ᠬᠤᠸᠠᠳᠧ ᠰᠢᠶᠠᠨ 2022 ᠣᠨ ᠤ ︽3 · 15︾ ᠤ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/3/17
     ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠠᠵᠢᠯ ᠢ ᠦᠷᠭᠦᠯᠵᠢᠯᠡᠨ ᠠᠬᠢᠭᠤᠯᠵᠤ᠂ ᠬᠡᠷᠡᠭᠯᠡᠭᠴᠢᠳ ᠤᠨ ᠲᠦᠭᠰᠢᠭᠦᠷᠢ ᠶᠢ ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠬᠦ ᠶᠢᠨ ᠲᠥᠯᠥᠭᠡ᠂ ᠬᠤᠸᠠᠳᠧ ᠰᠢᠶᠠᠨ 2022 ᠣᠨ ᠤ ︽3 · 15︾ ᠤ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃      ᠡᠨᠡ ᠵᠢᠯ ᠤᠨ ᠬᠡᠷᠡᠭᠯᠡᠭᠡ ᠶᠢᠨ ᠡᠷᠬᠡ ᠠᠰᠢᠭ ᠢ ᠬᠠᠮᠠᠭᠠᠯᠠᠬᠤ ᠣᠨ ᠤ ᠭᠤᠤᠯ ᠰᠡᠳᠦᠪ ᠪᠣᠯ ︽ᠬᠡᠷᠡᠭᠯᠡᠭᠡ ᠶᠢᠨ ᠡᠷᠬᠡ ᠲᠡᠭᠰᠢ ᠪᠠᠶᠢᠬᠤ ᠶᠢ ᠬᠠᠮᠲᠤ ᠪᠠᠷ ᠠᠬᠢᠭᠤᠯᠤᠶ᠎ᠠ︾ ᠪᠣᠯᠤᠨ᠎ᠠ᠂ ᠡᠨᠡ ᠬᠦ ᠭᠤᠤᠯ ᠰᠡᠳᠦᠪ ᠤᠨ ᠲᠣᠭᠤᠷᠢᠨ ᠳᠤ᠂ 3 ᠰᠠᠷ᠎ᠠ ᠶᠢᠨ 14 ᠤ ᠡᠳᠦᠷ ᠤᠨ ᠦᠳᠡ ᠶᠢᠨ ᠬᠤᠶᠢᠨ᠎ᠠ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠰᠢᠶᠠᠨ ᠤ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠦᠶᠯᠡᠴᠢᠯᠡᠭᠡᠨ ᠤ ᠲᠥᠪ ᠤᠨ ᠺᠠᠳ᠋ᠷ ᠠᠵᠢᠯᠲᠠᠨ ᠡᠮ ᠤᠨ ᠳᠡᠯᠭᠡᠭᠦᠷ᠂ ᠬᠡᠲᠦ ᠳᠡᠯᠭᠡᠭᠦᠷ᠂ ᠨᠡᠶᠢᠭᠡᠮ ᠲᠣᠭᠤᠷᠢᠭ ᠲᠤ ᠬᠦᠷᠴᠦ᠂ 2022 ᠣᠨ ᠤ ︽3.15︾ ᠤ ᠤᠬᠠᠭᠤᠯᠭ᠎ᠠ ᠶᠢᠨ ᠠᠵᠢᠯᠯᠠᠭ᠎ᠠ ᠶᠢᠨ ᠬᠥᠰᠢᠭᠡ ᠶᠢ ᠨᠡᠭᠡᠭᠡᠭᠰᠡᠨ ᠪᠠᠶᠢᠨ᠎ᠠ᠃      ᠠᠵᠢᠯᠯᠠᠭ᠎ᠠ ᠶᠢᠨ ᠲᠤᠬᠠᠶ ᠶᠢᠨ ᠲᠠᠯᠠᠪᠠᠶ᠂ ᠠᠵᠢᠯᠲᠠᠳ ᠠᠷᠤ ᠦᠵᠡᠭᠳᠡᠯ ᠤᠨ ᠳᠡᠯᠭᠡᠴᠡ᠂ ᠤᠬᠠᠭᠤᠯᠭ᠎ᠠ ᠶᠢᠨ ᠬᠥᠨᠳᠡᠯᠡᠨ ᠪᠢᠴᠢᠭᠡᠰᠦ ᠶᠢ ᠨᠠᠭᠠᠵᠤ᠂ ᠤᠬᠠᠭᠤᠯᠭ᠎ᠠ ᠶᠢᠨ ᠯᠠᠪᠯᠠᠯᠭ᠎ᠠ ᠶᠢᠨ ᠲᠠᠪᠴᠠᠩ ᠭᠠᠷᠭᠠᠵᠤ᠂ ᠨᠠᠭᠠᠰᠢ ᠴᠠᠭᠠᠰᠢ ᠶᠠᠪᠤᠵᠤ ᠪᠠᠶᠢᠭ᠎ᠠ ᠣᠯᠠᠨ ᠲᠦᠮᠡᠨ ᠳᠤ ᠰᠢᠨ᠎ᠡ ︽ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠠᠤᠯᠢ︾ ︽ᠢᠳᠡᠭᠡᠨ ᠤ ᠠᠮᠤᠷ ᠲᠦᠪᠰᠢᠨ ᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠮ ᠤᠨ ᠵᠦᠢᠯ ᠤᠨ ᠬᠠᠮᠢᠶᠠᠷᠤᠯᠲᠠ ᠶᠢᠨ ᠬᠠᠤᠯᠢ︾ ︽ᠡᠮᠴᠢᠯᠡᠭᠡᠨ ᠤ ᠪᠠᠭᠠᠵᠢ ᠬᠡᠷᠡᠭᠰᠡᠯ ᠤᠨ ᠬᠢᠨᠠᠯᠲᠠ ᠬᠠᠮᠢᠶᠠᠷᠤᠯᠲᠠ ᠶᠢᠨ ᠳᠦᠷᠢᠮ︾ ︽ᠡᠮᠴᠢᠯᠡᠭᠡᠨ ᠤ ᠪᠠᠭᠠᠵᠢ ᠬᠡᠷᠡᠭᠰᠡᠯ ᠤᠨ ᠠᠮᠤᠷ ᠲᠦᠪᠰᠢᠨ ᠤ ᠮᠡᠳᠡᠯᠭᠡ ᠶᠢᠨ ᠤᠬᠠᠭᠤᠯᠭ᠎ᠠ ᠶᠢᠨ ᠳᠡᠪᠲᠡᠷ ︾ ᠪᠠ ︽ᠡᠷᠡᠭᠦᠯᠵᠢᠯ ᠤᠨ ᠢᠳᠡᠭᠡᠨ ᠤ ᠴᠢᠳᠠᠮᠵᠢ ᠶᠢᠨ ᠬᠤᠳᠠᠯ ᠬᠠᠭᠤᠷᠮᠠᠭ ᠤᠬᠠᠭᠤᠯᠭ᠎ᠠ ᠶᠢ ᠰᠡᠷᠭᠡᠶᠢᠯᠡᠬᠦ ᠲᠤᠬᠠᠶ ᠬᠡᠷᠡᠭᠯᠡᠭᠡᠨ ᠤ ᠰᠠᠨᠠᠭᠤᠯᠤᠮᠵᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠵᠤ᠂ ᠲᠤᠬᠠᠶ ᠶᠢᠨ ᠲᠠᠯᠠᠪᠤᠷ ᠲᠤ ᠣᠯᠠᠨ ᠲᠦᠮᠡᠨ ᠤ ᠠᠰᠠᠭᠤᠨ ᠯᠠᠪᠯᠠᠬᠤ ᠶᠢ ᠬᠦᠯᠢᠶᠡᠨ ᠠᠪᠴᠤ᠂ ᠵᠠᠭᠠᠯᠳᠤᠯᠭ᠎ᠠ ᠶᠢ ᠬᠦᠯᠢᠶᠡᠨ ᠰᠢᠢᠳᠪᠦᠷᠢᠯᠡᠪᠡ᠃ ᠲᠤᠬᠠᠢ ᠶᠢᠨ ᠡᠳᠦᠷ ᠤᠨ ᠠᠵᠢᠯᠯᠠᠭ᠎ᠠ ᠶᠢᠨ ᠠᠬᠤᠶ ᠲᠠᠯᠠᠪᠠᠶ ᠳᠤ ᠣᠯᠠᠨ ᠲᠦᠮᠡᠨ ᠤ ᠯᠠᠪᠯᠠᠯᠲᠠ ᠶᠢ ᠨᠡᠶᠢᠲᠡ 300 ᠭᠠᠷᠤᠶ ᠬᠥᠮᠦᠨ ᠤᠳᠠᠭ᠎ᠠ ᠭᠥᠯᠢᠶᠡᠨ ᠠᠪᠴᠤ᠂ ᠤᠬᠠᠭᠤᠯᠭ᠎ᠠ ᠶᠢᠨ ᠮᠠᠲ᠋ᠧᠷᠢᠶᠠᠯ ᠢ 3000 ᠭᠠᠷᠤᠶ ᠬᠤᠪᠢ ᠲᠠᠷᠬᠠᠭᠠᠵᠠᠶ᠃      3 ᠰᠠᠷ᠎ᠠ ᠶᠢᠨ 15 ᠤ ᠡᠳᠦᠷ ᠤᠨ ᠦᠳᠡ ᠶᠢᠨ ᠡᠮᠦᠨ᠎ᠡ᠂ ᠲᠤᠰ ᠰᠢᠶᠠᠨ ᠤ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠲᠥᠪ ᠤᠨ ᠬᠠᠮᠲᠤᠷᠠᠭᠰᠠᠨ ᠬᠠᠤᠯᠢ ᠬᠡᠷᠡᠭᠵᠢᠭᠦᠯᠬᠦ ᠶᠡᠭᠡ ᠠᠩᠭᠢ᠂ ᠡᠮ ᠮᠠᠰᠢᠨᠵᠢᠭᠤᠯᠤᠯᠲᠠ ᠶᠢ ᠬᠢᠨᠠᠨ ᠬᠠᠮᠢᠶᠠᠷᠬᠤ ᠲᠠᠰᠤᠭ᠂ ᠴᠠᠩ ᠱᠦᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠭᠠᠵᠠᠷ ᠵᠢᠭᠠᠨ ᠲᠣᠭᠲᠠᠭᠠᠭᠰᠠᠨ ᠭᠠᠵᠠᠷ ᠲᠤ ᠬᠠᠭᠤᠷᠮᠠᠭ ᠮᠠᠭᠤ ᠲᠠᠸᠠᠷ ᠢ ᠲᠥᠪᠯᠡᠷᠡᠭᠦᠯᠦᠨ ᠰᠢᠲᠠᠭᠠᠵᠤ ᠤᠰᠠᠳᠬᠠᠪᠠ᠃ ᠬᠤᠭᠤᠴᠠᠭ᠎ᠠ ᠥᠩᠭᠡᠷᠡᠭᠰᠡᠨ ᠢᠳᠡᠭᠡᠨ ᠢ ᠨᠡᠶᠢᠲᠡ 1500 ᠺᠢᠯᠣᠭ᠍ᠷᠠᠮ ᠰᠢᠲᠠᠭᠠᠵᠤ᠂ ᠪᠠᠷᠠᠭᠠᠨ ᠤ ᠥᠷᠲᠡᠭ ᠨᠢ 0.8 ᠲᠦᠮᠡᠨ ᠲᠥᠭᠦᠷᠢᠭ ᠬᠦᠷᠴᠡᠶ︔ ᠰᠢᠶᠠᠨ ᠤ ᠡᠮᠨᠡᠯᠭᠡ ᠶᠢᠨ ᠬᠤᠷᠢᠶ᠎ᠠ᠂ ᠬᠢᠲᠠᠳ ᠮᠣᠩᠭᠤᠯ ᠤᠨ ᠡᠮᠨᠡᠯᠭᠡ ᠶᠢᠨ ᠬᠤᠷᠢᠶ᠎ᠠ ᠂ ᠯᠢᠶᠠᠨ ᠳ᠋ᠧ ᠡᠮᠨᠡᠯᠭᠡ ᠶᠢᠨ ᠬᠤᠷᠢᠶ᠎ᠠ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠳᠡᠭᠡᠭᠰᠢ ᠮᠡᠳᠡᠭᠦᠯᠦᠭᠰᠡᠨ ᠬᠤᠭᠤᠴᠠᠭ᠎ᠠ ᠨᠢ ᠥᠩᠭᠡᠷᠡᠭᠰᠡᠨ᠂ ᠡᠪᠳᠡᠷᠡᠵᠦ ᠰᠦᠶᠳᠦᠭᠰᠡᠨ ᠡᠮ ᠤᠨ ᠵᠦᠶᠯ᠂ ᠸᠠᠺᠼᠢᠨ᠂ ᠬᠤᠷᠣᠭᠳᠠᠯ ᠮᠠᠲ᠋ᠧᠷᠢᠶᠠᠯ ᠢ ᠰᠢᠲᠠᠭᠠᠵᠦ᠂ ᠬᠤᠯᠪᠣᠭᠳᠠᠭᠰᠠᠨ ᠵᠣᠭᠤᠰ ᠤᠨ ᠲᠤᠭ᠎ᠠ ᠨᠢ ᠪᠠᠷᠤᠭ 8.5 ᠲᠦᠮᠡᠨ ᠲᠥᠭᠦᠷᠢᠭ ᠲᠤ ᠬᠦᠷᠴᠡᠶ᠃ ᠲᠥᠪᠯᠡᠷᠡᠭᠦᠯᠦᠨ ᠰᠢᠲᠠᠭᠠᠬᠤ ᠠᠵᠢᠯᠯᠠᠭ᠎ᠠ ᠨᠢ ᠭᠠᠭᠴᠠ ᠬᠦ ᠬᠠᠤᠯᠢ ᠬᠡᠷᠡᠭᠵᠢᠭᠦᠯᠦᠯᠲᠡ ᠶᠢᠨ ᠦᠷ᠎ᠡ ᠪᠦᠲᠦᠭᠡᠯ ᠢ ᠳᠡᠯᠭᠡᠨ ᠦᠵᠡᠭᠦᠯᠬᠦ ᠶᠢᠨ ᠲᠥᠯᠥᠭᠡ ᠪᠢᠰᠢ᠂ ᠨᠡᠩ ᠴᠤ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠠᠤᠯᠢ ᠴᠠᠭᠠᠵᠠ ᠬᠠᠤᠯᠢ ᠲᠣᠭᠲᠠᠭᠠᠯ᠂ ᠡᠷᠬᠡ ᠠᠰᠢᠭ ᠢ ᠬᠠᠮᠠᠭᠠᠯᠠᠬᠤ ᠠᠷᠭ᠎ᠠ ᠵᠠᠮ ᠪᠠ ᠬᠡᠷᠡᠭᠯᠡᠭᠡᠨ ᠤ ᠶᠡᠷᠦ ᠶᠢᠨ ᠮᠡᠳᠡᠯᠭᠡ ᠶᠢ ᠶᠡᠭᠡ ᠪᠠᠷ ᠤᠬᠠᠭᠤᠯᠵᠤ᠂ ᠬᠡᠷᠡᠭᠯᠡᠭᠡᠨ ᠤ ᠣᠷᠴᠢᠨ ᠲᠣᠭᠤᠷᠢᠨ ᠢ ᠴᠡᠪᠡᠷᠰᠢᠭᠦᠯᠵᠦ᠂ ᠤᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠰᠢᠨᠵᠢᠯᠡᠬᠦ ᠤᠬᠠᠭᠠᠨᠴᠢ ᠵᠦᠢ ᠵᠣᠬᠢᠰᠲᠠᠶ ᠬᠡᠷᠡᠭᠯᠡᠭᠡ ᠬᠢᠯᠭᠡᠵᠦ᠂ ᠬᠡᠷᠡᠭᠯᠡᠭᠴᠢᠳ ᠤᠨ ᠥᠪᠡᠷ ᠢ ᠪᠠᠨ ᠬᠠᠮᠠᠭᠠᠯᠠᠬᠤ ᠴᠢᠳᠠᠪᠤᠷᠢ ᠪᠠ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠷᠠᠳ ᠤᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ ᠶᠤᠮ᠃                                           ᠣᠷᠴᠢᠭᠤᠯᠤᠭᠴᠢ᠄ ᠤᠳᠠ                                           ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2