ᠨᠢᠭᠡ ᠳᠤ ᠠᠵᠤ ᠦᠢᠯᠡᠰᠵᠢᠭᠦᠯᠬᠦ ᠲᠠᠪᠴᠠᠩ ᠤᠨ ᠪᠠᠶᠢᠭᠤᠯᠤᠯᠲᠠ ᠶᠢ ᠠᠳᠬᠤᠨ᠎ᠠ᠃ ᠡᠷᠳᠡᠨᠢ ᠰᠢᠰᠢ ᠪᠣᠯᠤᠨ | ᠠᠯᠠᠰᠢᠨ ᠦᠬᠡᠷ ᠬᠤᠶᠠᠷ ᠶᠡᠭᠡ ᠭᠤᠤᠯᠯᠠᠬᠤ ᠠᠵᠤ ᠦᠶᠯᠡᠰ ᠤᠨ ᠲᠣᠭᠤᠷᠢᠨ ᠳᠤ᠂ ᠦᠶᠯᠡᠳᠪᠦᠷᠢᠯᠡᠯ ᠤᠨ ᠡᠬᠢ | ᠪᠠᠶᠠᠯᠢᠭ ᠢ ᠲᠥᠪᠯᠡᠷᠡᠭᠦᠯᠬᠦ᠂ ᠳᠠᠪᠠᠭᠤᠯᠢᠭ ᠡᠬᠢ ᠪᠠᠶᠠᠯᠢᠭ ᠢ ᠲᠥᠪᠯᠡᠷᠡᠭᠦᠯᠬᠦ᠂ ᠲᠥᠷᠥ ᠶᠢᠨ ᠪᠣᠳᠣᠯᠭ᠎ᠠ ᠶᠢᠨ ᠪᠠᠯᠠ | ᠮᠥᠩᠭᠦ ᠶᠢ ᠲᠥᠪᠯᠡᠷᠡᠭᠦᠯᠬᠦ ᠶᠢ ᠪᠡᠶᠡᠯᠡᠭᠦᠯᠬᠦ ᠶᠢ ᠠᠬᠢᠭᠤᠯᠵᠤ᠂ ᠨᠢᠭᠡ ᠳᠠᠪᠠᠭᠤᠯᠢᠭ ᠤᠨᠴᠠᠯᠢᠭᠳᠤ ᠠᠵᠤ ᠦᠶᠯᠡᠰ ᠤᠨ | ᠰᠦᠷᠦᠭᠵᠢᠯ ᠢ ᠴᠢᠷᠮᠠᠶᠢᠨ ᠡᠭᠦᠳᠦᠨ ᠪᠠᠶᠢᠭᠤᠯᠵᠤ᠂ ᠲᠡᠭ ᠤᠨ ᠰᠢᠪᠲᠤᠯᠤᠯᠲᠠ ᠶᠢ ᠪᠡᠶᠡᠯᠡᠭᠦᠯᠦᠨ᠎ᠡ︔ ᠵᠢᠯ ᠤᠨ | ᠳᠣᠲᠣᠷ᠎ᠠ ᠵᠢᠤᠢ ᠪᠦᠦ ᠵᠤᠸᠠᠩ ᠪᠠᠯᠭᠠᠰᠤ ᠶᠢ ᠬᠥᠳᠡᠭᠡ ᠲᠣᠰᠬᠤᠨ ᠤ ᠠᠵᠤ ᠠᠬᠤᠢ ᠬᠥᠭᠵᠢᠶᠡᠨᠲᠡᠢ᠂ ᠬᠥᠳᠡᠭᠡ | ᠲᠣᠰᠬᠤᠨ ᠤ ᠠᠵᠤ ᠦᠢᠯᠡᠰ ᠤᠨ ᠣᠨᠴᠠᠯᠢᠭ ᠢᠶᠠᠷ ᠢᠯᠡᠷᠬᠡᠢ᠂ ᠬᠥᠳᠡᠭᠡ ᠠᠵᠤ ᠠᠬᠤᠢ ᠶᠢ ᠬᠤᠯᠪᠣᠭᠠᠯᠠᠵᠤ ᠬᠥᠳᠡᠭᠡ | ᠠᠵᠤ ᠠᠬᠤᠢ ᠶᠢ ᠳᠠᠶᠢᠴᠢᠯᠠᠬᠤ ᠦᠷ᠎ᠡ ᠪᠦᠲᠦᠮᠵᠢ ᠪᠠᠷ ᠳᠣᠪᠣᠶᠢᠮ᠎ᠠ ᠬᠥᠳᠡᠭᠡ ᠠᠵᠤ ᠠᠬᠤᠢ ᠶᠢᠨ ᠠᠵᠤ ᠦᠢᠯᠡᠰ ᠤᠨ | ᠬᠦᠴᠦᠷᠬᠡᠭ ᠪᠠᠯᠭᠠᠰᠤ ᠪᠣᠯᠭᠠᠨ ᠪᠦᠳᠦᠬᠡᠨ ᠪᠠᠶᠢᠭᠤᠯᠤᠨ᠎ᠠ︔ ᠬᠡᠯᠬᠢᠶ᠎ᠡ ᠶᠢ ᠤᠷᠲᠤᠳᠬᠠᠬᠤ᠂ ᠨᠥᠬᠦᠪᠥᠷᠢᠯᠡᠬᠦ᠂ | ᠴᠢᠩᠭᠠᠳᠬᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠡᠷᠳᠡᠨᠢ ᠰᠢᠰᠢ ᠪᠠ ᠠᠯᠠᠰᠢᠨ ᠦᠬᠡᠷ ᠢᠶᠠᠷ ᠭᠤᠤᠯᠯᠠᠬᠤ | ᠠᠵᠤ ᠦᠶᠯᠡᠰ ᠪᠣᠯᠭᠠᠭᠰᠠᠨ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ | ᠠᠵᠤ ᠦᠶᠯᠡᠰ ᠤᠨ ᠬᠦᠷᠢᠶᠡᠯᠡᠩ ᠢ ᠡᠭᠦᠳᠦᠨ ᠪᠠᠶᠢᠭᠤᠯᠬᠤ ᠠᠵᠢᠯ ᠢ ᠪᠡᠶᠡᠯᠡᠭᠦᠯᠵᠦ᠂ ᠣᠳᠣᠬᠢᠴᠢᠯᠠᠭᠰᠠᠨ ᠳᠠᠷᠢᠵᠤ | ᠲᠡᠵᠢᠭᠡᠬᠦ ᠶᠢ ᠤᠶᠠᠯᠳᠤᠭᠤᠯᠤᠭᠰᠠᠨ ᠪᠠ ᠦᠶᠯᠡᠳᠪᠦᠷᠢᠯᠡᠵᠦ ᠡᠳ᠋ᠰᠢᠭᠦᠯᠬᠦ ᠶᠢ ᠲᠥᠪᠯᠡᠷᠡᠭᠦᠯᠦᠭᠰᠡᠨ ᠣᠷᠣᠨ ᠢ | ᠪᠠᠶᠢᠭᠤᠯᠤᠨ᠎ᠠ᠃ | ᠬᠤᠶᠠᠷ ᠲᠤ ᠬᠥᠲᠥᠴᠢ ᠠᠵᠤ ᠠᠬᠤᠶᠢᠯᠠᠯ ᠢ ᠪᠤᠶᠢᠵᠢᠭᠤᠯᠬᠤ ᠡᠷᠴᠢᠮ ᠢ ᠴᠢᠩᠭᠠᠷᠠᠭᠤᠯᠤᠨ᠎ᠠ᠃ ᠥᠪᠡᠷᠲᠡᠭᠡᠨ | ᠵᠠᠰᠠᠬᠤ ᠣᠷᠣᠨ ᠤ ᠱᠠᠲᠤᠨ ᠤ ᠬᠥᠲᠥᠴᠢ ᠠᠵᠤ ᠠᠬᠤᠶᠢᠯᠠᠯ ᠢ ᠦᠨᠡᠯᠡᠨ ᠲᠣᠭᠲᠠᠭᠠᠬᠤ ᠪᠠ ᠬᠢᠨᠠᠨ ᠬᠡᠮᠵᠢᠬᠦ ᠠᠵᠢᠯ ᠢ | ᠴᠢᠩᠭᠠᠳᠬᠠᠵᠤ᠂ ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠪᠠ ᠬᠤᠯᠪᠣᠭᠠᠲᠤ ᠴᠣᠭᠴᠠ ᠶᠢᠨ ᠭᠤᠶᠤᠴᠢᠯᠠᠨ | ᠮᠡᠳᠡᠭᠦᠯᠬᠦ ᠶᠢ ᠵᠣᠷᠢᠭᠵᠢᠭᠤᠯᠤᠨ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠬᠥᠲᠥᠴᠢ ᠠᠵᠤ ᠠᠬᠤᠶᠢᠯᠠᠯ ᠢ | ᠣᠲᠣ ᠶᠢᠨ ᠪᠠᠶᠢᠭ᠎ᠠ 3 ᠶᠢᠨ ᠰᠠᠭᠤᠷᠢ ᠳᠡᠭᠡᠷ᠎ᠡ 1 ᠶᠢ ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠵᠤ᠂ ᠥᠪᠡᠷᠲᠡᠭᠡᠨ | ᠵᠠᠰᠠᠬᠤ ᠣᠷᠣᠨ ᠤ ᠱᠠᠲᠤᠨ ᠠᠴᠠ ᠳᠡᠭᠡᠭᠰᠢᠬᠢ ᠬᠥᠲᠥᠴᠢ ᠠᠵᠤ ᠠᠬᠤᠶᠢᠯᠠᠯ ᠢ 4 ᠳᠤ ᠬᠦᠷᠦᠭᠦᠯᠦᠨ᠎ᠡ︔ ᠠᠵᠤ | ᠠᠬᠤᠶᠢᠯᠠᠯ ᠤᠨ ᠲᠠᠷᠢᠶᠠᠯᠠᠩ ᠶᠢᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ ᠭᠦᠨᠵᠡᠭᠡᠶ ᠡᠳ᠋ᠰᠢᠭᠦᠯᠬᠦ ᠶᠢ | ᠬᠥᠭᠵᠢᠭᠦᠯᠬᠦ ᠶᠢ ᠳᠡᠮᠵᠢᠵᠦ᠂ ᠹᠧᠩ ᠯᠦᠩ ᠺᠣᠮᠫᠠᠨᠢ ᠶᠢᠨ ᠨᠢᠲᠤᠯᠵᠤ ᠪᠣᠯᠪᠠᠰᠤᠷᠠᠭᠤᠯᠬᠤ ᠦᠶᠯᠡᠳᠪᠦᠷᠢ ᠶᠢᠨ | ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠂ 2022 ᠣᠨ ᠪᠣᠯᠬᠤ ᠳᠤ ᠹᠧᠩᠵᠧᠨ ᠬᠤᠲᠠ ᠶᠢᠨ | ᠭᠤᠤᠯ ᠪᠣᠯᠬᠤ ᠲᠠᠷᠢᠶᠠᠯᠠᠩ ᠶᠢᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠦᠨ ᠬᠤᠪᠢᠷᠠᠭᠤᠯᠬᠤ | ᠨᠣᠷᠮ᠎ᠠ ᠶᠢ 72% ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠨ᠎ᠠ᠃ | ᠭᠤᠷᠪᠠ ᠳᠤ ᠲᠠᠷᠢᠶᠠᠯᠠᠩ ᠮᠠᠯ ᠠᠵᠤ ᠠᠬᠤᠶ ᠶᠢᠨ ᠠᠵᠤ ᠠᠬᠤᠶᠢᠯᠠᠯ ᠤᠨ ᠠᠰᠢᠭ ᠲᠤᠰᠠ ᠶᠢ ᠬᠤᠯᠪᠣᠬᠤ | ᠲᠣᠭᠲᠠᠴᠠ ᠶᠢ ᠲᠡᠭᠦᠯᠳᠡᠷᠵᠢᠭᠦᠯᠦᠨ᠎ᠡ᠃ ︽ᠬᠥᠲᠥᠴᠢ ᠠᠵᠤ ᠠᠬᠤᠶᠢᠯᠠᠯ + ᠬᠤᠷᠰᠢᠶᠠᠵᠢᠯ + ᠭᠡᠷ ᠪᠦᠯᠢ ᠶᠢᠨ | ᠲᠠᠷᠢᠶᠠᠯᠠᠩ ᠮᠠᠯᠵᠢᠯ ᠤᠨ ᠲᠠᠯᠠᠪᠠᠶ + ᠲᠠᠷᠢᠶᠠᠴᠢᠨ ᠡᠷᠦᠬᠡ︾ ᠶᠢᠨ ᠲᠠᠷᠢᠶᠠᠯᠠᠩ ᠮᠠᠯ ᠠᠵᠤ ᠠᠬᠤᠶ ᠶᠢᠨ ᠠᠵᠤ | ᠦᠢᠯᠡᠰᠵᠢᠯᠲᠡ ᠶᠢᠨ ᠬᠤᠯᠪᠣᠭᠠᠲᠤ ᠴᠣᠭᠴᠠ ᠶᠢᠨ ᠬᠥᠭᠵᠢᠯᠲᠡ ᠶᠢᠨ ᠵᠠᠭᠪᠤᠷ ᠢ ᠦᠷᠭᠦᠯᠵᠢᠯᠡᠨ ᠭᠦᠨᠵᠡᠭᠡᠶ | ᠳᠡᠯᠭᠡᠷᠡᠭᠦᠯᠵᠦ᠂ ᠬᠤᠯᠪᠣᠭᠠᠲᠤ ᠴᠣᠭᠴᠠ ᠶᠢ ᠪᠤᠶᠢᠵᠢᠭᠤᠯᠬᠤ ᠪᠠᠷ ᠠᠰᠢᠭ ᠲᠤᠰᠠ ᠶᠢ ᠨᠢᠭᠲᠠ ᠬᠤᠯᠪᠣᠬᠤ | ᠲᠣᠭᠲᠠᠴᠠ ᠶᠢᠨ ᠴᠢᠬᠤᠯᠠ ᠭᠠᠷᠳᠠᠴᠠ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠱᠢᠶ᠎ᠡ ᠦᠵᠡᠭᠦᠯᠬᠦ | ᠬᠤᠯᠪᠣᠭᠠᠲᠤ ᠴᠣᠭᠴᠠ ᠶᠢ 1 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠵᠤ᠂ ᠬᠤᠲᠠ ᠶᠢᠨ ᠲᠠᠰ ᠠᠴᠠ | ᠳᠡᠭᠡᠭᠰᠢᠬᠢ ᠵᠢᠱᠢᠶ᠎ᠡ ᠦᠵᠡᠭᠦᠯᠬᠦ ᠬᠤᠯᠪᠣᠭᠠᠲᠤ ᠴᠣᠭᠴᠠ ᠶᠢ 3 ᠳᠤ ᠬᠦᠷᠦᠭᠦᠯᠦᠨ᠎ᠡ ︵ᠡᠭᠦᠨ ᠳᠤ ᠥᠪᠡᠷᠲᠡᠭᠡᠨ | ᠵᠠᠰᠠᠬᠤ ᠣᠷᠣᠨ ᠤ ᠲᠡᠰ ᠤᠨ 1᠂ ᠤᠯᠠᠭᠠᠨᠴᠠᠪ ᠬᠤᠲᠠ ᠶᠢᠨ ᠲᠠᠰ ᠤᠨ 2︶᠂ ᠨᠢᠭᠲᠠ ᠬᠠᠷᠢᠴᠠᠭᠠᠲᠤ ᠬᠡᠯᠪᠡᠷᠢ ᠶᠢᠨ | ᠠᠰᠢᠭ ᠲᠤᠰᠠ ᠶᠢᠨ ᠬᠤᠯᠪᠣᠭᠳᠠᠬᠤ ᠬᠠᠷᠢᠴᠠᠯ ᠢ 61% ᠳᠤ ᠬᠦᠷᠦᠭᠦᠯᠦᠨ᠎ᠡ᠃ | ᠳᠥᠷᠪᠡ ᠳᠤ ᠬᠥᠮᠥᠷᠭᠡᠯᠡᠨ ᠬᠠᠳᠠᠭᠠᠯᠠᠵᠤ ᠰᠢᠨ᠎ᠡ ᠰᠣᠷᠭᠤᠭ ᠪᠠᠶᠢᠯᠭᠠᠬᠤ ᠪᠠᠷᠠᠭᠠᠨ ᠤ ᠭᠦᠶᠯᠭᠡᠭᠡᠨ ᠤ | ᠲᠥᠬᠦᠭᠡᠷᠦᠮᠵᠢ ᠶᠢᠨ ᠰᠠᠭᠤᠷᠢ ᠪᠥᠲᠥᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠨᠥᠬᠦᠴᠡᠯ ᠳᠤ ᠨᠡᠶᠢᠴᠡᠬᠦ ᠰᠢᠨ᠎ᠡ | ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ ᠶᠢ ᠢᠳᠡᠪᠬᠢᠲᠡᠶ ᠪᠠᠷ ᠵᠣᠬᠢᠶᠠᠨ ᠪᠠᠶᠢᠭᠤᠯᠵᠤ 2022 ᠣᠨ ᠤ | ᠲᠠᠷᠢᠶᠠᠯᠠᠩ ᠤᠨ ᠪᠦᠲᠦᠭᠡᠭᠳᠡᠬᠦᠨ ᠢ ᠬᠥᠮᠥᠷᠭᠡᠯᠡᠨ ᠬᠠᠳᠠᠭᠠᠯᠠᠵᠤ ᠰᠢᠨ᠎ᠡ ᠰᠣᠷᠭᠤᠭ ᠪᠠᠶᠢᠯᠭᠠᠬᠤ ᠬᠦᠶᠲᠡᠨ ᠬᠡᠯᠬᠢᠶᠡᠨ ᠤ | ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠢ ᠭᠤᠶᠤᠴᠢᠯᠠᠨ ᠮᠡᠳᠡᠭᠦᠯᠵᠦ᠂ ᠪᠥᠬᠦ ᠬᠤᠲᠠ ᠶᠢᠨ | ᠰᠢᠨ᠎ᠡ ᠰᠣᠷᠭᠤᠭ ᠲᠠᠷᠢᠶᠠᠯᠠᠩ ᠶᠢᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠦᠶᠯᠡᠳᠪᠦᠷᠢᠯᠡᠨ | ᠪᠣᠯᠪᠠᠰᠤᠷᠠᠭᠤᠯᠵᠤ ᠬᠥᠮᠥᠷᠭᠡᠯᠡᠨ ᠬᠠᠳᠠᠭᠠᠯᠠᠵᠤ ᠰᠢᠨ᠎ᠡ ᠰᠣᠷᠭᠤᠭ ᠪᠠᠶᠢᠯᠭᠠᠬᠤ ᠬᠦᠶᠲᠡᠨ ᠬᠡᠯᠬᠢᠶᠡᠨ ᠤ ᠰᠢᠰᠲ᠋ᠧᠮᠵᠢ ᠶᠢ | ᠲᠡᠭᠦᠯᠳᠡᠷᠵᠢᠭᠦᠯᠦᠨ᠂ ᠰᠢᠨ᠎ᠡ ᠰᠣᠷᠭᠤᠭ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ | ᠭᠠᠷᠤᠯᠲᠠ ᠶᠢᠨ ᠣᠷᠣᠨ ᠤ ᠬᠥᠮᠥᠷᠭᠡᠯᠡᠨ ᠬᠠᠳᠠᠭᠠᠯᠠᠵᠤ ᠰᠢᠨ᠎ᠡ ᠰᠣᠷᠭᠤᠭ ᠪᠠᠶᠢᠯᠭᠠᠬᠤ ᠬᠦᠶᠲᠡᠨ ᠬᠡᠯᠬᠢᠶᠡᠨ ᠤ | ᠴᠢᠳᠠᠪᠤᠷᠢ ᠶᠢ ᠳᠡᠭᠡᠭᠰᠢᠯᠡᠭᠦᠯᠦᠨ᠎ᠡ᠃ | | | | ᠣᠷᠴᠢᠭᠤᠯᠤᠭᠴᠢ᠄ ᠤᠳᠠ | ᠬᠢᠨᠠᠭᠴᠢ᠄ ᠠᠷᠢᠭᠤᠨ |