ᠵᠢᠨᠢᠩ ᠲᠣᠭᠤᠷᠢᠭ ᠤᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠳᠤ ᠣᠶᠢᠷ᠎ᠠ ᠳᠤ ᠪᠠᠰᠠ ︽10 ᠵᠦᠶᠯ︾ ᠤᠨ ᠠᠷᠠᠳ ᠲᠤ ᠲᠥᠬᠦᠮ ᠦᠵᠡᠭᠦᠯᠬᠦ ᠰᠢᠨ᠎ᠡ ᠠᠷᠭ᠎ᠠ ᠬᠡᠮᠵᠢᠶ᠎ᠡ ᠠᠪᠤᠭᠰᠠᠨ ᠪᠠᠶᠢᠨ᠎ᠠ
ᠨᠡᠶᠢᠲᠡᠯᠡᠭᠰᠡᠨ ᠴᠠᠭ᠄
2022/3/2
     ᠨᠢᠭᠡ᠂ ᠥᠪᠡᠷᠲᠡᠭᠡᠨ ᠵᠠᠰᠠᠬᠤ ᠣᠷᠣᠨ ᠤ ᠨᠢᠭᠡ ᠴᠤᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠠᠪᠴᠠᠩ ᠢᠶᠠᠷ ᠳᠡᠮᠵᠢᠨ᠂ ᠥᠯᠥ ᠬᠥᠳᠡᠯᠬᠦ ᠬᠥᠷᠥᠩᠭᠡ ᠶᠢ ᠳᠠᠩᠰᠠᠯᠠᠬᠤ᠂ ᠬᠡᠷ ᠪᠠᠶᠢᠰᠢᠩ ᠢ ᠠᠷᠠᠯᠵᠢᠶᠠᠯᠠᠬᠤ᠂ ᠭᠠᠶᠢᠯᠢ ᠲᠤᠰᠢᠶᠠᠬᠤ ᠶᠢ ︽ᠨᠢᠭᠡ ᠴᠣᠩᠬᠤᠪᠴᠢ ᠪᠠᠷ ᠭᠥᠯᠢᠶᠡᠨ ᠠᠪᠴᠤ ᠵᠡᠷᠭᠡ ᠪᠠᠷ ᠭᠦᠶᠴᠡᠳᠬᠡᠬᠦ ︾ ᠶᠢ ᠬᠡᠷᠡᠭᠵᠢᠭᠦᠯᠦᠨ᠎ᠠ᠃      ᠬᠤᠶᠠᠷ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠬᠢᠨᠠᠨ ᠵᠥᠪᠰᠢᠶᠡᠷᠡᠬᠦ ᠴᠠᠭ ᠢ ᠤᠯᠠᠮ ᠨᠢᠭᠡ ᠠᠯᠬᠤᠮ ᠪᠠᠭᠠᠰᠬᠠᠵᠤ᠂ ᠡᠩ ᠤᠨ ᠳᠡᠩᠰᠡᠯᠡᠯᠲᠡ ᠶᠢ ᠬᠤᠶᠠᠷ ᠠᠵᠢᠯᠯᠠᠬᠤ ᠡᠳᠦᠷ ᠪᠣᠯᠭᠠᠨ ᠪᠠᠭᠠᠰᠬᠠᠵᠤ᠂ ᠪᠠᠷᠢᠴᠠᠭᠠᠨ ᠤ ᠳᠡᠩᠰᠡᠯᠡᠯᠲᠡ ᠶᠢ ᠨᠢᠭᠡ ᠠᠵᠢᠯᠯᠠᠬᠤ ᠡᠳᠦᠷ ᠪᠣᠯᠭᠠᠨ ᠪᠠᠭᠠᠰᠬᠠᠵᠤ᠂ ᠪᠠᠶᠢᠴᠠᠭᠠᠨ ᠪᠢᠲᠡᠭᠦᠮᠵᠢᠯᠡᠬᠦ ᠳᠡᠩᠰᠡᠯᠡᠯᠲᠡ᠂ ᠬᠦᠴᠦᠨ ᠥᠬᠡᠶ ᠪᠣᠯᠭᠠᠬᠤ ᠳᠡᠩᠰᠡᠯᠡᠯᠲᠡ᠂ ᠣᠨᠳᠣᠤ ᠰᠠᠨᠠᠯ ᠤᠨ ᠳᠡᠩᠰᠡᠯᠡᠯᠲᠡ ᠶᠢ ᠲᠡᠷᠡ ᠳᠠᠷᠤᠶ ᠳᠤ  ᠨᠢ ᠭᠦᠶᠴᠡᠳᠬᠡᠵᠦ ᠳᠠᠭᠤᠰᠬᠠᠨ᠎ᠠ᠃      ᠭᠤᠷᠪᠠ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠵᠦᠶᠯᠡᠰ ᠢ ᠨᠠᠷᠢᠯᠢᠬᠵᠢᠭᠤᠯᠤᠨ ᠡᠮᠬᠢᠯᠡᠨ᠎ᠡ᠃ ᠨᠢᠭᠡ ᠰᠦᠯᠵᠢᠶ᠎ᠡ ᠪᠠᠷ ᠨᠡᠶᠢᠳᠡᠮ ᠰᠢᠶᠳᠪᠦᠷᠢᠯᠡᠬᠦ᠂ ᠵᠥᠷᠢᠶ᠎ᠡ ᠥᠬᠡᠶ ᠪᠠᠷ ᠶᠡᠷᠦᠩᠬᠡᠶᠢᠯᠡᠨ ᠭᠥᠯᠢᠶᠡᠨ ᠠᠪᠴᠤ ᠰᠢᠶᠳᠪᠦᠷᠢᠯᠡᠬᠦ ᠶᠢ ᠪᠥᠬᠦ ᠲᠠᠯ᠎ᠠ ᠪᠠᠷ ᠪᠡᠶᠡᠯᠡᠭᠦᠯᠬᠦ ᠳᠤ ᠦᠨᠳᠦᠰᠦᠨ ᠴᠢᠳᠠᠪᠤᠷᠢ ᠶᠢ ᠬᠠᠩᠭᠠᠨ᠎ᠠ︔ ᠭᠤᠤᠯ ᠰᠡᠳᠦᠪ᠂ ᠵᠦᠶᠯᠡᠰ᠂ ᠮᠠᠲ᠋ᠧᠷᠢᠶᠠᠯ᠂ ᠪᠠᠶᠢᠳᠠᠯ᠂ ᠰᠢᠰᠲ᠋ᠧᠮ ᠵᠡᠷᠭᠡ ᠶᠢᠨ ᠲᠣᠭᠤᠷᠢᠨ ᠳᠤ ᠨᠠᠷᠢᠯᠢᠬᠵᠢᠭᠤᠯᠤᠨ ᠡᠮᠬᠢᠯᠡᠬᠦ ᠶᠢ ᠥᠷᠨᠢᠭᠦᠯᠵᠦ᠂ ᠵᠦᠭᠯᠡᠭᠦᠷᠲᠦ ᠯᠠᠪᠯᠠᠯᠲᠠ᠂ ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠬᠦ᠂ ᠴᠣᠩᠬᠤᠪᠴᠢ ᠪᠠᠷ ᠭᠥᠯᠢᠶᠡᠨ ᠠᠪᠴᠤ ᠰᠢᠶᠳᠪᠦᠷᠢᠯᠡᠬᠦ ᠵᠡᠷᠭᠡ ᠳᠤ ᠪᠥᠬᠦ ᠲᠠᠯ᠎ᠠ ᠶᠢᠨ ᠲᠤᠬᠠᠶᠢᠯᠠᠭᠰᠠᠨ ᠠᠵᠢᠯ ᠤᠨ ᠲᠤᠯᠭᠠᠭᠤᠷᠢᠯᠠᠯ ᠬᠠᠩᠭᠠᠨ᠎ᠠ᠃      ᠳᠥᠷᠪᠡ᠂ ︽ᠢᠨᠲ᠋ᠧᠷ ᠰᠦᠯᠵᠢᠶ᠎ᠡ + ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ︾ ᠶᠢᠨ ᠦᠶᠯᠡᠴᠢᠯᠡᠭᠡᠨ ᠤ ᠬᠦᠷᠢᠶ᠎ᠡ ᠬᠡᠪᠴᠢᠶ᠎ᠡ ᠶᠢ ᠥᠷᠭᠡᠳᠬᠡᠵᠦ᠂ ᠬᠡᠷ ᠪᠠᠶᠢᠰᠢᠩ ᠤᠨ ᠠᠷᠠᠯᠵᠢᠶ᠎ᠠ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠤᠬᠠᠶᠢᠯᠠᠭᠰᠠᠨ ᠠᠵᠢᠯ ᠢ ᠭᠦᠶᠴᠡᠳᠬᠡᠬᠦ ᠶᠠᠪᠤᠴᠠ ᠳᠤ ᠡᠯᠧᠺᠲᠷᠣᠨ ᠦᠨᠡᠮᠯᠡᠯ ᠪᠠ ᠰᠠᠯᠠᠭ᠎ᠠ ᠮᠥᠴᠢᠷ ᠤᠨ ᠡᠯᠧᠺᠲᠷᠣᠨ ᠮᠠᠲ᠋ᠧᠷᠢᠶᠠᠯ ᠤᠨ ᠮᠡᠳᠡᠭᠡ ᠵᠠᠩᠭᠢ ᠶᠢ ᠬᠡᠷᠡᠭᠯᠡᠵᠦ᠂ ᠭᠦᠶᠴᠡᠳᠬᠡᠬᠦ ᠦᠵᠦᠭᠦᠷ ᠢ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ᠂ ᠪᠠᠩᠬᠢ ᠵᠡᠷᠭᠡ ᠪᠠᠶᠢᠭᠤᠯᠤᠮᠵᠢ ᠳᠠᠰᠢ ᠤᠷᠲᠤᠳᠬᠠᠨ᠎ᠠ᠃      ᠲᠠᠪᠤ᠂ ᠥᠯᠥ ᠬᠥᠳᠡᠯᠬᠦ ᠬᠥᠷᠥᠩᠭᠡ ᠶᠢᠨ ᠪᠠᠷᠢᠴᠠᠭᠠᠯᠠᠯᠲᠠ ᠵᠢᠭᠡᠯᠡᠯᠭᠡ ᠪᠠ ᠳᠠᠩᠰᠠᠯᠠᠯᠲᠠ ᠶᠢᠨ ᠠᠵᠢᠯ ᠤᠨ ᠬᠠᠮᠵᠢᠯᠴᠠᠭ᠎ᠠ ᠶᠢ ᠠᠬᠢᠭᠤᠯᠵᠤ᠂ ᠪᠠᠷᠢᠴᠠᠭᠠᠯᠠᠬᠤ ᠭᠡᠷ᠎ᠡ ᠳᠤ ᠬᠡᠷ ᠪᠠᠶᠢᠰᠢᠩ ᠤᠨ ᠠᠷᠠᠯᠵᠢᠶ᠎ᠠ ᠬᠢᠭᠡᠳ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠬᠠᠮᠲᠤ ᠪᠠᠷ ᠡᠳ᠋ᠯᠡᠬᠦ ᠺᠣᠳ᠋ ᠶᠢ ᠬᠡᠷᠡᠭᠯᠡᠨ᠂ ᠲᠠᠸᠠᠷ ᠤᠨ ᠬᠡᠷ ᠪᠠᠶᠢᠰᠢᠩ ᠢ ᠤᠷᠢᠳᠴᠢᠯᠠᠨ ᠬᠤᠳᠠᠯᠳᠤᠬᠤ᠂ ᠪᠠᠷᠢᠴᠠᠭᠠᠯᠠᠬᠤ ᠳᠤ ᠬᠤᠯᠪᠣᠭᠳᠠᠭᠰᠠᠨ ᠤᠷᠢᠳᠴᠢᠯᠠᠨ ᠮᠡᠳᠡᠭᠳᠡᠬᠦ ᠳᠡᠩᠰᠡᠯᠡᠯᠲᠡ᠂ ᠥᠯᠥ ᠬᠥᠳᠡᠯᠬᠦ ᠬᠥᠷᠥᠩᠭᠡ ᠶᠢᠨ ᠪᠠᠷᠢᠴᠠᠭᠠᠨ ᠤ ᠳᠡᠩᠰᠡᠯᠡᠯᠲᠡ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠮᠠᠲ᠋ᠧᠷᠢᠶᠠᠯ ᠢ ᠪᠠᠶᠢᠴᠠᠭᠠᠨ ᠯᠠᠪᠯᠠᠬᠤ ᠵᠦᠶᠯᠡᠰ ᠢ ᠰᠦᠯᠵᠢᠶᠡᠨ ᠳᠡᠭᠡᠷ᠎ᠡ ᠭᠦᠶᠴᠡᠳᠬᠡᠬᠦ ᠶᠢ ᠪᠡᠶᠡᠯᠡᠭᠦᠯᠦᠨ᠎ᠡ᠃      ᠵᠢᠷᠭᠤᠭ᠎ᠠ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠦᠶᠯᠡᠴᠢᠯᠡᠭᠡᠨ ᠤ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ︽ᠴᠠᠭ ᠢ ᠤᠷᠲᠤᠳᠬᠠᠵᠤ ᠦᠨᠡᠮᠯᠡᠯ ᠭᠦᠶᠴᠡᠳᠬᠡᠬᠦ︾᠂ ︽ᠬᠡᠷ ᠲᠤ ᠨᠢ ᠬᠦᠷᠴᠦ ᠦᠨᠡᠮᠯᠡᠯ ᠭᠦᠶᠴᠡᠳᠬᠡᠬᠦ︾᠂ ︽ᠬᠡᠷ ᠲᠤ ᠨᠢ ᠬᠦᠷᠴᠦ ᠦᠨᠡᠮᠯᠡᠯ ᠬᠦᠷᠭᠡᠬᠦ︾ ᠵᠡᠷᠭᠡ ᠦᠶᠯᠡᠴᠢᠯᠡᠭᠡ ᠶᠢ ᠶᠡᠷᠦᠳᠡ ᠶᠢᠨ ᠪᠣᠯᠭᠠᠬᠤ ᠮᠥᠷᠲᠡᠭᠡᠨ ᠵᠢᠷᠤᠮᠵᠢᠭᠤᠯᠤᠨ᠎ᠠ᠃      ᠳᠣᠯᠤᠭ᠎ᠠ᠂ ᠵᠢᠨᠢᠩ ᠲᠣᠭᠤᠷᠢᠭ ᠤᠨ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠬᠦᠷᠢᠶᠡᠨ ᠳᠠᠬᠢ ᠲᠡᠤᠬᠡᠨ ᠠᠴᠠ ᠦᠯᠡᠳᠡᠭᠳᠡᠵᠦ ᠢᠷᠡᠭᠰᠡᠨ ︽ᠦᠨᠡᠮᠯᠡᠯ ᠭᠦᠶᠴᠡᠳᠬᠡᠬᠦ ᠳᠤ ᠬᠦᠴᠢᠷ︾ ᠠᠰᠠᠭᠤᠳᠠᠯ ᠢ ᠬᠦᠴᠦᠨ ᠢᠶᠠᠨ ᠲᠥᠪᠯᠡᠷᠡᠭᠦᠯᠦᠨ ᠰᠢᠶᠳᠪᠦᠷᠢᠯᠡᠵᠦ᠂ ᠲᠥᠷᠥ ᠶᠢᠨ ᠪᠣᠳᠣᠯᠭ᠎ᠠ ᠶᠢᠨ ᠴᠣᠩᠬᠤᠨ ᠤ ᠬᠤᠭᠤᠴᠠᠭ᠎ᠠ ᠳᠠᠭᠤᠰᠬᠤ ᠠᠴᠠ ᠡᠮᠦᠨ᠎ᠡ 90% ᠠᠴᠠ ᠳᠡᠭᠡᠭᠰᠢᠬᠢ ᠣᠯᠠᠨ ᠲᠦᠮᠡᠨ ᠳᠤ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠢ ᠭᠦᠶᠴᠡᠳᠬᠡᠵᠦ ᠥᠭᠬᠦ ᠪᠠᠷ ᠴᠢᠷᠮᠠᠶᠢᠨ᠎ᠠ᠃      ᠨᠠᠢᠮᠠ᠂ ᠬᠤᠲᠠ᠂ ᠲᠣᠭᠤᠷᠢᠭ ᠬᠤᠶᠠᠷ ᠱᠠᠲᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠲᠠᠢ ︽ᠬᠡᠷ ᠪᠠᠶᠢᠰᠢᠩ ᠲᠤᠰᠢᠶᠠᠭᠰᠠᠨ ᠳᠠᠷᠤᠢ ᠦᠨᠡᠮᠯᠡᠯ ᠢ ᠨᠢ ᠪᠠᠰᠠ ᠥᠭᠬᠦ︾ ᠵᠠᠭᠪᠤᠷ ᠢ ᠰᠦᠪᠡᠭᠴᠢᠯᠡᠨ᠎ᠡ᠃      