3 ᠰᠠᠷ᠎ᠠ ᠶᠢᠨ 7 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ | ᠴᠢ ᠹᠸᠢ ᠶᠦᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ︽ | ᠬᠤᠳᠠᠯᠳᠤᠭ᠎ᠠ ᠡᠷᠬᠢᠯᠡᠬᠦ ᠣᠷᠴᠢᠨᠨᠦ᠋ᠬᠦᠴᠡᠯ ᠢ ᠰᠢᠯᠢᠳᠡᠭᠵᠢᠭᠦᠯᠬᠦ ᠳᠦᠷᠢᠮ︾ ᠢ ᠰᠤᠷᠤᠯᠴᠠᠵᠤ᠂ ︽ᠤᠯᠠᠭᠠᠨᠴᠠᠪ | ᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠬᠠᠮᠠᠭᠠᠯᠠᠯᠲᠠ | ᠬᠥᠭᠵᠢᠯᠲᠡ ᠶᠢᠨ ᠲᠥᠯᠥᠪᠵᠢᠭᠦᠯᠭᠡ︾ ︽ᠤᠯᠠᠭᠠᠨᠴᠠᠪ ᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ | ᠶᠡᠷᠦᠩᠬᠡᠶᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠶᠢᠨ ᠬᠥᠭᠵᠢᠯᠲᠡ ᠶᠢᠨ ᠲᠥᠯᠥᠪᠵᠢᠭᠦᠯᠭᠡ︾ ︽ᠤᠯᠠᠭᠠᠨᠴᠠᠪ | ᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠠᠷᠠᠳ ᠤᠨ ᠶᠠᠪᠤᠳᠠᠯ ᠤᠨ ᠦᠢᠯᠡᠰ ᠤᠨ ᠬᠥᠭᠵᠢᠯᠲᠡ ᠶᠢᠨ | ᠲᠥᠯᠥᠪᠵᠢᠭᠦᠯᠭᠡ︾ ︽ᠤᠯᠠᠭᠠᠨᠴᠠᠪ ᠬᠤᠲᠠ ᠶᠢᠨ ᠬᠤᠳᠠᠯᠳᠤᠭ᠎ᠠ ᠡᠷᠭᠢᠯᠡᠬᠦ ᠣᠷᠴᠢᠨ ᠨᠦᠬᠦᠴᠡᠯ ᠢ ᠤᠯᠠᠮ ᠨᠢᠭᠡ | ᠠᠯᠬᠤᠮ ᠰᠢᠯᠢᠳᠡᠭᠵᠢᠭᠦᠯᠵᠦ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠨᠠᠩ ᠰᠠᠶᠢᠨ ᠦᠢᠯᠡᠴᠢᠯᠡᠬᠦ ᠠᠵᠢᠯ ᠤᠨ | ᠬᠡᠷᠡᠭᠵᠢᠭᠦᠯᠬᠦ ᠲᠥᠰᠦᠯ︾ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ ᠬᠠᠮᠢᠶ᠎ᠠ ᠪᠥᠬᠦᠶ ᠠᠵᠢᠯ ᠢ | ᠳᠣᠭᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠨᠢ ᠣᠷᠴᠢᠨ ᠲᠣᠭᠤᠷᠢᠨ ᠤ | ᠠᠰᠠᠭᠤᠳᠠᠯ᠂ ᠠᠷᠠᠳ ᠤᠨ ᠠᠮᠢᠳᠤᠷᠠᠯ ᠤᠨ ᠠᠰᠠᠭᠤᠳᠠᠯ᠂ ᠬᠥᠭᠵᠢᠯᠲᠡ ᠶᠢᠨ ᠠᠰᠠᠭᠤᠳᠠᠯ ᠪᠣᠯᠬᠤ ᠪᠠᠷ ᠪᠠᠷᠠᠬᠤ ᠦᠭᠡᠢ | ᠨᠡᠩ ᠴᠤ ᠴᠢᠬᠤᠯᠠ ᠶᠡᠭᠡ ᠤᠯᠤᠰ ᠲᠦᠷᠦ ᠶᠢᠨ ᠠᠰᠠᠭᠤᠳᠠᠯ ᠪᠣᠯᠤᠨ᠎ᠠ᠃ ᠡᠯ᠎ᠡ ᠱᠠᠳᠤ ᠡᠯ᠎ᠡ ᠰᠠᠯᠠᠭ᠎ᠠ | ᠮᠥᠴᠢᠷ ᠤᠨ ᠬᠢᠨ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ | ᠬᠠᠯᠬᠠᠪᠴᠢ ᠶᠢ ᠪᠠᠬᠢᠵᠢᠭᠦᠯᠬᠦ ᠲᠡᠦᠬᠡ ᠶᠢᠨ ᠬᠦᠨᠳᠦ ᠡᠭᠦᠷᠭᠡ ᠶᠢ ᠡᠷᠡᠰ ᠡᠭᠦᠷᠭᠡᠯᠡᠵᠦ᠂ ᠠᠭᠤᠯᠠ ᠤᠰᠤ ᠤᠢ ᠰᠢᠭᠤᠢ | ᠲᠠᠷᠢᠶᠠᠨ ᠭᠠᠵᠠᠷ ᠨᠠᠭᠤᠷ ᠡᠪᠡᠰᠦ ᠡᠯᠡᠰᠦᠨ ᠤ ᠰᠢᠰᠲ᠋ᠧᠮᠲᠦ ᠵᠠᠰᠠᠯᠲᠠ ᠶᠢ ᠨᠢᠭᠡᠳᠦᠯᠲᠡᠢ ᠲᠥᠯᠥᠪᠵᠢᠭᠦᠯᠵᠦ᠂ ᠶᠡᠭᠡ | ᠬᠡᠪᠴᠢᠶᠡᠨ ᠤ ᠤᠯᠤᠰ ᠤᠨ ᠭᠠᠵᠠᠷ ᠰᠢᠷᠣᠢ ᠶᠢᠨ ᠨᠣᠭᠤᠭᠠᠷᠠᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠠᠬᠢᠭᠤᠯᠵᠤ᠂ | ᠤᠢ ᠰᠢᠭᠤᠢ᠂ ᠨᠤᠲᠤᠭ ᠪᠡᠯᠴᠢᠭᠡᠷ ᠤᠨ ᠶᠠᠰᠤ ᠴᠢᠨᠠᠷ ᠪᠣᠯᠤᠨ ᠶᠡᠷᠦᠩᠬᠡᠶᠢᠯᠡᠭᠰᠡᠨ ᠦᠷ᠎ᠡ ᠠᠰᠢᠭ ᠢ ᠲᠠᠰᠤᠷᠠᠯᠲᠠ | ᠦᠭᠡᠢ ᠳᠡᠭᠡᠭᠰᠢᠯᠡᠭᠦᠯᠵᠦ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠪᠠᠷ | ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠰᠠᠶᠢᠲᠤᠷ | ᠵᠠᠮᠨᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ | ᠵᠠᠮ ᠬᠠᠷᠢᠯᠴᠠᠭᠠᠨ ᠤ ᠦᠢᠯᠡᠰ ᠤᠨ ᠬᠥᠭᠵᠢᠯᠲᠡ ᠶᠢ ᠥᠨᠳᠥᠷ ᠡᠬᠢᠯᠡᠯᠲᠡ ᠲᠠᠢ᠂ ᠥᠨᠳᠥᠷ ᠪᠠᠷᠢᠮᠵᠢᠶ᠎ᠠ ᠲᠠᠢ᠂ ᠴᠢᠨᠠᠷ | ᠰᠠᠶᠢᠲᠠᠶ ᠲᠥᠯᠥᠪᠯᠡᠵᠦ᠂ ᠡᠭᠦᠷᠭᠡ᠂ ᠴᠠᠭ ᠤᠨ ᠬᠢᠵᠠᠭᠠᠷ ᠪᠠ ᠠᠷᠭ᠎ᠠ ᠵᠠᠮ ᠢ ᠲᠣᠳᠣᠷᠬᠠᠶ ᠪᠣᠯᠭᠠᠵᠤ᠂ ᠠᠵᠢᠯ ᠤᠨ | ᠨᠠᠶᠢᠳᠠᠪᠤᠷᠢᠵᠢᠭᠤᠯᠤᠯᠲᠠ ᠶᠢ ᠬᠦᠴᠦᠲᠡᠶ ᠠᠳᠬᠤᠵᠤ᠂ ︽ᠲᠥᠯᠥᠪᠵᠢᠭᠦᠯᠭᠡ ᠶᠢᠨ ᠵᠢᠷᠤᠭ︾ ᠢ ︽ᠪᠣᠳᠠᠲᠤ | ᠦᠵᠡᠮᠵᠢ ᠶᠢᠨ ᠵᠢᠷᠤᠭ︾ ᠪᠣᠯᠭᠠᠨ ᠬᠤᠪᠢᠷᠠᠭᠤᠯᠬᠤ ᠶᠢ ᠲᠦᠷᠭᠡᠪᠴᠢᠯᠡᠨ ᠠᠬᠢᠭᠤᠯᠬᠤ ᠬᠡᠷᠡᠭᠲᠡᠶ᠃ ᠶᠡᠷᠦᠩᠬᠡᠶᠢᠯᠡᠭᠰᠡᠨ | ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ ᠲᠣᠣᠷ ᠢ ᠬᠦᠴᠦᠯᠡᠨ ᠰᠢᠯᠢᠳᠡᠭᠵᠢᠭᠦᠯᠵᠦ᠂ ᠤᠳᠤ ᠦᠶ᠎ᠡ ᠶᠢᠨ | ᠪᠠᠷᠠᠭᠠᠨ ᠤ ᠭᠦᠢᠯᠭᠡᠭᠡ᠂ ᠰᠣᠶᠣᠯ ᠵᠤᠭᠠᠴᠠᠯ ᠡᠷᠡᠭᠦᠯᠵᠢᠯ ᠰᠤᠪᠢᠯᠠᠯᠲᠠ ᠵᠡᠷᠭᠡ ᠳᠠᠪᠠᠭᠤᠯᠢᠭ ᠠᠵᠤ ᠦᠢᠯᠡᠰ ᠢ | ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠵᠠᠮ ᠬᠠᠷᠢᠯᠴᠠᠭᠠᠨ ᠤ ᠣᠷᠣᠨ ᠪᠠᠶᠢᠷᠢ ᠶᠢᠨ ᠳᠠᠪᠠᠭᠤᠯᠢᠭ ᠢ ᠦᠨᠡᠨᠬᠦ ᠠᠵᠤ | ᠠᠬᠤᠢ ᠶᠢᠨ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ᠂ ᠠᠷᠠᠳ ᠤᠨ ᠶᠠᠪᠤᠳᠠᠯ ᠤᠨ ᠠᠵᠢᠯ ᠨᠢ ᠠᠷᠠᠳ ᠤᠨ ᠠᠮᠢᠳᠤᠷᠠᠯ ᠲᠠᠢ ᠬᠤᠯᠪᠣᠭᠳᠠᠵᠤ᠂ | ᠠᠷᠠᠳ ᠤᠨ ᠰᠡᠳᠬᠢᠯ ᠲᠠᠢ ᠬᠤᠯᠪᠣᠭᠳᠠᠵᠤ ᠪᠠᠶᠢᠳᠠᠭ᠃ ᠪᠥᠬᠦ ᠬᠤᠲᠠ ᠶᠢᠨ ᠪᠣᠳᠠᠲᠤ ᠪᠠᠶᠢᠳᠠᠯ ᠳᠤ ᠰᠠᠭᠤᠷᠢᠯᠠᠨ᠂ | ᠠᠷᠠᠳ ᠤᠨ ᠠᠮᠢᠳᠤᠷᠠᠯ ᠤᠨ ᠦᠨᠳᠦᠰᠦᠨ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠳᠤ ᠠᠩᠬᠠᠷᠤᠯ ᠢᠶᠠᠨ | ᠲᠥᠪᠯᠡᠷᠡᠭᠦᠯᠵᠦ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠰᠢᠨ᠎ᠡ ᠪᠠᠶᠢᠷᠢᠰᠢᠯ ᠢ ᠪᠣᠶ ᠪᠣᠯᠭᠠᠵᠤ᠂ | ᠦᠨᠳᠦᠰᠦᠨ ᠨᠡᠶᠢᠭᠡᠮ ᠤᠨ ᠦᠢᠯᠡᠴᠢᠯᠡᠭᠡ ᠶᠢ ᠴᠢᠩᠭᠠᠳᠬᠠᠨ᠂ ᠨᠡᠶᠢᠭᠡᠮ ᠤᠨ ᠠᠪᠤᠷᠠᠨ ᠲᠤᠰᠠᠯᠠᠬᠤ ᠲᠦᠷᠢᠮ ᠢ | ᠲᠡᠭᠦᠯᠳᠡᠷᠵᠢᠭᠦᠯᠬᠦ᠂ ᠨᠠᠰᠤᠵᠢᠯ ᠤᠨ ᠠᠰᠠᠷᠠᠮᠵᠢ ᠬᠡᠤᠬᠡᠳ ᠰᠠᠭᠠᠲᠠᠭᠤᠯᠬᠤ ᠦᠢᠯᠡᠴᠢᠯᠡᠭᠡᠨ ᠤ ᠰᠢᠰᠲ᠋ᠧᠮ ᠢ | ᠪᠦᠷᠢᠨᠰᠢᠬᠦᠯᠬᠦ ᠵᠡᠷᠭᠡ ᠭᠤᠤᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠠᠷᠠᠳ ᠤᠨ | ᠠᠮᠢᠳᠤᠷᠠᠯ ᠤᠨ ᠪᠠᠲᠤᠯᠠᠭ᠎ᠠ ᠶᠢᠨ ᠲᠣᠤᠷ ᠢ ᠨᠢᠭᠲᠠ ᠪᠥᠭᠡᠳ ᠪᠠᠲᠤ ᠰᠦᠯᠵᠢᠵᠦ᠂ ᠠᠷᠠᠳ ᠲᠦᠮᠡᠨ ᠤ ᠰᠠᠶᠢᠨ | ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠨᠠᠩ ᠰᠠᠶᠢᠲᠤᠷ ᠬᠠᠩᠭᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠠᠵᠤ ᠠᠬᠤᠶᠢᠯᠠᠯ ᠢᠶᠠᠷ ᠠᠷᠠᠳ ᠲᠤ ᠠᠰᠢᠭ ᠬᠦᠷᠲᠡᠭᠡᠬᠦ ᠪᠠᠷ ᠵᠣᠷᠢᠯᠲᠠ ᠪᠠ ᠦᠷ᠎ᠡ ᠳ᠋ᠦᠩ | ᠪᠣᠯᠭᠠᠵᠤ᠂ ᠲᠡᠷᠢᠭᠦᠨ ᠤ ᠲᠤᠷᠰᠢᠯᠭ᠎ᠠ ᠶᠢ ᠰᠤᠷᠤᠯᠴᠠᠨ ᠲᠤᠯᠢᠳᠠᠵᠤ᠂ ᠠᠵᠢᠯ ᠤᠨ ᠠᠷᠭ᠎ᠠ ᠬᠡᠮᠵᠢᠶ᠎ᠡ ᠪᠠᠨ | ᠴᠢᠩᠭᠠᠳᠬᠠᠵᠤ᠂ ᠲᠡᠷᠢᠭᠦᠨ ᠤ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠪᠦᠬᠦ ᠬᠦᠴᠦᠨ ᠢᠶᠠᠷ ᠢᠶᠠᠨ ᠪᠤᠢ | ᠪᠣᠯᠭᠠᠬᠤ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ | ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠴᠢᠬᠤᠯᠠ ᠶᠡᠭᠡ ᠲᠦᠷᠦᠯ ᠵᠦᠢᠯ ᠢ ᠣᠷᠣᠭᠤᠯᠤᠨ | ᠠᠪᠴᠢᠷᠠᠬᠤ ᠪᠠ ᠪᠦᠳᠦᠭᠡᠨ ᠪᠠᠶᠢᠭᠤᠯᠬᠤ ᠡᠷᠴᠢᠮ ᠢᠶᠠᠨ ᠴᠢᠩᠭᠠᠷᠠᠭᠤᠯᠵᠤ᠂ ᠠᠶᠤᠯᠭᠦᠢ ᠦᠢᠯᠡᠳᠪᠦᠷᠢᠯᠡᠯ ᠢ ᠥᠴᠦᠬᠡᠨ | ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠪᠦᠬᠦ | ᠬᠦᠴᠦᠨ ᠢᠶᠠᠷ ᠢᠶᠠᠨ ᠰᠠᠶᠢᠲᠤᠷ ᠬᠢᠵᠦ᠂ ᠨᠢᠭᠡᠳᠦᠭᠡᠷ ᠤᠯᠠᠷᠢᠯ ᠳᠤ ᠲᠣᠭᠲᠠᠭᠤᠨ ᠰᠠᠶᠢᠨ ᠡᠬᠢᠯᠡᠯᠲᠡ ᠲᠠᠢ ᠪᠣᠯᠬᠤ ᠶᠢ | ᠦᠨᠡᠨᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ | | |