ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠦᠶ᠎ᠡ — ᠪᠥᠬᠦ ᠬᠤᠲᠠ ᠶᠢᠨ ᠤᠯᠤᠰ ᠲᠥᠷᠥ ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠬᠠᠤᠯᠢᠵᠢᠯᠳᠡ ᠶᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠬᠠᠢ ᠶᠡᠭᠡ ᠶᠠᠷᠢᠯᠴᠠᠭ᠎ᠠ ᠶᠢᠨ ᠬᠤᠶᠠᠳᠤᠭᠠᠷ ᠤᠳᠠᠭᠠᠨ ᠤ ᠰᠠᠨᠠᠯ ᠬᠤᠷᠢᠶᠠᠬᠤ ᠶᠠᠷᠢᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/3/18
    3 ᠰᠠᠷ᠎ᠠ ᠶᠢᠨ 2 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠬᠤᠲᠠ ᠶᠢᠨ ᠤᠯᠤᠰ ᠲᠦᠷᠦ ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠬᠠᠤᠯᠢᠵᠢᠯᠳᠡ ᠶᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠬᠠᠢ ᠶᠡᠭᠡ ᠶᠠᠷᠢᠯᠴᠠᠭᠠᠨ ᠤ ᠠᠵᠢᠯᠯᠠᠭ᠎ᠠ ᠶᠢᠨ ᠤᠳᠤᠷᠢᠳᠬᠤ ᠳᠤᠭᠤᠶᠢᠯᠠᠩ ᠤᠨ ᠳᠠᠷᠤᠭ᠎ᠠ ᠢᠦᠢ ᠬᠠᠢ ᠢᠦᠢ ᠪᠥᠬᠦ ᠬᠤᠲᠠ ᠶᠢᠨ ᠤᠯᠤᠰ ᠲᠥᠷᠥ ᠬᠠᠤᠯᠢ ᠴᠠᠭᠠᠵᠠ ᠶᠢᠨ ᠪᠠᠶᠢᠭᠤᠯᠭ᠎ᠠ ᠵᠢᠨ‌ᠬᠠᠤᠯᠢᠵᠢᠯᠳᠡ ᠶᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠬᠠᠢ ᠶᠡᠭᠡ ᠶᠠᠷᠢᠯᠴᠠᠭᠠᠨ ᠤ ᠠᠵᠢᠯᠯᠠᠭ᠎ᠠ ᠶᠢᠨ ᠬᠤᠶᠠᠳᠤᠭᠠᠷ ᠤᠳᠠᠭᠠᠨ ᠤ ᠰᠠᠨᠠᠯ ᠬᠤᠷᠢᠶᠠᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ᠃     ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠶᠦᠨ ᠫᠧᠩ ᠭᠠᠩ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢ ᠶᠤᠸᠠᠨ ᡁᠢ᠂ ᠬᠤᠲᠠ ᠶᠢᠨ ᠳᠡᠳ᠋ ᠳᠠᠷᠤᠭ᠎ᠠ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠴᠠᠢ ᠶᠤᠸᠠᠢ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠠᠩ ᡁᠢ ᠶᠦᠩ᠂ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶᠠᠨ ᠤ ᠳᠠᠷᠤᠭ᠎ᠠ ᠯᠦ ᠭᠦᠸᠧ ᠸᠧᠨ᠂ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠵᠣᠣ ᠭᠦᠸᠧ ᠬᠤᠸᠠ ᠶᠠᠷᠢᠯᠴᠠᠬᠤ ᠬᠤᠷᠠᠯ ᠳᠤ ᠣᠷᠣᠯᠴᠠᠪᠠ᠃ ᠬᠤᠳᠠ ᠶᠢᠨ ᠠᠵᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠠᠷᠢᠭᠤᠴᠠᠯᠭᠠᠲᠠᠨ᠂ ᠬᠤᠳᠠ ᠶᠢᠨ ᠣᠯᠣᠰ ᠲᠦᠷᠦ ᠬᠠᠤᠯᠢ ᠴᠠᠭᠠᠵᠠ ᠶᠢᠨ ᠨᠢᠭᠡᠴᠢ ᠶᠢᠨ ᠬᠠᠮᠢᠶ᠎ᠠ ᠪᠦᠬᠦᠢ ᠤᠳᠤᠷᠢᠳᠤᠯᠭ᠎ᠠ ᠵᠢᠴᠢ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠬᠠᠮᠢᠶ᠎ᠠ ᠪᠦᠬᠦᠢ ᠬᠥᠮᠥᠰ ᠶᠠᠷᠢᠯᠴᠠᠬᠤ ᠬᠤᠷᠠᠯ ᠳᠤ ᠣᠷᠣᠯᠴᠠᠪᠠ᠃ ᠬᠤᠷᠠᠯ ᠳᠤ ᠠᠵᠤ ᠠᠬᠤᠶᠢᠯᠠᠯᠲᠠᠨ᠂ ᠠᠵᠢᠯ ᠲᠦᠷᠦᠯ ᠤᠨ ᠨᠡᠶᠢᠭᠡᠮᠯᠢᠭ ᠬᠤᠳᠠᠯᠳᠤᠭᠠᠨ ᠤ ᠡᠪᠯᠡᠯ᠂ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠲᠥᠯᠥᠭᠡᠯᠡᠭᠴᠢ ᠶᠢ ᠤᠷᠢᠨ ᠣᠷᠣᠯᠴᠠᠭᠤᠯᠵᠠᠢ᠃     ᠶᠠᠷᠢᠯᠴᠠᠬᠤ ᠬᠤᠷᠠᠯ ᠳᠡᠭᠡᠷ᠎ᠡ᠂ ᠥᠪᠥᠷ ᠮᠣᠩᠭᠤᠯ ᠤᠨ ᠸᠧᠨ ᠨᠢᠩ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠬᠢᠵᠠᠭᠠᠷᠲᠤ ᠺᠣᠮᠫᠠᠨᠢ᠂ ᠤᠯᠠᠭᠠᠨᠴᠠᠪ ᠾᠧᠪᠧᠢ ᠶᠢᠨ ᠬᠤᠳᠠᠯᠳᠤᠭᠠᠴᠢᠳ ᠤᠨ ᠡᠪᠯᠡᠯ᠂ ᠥᠪᠥᠷ ᠮᠣᠩᠭᠤᠯ ᠤᠨ ᠫᠦ᠋ ᠰᠢ ᠨᠡᠶᠢᠳᠡᠮ ᠬᠡᠷᠡᠭᠯᠡᠭᠡᠨ ᠤ ᠬᠡᠮᠵᠢᠭᠦᠷᠯᠢᠭ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠡᠷᠭᠡ ᠠᠵᠤ ᠠᠬᠤᠶᠢᠯᠠᠯ᠂ ᠠᠵᠢᠯ ᠲᠥᠷᠥᠯ ᠤᠨ ᠨᠡᠶᠢᠭᠡᠮᠯᠢᠭ ᠤᠨ ᠲᠥᠯᠥᠭᠡᠯᠡᠭᠴᠢ ᠲᠣᠰ ᠲᠣᠰ ᠤᠨ ᠠᠵᠢᠯ ᠤᠨ ᠪᠠᠶᠢᠳᠠᠯ ᠲᠠᠢ ᠪᠠᠨ ᠤᠶᠠᠯᠳᠤᠭᠤᠯᠤᠨ᠂ ᠬᠠᠤᠯᠢᠵᠢᠯᠳᠡ ᠶᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ  ᠢ ᠪᠣᠶ ᠪᠣᠯᠭᠠᠬᠤ᠂ ᠠᠵᠤ ᠠᠬᠤᠶᠢᠯᠠᠯ ᠪᠠ ᠠᠵᠤ ᠠᠬᠤᠶᠢᠯᠠᠯᠲᠠᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠵᠡᠷᠭᠡ ᠲᠠᠯ᠎ᠠ ᠪᠠᠷ ᠰᠠᠨᠠᠯ ᠰᠠᠨᠠᠭᠤᠯᠭ᠎ᠠ ᠳᠤᠷᠠᠳᠪᠠ᠃ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠲᠥᠯᠥᠭᠡᠯᠡᠭᠴᠢᠳ ᠤᠨ ᠳᠤᠷᠠᠳᠤᠭᠰᠠᠨ ᠠᠰᠠᠭᠤᠳᠠᠯ ᠳᠤ ᠲᠤᠬᠠᠢ ᠶᠢᠨ ᠭᠠᠵᠠᠷ ᠲᠤᠨᠢ ᠬᠠᠷᠢᠭᠤᠯᠲᠠ ᠥᠭᠴᠡᠢ᠃     ᠢᠦᠢ ᠬᠠᠢ ᠢᠦᠢ ᠤᠯᠠᠨ ᠤ ᠶᠠᠷᠢᠶ᠎ᠠ ᠶᠢ ᠰᠣᠨᠣᠰᠤᠭᠰᠠᠨ ᠤ ᠳᠠᠷᠠᠭ᠎ᠠ᠂ ᠲᠥᠯᠥᠭᠡᠯᠡᠭᠴᠢᠳ ᠤᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠢ ᠬᠠᠯᠠᠮᠵᠢᠯᠠᠨ ᠳᠡᠮᠵᠢᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠬᠠᠤᠯᠢᠵᠢᠯᠳᠡ ᠶᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ  ᠢ ᠰᠢᠯᠢᠳᠡᠭᠵᠢᠭᠦᠯᠬᠦ ᠶᠡᠭᠡ ᠶᠠᠷᠢᠯᠴᠠᠭᠠᠨ ᠤ ᠠᠵᠢᠯᠯᠠᠭ᠎ᠠ ᠥᠷᠨᠢᠭᠦᠯᠬᠦ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠪᠠᠶᠢᠷᠢᠯᠠᠭᠤᠯᠤᠨ ᠠᠬᠢᠭᠤᠯᠤᠭᠰᠠᠨ ᠴᠢᠬᠤᠯᠠ ᠠᠵᠢᠯ ᠪᠣᠯᠣᠨ᠎ᠠ᠃ ᠪᠦᠬᠦ ᠬᠤᠲᠠ ᠶᠢᠨ ᠤᠯᠤᠰ ᠲᠥᠷᠥ ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠬᠢᠨ ᠬᠢᠨᠠᠯᠲᠠ ᠲᠠᠯᠪᠢᠭᠳᠠᠬᠤ ᠤᠬᠠᠮᠰᠠᠷ ᠢ ᠪᠠᠲᠤ ᠪᠤᠶ ᠪᠣᠯᠭᠠᠵᠤ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ ᠪᠠᠷ ᠠᠵᠤ ᠠᠬᠤᠶᠢᠯᠠᠯ ᠪᠣᠯᠣᠨ ᠣᠯᠠᠨ ᠲᠦᠮᠡᠨ ᠤ ᠲᠤᠰᠬᠠᠭᠰᠠᠨ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠬᠦᠷᠢᠶᠡᠨ ᠳᠤ ᠣᠷᠣᠰᠢᠵᠤ ᠪᠠᠶᠢᠭ᠎ᠠ ᠲᠣᠪᠣᠶᠢᠮ᠎ᠠ ᠠᠰᠠᠭᠤᠳᠠᠯ ᠢ ᠬᠦᠴᠦ ᠲᠠᠯᠪᠢᠨ ᠰᠢᠢᠳᠪᠦᠷᠢᠯᠡᠵᠦ᠂ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠥᠮᠴᠢᠯᠡᠯ ᠤᠨ ᠡᠷᠬᠡ ᠪᠠ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠡᠷᠬᠡ ᠲᠡᠭᠰᠢ ᠪᠠᠷ ᠬᠠᠮᠠᠭᠠᠯᠠᠵᠤ᠂ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠬᠢᠵᠠᠭᠠᠷᠯᠠᠯ ᠤᠨ ᠬᠢᠨᠠᠯᠲᠠ ᠲᠠᠯᠪᠢᠬᠤ ᠰᠢᠰᠲ᠋ᠧᠮ ᠪᠠ ᠬᠠᠷᠢᠭᠤᠴᠠᠯᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠬᠠᠤᠯᠢᠵᠢᠯ ᠪᠠ ᠬᠠᠤᠯᠢ ᠬᠡᠷᠡᠭᠵᠢᠭᠦᠯᠬᠦ ᠶᠢ ᠱᠠᠯᠠᠪᠳᠠᠭᠤᠯᠤᠨ ᠪᠠᠶᠢᠴᠠᠭᠠᠬᠤ ᠶᠢᠨ ᠬᠠᠮᠤᠷᠬᠤ ᠬᠡᠪᠴᠢᠶ᠎ᠡ ᠪᠠ ᠰᠦᠷᠳᠡᠭᠦᠯᠬᠦ ᠬᠦᠴᠦᠨ ᠢ ᠴᠢᠩᠭᠠᠷᠠᠭᠤᠯᠵᠤ᠂ ᠠᠵᠤ ᠠᠬᠤᠶᠢᠯᠠᠯ ᠳᠤ ᠰᠢᠰᠲ᠋ᠧᠮ ᠤᠨ ᠴᠢᠨᠠᠷᠲᠠᠢ ᠬᠠᠤᠯᠢ ᠲᠦᠭᠡᠮᠡᠯᠵᠢᠭᠦᠯᠬᠦ ᠪᠣᠯᠪᠠᠰᠤᠷᠠᠭᠤᠯᠤᠯ ᠬᠢᠵᠦ᠂ ᠬᠠᠤᠯᠢᠵᠢᠯ ᠤᠨ ᠪᠣᠯᠪᠠᠰᠤᠷᠠᠭᠤᠯᠤᠯ ᠢᠶᠠᠷ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦᠯᠬᠦ ᠬᠡᠷᠡᠭᠳᠡᠢ᠃ ᠲᠥᠯᠥᠭᠡᠯᠡᠭᠴᠢᠳ ᠤᠨ ᠳᠤᠷᠠᠳᠤᠭᠰᠠᠨ ᠡᠷᠬᠢᠮ ᠨᠠᠨᠳᠢᠨ ᠰᠠᠨᠠᠯ ᠪᠠ ᠰᠠᠨᠠᠭᠤᠯᠭ᠎ᠠ ᠶᠢ ᠨᠠᠷᠢᠨ ᠬᠢᠨᠠᠮᠠᠭᠠᠢ ᠡᠮᠬᠢᠯᠡᠨ ᠬᠤᠷᠢᠶᠠᠩᠭᠤᠶᠢᠯᠠᠵᠤ᠂ ᠭᠦᠨᠵᠡᠭᠡᠢ ᠰᠤᠳᠤᠯᠵᠤ᠂ ᠭᠦᠢᠴᠡᠳ ᠭᠥᠯᠢᠶᠡᠨ ᠠᠪᠴᠤ᠂ ᠤᠯᠤᠰ ᠲᠦᠷᠦ ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠡᠭᠦᠷᠭᠡ ᠴᠢᠳᠠᠪᠤᠷᠢ ᠲᠤᠰᠢᠶᠠᠯ ᠬᠠᠷᠢᠭᠤᠴᠠᠯᠭ᠎ᠠ ᠲᠠᠢ ᠨᠢᠭᠲᠠ ᠤᠶᠠᠯᠳᠤᠭᠤᠯᠤᠨ ᠴᠡᠭᠴᠡᠯᠡᠨ ᠥᠭᠡᠷᠡᠴᠢᠯᠡᠵᠦ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠬᠢᠵᠦ᠂ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢᠶᠠᠨ ᠲᠥᠯᠥᠭᠡᠯᠡᠭᠴᠢᠳ ᠲᠤ ᠴᠠᠭ ᠲᠤᠬᠠᠢ ᠳᠤᠨᠢ ᠬᠠᠷᠢᠭᠤ ᠲᠤᠰᠬᠠᠵᠤ᠂ ᠪᠦᠬᠦ ᠬᠤᠲᠠ ᠶᠢᠨ ᠶᠡᠭᠡ ᠶᠠᠷᠢᠯᠴᠠᠭᠠᠨ ᠤ ᠠᠵᠢᠯᠯᠠᠭ᠎ᠠ ᠶᠢᠨ ᠦᠨᠡᠨ ᠪᠣᠳᠠᠲᠠᠢ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠤ ᠵᠢᠭᠠᠵᠤ ᠭᠠᠷᠭᠠᠪᠠ᠃
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2