᠢᠨ ᠴᠡᠴᠡᠷᠯᠢᠭ ᠤᠨ ᠨᠣᠭᠤᠭᠠᠷᠠᠭᠤᠯᠤᠯᠲᠠ᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ ᠠᠵᠢᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠪᠡ᠃ ᠲᠡᠷᠡ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠬᠥᠲᠥᠯᠥᠨ ᠳᠠᠭᠠᠭᠤᠯᠬᠤ ᠦᠢᠯᠡᠳᠦᠯ ᠢ ᠴᠢᠩᠭᠠᠳᠬᠠᠵᠤ᠂ ᠠᠮᠢ ᠠᠬᠤᠢ ᠶᠢ ᠤᠷᠢᠳᠡᠪᠡᠷ ᠪᠤᠳᠤᠯᠬᠢᠯᠠᠬᠤ᠂ ᠪᠣᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠰᠠᠶᠢᠲᠤᠷ ᠵᠠᠮᠨᠠᠬᠤ ᠬᠡᠷᠡᠭᠲᠡᠢ ᠭᠡᠵᠤ ᠴᠢᠬᠤᠯᠠᠴᠢᠯᠠᠪᠠ᠃
 
ᠢᠷᠡᠯᠲᠡ᠄ ᠤᠯᠠᠭᠠᠨᠴᠠᠪ ᠤᠨ ᠰᠤᠨᠢᠨ ᠮᠡᠳᠡᠬᠡᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2