ᠶᠢᠰᠦ᠂ ᠬᠤᠲᠠ ᠶᠢᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠥᠪ᠂ ᠷᠦᠩ ᠽᠧ ᠤᠰᠤᠨ ᠤ ᠶᠠᠪᠤᠳᠠᠯ ᠤᠨ ᠺᠣᠮᠫᠠᠨᠢ᠂ ᠵᠢᠨᠢᠩ ᠲᠣᠭᠤᠷᠢᠭ ᠤᠨ ᠴᠠᠬᠢᠯᠭᠠᠨ ᠬᠠᠩᠭᠠᠬᠤ ᠲᠣᠪᠴᠢᠶ᠎ᠠ ᠵᠡᠷᠭᠡ ᠰᠠᠯᠠᠭ᠎ᠠ ᠮᠥᠴᠢᠷ ᠯᠦᠭᠡ ᠬᠡᠷ ᠪᠠᠶᠢᠰᠢᠩ ᠤᠨ ᠠᠷᠠᠯᠵᠢᠶ᠎ᠠ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠠᠵᠢᠯ ᠤᠨ ᠭᠦᠢᠴᠡᠳᠬᠡᠯ ᠶᠢ ᠤᠰᠤ ᠴᠠᠬᠢᠯᠭᠠᠨ ᠬᠡᠢ ᠳᠤᠯᠠᠭᠠᠯᠠᠭ᠎ᠠ ᠶᠢᠨ ᠨᠡᠷ᠎ᠡ ᠶᠢ ᠬᠠᠯᠠᠵᠤ ᠡᠷᠦᠬᠡ ᠰᠢᠯᠵᠢᠭᠦᠯᠬᠦ ᠬᠦᠢᠴᠡᠳᠬᠡᠯ ᠲᠠᠢ ᠬᠠᠮᠲᠤ ᠳᠤ  ᠨᠢ ᠭᠤᠶᠤᠴᠢᠯᠠᠬᠤ ᠶᠢ ᠬᠠᠶᠢᠨ ᠰᠦᠪᠡᠭᠴᠢᠯᠡᠵᠦ᠂ ᠬᠠᠮᠲᠤᠷᠠᠨ ᠬᠥᠳᠡᠯᠦᠯᠴᠡᠵᠦ ᠭᠦᠶᠴᠡᠳᠬᠡᠨ᠎ᠡ᠃      ᠠᠷᠪᠠ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ︽ᠰᠦᠯᠵᠢᠶᠡᠨ ᠳᠡᠭᠡᠷ᠎ᠡ ᠪᠣᠯᠵᠣᠬᠤ︾ ᠦᠶᠯᠡᠴᠢᠯᠡᠭᠡ ᠶᠢ ᠶᠡᠭᠡ ᠪᠠᠷ ᠳᠡᠯᠭᠡᠷᠡᠭᠦᠯᠵᠦ᠂ ᠣᠯᠠᠨ ᠲᠦᠮᠡᠨ ᠢ ᠬᠡᠷ ᠠᠴᠠ ᠪᠠᠨ ᠭᠠᠷᠬᠤ ᠥᠬᠡᠶ ᠪᠠᠷ ᠲᠤᠬᠠᠶᠢᠯᠠᠭᠰᠠᠨ ᠠᠵᠢᠯ ᠢᠶᠠᠨ ᠤᠷᠢᠳᠴᠢᠯᠠᠨ ᠪᠣᠯᠵᠣᠵᠤ ᠪᠣᠯᠬᠤ ᠪᠣᠯᠭᠠᠨ᠎ᠠ᠃                                        ᠣᠷᠴᠢᠭᠤᠯᠤᠭᠴᠢ᠄ ᠤᠳᠠ                                        ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2