ᠬᠤᠸᠠᠳᠧ ᠰᠢᠶᠠᠨ ᠤ ᠠᠷᠠᠳ ᠤᠨ ᠪᠠᠶᠢᠴᠠᠭᠠᠬᠤ ᠬᠤᠷᠢᠶ᠎ᠠ ᠠᠵᠢᠯ ᠲᠦᠷᠦᠯ ᠤᠨ ᠨᠡᠶᠢᠭᠡᠮᠯᠢᠭ᠂ ᠠᠵᠤ ᠠᠬᠤᠶᠢᠯᠠᠯᠲᠠᠨ ᠲᠠᠢ ᠬᠠᠷᠢᠯᠴᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ ᠪᠤᠢ
ᠨᠡᠶᠢᠲᠡᠯᠡᠭᠰᠡᠨ ᠴᠠᠭ᠄
2022/3/22
     ᠬᠤᠸᠠᠳᠧ ᠰᠢᠶᠠᠨ ᠤ ᠠᠷᠠᠳ ᠤᠨ ᠪᠠᠶᠢᠴᠠᠭᠠᠬᠤ ᠬᠤᠷᠢᠶᠠᠨ ᠤ ︽ᠬᠤᠷᠢᠳᠤᠭᠠᠷ ᠶᠡᠭᠡ ᠬᠤᠷᠠᠯ ᠢ ᠤᠭᠲᠤᠵᠤ᠂ ᠬᠠᠤᠯᠢᠵᠢᠭᠰᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠴᠢᠨᠠᠷ ᠰᠠᠶᠢᠲᠠᠶ ᠬᠥᠭᠵᠢᠯᠲᠡ ᠳᠤ ᠦᠢᠯᠡᠴᠢᠯᠡᠵᠦ ᠪᠠᠲᠤᠯᠠᠬᠤ︾ ᠶᠡᠭᠡ ᠶᠠᠷᠢᠯᠴᠠᠭᠠᠨ ᠤ ᠠᠵᠢᠯᠯᠠᠭ᠎ᠠ ᠶᠢᠨ ᠪᠣᠳᠠᠲᠠᠢ ᠦᠷ᠎ᠡ ᠪᠦᠲᠦᠮᠵᠢ ᠣᠯᠬᠤ ᠶᠢ ᠦᠷᠭᠦᠯᠵᠢᠯᠡᠨ ᠠᠬᠢᠭᠤᠯᠬᠤ ᠶᠢᠨ ᠲᠥᠯᠥᠭᠡ᠂ ᠠᠵᠤ ᠠᠬᠤᠶᠢᠯᠠᠯᠲᠠᠨ ᠤ ᠰᠠᠨᠠᠯ ᠰᠠᠨᠠᠭᠤᠯᠭ᠎ᠠ ᠶᠢ ᠭᠦᠢᠴᠡᠳ ᠬᠤᠷᠢᠶᠠᠵᠤ᠂ ᠪᠠᠶᠢᠴᠠᠭᠠᠬᠤ ᠬᠤᠷᠢᠶ᠎ᠠ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ ᠰᠣᠯᠢᠯᠴᠠᠭ᠎ᠠ ᠶᠢ ᠭᠦᠨᠵᠡᠭᠡᠶᠢᠷᠡᠭᠦᠯᠵᠦ᠂ ᠲᠤᠰ ᠬᠤᠷᠢᠶᠠᠨ ᠤ ᠠᠯᠪᠠᠨ ᠭᠡᠷ ᠬᠠᠷᠢᠯᠴᠠᠬᠤ ᠡᠭᠦᠷᠭᠡ ᠴᠢᠳᠠᠪᠬᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠪᠠᠶᠢᠴᠠᠭᠠᠬᠤ ᠬᠤᠷᠢᠶ᠎ᠠ ᠪᠠ ᠠᠵᠤ ᠠᠬᠤᠶᠢᠯᠠᠯ ᠤᠨ ᠬᠠᠮᠲᠤᠷᠠᠯᠴᠠᠭᠠᠨ ᠤ ᠰᠣᠯᠢᠯᠴᠠᠭᠠᠨ ᠤ ᠲᠠᠪᠴᠠᠩ ᠢ ᠪᠠᠶᠢᠭᠤᠯᠵᠤ᠂   ᠬᠠᠤᠯᠢᠵᠢᠭᠰᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠦᠢᠯᠡᠴᠢᠯᠡᠭᠡᠨ ᠤ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠪᠡ᠃      ︽ᠶᠡᠭᠡ ᠶᠠᠷᠢᠯᠴᠠᠭ᠎ᠠ︾ ᠶᠢᠨ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠰᠢ᠂ ᠬᠤᠸᠠᠳᠧ ᠰᠢᠶᠠᠨ ᠤ ᠪᠠᠶᠢᠴᠠᠭᠠᠬᠤ ᠬᠤᠷᠢᠶ᠎ᠠ ᠤᠲᠠᠰᠤ ᠪᠠᠷ ᠠᠵᠢᠯ ᠲᠦᠷᠦᠯ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠂ ᠠᠵᠢᠯ ᠲᠦᠷᠦᠯ ᠤᠨ ᠨᠡᠶᠢᠭᠡᠮᠯᠢᠭ ᠲᠠᠢ 17 ᠬᠥᠮᠦᠨ ᠤᠳᠠᠭ᠎ᠠ ᠬᠠᠷᠢᠯᠴᠠᠵᠤ᠂ ᠠᠵᠤ ᠠᠬᠤᠶᠢᠯᠠᠯᠲᠠᠨ ᠤ ᠲᠥᠯᠥᠭᠡᠯᠡᠭᠴᠢ ᠲᠠᠢ 9 ᠬᠥᠮᠦᠨ ᠤᠳᠠᠭ᠎ᠠ ᠬᠠᠷᠢᠯᠴᠠᠪᠠ︔ ᠠᠵᠢᠯ ᠲᠥᠷᠥᠯ ᠤᠨ ᠡᠷᠭᠢᠯᠡᠨ ᠬᠠᠮᠢᠶᠠᠷᠬᠤ ᠰᠠᠯᠠᠭ᠎ᠠ ᠮᠥᠴᠢᠷ᠂ ᠠᠵᠢᠯ ᠲᠥᠷᠥᠯ ᠤᠨ ᠨᠡᠶᠢᠭᠡᠮᠯᠢᠭ ᠢ 4 ᠬᠥᠮᠦᠨ ᠤᠳᠠᠭ᠎ᠠ ᠤᠷᠢᠵᠤ ᠬᠤᠷᠠᠯ ᠳᠤ ᠣᠷᠣᠯᠴᠠᠭᠤᠯᠪᠠ︔ ᠠᠵᠤ ᠠᠬᠤᠶᠢᠯᠠᠯᠲᠠᠨ ᠤ ᠲᠥᠯᠥᠭᠡᠯᠡᠭᠴᠢ ᠶᠢ ᠤᠷᠢᠵᠤ 11 ᠬᠥᠮᠦᠨ ᠤᠳᠠᠭ᠎ᠠ ᠬᠤᠷᠠᠯ ᠳᠤ ᠣᠷᠣᠯᠴᠠᠭᠤᠯᠪᠠ︔ 4 ᠠᠵᠤ ᠠᠬᠤᠶᠢᠯᠠᠯ ᠳᠤ ᠲᠤᠬᠠᠶ ᠶᠢᠨ ᠭᠠᠵᠠᠷ ᠲᠤ ᠨᠢ ᠤᠬᠠᠭᠤᠯᠤᠯ ᠬᠢᠬᠦ ᠪᠠᠷ ᠬᠠᠷᠢᠯᠴᠠᠪᠡ︔ ᠠᠵᠤ ᠠᠬᠤᠶᠢᠯᠠᠯ ᠢ ᠤᠷᠢᠵᠤ ᠡᠭᠦᠳᠡ ᠪᠠᠨ ᠨᠡᠭᠡᠭᠡᠵᠦ ᠢᠳᠬᠠᠯ ᠰᠠᠨᠠᠭᠤᠯᠭ᠎ᠠ ᠶᠢᠨ ᠰᠠᠨᠠᠯ ᠬᠤᠷᠢᠶᠠᠬᠤ ᠶᠠᠷᠢᠯᠴᠠᠬᠤ ᠬᠤᠷᠠᠯ ᠳᠤ ᠨᠢᠭᠡ ᠤᠳᠠᠭ᠎ᠠ ᠣᠷᠣᠯᠴᠠᠭᠤᠯᠵᠤ᠂ ᠬᠠᠷᠢᠴᠠᠭᠤᠯᠤᠨ ᠪᠠᠶᠢᠴᠠᠭᠠᠨ ᠦᠵᠡᠵᠦ ᠰᠤᠳᠤᠯᠤᠨ ᠶᠠᠷᠢᠯᠴᠠᠵᠤ ᠰᠣᠯᠢᠯᠴᠠᠬᠤ ᠬᠤᠷᠠᠯ ᠳᠤ ᠨᠢᠭᠡ ᠤᠳᠠᠭ᠎ᠠ ᠤᠷᠢᠨ ᠣᠷᠣᠯᠴᠠᠭᠤᠯᠵᠤ  ᠂ 18 ᠵᠤᠷᠪᠤᠰ ᠰᠠᠨᠠᠯ ᠰᠠᠨᠠᠭᠤᠯᠭ᠎ᠠ ᠬᠤᠷᠢᠶᠠᠪᠠ᠃      ᠳᠠᠷᠠᠭᠠᠴᠢ ᠶᠢᠨ ᠠᠯᠬᠤᠮ ᠳᠤ᠂ ᠬᠤᠸᠠᠳᠧ ᠰᠢᠶᠠᠨ ᠤ ᠠᠷᠠᠳ ᠤᠨ ᠪᠠᠶᠢᠴᠠᠭᠠᠬᠤ ᠬᠤᠷᠢᠶ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠦᠷᠭᠦᠯᠵᠢᠯᠡᠨ ᠳᠠᠭᠠᠵᠤ᠂ ᠨᠡᠩ ᠤᠯᠠᠨ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠠᠵᠤ ᠠᠬᠤᠶᠢᠯᠠᠯᠲᠠᠨ ᠤ ᠲᠥᠯᠥᠭᠡᠯᠡᠭᠴᠢᠳ ᠲᠤ ᠴᠠᠭ ᠲᠤᠬᠠᠢ ᠳᠤᠨᠢ ᠬᠠᠷᠢᠭᠤ ᠲᠤᠰᠬᠠᠬᠤ ᠶᠢᠨ ᠬᠠᠮᠲᠤ ᠠᠵᠤ ᠠᠬᠤᠶᠢᠯᠠᠯᠲᠠᠨ ᠲᠠᠢ ᠬᠠᠷᠢᠯᠴᠠᠬᠤ ᠠᠵᠢᠯ ᠢ ᠪᠠᠶᠢᠩᠭᠤᠵᠢᠭᠤᠯᠵᠤ᠂ ᠬᠠᠤᠯᠢᠵᠢᠭᠰᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠡᠭᠡ ᠶᠠᠷᠢᠯᠴᠠᠭᠠᠨ ᠤ ᠠᠵᠢᠯᠯᠠᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠵᠤ᠂ ᠪᠠᠶᠢᠴᠠᠭᠠᠬᠤ ᠠᠵᠢᠯ ᠰᠢᠨ᠎ᠡ ᠳᠡᠭᠲᠡᠷ ᠲᠤ ᠭᠠᠷᠬᠤ᠂ ᠰᠢᠨ᠎ᠡ ᠬᠥᠭᠵᠢᠯᠲᠡ ᠶᠢ ᠪᠡᠶᠡᠯᠡᠭᠦᠯᠬᠦ ᠶᠢ ᠲᠠᠰᠤᠷᠠᠯᠲᠠ ᠦᠭᠡᠢ ᠠᠬᠢᠭᠤᠯᠵᠤ᠂ ᠪᠦᠬᠦ ᠰᠢᠶᠠᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ᠃                                          ᠣᠷᠴᠢᠭᠤᠯᠤᠭᠴᠢ᠄ ᠤᠳᠠ                                          ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2