ᠰᠦᠶ ᠸᠧᠶ ᠵᠢᠶᠦ᠋ᠨ ᠬᠤᠲᠠ ᠶᠢᠨ ᠨᠠᠮ ᠤᠨ ᠬᠤᠷᠢᠶᠠᠨ ᠤ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠶᠠᠪᠤᠳᠠᠯ ᠢ ᠰᠤᠳᠤᠯᠪᠠ
ᠨᠡᠶᠢᠲᠡᠯᠡᠭᠰᠡᠨ ᠴᠠᠭ᠄
2022/3/18
     3 ᠰᠠᠷ᠎ᠠ ᠶᠢᠨ 17 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠶ ᠸᠧᠶ ᠵᠢᠶᠦ᠋ᠨ ᠬᠤᠲᠠ ᠶᠢᠨ ᠨᠠᠮ ᠤᠨ ᠬᠤᠷᠢᠶᠠᠨ ᠤ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠬᠤᠯᠪᠣᠭᠳᠠᠯ ᠪᠥᠬᠦᠶ ᠤᠴᠢᠷ ᠶᠠᠪᠤᠳᠠᠯ ᠢ ᠰᠤᠳᠤᠯᠵᠤ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃     ᠬᠤᠲᠠ ᠶᠢᠨ ᠤᠳᠤᠷᠢᠳᠤᠯᠭ᠎ᠠ ᠴᠢ ᠹᠸᠢ ᠶᠦᠨ᠂ ᠴᠢᠶᠣᠤ ᠶᠦᠨ ᠯᠢ᠂ ᠶᠦᠨ ᠫᠧᠩ ᠭᠠᠩ᠂ ᠯᠢ ᠶᠦᠩ᠂ ᠯᠢᠦ ᠭᠦᠸᠧ ᠭᠠᠩ᠂ ᠶᠤᠸᠠᠨ ᠰᠢᠶᠤᠤ ᠳ᠋ᠦᠩ ᠬᠤᠷᠠᠯ ᠳᠤ ᠣᠷᠣᠯᠴᠠᠪᠠ᠃     ᠰᠦᠢ ᠸᠧᠢ ᠵᠢᠶᠦ᠋ᠨ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠦᠷᠢᠶᠡᠯᠡᠩ ᠲᠣᠭᠤᠷᠢᠭ ᠢ ᠪᠠᠶᠢᠭᠤᠯᠬᠤ ᠪᠣᠯ ᠤᠯᠤᠰ ᠤᠨ ᠲᠦᠷᠦ ᠶᠢᠨ ᠪᠤᠳᠤᠯᠭ᠎ᠠ ᠶᠢᠨ ᠠᠵᠠ ᠲᠣᠬᠢᠶᠠᠯ ᠢ ᠠᠮᠵᠢᠬᠤ᠂ ᠢᠷᠡᠭᠡᠳᠦᠢ ᠶᠢᠨ ᠬᠥᠭᠵᠢᠯᠲᠡ ᠶᠢᠨ ᠬᠥᠳᠡᠯᠭᠡᠬᠦ ᠬᠦᠴᠦᠨ ᠢ ᠠᠳᠬᠤᠬᠤ ᠴᠢᠬᠤᠯᠠ ᠶᠡᠭᠡ ᠠᠷᠭ᠎ᠠ  ᠬᠡᠮᠵᠢᠶ᠎ᠡ ᠮᠥᠨ᠂ ᠰᠤᠷᠭᠠᠨ ᠬᠥᠮᠦᠵᠢᠯ ᠤᠨ ᠠᠵᠤ ᠠᠬᠤᠢ ᠶᠢ ᠬᠥᠭᠵᠢᠭᠦᠯᠬᠦ᠂ ᠬᠥᠮᠦᠨ ᠠᠮᠠ ᠶᠢᠨ ᠠᠰᠢᠭ ᠪᠣᠯᠤᠨ ᠴᠢᠳᠠᠪᠤᠷᠢᠲᠠᠨ ᠤ ᠠᠰᠢᠭ ᠢ ᠪᠠᠳᠠᠷᠠᠭᠤᠯᠬᠤ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠮᠥᠨ᠂ ᠨᠡᠩ ᠴᠤ ᠤᠯᠠᠭᠠᠨᠴᠠᠪ ᠤᠨ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠪᠣᠳᠠᠲᠠᠢ ᠦᠢᠯᠡᠳᠦᠯᠭᠡ ᠮᠥᠨ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠳ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠦᠷᠢᠶᠡᠯᠡᠩ ᠲᠣᠭᠤᠷᠢᠭ ᠤᠨ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ ᠰᠡᠳᠬᠢᠯᠭᠡ᠂ ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠨ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠤᠯᠤᠰ ᠠᠴᠠ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠵᠣᠷᠢᠭᠵᠢᠭᠤᠯᠤᠨ ᠬᠥᠭᠵᠢᠭᠦᠯᠬᠦ ᠠᠵᠠ ᠲᠣᠬᠢᠶᠠᠯ ᠢ ᠴᠢᠩᠭ᠎ᠠ ᠠᠳᠬᠤᠨ᠂ ᠥᠨᠳᠥᠷ ᠡᠬᠢᠯᠡᠯᠲᠡ ᠲᠠᠢ ᠪᠠᠷ ᠠᠷᠭ᠎ᠠ ᠤᠬᠠᠭᠠᠨ ᠰᠦᠪᠡᠭᠴᠢᠯᠡᠬᠦ᠂ ᠥᠨᠳᠥᠷ ᠬᠢᠷᠢ ᠲᠦᠪᠰᠢᠨ ᠢᠶᠠᠷ ᠪᠥᠲᠥᠭᠡᠨ ᠪᠠᠶᠢᠭᠤᠯᠬᠤ ᠶᠢ ᠪᠠᠷᠢᠮᠲᠠᠯᠠᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠡᠯ᠎ᠡ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ ᠭᠡᠵᠦ ᠵᠢᠭᠠᠵᠤ ᠭᠠᠷᠭᠠᠪᠠ᠃     ᠰᠦᠢ ᠸᠧᠢ ᠵᠢᠶᠦ᠋ᠨ᠂ ᠤᠷᠢᠳᠠᠪᠠᠷ ᠲᠥᠯᠥᠪᠵᠢᠭᠦᠯᠬᠦ ᠶᠢ ᠪᠠᠷᠢᠮᠲᠠᠯᠠᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠦᠷᠢᠶᠡᠯᠡᠩ ᠲᠣᠭᠤᠷᠢᠭ ᠢ ᠴᠠᠬᠠᠷ ᠪᠡᠭᠡᠵᠢᠩ ᠥᠪᠥᠷ ᠮᠣᠩᠭᠤᠯ ᠤᠨ ᠴᠢᠳᠠᠪᠤᠷᠢᠲᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶᠡᠯᠡᠩ ᠲᠠᠢ ᠨᠢᠭᠡ ᠴᠤᠭᠴᠠᠵᠢᠭᠤᠯᠤᠨ ᠲᠥᠯᠥᠪᠵᠢᠭᠦᠯᠦᠨ ᠲᠥᠯᠥᠪᠯᠡᠵᠦ᠂ ᠤᠳᠤ ᠦᠶ᠎ᠡ ᠶᠢᠨ ᠤᠷᠠᠨ ᠳᠠᠷᠬᠠᠨ ᠤ ᠴᠢᠳᠠᠪᠤᠷᠢᠲᠠᠨ ᠢ ᠬᠥᠮᠦᠵᠢᠭᠦᠯᠬᠦ ᠰᠠᠭᠤᠷᠢᠨ ᠭᠠᠵᠠᠷ᠂ ᠣᠳᠣᠬᠢᠴᠢᠯᠠᠭᠰᠠᠨ ᠤᠷ᠎ᠠ ᠮᠡᠷᠭᠡᠵᠢᠯ ᠤᠨ ᠬᠡᠯᠪᠡᠷᠢ ᠶᠢᠨ ᠴᠢᠳᠠᠪᠤᠷᠢᠲᠠᠨ ᠢ ᠬᠥᠮᠦᠵᠢᠭᠦᠯᠬᠦ ᠰᠠᠭᠤᠷᠢᠨ ᠭᠠᠵᠠᠷ ᠤᠨ ᠪᠠᠶᠢᠷᠢ ᠲᠣᠭᠲᠠᠭᠠᠯᠲᠠ ᠶᠢ ᠬᠠᠷᠠᠭᠠᠯᠠᠨ᠂ ᠶᠡᠭᠡ ᠳᠡᠭᠡᠳᠦ ᠰᠤᠷᠭᠠᠭᠤᠯᠢ᠂ ᠪᠣᠯᠪᠠᠰᠤᠷᠠᠯ ᠤᠨ ᠪᠠᠶᠢᠭᠤᠯᠤᠮᠵᠢ᠂ ᠤᠷ᠎ᠠ ᠮᠡᠷᠭᠡᠵᠢᠯ ᠤᠨ ᠪᠣᠯᠪᠠᠰᠤᠷᠠᠯ ᠤᠨ ᠬᠢᠨᠠᠨ ᠲᠣᠭᠲᠠᠭᠠᠬᠤ ᠰᠠᠭᠤᠷᠢᠨ ᠭᠠᠵᠠᠷ ᠢ ᠨᠢᠭᠡ ᠴᠤᠭᠴᠠᠵᠢᠭᠤᠯᠤᠭᠰᠠᠨ ᠰᠢᠨ᠎ᠡ ᠮᠠᠶ᠋ᠢᠭ ᠤᠨ ᠣᠳᠣᠬᠢᠴᠢᠯᠠᠭᠰᠠᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠦᠷᠢᠶᠡᠯᠡᠩ ᠲᠣᠭᠤᠷᠢᠭ ᠢ ᠪᠠᠶᠢᠭᠤᠯᠬᠤ ᠬᠡᠷᠡᠭᠲᠡᠢ᠃ ᠠᠷᠠᠳ ᠠᠴᠠ ᠪᠠᠯᠠ ᠣᠷᠣᠭᠤᠯᠬᠤ᠂ ᠠᠷᠠᠳ ᠠᠴᠠ ᠡᠷᠭᠢᠯᠡᠬᠦ᠂ ᠠᠷᠠᠳ ᠠᠴᠠ ᠡᠵᠡᠩᠨᠡᠬᠦ ᠶᠢ ᠬᠥᠭᠵᠢᠯᠲᠡ ᠶᠢᠨ ᠰᠡᠳᠬᠢᠴᠡ ᠪᠣᠯᠭᠠᠵᠤ᠂ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠪᠠᠷ ᠡᠬᠢᠯᠡᠯᠲᠡ ᠪᠣᠯᠭᠠᠬᠤ ᠶᠢ ᠪᠠᠷᠢᠮᠲᠠᠯᠠᠨ᠂ ᠳᠡᠭᠡᠳᠦ ᠵᠡᠷᠭᠡ ᠶᠢᠨ ᠰᠤᠷᠭᠠᠭᠤᠯᠢ ᠶᠢᠨ ᠰᠣᠷᠣᠭᠴᠢ ᠡᠯᠰᠡᠬᠦ ᠶᠢ ᠪᠥᠬᠦ ᠬᠦᠴᠦᠨ ᠢᠶᠠᠷ ᠢᠶᠠᠨ ᠥᠷᠨᠢᠭᠦᠯᠬᠦ ᠬᠡᠷᠡᠭᠲᠡᠶ᠃ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ᠂ ᠬᠥᠷᠥᠩᠭᠡᠵᠢᠭᠦᠯᠦᠨ ᠬᠠᠮᠲᠤᠷᠠᠯᠴᠠᠬᠤ᠂ ᠠᠵᠤ ᠠᠬᠤᠶᠢᠯᠠᠯᠴᠢᠯᠠᠨ ᠡᠵᠡᠩᠨᠡᠬᠦ ᠶᠢ ᠪᠠᠷᠢᠮᠲᠠᠯᠠᠵᠤ᠂ ᠣᠷᠣᠨ ᠨᠤᠲᠤᠭ ᠤᠨ ᠴᠢᠨᠠᠷᠲᠠᠢ ᠵᠢᠭᠡᠯᠡᠯᠭᠡ ᠶᠢᠨ ᠲᠡᠮᠳᠡᠭᠲᠦ᠂ ᠳᠡᠭᠡᠳᠦ ᠱᠠᠲᠤᠨ ᠠᠴᠠ ᠪᠡᠯᠡ ᠣᠷᠣᠭᠤᠯᠬᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠠᠵᠤ ᠠᠬᠤᠶᠢᠯᠠᠯ ᠠᠴᠠ ᠲᠤᠰᠠᠯᠠᠨ ᠪᠠᠶᠢᠭᠤᠯᠬᠤ ᠵᠡᠷᠭᠡ ᠤᠯᠠᠨ ᠵᠦᠢᠯ ᠤᠨ ᠪᠡᠯᠡ ᠣᠷᠣᠭᠤᠯᠵᠤ ᠪᠡᠯᠡ ᠮᠥᠩᠭᠦ ᠴᠤᠭᠯᠠᠭᠤᠯᠬᠤ ᠲᠣᠭᠲᠠᠴᠠ ᠶᠢ ᠰᠦᠪᠡᠭᠴᠢᠯᠡᠨ ᠬᠡᠷᠡᠭᠯᠡᠵᠦ᠂ ᠬᠦᠷᠢᠶᠡᠯᠡᠩ ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ᠃ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠭᠤᠤᠯ ᠴᠣᠭᠴᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠨ᠂ ᠵᠣᠬᠢᠶᠠᠨ ᠪᠠᠶᠢᠭᠤᠯᠤᠨ ᠵᠣᠬᠢᠴᠠᠭᠤᠯᠬᠤ ᠪᠠᠨ ᠴᠢᠩᠭᠠᠳᠬᠠᠵᠤ᠂ ᠠᠵᠢᠯ ᠤᠨ ᠲᠤᠰᠬᠠᠶ ᠠᠩᠭᠢ ᠪᠠᠶᠢᠭᠤᠯᠤᠨ᠂ ᠲᠥᠷᠥ ᠶᠢᠨ ᠪᠣᠳᠣᠯᠭ᠎ᠠ᠂ ᠲᠥᠷᠥᠯ ᠵᠦᠢᠯ ᠵᠡᠷᠭᠡ ᠲᠠᠯ᠎ᠠ ᠶᠢᠨ ᠳᠡᠮᠵᠢᠯᠭᠡ ᠶᠢ ᠢᠳᠡᠪᠬᠢᠲᠡᠶ ᠪᠠᠷ ᠴᠢᠷᠮᠠᠶᠢᠨ ᠣᠯᠵᠤ᠂ ᠲᠥᠷᠥᠯ ᠵᠦᠢᠯ ᠢ ᠨᠠᠶᠢᠳᠠᠪᠤᠷᠢᠵᠢᠭᠤᠯᠤᠨ ᠪᠥᠲᠥᠭᠡᠨ ᠪᠠᠶᠢᠭᠤᠯᠬᠤ ᠶᠢ ᠲᠦᠷᠭᠡᠳᠬᠡᠨ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2