| ᠰᠢᠨᠬᠤᠸᠠ ᠬᠤᠷᠢᠶᠠᠨ ᠤ ᠪᠡᠭᠡᠵᠢᠩ ᠤᠨ 3 ᠳ᠋ᠤᠭᠠᠷ ᠰᠠᠷ᠎ᠠ ᠶᠢᠨ 14 ᠤ ᠡᠳᠦᠷ ᠤᠨ ᠴᠠᠬᠢᠯᠭᠠᠨ ᠮᠡᠳᠡᠭᠡ | ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 3 ᠳ᠋ᠤᠭᠠᠷ ᠰᠠᠷ᠎ᠠ ᠶᠢᠨ 14 ᠤ ᠡᠳᠦᠷ | ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ︽ᠵᠠᠰᠠᠭ ᠤᠨ | ᠣᠷᠳᠣᠨ ᠤ ᠠᠵᠢᠯ ᠤᠨ ᠢᠯᠡᠳᠬᠡᠯ︾ ᠤᠨ ᠭᠤᠣᠯᠳᠠᠯᠭ᠎ᠠ ᠲᠠᠢ ᠡᠭᠦᠷᠭᠡ ᠶᠢᠨ ᠠᠵᠢᠯ ᠤᠨ ᠬᠤᠪᠢᠶᠠᠷᠢᠯᠠᠯ ᠢ | ᠲᠣᠭᠲᠠᠭᠠᠵᠤ᠂ ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠪᠠᠲᠤᠲᠠᠢ ᠪᠥᠭᠡᠳ ᠡᠷᠴᠢᠮᠲᠡᠢ ᠠᠳᠬᠤᠵᠤ᠂ ᠠᠵᠤ | ᠠᠬᠤᠢ ᠶᠢᠨ ᠳᠠᠪᠠᠭ᠎ᠠ ᠳᠠᠪᠠᠭ᠋ᠤ ᠶᠠᠪᠤᠴᠠ ᠳᠠᠬᠢ ᠲᠣᠭᠲᠠᠭᠤᠨ ᠤᠷᠤᠭᠰᠢᠯᠠᠯᠲᠠ ᠶᠢ ᠠᠬᠢᠭᠤᠯᠬᠤ ᠬᠡᠷᠡᠭᠲᠡᠢ ᠭᠡᠵᠦ | ᠱᠠᠭᠠᠷᠳᠠᠪᠠ᠃ | ᠬᠤᠷᠠᠯ ᠠᠴᠠ ᠵᠢᠭᠠᠬᠤ ᠳᠤ ᠪᠠᠨ᠂ ᠰᠠᠶ᠋ᠢᠬᠠᠨ ᠲᠡᠭᠦᠰᠦᠭᠰᠡᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠠᠴᠠ ᠬᠢᠨᠠᠨ | ᠵᠥᠪᠯᠡᠵᠦ ᠪᠠᠲᠤᠯᠠᠭᠰᠠᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠨᠢ ᠪᠦᠬᠦ ᠵᠢᠯ ᠤᠨ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠡᠭᠦᠷᠭᠡ ᠪᠣᠯᠣᠨ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ | ᠲᠣᠭᠲᠠᠭᠠᠵᠤ᠂ ᠡᠷᠬᠡᠪᠰᠢ ᠶᠠᠰᠤ ᠴᠢᠨᠠᠷ ᠲᠤᠭ᠎ᠠ ᠬᠡᠮᠵᠢᠶ᠎ᠡ ᠶᠢ ᠪᠠᠲᠤᠯᠠᠨ ᠲᠤᠭᠤᠰᠢᠲᠠᠢ ᠨᠠᠶᠢᠳᠠᠪᠤᠷᠢᠵᠢᠭᠤᠯᠵᠤ᠂ | ᠵᠠᠰᠠᠭ ᠤᠨ ᠣᠷᠳᠣᠨ ᠤ ᠠᠷᠠᠳ ᠲᠦᠮᠡᠨ ᠳᠤ ᠠᠮᠠᠯᠳᠠᠭᠰᠠᠨ ᠠᠮᠠᠯᠠᠯᠲᠠ ᠶᠢ ᠪᠡᠶᠡᠯᠡᠭᠦᠯᠬᠦ ᠬᠡᠷᠡᠭᠲᠡᠢ ᠭᠡᠵᠡᠢ᠃ | ᠬᠤᠷᠠᠯ ᠠᠴᠠ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ ᠳᠤᠷᠠᠳᠤᠭᠰᠠᠨ 44 ᠲᠠᠯ᠎ᠠ ᠶᠢᠨ 52 | ᠵᠦᠢᠯ ᠤᠨ ᠭᠤᠣᠯᠳᠠᠯᠭ᠎ᠠ ᠲᠠᠢ ᠠᠵᠢᠯ ᠢ ᠲᠥᠷᠥ ᠶᠢᠨ ᠶᠠᠪᠤᠳᠠᠯ ᠤᠨ ᠬᠤᠷᠢᠶᠠᠨ ᠤ ᠡᠯ᠎ᠡ ᠰᠠᠯᠠᠭ᠎ᠠ ᠮᠥᠴᠢᠷ ᠪᠣᠯᠣᠨ | ᠬᠤᠯᠪᠣᠭᠳᠠᠯ ᠪᠦᠬᠦᠢ ᠣᠷᠣᠨ ᠨᠤᠲᠤᠭ ᠲᠤ ᠨᠢᠭᠡᠳ ᠨᠢᠭᠡ ᠪᠠᠷ ᠬᠤᠪᠢᠶᠠᠨ ᠥᠭᠭᠦᠭᠰᠡᠨ ᠪᠥᠭᠡᠳ ᠬᠠᠷᠢᠭᠤᠴᠠᠯᠭ᠎ᠠ | ᠪᠣᠯᠣᠨ ᠪᠡᠶᠡᠯᠡᠭᠦᠯᠬᠦ ᠴᠠᠭ ᠤᠨ ᠬᠢᠵᠠᠭᠠᠷ ᠢ ᠲᠣᠳᠣᠷᠬᠠᠢ ᠲᠣᠭᠲᠠᠭᠠᠵᠠᠢ᠃ | ᠬᠤᠷᠠᠯ ᠠᠴᠠ ᠴᠢᠬᠤᠯᠠᠴᠢᠯᠠᠬᠤ ᠳᠤ ᠪᠠᠨ᠂ ᠣᠳᠣᠬᠠᠨ ᠤ ᠠᠵᠤ ᠠᠬᠤᠢ ᠶᠢᠨ ᠠᠵᠢᠯᠯᠠᠭᠠᠨ ᠤᠷᠤᠭᠤᠳᠠᠬᠤ | ᠰᠢᠨ᠎ᠡ ᠳᠠᠷᠤᠯᠲᠠ ᠳᠤ ᠲᠤᠯᠭᠠᠷᠠᠵᠤ᠂ ᠬᠦᠴᠢᠷᠳᠡᠯ ᠪᠠ ᠥᠷᠢᠰᠦᠯᠳᠦᠭᠡᠨ ᠨᠡᠮᠡᠭᠳᠡᠵᠦ ᠪᠠᠶᠢᠨ᠎ᠠ᠃ ᠨᠠᠮ ᠤᠨ ᠲᠥᠪ | ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠲᠤᠭᠤᠰᠢᠯᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ | ᠨᠢᠭᠡᠳᠦᠯᠲᠡᠢ ᠲᠥᠯᠥᠪᠯᠡᠨ᠂ ᠦᠶᠡᠯᠡᠯ ᠤᠨ ᠴᠢᠨᠠᠷᠲᠠᠢ ᠲᠣᠬᠢᠷᠠᠭᠤᠯᠤᠯᠲᠠ ᠶᠢ ᠴᠢᠩᠭᠠᠳᠬᠠᠵᠤ᠂ ᠲᠣᠭᠲᠠᠭᠤᠨ ᠢᠶᠠᠷ | ᠨᠡᠮᠡᠭᠳᠡᠭᠦᠯᠬᠦ ᠶᠢ ᠨᠠᠩ ᠲᠣᠪᠣᠶᠢᠮ᠎ᠠ ᠪᠠᠶᠢᠷᠢᠨ ᠳᠤ ᠲᠠᠯᠪᠢᠵᠤ᠂ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠦᠨ᠂ | ᠪᠥᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠴᠢᠷᠮᠠᠶᠢᠨ ᠪᠡᠶᠡᠯᠡᠭᠦᠯᠬᠦ | ᠬᠡᠷᠡᠭᠲᠡᠢ᠃ ᠨᠢᠭᠡ ᠳᠤ᠂ ᠳᠡᠯᠡᠬᠡᠢ ᠶᠢᠨ ᠪᠠᠶᠢᠳᠠᠯ ᠤᠨ ᠬᠤᠪᠢᠷᠠᠯᠲᠠ᠂ ᠭᠤᠣᠯ ᠪᠣᠯᠬᠤ ᠠᠵᠤ ᠠᠬᠤᠢ ᠶᠢᠨ | ᠴᠣᠭᠴᠠ ᠶᠢᠨ ᠬᠤᠷᠸ᠎ᠠ ᠲᠦᠷᠦ ᠶᠢᠨ ᠪᠣᠳᠣᠯᠭ᠎ᠠ ᠶᠢᠨ ᠲᠣᠬᠢᠷᠠᠭᠤᠯᠤᠯᠲᠠ᠂ ᠥᠷᠭᠡᠨ ᠬᠡᠷᠡᠭᠴᠡᠭᠡᠨ ᠤ ᠲᠠᠸᠠᠷ ᠤᠨ | ᠵᠠᠬ᠎ᠠ ᠳᠡᠯᠭᠡᠭᠦᠷ ᠤᠨ ᠬᠠᠨᠳᠤᠰᠢ ᠵᠡᠷᠭᠡ ᠪᠠ ᠮᠠᠨ ᠤ ᠤᠯᠤᠰ ᠲᠤ ᠦᠵᠡᠭᠦᠯᠬᠦ ᠨᠥᠯᠥᠭᠡ ᠶᠢ ᠨᠢᠭᠲᠠ ᠮᠥᠷᠳᠡᠵᠦ᠂ | ᠠᠷᠭᠠᠴᠠᠭᠠᠬᠤ ᠠᠷᠭ᠎ᠠ ᠬᠡᠮᠵᠢᠶ᠎ᠡ ᠪᠠᠨ ᠲᠠᠰᠤᠷᠠᠯᠳᠠ ᠦᠭᠡᠢ ᠲᠡᠭᠦᠯᠳᠡᠷᠵᠢᠭᠦᠯᠵᠦ᠂ ᠠᠵᠤ ᠠᠬᠤᠢ ᠶᠢᠨ ᠨᠡᠮᠡᠭᠳᠡᠯ᠂ | ᠠᠵᠢᠯ ᠣᠯᠭᠤᠯᠲᠠ᠂ ᠪᠠᠷᠠᠭᠠᠨ ᠤ ᠦᠨ᠎ᠡ ᠵᠡᠷᠭᠡ ᠶᠢ ᠵᠦᠢ ᠵᠣᠬᠢᠰᠲᠠᠢ ᠣᠷᠣᠨ ᠵᠠᠢ ᠳᠤ ᠲᠣᠭᠲᠠᠭᠤᠨ ᠪᠠᠶᠢᠯᠭᠠᠬᠤ ᠶᠢ | ᠦᠨᠡᠨ ᠬᠦ ᠪᠠᠲᠤᠯᠠᠨ᠎ᠠ᠃ ᠬᠤᠶᠠᠷ ᠲᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠲᠣᠭᠲᠠᠪᠤᠷᠢᠵᠢᠭᠤᠯᠵᠤ ᠠᠵᠢᠯ | ᠣᠯᠭᠤᠯᠲᠠ ᠶᠢ ᠪᠠᠲᠤᠯᠠᠬᠤ ᠬᠤᠷᠸ᠎ᠠ ᠲᠦᠷᠦ ᠶᠢᠨ ᠪᠣᠳᠣᠯᠭ᠎ᠠ ᠶᠢ ᠨᠠᠷᠢᠯᠢᠭᠵᠢᠭᠤᠯᠤᠨ ᠨᠠᠶᠢᠳᠠᠪᠤᠷᠢᠵᠢᠭᠤᠯᠤᠨ᠎ᠠ᠃ | ᠭᠠᠶᠢᠯᠢ ᠶᠢ ᠪᠤᠴᠠᠭᠠᠵᠤ ᠭᠠᠶᠢᠯᠢ ᠶᠢ ᠬᠥᠩᠭᠡᠯᠡᠬᠦ ᠪᠣᠯ ᠡᠨᠡ ᠵᠢᠯ ᠤᠨ ᠬᠤᠷᠸ᠎ᠠ ᠠᠵᠤ ᠠᠬᠤᠢ ᠶᠢᠨ ᠶᠡᠭᠡ ᠬᠠᠨᠳᠤᠰᠢ ᠶᠢ | ᠲᠣᠭᠲᠠᠪᠤᠷᠢᠵᠢᠭᠤᠯᠬᠤ ᠵᠠᠩᠭᠢᠯᠠᠭ᠎ᠠ ᠶᠢᠨ ᠴᠢᠨᠠᠷᠲᠠᠢ ᠠᠷᠭ᠎ᠠ ᠬᠡᠮᠵᠢᠶ᠎ᠡ ᠮᠥᠨ᠂ ᠦᠷᠳᠡᠭ ᠨᠡᠮᠡᠭᠳᠡᠯ ᠤᠨ ᠭᠠᠶᠢᠯᠢ ᠶᠢ | ᠦᠯᠡᠳᠡᠭᠡᠬᠦ ᠪᠠ ᠲᠤᠯᠭᠠᠨ ᠪᠤᠴᠠᠭᠠᠬᠤ ᠬᠡᠷᠡᠭᠵᠢᠭᠦᠯᠦᠯᠲᠡ ᠶᠢᠨ ᠲᠥᠰᠥᠯ ᠢ ᠠᠯᠢ ᠲᠦᠷᠭᠡᠨ ᠢᠶᠠᠷ ᠨᠠᠷᠢᠯᠢᠭᠵᠢᠭᠤᠯᠤᠨ | ᠨᠡᠶᠢᠲᠡᠯᠡᠵᠦ᠂ ᠪᠤᠴᠠᠭᠠᠬᠤ ᠶᠣᠰᠣᠲᠠᠢ ᠭᠠᠶᠢᠯᠢ ᠶᠢᠨ ᠵᠣᠭᠤᠰ ᠤᠨ ᠲᠦᠷᠭᠡᠨ ᠪᠤᠴᠠᠭᠠᠵᠤ ᠪᠣᠯᠬᠤ ᠶᠢ ᠨᠢ ᠲᠦᠷᠭᠡᠨ | ᠪᠤᠴᠠᠭᠠᠵᠤ᠂ ᠲᠣᠭᠲᠠᠭᠠᠭᠰᠠᠨ ᠴᠠᠭ ᠤᠨ ᠬᠢᠵᠠᠭᠠᠷ ᠶᠣᠰᠣᠭᠠᠷ ᠠᠵᠤ ᠠᠬᠤᠶᠢᠯᠠᠯ ᠤᠨ ᠲᠠᠩᠰᠠᠨ ᠳᠤ ᠪᠤᠴᠠᠭᠠᠬᠤ ᠶᠢ | ᠦᠨᠡᠨ ᠬᠦ ᠪᠠᠲᠤᠯᠠᠬᠤ ᠬᠡᠷᠡᠭᠲᠡᠢ᠃ ᠳᠤᠮᠳᠠ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ | ᠬᠤᠳᠠᠯᠳᠤᠭᠠᠨ ᠤ ᠡᠷᠤᠭᠡ ᠶᠢᠨ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠪᠤᠰᠤᠳ ᠲᠦᠷᠤ ᠶᠢᠨ | ᠪᠣᠳᠣᠯᠭ᠎ᠠ ᠶᠢ ᠳᠡᠮᠵᠢᠬᠦ ᠲᠠᠯ᠎ᠠ ᠪᠠᠷ ᠬᠤᠭᠤᠴᠠᠭ᠎ᠠ ᠶᠢ ᠨᠢ ᠤᠷᠲᠤᠳᠬᠠᠬᠤ᠂ ᠬᠡᠪᠴᠢᠶ᠎ᠡ ᠶᠢ ᠨᠢ ᠥᠷᠭᠡᠳᠬᠡᠬᠦ᠂ ᠬᠦᠴᠦ | ᠨᠡᠮᠡᠬᠦ ᠪᠣᠳᠠᠲᠠᠢ ᠲᠣᠬᠢᠷᠠᠭᠤᠯᠤᠯᠲᠠ ᠶᠢ ᠱᠠᠯᠠᠪᠳᠠᠨ ᠰᠤᠳᠤᠯᠬᠤ ᠬᠡᠷᠡᠭᠲᠡᠢ᠃ ᠣᠨᠴᠠ ᠲᠣᠭᠲᠠᠭᠠᠭᠰᠠᠨ ᠤᠯᠤᠰ ᠤᠨ | ᠥᠮᠴᠢᠯᠡᠯᠲᠦ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠠ ᠲᠤᠰᠬᠠᠢ ᠡᠵᠡᠩᠨᠡᠯᠲᠡ ᠶᠢᠨ ᠪᠠᠶᠢᠭᠤᠯᠤᠮᠵᠢ ᠶᠢᠨ ᠬᠠᠤᠯᠢ | ᠶᠣᠰᠣᠭᠠᠷ ᠳᠡᠭᠡᠭᠰᠢ ᠲᠤᠰᠢᠶᠠᠭᠰᠠᠨ ᠠᠰᠢᠭ ᠬᠤᠨᠵᠢᠪᠤᠷᠢ ᠶᠢ ᠴᠠᠭ ᠲᠤᠬᠠᠢ ᠳᠤ ᠨᠢ ᠬᠥᠮᠥᠷᠭᠡ ᠳᠤ ᠣᠷᠣᠭᠤᠯᠬᠤ᠂ | ᠣᠷᠣᠨ ᠨᠤᠲᠤᠭ ᠤᠨ ᠭᠠᠶᠢᠯᠢ ᠶᠢ ᠬᠥᠩᠭᠡᠯᠡᠨ ᠰᠦᠢᠳᠬᠡᠯ ᠢ ᠪᠠᠭᠤᠷᠠᠭᠤᠯᠬᠤ ᠶᠢ ᠳᠡᠮᠵᠢᠨ ᠰᠢᠯᠵᠢᠭᠦᠯᠦᠨ ᠥᠭᠬᠦ ᠶᠢ | ᠬᠤᠲᠠ ᠰᠢᠶᠠᠨ ᠤ ᠦᠨᠳᠦᠰᠦᠨ ᠱᠠᠲᠤᠨ ᠳᠤ ᠴᠠᠭ ᠲᠤᠬᠠᠢ ᠳᠤ ᠨᠢ ᠰᠢᠭᠤᠳ ᠬᠦᠷᠭᠡᠬᠦ ᠶᠢ ᠠᠬᠢᠭᠤᠯᠵᠤ᠂ | ᠦᠨᠳᠦᠰᠦᠨ ᠱᠠᠲᠤᠨ ᠤ ᠠᠵᠤ ᠠᠬᠤᠶᠢᠯᠠᠯ ᠢ ᠬᠠᠪᠰᠤᠷᠴᠤ ᠠᠷᠠᠳ ᠲᠤ ᠠᠰᠢᠭ ᠬᠦᠷᠲᠡᠭᠡᠬᠦ ᠡᠳ᠋ ᠤᠨ ᠬᠦᠴᠦᠨ ᠤ | ᠲᠤᠯᠭᠠᠭᠤᠷᠢᠯᠠᠯ ᠢ ᠪᠠᠲᠤᠯᠠᠨ᠎ᠠ᠃ ᠡᠯ᠎ᠡ ᠭᠠᠵᠠᠷ ᠤᠨ ᠬᠢᠨ ᠪᠣᠳᠠᠲᠤ ᠪᠠᠶᠢᠳᠠᠯ ᠠᠴᠠ ᠪᠠᠨ ᠡᠭᠦᠰᠴᠦ᠂ ᠵᠠᠬ᠎ᠠ | ᠳᠡᠯᠭᠡᠭᠦᠷ ᠤᠨ ᠭᠤᠣᠯ ᠴᠣᠭᠴᠠ ᠢᠯᠠᠩᠭᠤᠶ᠎ᠠ ᠣᠨᠴᠠᠭᠠᠶ ᠬᠦᠴᠢᠷᠳᠡᠯ ᠲᠠᠢ ᠠᠵᠢᠯ ᠲᠥᠷᠥᠯ ᠳᠤ ᠭᠡᠷ ᠤᠨ | ᠲᠦᠷᠢᠶᠡᠰᠦ ᠶᠢ ᠬᠠᠰᠤᠵᠤ ᠬᠡᠯᠲᠦᠷᠢᠭᠦᠯᠬᠦ᠂ ᠡᠨᠧᠷᠭᠢ ᠬᠡᠷᠡᠭᠯᠡᠬᠦ ᠵᠠᠷᠤᠳᠠᠯ ᠢ ᠪᠠᠭᠤᠷᠠᠭᠤᠯᠬᠤ ᠵᠡᠷᠭᠡ ᠬᠠᠪᠰᠤᠷᠤᠨ | ᠲᠡᠳᠬᠦᠬᠦ ᠠᠷᠭ᠎ᠠ ᠬᠡᠮᠵᠢᠶ᠎ᠡ ᠠᠪᠬᠤ ᠬᠡᠷᠡᠭᠲᠡᠢ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ | ᠵᠢᠯᠤᠭᠤᠳᠴᠤ ᠪᠠᠶᠢᠭᠠᠳ ᠪᠣᠳᠠᠲᠠᠢ ᠠᠷᠭ᠎ᠠ ᠬᠡᠮᠵᠢᠶ᠎ᠡ ᠨᠡᠶᠢᠲᠡᠯᠡᠨ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ | ᠪᠡᠯᠡ ᠲᠣᠬᠢᠷᠠᠭᠤᠯᠭ᠎ᠠ ᠶᠢᠨ ᠪᠣᠯᠣᠮᠵᠢᠲᠤ ᠴᠢᠨᠠᠷ ᠢ ᠳᠡᠭᠡᠭᠰᠢᠯᠡᠭᠦᠯᠬᠦ᠂ ᠶᠡᠷᠦᠩᠬᠡᠶᠢᠯᠡᠭᠰᠡᠨ ᠪᠡᠯᠡ ᠲᠣᠬᠢᠷᠠᠭᠤᠯᠭ᠎ᠠ ᠶᠢᠨ | ᠥᠪᠡᠷ ᠤᠨ ᠥᠷᠲᠡᠭ ᠢ ᠪᠠᠭᠤᠷᠠᠭᠤᠯᠬᠤ ᠱᠠᠭᠠᠷᠳᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ᠎ᠠ᠃ ᠡᠭᠦᠨ ᠤ | ᠵᠡᠷᠭᠡᠴᠡᠭᠡ ᠪᠠᠷ᠂ ᠳᠣᠲᠣᠭᠠᠳᠤ ᠬᠡᠷᠡᠭᠴᠡᠭᠡ ᠶᠢ ᠢᠳᠡᠪᠬᠢᠲᠡᠢ ᠥᠷᠭᠡᠳᠬᠡᠵᠦ᠂ ᠬᠡᠷᠡᠭᠯᠡᠭᠡ ᠶᠢᠨ ᠲᠠᠯᠳᠠ ᠬᠦᠴᠦᠨ ᠢ | ᠪᠠᠳᠠᠷᠠᠭᠤᠯᠤᠨ ᠪᠦᠲᠦᠮᠵᠢᠲᠡᠶ ᠪᠡᠯᠡ ᠣᠷᠣᠭᠤᠯᠤᠯᠲᠠ ᠶᠢ ᠨᠡᠮᠡᠭᠳᠡᠭᠦᠯᠦᠨ᠎ᠡ᠃ ᠴᠠᠬᠢᠯᠭᠠᠨ ᠬᠦᠴᠦᠨ᠂ ᠨᠡᠭᠦᠷᠡᠰᠦᠨ ᠤ | ᠲᠣᠭᠲᠠᠭᠤᠨ ᠬᠠᠩᠭᠠᠯᠭ᠎ᠠ ᠶᠢ ᠪᠠᠲᠤᠯᠠᠨ᠎ᠠ᠃ ᠭᠤᠷᠪᠠ ᠳᠤ᠂ ᠭᠤᠣᠯᠳᠠᠯᠭ᠎ᠠ ᠲᠠᠢ ᠬᠦᠷᠢᠶ᠎ᠡ ᠪᠣᠯᠣᠨ ᠵᠠᠩᠭᠢᠯᠠᠭ᠎ᠠ ᠶᠢᠨ | ᠭᠤᠭᠴᠤᠭ᠎ᠠ ᠶᠢᠨ ᠥᠭᠡᠷᠡᠴᠢᠯᠡᠯᠲᠡ ᠶᠢ ᠠᠬᠢᠭᠤᠯᠵᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠦᠭᠦᠳᠡ ᠤᠯᠠᠨ ᠢᠶᠠᠷ ᠢᠶᠠᠨ ᠦᠢᠯᠡᠰ ᠪᠣᠰᠬᠠᠵᠤ᠂ ᠲᠦᠮᠡᠨ | ᠤᠯᠠᠨ ᠢᠶᠠᠷ ᠢᠶᠠᠨ ᠰᠢᠨ᠎ᠡ ᠶᠢ ᠡᠭᠦᠳᠬᠦ ᠶᠢ ᠠᠬᠢᠭᠤᠯᠵᠤ᠂ ᠦᠢᠯᠡᠰ ᠪᠣᠰᠬᠠᠵᠤ ᠰᠢᠨ᠎ᠡ ᠶᠢ ᠡᠭᠦᠳᠬᠦ᠂ ᠠᠵᠤ | ᠠᠬᠤᠶᠢᠯᠠᠯ ᠤᠨ ᠡᠵᠡᠩᠨᠡᠯᠲᠡ ᠪᠣᠯᠣᠨ ᠰᠠᠭᠤᠭᠠᠯᠢ ᠠᠷᠠᠳ ᠤᠨ ᠬᠡᠷᠡᠭ ᠶᠠᠪᠤᠳᠠᠯ ᠢ ᠰᠢᠢᠳᠪᠦᠷᠢᠯᠡᠬᠦ ᠳᠤ ᠲᠦᠬᠦᠮ | ᠦᠵᠡᠭᠦᠯᠬᠦ ᠪᠠᠰᠠ ᠨᠢᠭᠡ ᠪᠦᠯᠦᠭ ᠪᠣᠳᠠᠲᠠᠢ ᠠᠷᠭ᠎ᠠ ᠬᠡᠮᠵᠢᠶ᠎ᠡ ᠶᠢ ᠨᠡᠶᠢᠲᠡᠯᠡᠵᠦ᠂ ᠨᠡᠩ ᠤᠯᠠᠨ ᠤᠴᠢᠷ ᠶᠠᠪᠤᠳᠠᠯ ᠢ | ᠣᠨᠳᠣᠣ ᠭᠠᠵᠠᠷ ᠲᠤ ᠰᠢᠢᠳᠪᠦᠷᠢᠯᠡᠬᠦ᠂ ᠨᠢᠭᠡ ᠰᠦᠯᠵᠢᠶ᠎ᠡ ᠪᠠᠷ ᠪᠦᠬᠦᠨ ᠢ ᠰᠢᠢᠳᠪᠦᠷᠢᠯᠡᠬᠦ ᠶᠢ ᠠᠬᠢᠭᠤᠯᠤᠨ᠎ᠠ᠃ | ᠪᠡᠶ᠎ᠡ ᠶᠢᠨ ᠦᠨᠡᠮᠯᠡᠯ ᠢ ᠡᠯᠧᠺᠲᠷᠤᠨᠴᠢᠯᠠᠬᠦ ᠶᠢ ᠠᠬᠢᠭᠤᠯᠵᠤ᠂ ᠺᠣᠳ᠋ ᠰᠢᠷᠪᠢᠬᠦ ᠪᠠᠷ ᠳᠠᠮᠵᠢᠭᠤᠯᠤᠨ ᠪᠡᠶ᠎ᠡ ᠶᠢᠨ ᠦᠨᠡᠮᠯᠡᠯ | ᠬᠡᠷᠡᠭᠯᠡᠬᠦ ᠴᠢᠬᠤᠯᠠᠲᠠᠢ ᠦᠢᠯᠡᠴᠢᠯᠡᠭᠡᠨ ᠤ ᠵᠦᠢᠯᠡᠰ ᠢ ᠭᠦᠢᠴᠡᠳᠬᠡᠬᠦ ᠶᠢᠨ ᠬᠠᠮᠲᠤ ᠣᠯᠠᠨ ᠲᠦᠮᠡᠨ ᠤ ᠮᠡᠳᠡᠭᠡ | ᠵᠠᠩᠭᠢ ᠶᠢᠨ ᠠᠮᠤᠷ ᠲᠦᠪᠰᠢᠨ ᠪᠠ ᠬᠤᠪᠢ ᠬᠥᠮᠥᠨ ᠤ ᠨᠢᠭᠤᠴᠠ ᠶᠢ ᠰᠠᠶᠢᠲᠤᠷ ᠪᠠᠲᠤᠯᠠᠬᠤ ᠬᠡᠷᠡᠭᠲᠡᠢ᠃ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠭᠤᠣᠯᠴᠢ ᠥᠷᠢᠰᠦᠯᠳᠦᠭᠡᠨ ᠢ ᠬᠠᠮᠠᠭᠠᠯᠠᠨ᠎ᠠ᠃ | ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠠᠵᠢᠯ ᠢ ᠲᠦᠷᠭᠡᠳᠬᠡᠨ᠎ᠡ᠃ ᠠᠵᠤ | ᠠᠬᠤᠶᠢᠯᠠᠯ ᠤᠨ ᠰᠤᠳᠤᠯᠤᠨ ᠨᠡᠭᠡᠭᠡᠬᠦ ᠵᠠᠷᠤᠳᠠᠯ ᠢ ᠨᠡᠮᠡᠨ ᠪᠤᠳᠤᠵᠤ ᠰᠠᠭᠤᠳᠬᠠᠬᠤ᠂ ᠰᠠᠭᠤᠷᠢ ᠰᠤᠳᠤᠯᠭᠠᠨ ᠤ ᠭᠠᠶᠢᠯᠢ | ᠲᠠᠲᠠᠪᠤᠷᠢ ᠶᠢᠨ ᠬᠠᠷᠠᠭᠠᠯᠵᠠᠯ ᠦᠵᠡᠭᠦᠯᠬᠦ ᠵᠡᠷᠭᠡ ᠤᠷᠮᠠᠰᠢᠭᠤᠯᠬᠤ ᠲᠦᠷᠦ ᠶᠢᠨ ᠪᠣᠳᠣᠯᠭ᠎ᠠ ᠶᠢ ᠰᠠᠶᠢᠲᠤᠷ | ᠬᠡᠷᠡᠭᠵᠢᠭᠦᠯᠵᠦ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠤᠨ᠎ᠠ᠃ | ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠵᠤ ᠭᠠᠳᠠᠭᠠᠳᠤ ᠪᠡᠯᠡ ᠶᠢ ᠲᠣᠭᠲᠠᠪᠤᠷᠢᠵᠢᠭᠤᠯᠬᠤ ᠳᠤ ᠲᠤᠯᠭᠠᠷᠠᠵᠤ | ᠪᠠᠶᠢᠭ᠎ᠠ ᠰᠢᠨ᠎ᠡ ᠪᠠᠶᠢᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠢᠭᠡᠨᠲᠡ ᠲᠣᠭᠲᠠᠭᠠᠭᠰᠠᠨ ᠲᠦᠷᠦ ᠶᠢᠨ | ᠪᠣᠳᠣᠯᠭ᠎ᠠ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠵᠤ᠂ ᠭᠠᠳᠠᠭᠠᠳᠤ ᠠᠷᠠᠯᠵᠢᠶ᠎ᠠ ᠪᠠ ᠭᠠᠳᠠᠭᠠᠳᠤ ᠪᠡᠯᠡ ᠶᠢᠨ | ᠠᠵᠤ ᠠᠬᠤᠶᠢᠯᠠᠯ ᠤᠨ ᠪᠣᠳᠠᠲᠠᠢ ᠬᠦᠴᠢᠷᠳᠡᠯ ᠢ ᠰᠢᠢᠳᠪᠦᠷᠢᠯᠡᠬᠦ ᠶᠢ ᠠᠬᠢᠭᠤᠯᠤᠨ᠎ᠠ᠃ ᠳᠥᠷᠪᠡ ᠳᠤ᠂ ᠴᠢᠳᠠᠯ ᠤᠨ | ᠬᠢᠷᠢ ᠪᠠᠷ ᠢᠶᠠᠨ ᠴᠢᠷᠮᠠᠶᠢᠵᠤ᠂ ᠵᠢᠷᠦᠬᠡ ᠰᠡᠳᠬᠢᠯ ᠠᠴᠠ ᠪᠠᠨ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ | ᠪᠣᠳᠠᠲᠤ ᠶᠠᠪᠤᠳᠠᠯ ᠢ ᠰᠠᠶᠢᠲᠤᠷ ᠬᠢᠬᠦ ᠬᠡᠷᠡᠭᠲᠡᠢ᠃ ᠶᠠᠳᠠᠭᠤ ᠠᠴᠠ ᠠᠩᠬᠢᠵᠢᠷᠠᠭᠤᠯᠵᠤ ᠪᠣᠭᠤᠮᠲᠠ ᠰᠢᠪᠲᠤᠯᠤᠭᠰᠠᠨ | ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠨ᠎ᠡ᠃ ᠠᠯᠪᠠᠨ ᠵᠢᠷᠤᠮ ᠤᠨ ᠰᠤᠷᠭᠠᠨ ᠬᠥᠮᠦᠵᠢᠯ᠂ ᠦᠨᠳᠦᠰᠦᠨ | ᠡᠮᠴᠢᠯᠡᠭᠡ᠂ ᠦᠨᠳᠦᠰᠦᠨ ᠣᠷᠣᠨ ᠰᠠᠭᠤᠴᠠ ᠵᠡᠷᠭᠡ ᠠᠷᠠᠳ ᠤᠨ ᠠᠮᠢᠳᠤᠷᠠᠯ ᠤᠨ ᠦᠨᠳᠦᠰᠦᠨ ᠪᠠᠲᠤᠯᠠᠭ᠎ᠠ ᠶᠢ | ᠴᠢᠩᠭᠠᠳᠬᠠᠬᠤ ᠠᠷᠭ᠎ᠠ ᠬᠡᠮᠵᠢᠶ᠎ᠡ ᠶᠢ ᠰᠠᠶᠢᠲᠤᠷ ᠬᠡᠷᠡᠭᠵᠢᠭᠦᠯᠵᠦ᠂ ᠬᠦᠴᠢᠷᠳᠡᠯ ᠲᠠᠢ ᠤᠯᠠᠨ ᠲᠦᠮᠡᠨ ᠤ ᠠᠮᠢᠳᠤᠷᠠᠯ ᠤᠨ | ᠨᠠᠭᠠᠲᠤ ᠵᠠᠬ᠎ᠠ ᠶᠢᠨ ᠪᠠᠷᠢᠮᠵᠢᠶ᠎ᠠ ᠶᠢ ᠪᠠᠲᠤ ᠰᠠᠬᠢᠬᠤ ᠬᠡᠷᠡᠭᠲᠡᠢ᠃ ᠲᠠᠪᠤ ᠳᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ | ᠮᠥᠴᠢᠷ ᠤᠳ ᠲᠤᠯᠭᠠᠮᠳᠠᠭᠤ ᠰᠡᠳᠬᠢᠯᠭᠡ ᠪᠠᠨ ᠴᠢᠩᠭᠠᠳᠬᠠᠵᠤ᠂ ᠡᠭᠦᠷᠭᠡ ᠡᠭᠦᠷᠭᠡᠯᠡᠨ ᠪᠣᠳᠠᠲᠠᠢ ᠪᠠᠷ ᠠᠵᠢᠯᠯᠠᠵᠤ᠂ | ᠢᠳᠡᠪᠬᠢ ᠬᠦᠴᠦᠨ ᠵᠦᠢᠯ ᠪᠦᠬᠦᠨ ᠢ ᠳᠠᠶᠢᠴᠢᠯᠠᠵᠤ᠂ ᠠᠵᠢᠯ ᠢᠶᠠᠨ ᠪᠦᠲᠦᠭᠡᠯᠴᠢ ᠪᠠᠷ ᠥᠷᠨᠢᠭᠦᠯᠬᠦ ᠬᠡᠷᠡᠭᠲᠡᠢ᠃ | ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠭᠦᠢᠴᠡᠳᠬᠡᠬᠦ ᠶᠢ ᠦᠷᠭᠦᠯᠵᠢᠯᠡᠨ ᠰᠠᠶᠢᠲᠤᠷ ᠠᠳᠬᠤᠵᠤ᠂ ᠬᠠᠷᠢᠯᠴᠠᠨ | ᠲᠦᠯᠬᠢᠯᠴᠡᠬᠦ᠂ ᠠᠯᠪᠠ ᠬᠠᠰᠢᠵᠤ ᠠᠮᠠ ᠪᠥᠭᠯᠡᠬᠦ᠂ ︽ᠨᠢᠭᠡ ᠯᠡ ᠠᠳᠠᠯᠢ ᠪᠠᠷ ᠱᠠᠭᠠᠷᠳᠠᠬᠤ︾᠂ ᠢᠯᠠᠩᠭᠤᠶ᠎ᠠ ᠣᠯᠠᠨ | ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠬᠤ ᠶᠢ ᠥᠯᠥ ᠬᠠᠶᠢᠬᠤᠷᠬᠤ ᠵᠡᠷᠭᠡ ᠥᠯᠥ ᠦᠢᠯᠡᠳᠬᠦᠢ | ᠪᠠ ᠳᠤᠷ᠎ᠠ ᠪᠠᠷ ᠦᠢᠯᠡᠳᠬᠦᠢ ᠶᠢ ᠰᠡᠷᠭᠡᠶᠢᠯᠡᠨ ᠵᠠᠯᠠᠷᠠᠭᠤᠯᠵᠤ᠂ ᠡᠯ᠎ᠡ ᠵᠦᠢᠯ ᠤᠨ ᠠᠵᠢᠯ ᠳᠤ ᠪᠣᠳᠠᠲᠤ ᠦᠷ᠎ᠡ | ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠪᠠ᠃ |