ᠴᠢ ᠹᠸᠢ ᠶᠦᠨ ᠯᠢᠶᠠᠩᠴᠧᠩ ᠰᠢᠶᠠᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠭᠰᠠᠨ ᠨᠢ ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠤ ᠶᠡᠷᠦᠩᠬᠡᠶᠢᠯᠡᠭᠰᠡᠨ ᠠᠷᠭ᠎ᠠ ᠪᠤᠳᠤᠯᠭ᠎ᠠ ᠬᠡᠷᠡᠭᠵᠢᠭᠦᠯᠵᠦ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ ᠳᠠᠭ᠎ᠠ ᠶᠢᠨ ᠨᠠᠭᠤᠷ ᠤᠨ ᠤᠰᠤᠨ ᠤ ᠠᠮᠢ ᠠᠬᠤᠢ ᠶᠢᠨ ᠶᠡᠷᠦᠩᠬᠡᠶᠢᠯᠡᠭᠰᠡᠨ ᠵᠠᠰᠠᠯᠲᠠ ᠶᠢ ᠦᠷᠭᠦᠯᠵᠢᠯᠡᠨ ᠠᠬᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2022/3/17
     3 ᠰᠠᠷ᠎ᠠ ᠶᠢᠨ 16 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠸᠢ ᠶᠦᠨ ᠯᠢᠶᠠᠩᠴᠧᠩ ᠰᠢᠶᠠᠨ ᠳᠤ ᠭᠦᠨᠵᠡᠭᠡᠶᠢᠷᠡᠵᠦ᠂ ᠳᠠᠭ᠎ᠠ ᠶᠢᠨ ᠨᠠᠭᠤᠷ ᠤᠨ ᠤᠰᠤᠨ ᠤ ᠠᠮᠢ ᠠᠬᠤᠶ ᠶᠢᠨ ᠶᠡᠷᠦᠩᠬᠡᠶᠢᠯᠡᠭᠰᠡᠨ ᠵᠠᠰᠠᠯᠲᠠ ᠶᠢᠨ ᠠᠵᠢᠯ ᠤᠨ ᠲᠤᠬᠠᠶ ᠪᠠᠶᠢᠴᠠᠭᠠᠨ ᠰᠤᠳᠤᠯᠬᠤ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ︽ᠬᠥᠯᠥᠨ ᠨᠠᠭᠤᠷ ᠳᠠᠭ᠎ᠠ ᠶᠢᠨ ᠨᠠᠭᠤᠷ ᠤᠯᠠᠭᠠᠨᠰᠤᠬᠠᠢ︾ ᠶᠢᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ᠂ ᠲᠦᠷᠦ ᠶᠢᠨ ᠪᠤᠳᠤᠯᠭ᠎ᠠ ᠶᠢ ᠶᠡᠷᠦᠩᠬᠡᠶᠢᠯᠡᠨ ᠬᠡᠷᠡᠭᠵᠢᠭᠦᠯᠵᠦ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠶᠡᠷᠦᠩᠬᠡᠶᠢᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠲᠠᠭ᠎ᠠ ᠶᠢᠨ ᠨᠠᠭᠤᠷ ᠤᠨ ᠰᠠᠪᠠ ᠭᠠᠵᠠᠷ ᠤᠨ ᠠᠮᠢ ᠠᠬᠤᠢ ᠣᠷᠴᠢᠨ ᠲᠣᠭᠤᠷᠢᠨ ᠢ ᠰᠠᠶᠢᠵᠢᠷᠠᠭᠤᠯᠬᠤ᠂ ᠠᠮᠢ ᠠᠬᠤᠢ ᠵᠢᠨ‌‍ᠰᠢᠰᠲ᠋ᠧᠮ ᠢ ᠰᠢᠯᠢᠳᠡᠭᠵᠢᠭᠦᠯᠬᠦ ᠶᠢ ᠦᠷᠭᠦᠯᠵᠢᠯᠡᠨ ᠠᠬᠢᠭᠤᠯᠵᠤ᠂ ᠲᠠᠭ᠎ᠠ ᠶᠢᠨ ᠨᠠᠭᠤᠷ ᠤᠨ ︽ᠪᠣᠭᠤᠮᠲᠠ ᠶᠢᠨ ᠭᠠᠳᠠᠨᠠᠬᠢ ᠨᠠᠭᠤᠷ︾ ᠤᠨ ᠴᠤᠭ ᠵᠢᠪᠬᠤᠭ᠎ᠠ ᠶᠢ ᠲᠠᠬᠢᠨ ᠢᠯᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃     ᠮᠠᠶᠢᠬᠠᠨᠲᠤ ᠪᠠᠯᠭᠠᠰᠤᠨ ᠤ ᠰᠠᠨ ᠵᠢᠶ ᠮᠢᠶᠣᠣ ᠲᠣᠰᠬᠤᠨ ᠳᠤ᠂ ᠴᠢ ᠹᠸᠢ ᠶᠦᠨ ᠤᠰᠤᠨ ᠲᠠᠷᠢᠶ᠎ᠠ ᠶᠢ ᠬᠠᠭᠤᠷᠠᠶ ᠲᠠᠷᠢᠶ᠎ᠠ ᠪᠣᠯᠭᠠᠨ ᠥᠭᠡᠷᠡᠴᠢᠯᠡᠬᠦ᠂ ᠮᠠᠰᠢᠨ ᠴᠠᠬᠢᠯᠭᠠᠨ ᠬᠤᠳᠳᠤᠭ ᠢ ᠪᠢᠲᠡᠭᠦᠮᠵᠢᠯᠡᠨ ᠵᠣᠭᠰᠣᠭᠠᠬᠤ᠂ ᠲᠣᠭᠲᠠᠭᠠᠯ ᠢ ᠵᠦᠷᠢᠴᠡᠨ ᠪᠠᠶᠢᠭᠤᠯᠤᠭᠰᠠᠨ ᠪᠠᠷᠢᠯᠭ᠎ᠠ ᠶᠢ   ᠨᠤᠷᠠᠭᠠᠨ ᠴᠡᠪᠡᠷᠯᠡᠭᠰᠡᠨ ᠵᠡᠷᠭᠡ ᠪᠠᠶᠢᠳᠠᠯ ᠢ ᠭᠦᠨᠵᠡᠭᠡᠶ ᠣᠶᠢᠯᠠᠭᠠᠪᠠ᠂ ᠲᠡᠷᠡ᠂ ᠳᠠᠭ᠎ᠠ ᠶᠢᠨ ᠨᠠᠭᠤᠷ ᠤᠨ ᠤᠰᠤᠨ ᠤ ᠠᠮᠢ ᠠᠬᠤᠢ ᠶᠢ ᠶᠡᠷᠦᠩᠬᠡᠶᠢᠯᠡᠨ ᠵᠠᠰᠠᠬᠤ ᠶᠢ ᠨᠢᠭᠡ ᠵᠦᠢᠯ ᠤᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠤᠰᠤᠨ ᠤ ᠬᠡᠮᠵᠢᠶ᠎ᠡ ᠶᠢ ᠨᠡᠮᠡᠭᠳᠡᠭᠦᠯᠬᠦ᠂ ᠤᠰᠤᠨ ᠤ ᠴᠢᠨᠠᠷ ᠢ ᠰᠠᠶᠢᠵᠢᠷᠠᠭᠤᠯᠬᠤ ᠡᠨᠡᠬᠦ ᠶᠡᠷᠦᠩᠬᠡᠢ ᠬᠠᠷᠠᠯᠲᠠ ᠶᠢᠨ ᠲᠣᠭᠤᠷᠢᠨ ᠳᠤ᠂ ᠭᠠᠵᠠᠷ ᠣᠷᠣᠨ ᠤ ᠪᠣᠳᠠᠲᠠᠢ ᠲᠠᠢ ᠤᠶᠠᠯᠳᠤᠭᠤᠯᠵᠤ᠂ ᠡᠯ᠎ᠡ ᠵᠦᠢᠯ ᠤᠨ ᠤᠰᠤ ᠠᠷᠪᠢᠯᠠᠬᠤ ᠵᠠᠰᠠᠯᠲᠠ ᠶᠢᠨ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠠᠬᠢᠭᠤᠯᠬᠤ ᠬᠡᠷᠡᠭᠲᠡᠢ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠳᠠᠭ᠎ᠠ ᠶᠢᠨ ᠨᠠᠭᠤᠷ ᠤᠨ ᠡᠷᠬᠢᠨ ᠲᠣᠭᠤᠷᠢᠨ ᠤ ᠲᠠᠷᠢᠶᠠᠨ ᠭᠠᠵᠠᠷ ᠤᠨ ︽ᠤᠰᠤᠨ ᠲᠠᠷᠢᠶ᠎ᠠ ᠶᠢ ᠬᠠᠭᠤᠷᠠᠢ ᠲᠠᠷᠢᠶ᠎ᠠ ᠪᠣᠯᠭᠠᠬᠤ︾᠂ ᠮᠠᠰᠢᠨ ᠴᠠᠬᠢᠯᠭᠠᠨ ᠬᠤᠳᠳᠤᠭ ᠢ ᠨᠤᠷᠠᠭᠠᠬᠤ ᠵᠡᠷᠭᠡ ᠠᠵᠢᠯ ᠢ ᠲᠦᠷᠭᠡᠳᠬᠡᠵᠦ᠂ ᠰᠦᠯᠢᠶᠣᠣ ᠪᠦᠷᠬᠦᠪᠴᠢ ᠶᠢ ᠬᠠᠮᠢᠶᠠᠷᠤᠨ ᠡᠵᠡᠮᠳᠡᠬᠦ ᠶᠢ ᠳᠤᠪᠤᠶᠢᠮ᠎ᠠ  ᠰᠠᠶᠢᠲᠤᠷ ᠠᠳᠬᠤᠵᠤ᠂ ᠬᠢᠮᠢ ᠶᠢᠨ ᠪᠤᠷᠳᠤᠭᠤᠷ ᠬᠡᠷᠡᠭᠯᠡᠬᠦ ᠬᠡᠮᠵᠢᠶ᠎ᠡ ᠶᠢ ᠤᠨᠢᠨ ᠳᠡᠭᠡᠷ᠎ᠡ ᠨᠢ ᠰᠢᠨᠵᠢᠯᠡᠬᠦ ᠤᠬᠠᠭᠠᠨᠴᠢ ᠪᠠᠷ ᠪᠠᠭᠠᠰᠬᠠᠵᠤ᠂ ᠳᠠᠭ᠎ᠠ ᠶᠢᠨ ᠨᠠᠭᠤᠷ ᠤᠨ ᠤᠰᠤᠨ ᠤ ᠠᠮᠢ ᠠᠬᠤᠢ ᠶᠢᠨ ᠡᠬᠢ ᠡᠭᠦᠰᠦᠯ ᠤᠨ ᠵᠠᠰᠠᠯᠲᠠ ᠶᠢ ᠴᠢᠨᠠᠷ ᠰᠠᠶᠢᠲᠠᠢ ᠠᠬᠢᠭᠤᠯᠬᠤ ᠬᠡᠷᠡᠭᠲᠡᠢ᠃ ᠨᠠᠭᠤᠷ ᠲᠣᠭᠤᠷᠢᠨ ᠪᠠᠶᠢᠴᠠᠭᠠᠬᠤ ᠠᠵᠢᠯ ᠢ ᠢᠳᠡᠪᠬᠢᠲᠡᠶ ᠥᠷᠨᠢᠭᠦᠯᠵᠦ᠂ ᠭᠤᠤᠯ ᠤᠨ ᠵᠠᠮ ᠤᠨ ᠡᠷᠬᠢᠨ ᠲᠣᠭᠤᠷᠢᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠢᠴᠢ ᠤᠰᠤᠨ ᠤ ᠴᠢᠨᠠᠷ ᠢ ᠬᠢᠨᠠᠨ ᠡᠵᠡᠮᠳᠡᠬᠦ ᠶᠢ ᠴᠢᠩᠭᠠᠳᠬᠠᠵᠤ᠂ ᠤᠰᠤᠨ ᠬᠦᠷᠢᠶᠡᠨ ᠤ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃     ᠬᠤᠩ ᠮᠤᠤ ᠪᠠᠯᠭᠠᠰᠤ ᠶᠢᠨ ᠬᠤᠭ ᠨᠣᠪᠰᠢ ᠰᠢᠢᠳᠪᠦᠷᠢᠯᠡᠬᠦ ᠦᠢᠯᠡᠳᠪᠦᠷᠢ ᠳᠤ᠂ ᠴᠢ ᠹᠸᠢ ᠶᠦᠨ ᠬᠤᠩ ᠮᠤᠤ ᠪᠠᠯᠭᠠᠰᠤ ᠶᠢᠨ ᠬᠤᠳᠠ ᠪᠠᠯᠭᠠᠰᠤᠨ ᠤ ᠪᠣᠬᠢᠷ ᠤᠰᠤ ᠶᠢ ᠬᠤᠷᠢᠶᠠᠨ ᠴᠤᠭᠯᠠᠭᠤᠯᠬᠤ᠂ ᠰᠢᠢᠳᠪᠦᠷᠢᠯᠡᠬᠦ ᠵᠢᠴᠢ ᠴᠡᠪᠡᠷᠵᠢᠭᠦᠨ ᠤᠰᠤ ᠶᠢ ᠡᠭᠡᠭᠦᠯᠦᠨ ᠬᠡᠷᠡᠭᠯᠡᠬᠦ ᠪᠠᠶᠢᠳᠠᠯ ᠢ ᠨᠠᠷᠢᠨ ᠬᠢᠨᠠᠮᠠᠭᠠᠢ ᠰᠣᠨᠣᠰᠴᠤ᠂ ᠬᠡᠪ ᠤᠨ ᠬᠠᠮᠢᠶᠠᠷᠤᠯᠲᠠ ᠪᠣᠯᠤᠨ ᠤᠷᠳᠤ ᠬᠤᠭᠤᠴᠠᠭᠠᠨ ᠤ ᠪᠦᠲᠦᠮᠵᠢᠲᠡᠢ ᠬᠢᠨᠠᠨ ᠬᠡᠮᠵᠢᠯᠲᠡ ᠶᠢ ᠰᠠᠶᠢᠲᠤᠷ ᠬᠢᠵᠦ᠂ ᠲᠣᠭᠲᠠᠭᠠᠯ ᠠᠴᠠ ᠵᠥᠷᠢᠴᠡᠨ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ᠂ ᠬᠤᠭ ᠨᠣᠪᠰᠢ ᠬᠠᠶᠠᠬᠤ ᠵᠡᠷᠭᠡ ᠠᠵᠢᠯᠯᠠᠭ᠎ᠠ ᠶᠢ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠠᠵᠤ ᠦᠢᠯᠡᠳᠪᠦᠷᠢ᠂ ᠬᠥᠳᠡᠭᠡ ᠠᠵᠤ ᠠᠬᠤᠢ᠂ ᠠᠮᠢᠳᠤᠷᠠᠯ ᠵᠡᠷᠭᠡ ᠪᠣᠬᠢᠷᠲᠤᠯ ᠤᠨ ᠡᠬᠢ ᠰᠤᠷᠪᠤᠯᠵᠢ ᠶᠢ ᠡᠬᠢ ᠡᠭᠦᠰᠦᠯ ᠠᠴᠠ ᠨᠢ ᠲᠠᠰᠤᠯᠵᠤ᠂ ᠳᠠᠭ᠎ᠠ ᠶᠢᠨ ᠨᠠᠭᠤᠷ ᠤᠨ ᠠᠮᠢ ᠠᠬᠤᠢ ᠶᠢᠨ ᠶᠠᠰᠤ ᠴᠢᠨᠠᠷ ᠢ ᠨᠥᠯᠥᠭᠡᠯᠡᠬᠦ ᠦᠵᠡᠭᠳᠡᠯ ᠢ ᠡᠷᠡᠰ ᠬᠤᠷᠢᠭᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃     ᠳᠠᠭ᠎ᠠ ᠶᠢᠨ ᠨᠠᠭᠤᠷ ᠤᠨ ᠭᠦᠩ ᠪᠠ ᠾᠧ ᠭᠤᠣᠯ ᠤᠨ ᠠᠳᠠᠭ ᠤᠨ ᠬᠠᠰᠢᠵᠤ ᠴᠡᠪᠡᠷᠰᠢᠭᠦᠯᠬᠦ ᠲᠦᠷᠦᠯ ᠵᠦᠢᠯ ᠪᠣᠯ ᠳᠠᠭ᠎ᠠ ᠶᠢᠨ ᠨᠠᠭᠤᠷ ᠤᠨ ᠪᠠᠴᠢᠮ ᠪᠠᠶᠢᠳᠠᠯ ᠢ ᠠᠷᠭᠠᠴᠠᠵᠤ ᠤᠰᠤ ᠨᠥᠬᠦᠪᠥᠷᠢᠯᠡᠬᠦ ᠢᠨᠵᠧᠨᠧᠷᠢᠩ ᠪᠣᠯᠤᠨ ᠳᠠᠭ᠎ᠠ ᠶᠢᠨ ᠨᠠᠭᠤᠷ ᠢ ᠬᠤᠯᠪᠣᠭᠰᠠᠨ ᠨᠢᠭᠡ ᠬᠡᠰᠡᠭ ᠲᠦᠢᠯ ᠤᠨ ᠴᠢᠬᠤᠯᠠ ᠢᠨᠵᠧᠨᠧᠷᠢᠩ ᠪᠣᠯᠤᠨ᠎ᠠ᠂ ᠢᠨᠵᠧᠨᠧᠷᠢᠩ ᠢ ᠠᠬᠢᠭᠤᠯᠬᠤ ᠶᠠᠪᠤᠴᠠ ᠳᠤ ᠶᠠᠮᠠᠷ ᠬᠦᠴᠢᠷᠳᠡᠯ ᠣᠷᠣᠰᠢᠵᠤ ᠪᠠᠶᠢᠬᠤ ᠪᠤᠢ︖ ᠴᠢ ᠹᠸᠢ ᠶᠦᠨ ᠠᠰᠠᠭᠤᠳᠠᠯ ᠢ ᠲᠤᠬᠠᠶ ᠶᠢᠨ ᠲᠠᠯᠠᠪᠤᠷ ᠲᠤ ᠢᠨᠵᠧᠨᠧᠷᠢᠩ ᠤᠨ ᠮᠡᠷᠭᠡᠵᠢᠯᠲᠡᠳ ᠲᠠᠢ ᠨᠠᠷᠢᠨ ᠬᠢᠨᠠᠮᠠᠭᠠᠶ ᠰᠣᠯᠢᠯᠴᠠᠵᠤ᠂ ᠢᠨᠵᠧᠨᠧᠷᠢᠩ ᠤᠨ ᠠᠬᠢᠴᠠ ᠶᠢ ᠤᠶᠢᠯᠠᠭᠠᠨ᠂ ᠬᠡᠷᠡᠭᠵᠢᠭᠦᠯᠵᠦ ᠪᠣᠯᠬᠤᠶᠢᠴᠠ ᠲᠥᠰᠦᠯ ᠢ ᠰᠤᠳᠤᠯᠤᠨ ᠶᠠᠷᠢᠯᠴᠠᠪᠠ᠃ ᠲᠡᠷᠡ᠂ ᠶᠡᠭᠡ ᠲᠠᠯ᠎ᠠ ᠶᠢᠨ ᠤᠬᠠᠮᠰᠠᠷ ᠪᠣᠯᠤᠨ ᠪᠠᠴᠢᠮ ᠲᠤᠯᠭᠠᠮ᠎ᠠ ᠤᠬᠠᠮᠰᠠᠷ ᠢᠶᠠᠨ ᠴᠢᠩᠭᠠᠳᠬᠠᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠠᠳᠬᠤᠵᠤ᠂ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠲᠦᠷᠦᠯ ᠵᠦᠢᠯ ᠤᠨ ᠠᠬᠢᠴᠠ ᠶᠢ ᠲᠦᠷᠭᠡᠳᠬᠡᠵᠦ᠂ ᠲᠠᠭ᠎ᠠ ᠶᠢᠨ ᠨᠠᠭᠤᠷ ᠤᠨ ᠭᠦᠩ ᠪᠠ ᠾᠧ ᠭᠤᠣᠯ ᠤᠨ ᠠᠳᠠᠭ ᠤᠨ ᠬᠠᠰᠢᠵᠤ ᠴᠡᠪᠡᠷᠰᠢᠭᠦᠯᠬᠦ ᠢᠨᠵᠧᠨᠧᠷᠢᠩ ᠢ ᠡᠷᠲᠡᠬᠡᠨ ᠠᠰᠢᠭᠯᠠᠯᠲᠠ ᠳᠤ ᠣᠷᠣᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠳᠠ ᠶᠢᠨ ᠳᠡᠳ᠋ ᠳᠠᠷᠤᠭ᠎ᠠ ᠭᠦᠩ ᠵᠢᠶᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2