ᠴᠢ ᠹᠸᠢ ᠶᠦᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ᠂ ᠤᠯᠠᠭᠠᠨᠴᠠᠪ · ᠡᠷᠢᠶᠡᠨ ᠬᠤᠲᠠ ᠶᠢᠨ ᠤᠯᠤᠰ ᠤᠨ ᠪᠠᠷᠠᠭᠠᠨ ᠤ  ᠭᠦᠢᠯᠭᠡᠭᠡᠨ ᠤ ᠬᠦᠢᠰᠦ ᠶᠢᠨ ᠪᠥᠲᠥᠭᠡᠨ ᠪᠠᠶᠢᠭᠤᠯᠤᠯᠲᠠ ᠪᠠ ᠪᠣᠭᠤᠮᠲᠠ ᠶᠢᠨ ᠲᠣᠲᠣᠷ᠎ᠠ ᠭᠠᠵᠠᠷ ᠢ ᠨᠢᠭᠡ ᠴᠤᠭᠴᠠᠵᠢᠭᠤᠯᠤᠨ ᠬᠥᠭᠵᠢᠭᠦᠯᠬᠦ ᠵᠡᠷᠭᠡ ᠠᠵᠢᠯ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2022/3/23
    3 ᠰᠠᠷ᠎ᠠ ᠶᠢᠨ 22 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠸᠢ ᠶᠦᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ︽ᠤᠯᠠᠭᠠᠨᠴᠠᠪ ᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠬᠤ ᠲᠤᠬᠠᠶ ᠠᠷᠭ᠎ᠠ ᠬᠡᠮᠵᠢᠶ᠎ᠡ ᠨᠦᠭᠦᠳ︾ ︽ᠤᠯᠠᠭᠠᠨᠴᠠᠪ ᠬᠤᠲᠠ ᠶᠢᠨ ᠥᠪᠡᠷᠲᠡᠭᠡᠨ ᠵᠠᠰᠠᠬᠤ ᠣᠷᠣᠨ ᠤ  ︿ᠠᠷᠪᠠᠨ ᠳᠥᠷᠪᠡᠳᠦᠭᠡᠷ ᠲᠠᠪᠤᠨ ᠵᠢᠯ﹀ ᠤᠨ ᠮᠥᠩᠭᠦᠨ ᠭᠦᠢᠯᠭᠡᠭᠡᠨ ᠤ ᠬᠥᠭᠵᠢᠯᠲᠡ ᠪᠠ ᠥᠭᠡᠷᠡᠴᠢᠯᠡᠯᠲᠡ ᠶᠢᠨ ᠲᠥᠯᠥᠪᠵᠢᠭᠦᠯᠭᠡ ᠶᠢ ᠨᠠᠶᠢᠳᠠᠪᠤᠷᠢᠵᠢᠭᠤᠯᠬᠤ ᠬᠡᠷᠡᠭᠵᠢᠭᠦᠯᠬᠦ ᠲᠥᠰᠦᠯ︾ ︽ᠤᠯᠠᠭᠠᠨᠴᠠᠪ ᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮ ᠤᠨ ᠪᠠᠶᠢᠭᠤᠯᠤᠯᠲᠠ ᠶᠢᠨ ᠲᠥᠯᠥᠪᠵᠢᠭᠦᠯᠭᠡ︾ ︽ᠤᠯᠠᠭᠠᠨᠴᠠᠪ ᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ︾ ︽ᠤᠯᠠᠭᠠᠨᠴᠠᠪ · ᠡᠷᠢᠶᠡᠨ ᠬᠤᠲᠠ ᠶᠢᠨ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠶᠢᠨ ᠪᠦᠲᠦᠭᠡᠨ ᠪᠠᠶᠢᠭᠤᠯᠤᠯᠲᠠ ᠪᠠ ᠪᠣᠭᠤᠮᠲᠠ ᠶᠢᠨ ᠳᠣᠲᠣᠷ᠎ᠠ ᠭᠠᠵᠠᠷ ᠢ ᠨᠢᠭᠡ ᠴᠤᠭᠴᠠᠵᠢᠭᠤᠯᠤᠨ ᠬᠥᠭᠵᠢᠭᠦᠯᠬᠦ ᠲᠥᠯᠥᠪᠵᠢᠭᠦᠯᠭᠡ︾ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠪᠣᠯᠤᠨ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠬᠤ ᠪᠣᠯ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠡᠯ᠎ᠡ ᠱᠠᠲᠤᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠰᠠᠶᠢᠲᠤᠷ ᠬᠢᠬᠦ ᠶᠢᠨ ᠲᠦᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠣᠯᠠᠨ ᠡᠰᠢᠵᠢᠭᠰᠡᠨ ᠬᠠᠮᠠᠭᠠᠯᠠᠯᠲᠠ ᠶᠢᠨ ᠪᠠᠶᠢᠷᠢᠰᠢᠯ ᠢ ᠢᠳᠡᠪᠬᠢᠲᠡᠶ ᠪᠠᠶᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠠᠰᠠᠬᠤ ᠴᠢᠳᠠᠪᠤᠷᠢ ᠪᠠ ᠵᠠᠰᠠᠬᠤ ᠲᠥᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠷᠮᠠᠰᠢᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠲᠠᠸᠠᠷ ᠤᠨ ᠲᠡᠮᠳᠡᠭ ᠤᠨ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ︽ᠨᠣᠬᠠᠢ ᠶᠢᠨ ᠬᠤᠰᠢᠭᠤ ᠨᠣᠭᠤᠭ᠎ᠠ ᠲᠥᠮᠥᠰᠥ᠂ ᠠᠯᠠᠰᠢᠨ ᠦᠬᠡᠷ ᠠᠯᠠᠰᠢᠨ ᠬᠤᠨᠢ ᠰᠦ︾ ᠶᠢᠨ ᠳᠠᠪᠠᠭᠤᠯᠢᠭ ᠠᠵᠤ ᠦᠢᠯᠡᠰ ᠤᠨ ᠲᠣᠭᠤᠷᠢᠨ ᠳᠤ᠂ ᠣᠨᠴᠠᠯᠢᠭ ᠢᠶᠠᠷ ᠢᠯᠡ ᠲᠣᠳᠣ᠂ ᠥᠷᠢᠰᠦᠯᠳᠦᠬᠦ ᠬᠦᠴᠦᠨ ᠢᠶᠠᠷ ᠴᠢᠩᠭ᠎ᠠ ᠨᠢᠭᠡ ᠪᠦᠯᠦᠭ ᠨᠠᠷᠠᠲᠤ ᠲᠥᠷᠥᠯ ᠲᠡᠮᠳᠡᠭᠲᠦ ᠶᠢ ᠪᠤᠶᠢᠵᠢᠭᠤᠯᠵᠤ᠂ ︽ᠤᠤᠯ ᠤᠨ ᠦᠨᠦᠷ ᠠᠮᠲᠠ ᠲᠠᠢ ᠤᠯᠠᠭᠠᠨᠴᠠᠪ︾ ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢ ᠪᠥᠬᠦ ᠲᠠᠯ᠎ᠠ ᠪᠠᠷ ᠡᠭᠦᠳᠬᠦ ᠬᠡᠷᠡᠭᠲᠡᠶ᠃ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠵᠤ᠂ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠲᠡᠷᠢᠭᠦᠨ ᠤ ᠭᠠᠵᠠᠷ ᠣᠷᠣᠨ ᠤ ᠬᠢᠳᠡᠯ ᠲᠠᠢ ᠬᠠᠷᠢᠴᠠᠭᠤᠯᠵᠤ᠂ ᠵᠥᠷᠢᠶ᠎ᠡ ᠪᠠᠨ ᠡᠷᠢᠵᠦ᠂ ᠳᠤᠲᠠᠭᠤᠳᠠᠯ ᠢᠶᠠᠨ ᠨᠥᠬᠦᠪᠥᠷᠢᠯᠡᠵᠦ᠂ ᠲᠡᠷᠢᠭᠦᠨ ᠤ ᠢᠲᠡᠭᠡᠮᠵᠢ ᠶᠢᠨ ᠰᠢᠰᠲ᠋ᠧᠮ ᠢ ᠪᠦᠬᠦ ᠬᠦᠴᠦᠨ ᠢᠶᠠᠷ ᠢᠶᠠᠨ ᠪᠠᠶᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃     ᠬᠤᠷᠠᠯ ᠠᠴᠠ᠂ ᠮᠥᠩᠭᠦᠨ ᠭᠦᠢᠯᠭᠡᠭᠡᠨ ᠤ ᠬᠦᠰᠢᠬᠦᠷᠭᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠲᠠᠷᠢᠶᠠᠯᠠᠩ ᠮᠠᠯ ᠠᠵᠤ ᠠᠬᠤᠢ᠂ ᠬᠦᠢᠰᠦ ᠶᠢᠨ ᠪᠠᠷᠠᠭᠠᠨ ᠤ ᠭᠦᠢᠯᠭᠡᠭᠡ᠂ ᠰᠣᠶᠣᠯ ᠵᠤᠭᠠᠴᠠᠯ ᠡᠷᠡᠭᠦᠯᠵᠢᠯ ᠰᠤᠪᠢᠯᠠᠯᠲᠠ ᠵᠡᠷᠭᠡ ᠭᠤᠣᠯᠳᠠᠯᠭ᠎ᠠ ᠲᠠᠢ ᠬᠦᠷᠢᠶ᠎ᠡ ᠪᠣᠯᠤᠨ ᠳᠤᠮᠳᠠ ᠪᠠᠭ᠎ᠠ ᠪᠢᠴᠢᠯ ᠠᠵᠤ ᠠᠬᠤᠶᠢᠯᠠᠯ ᠤᠨ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠵᠤ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠪᠣᠳᠠᠲᠤ ᠴᠣᠭᠴᠠ ᠶᠢᠨ ᠠᠵᠤ ᠠᠬᠤᠢ ᠶᠢᠨ ᠶᠠᠰᠤ ᠴᠢᠨᠠᠷ ᠦᠷ᠎ᠡ ᠠᠰᠢᠭ ᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ᠃ ᠬᠤᠷᠢᠭ᠎ᠠ ᠱᠤᠭᠤᠮ ᠤᠨ ᠰᠡᠳᠬᠢᠬᠦᠢ᠂ ᠰᠢᠰᠲ᠋ᠧᠮᠲᠦ ᠦᠵᠡᠯᠲᠡ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠪᠣᠯᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠴᠢᠳᠠᠪᠤᠷᠢ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠮᠠᠨ ᠤ ᠬᠤᠲᠠ ᠶᠢᠨ ᠴᠢᠨᠠᠷ ᠰᠠᠶᠢᠲᠠᠢ ᠬᠥᠭᠵᠢᠯᠲᠡ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠪᠦᠷᠢᠯᠳᠦᠭᠦᠯᠵᠦ ᠥᠭᠬᠦ ᠬᠡᠷᠡᠭᠲᠡᠢ ᠭᠡᠵᠦ ᠱᠠᠭᠠᠷᠳᠠᠪᠠ᠃     ᠬᠤᠷᠠᠯ ᠠᠴᠠ᠂ ︽ᠤᠯᠠᠭᠠᠨᠴᠠᠪ · ᠡᠷᠢᠶᠡᠨ ᠬᠤᠲᠠ ᠶᠢᠨ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠶᠢᠨ ᠪᠥᠲᠥᠭᠡᠨ ᠪᠠᠶᠢᠭᠤᠯᠤᠯᠲᠠ ᠪᠠ ᠪᠣᠭᠤᠮᠲᠠ ᠶᠢᠨ ᠳᠣᠲᠣᠷ᠎ᠠ ᠭᠠᠵᠠᠷ ᠢ ᠨᠢᠭᠡ ᠴᠤᠭᠴᠠᠵᠢᠭᠤᠯᠤᠨ ᠬᠥᠭᠵᠢᠭᠦᠯᠬᠦ ᠲᠥᠯᠥᠪᠵᠢᠭᠦᠯᠭᠡ︾ ᠶᠢ ᠥᠨᠳᠥᠷ ᠬᠢᠷᠢ ᠲᠦᠪᠰᠢᠨ᠂ ᠥᠨᠳᠥᠷ ᠡᠬᠢᠯᠡᠯᠲᠡ ᠲᠠᠢ᠂ ᠥᠨᠳᠥᠷ ᠪᠠᠷᠢᠮᠵᠢᠶ᠎ᠠ ᠪᠠᠷ ᠰᠠᠶᠢᠲᠤᠷ ᠨᠠᠶᠢᠳᠠᠪᠤᠷᠢᠵᠢᠭᠤᠯᠵᠤ᠂ ᠭᠤᠤᠯᠳᠠᠯᠭ᠎ᠠ ᠶᠢ ᠳᠣᠪᠤᠶᠢᠯᠭᠠᠨ᠂ ᠪᠣᠳᠠᠲᠠᠶ ᠳᠤ ᠰᠠᠭᠤᠷᠢᠯᠠᠨ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠤᠭᠤᠯᠤᠨ ᠪᠠᠶᠢᠷᠢᠯᠠᠭᠤᠯᠵᠤ᠂ ᠡᠯᠭᠦᠭᠡ ᠵᠢᠷᠤᠭ ᠢᠶᠠᠷ ᠪᠠᠶᠢᠯᠳᠤᠵᠤ᠂ ᠨᠡᠪᠲᠡᠷᠡᠬᠦ ᠵᠠᠮ ᠪᠠ ᠲᠠᠪᠴᠠᠩ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ︽ᠵᠠᠮ ᠥᠩᠭᠡᠷᠡᠬᠦ ᠠᠵᠤ ᠠᠬᠤᠶ︾ ᠶᠢ ᠵᠢᠩᠬᠢᠨᠢ ᠪᠠᠷ ︽ᠭᠠᠵᠠᠷᠳᠠᠭᠰᠠᠨ ᠠᠵᠤ ᠠᠬᠤᠶ︾ ᠪᠣᠯᠭᠠᠨ ᠬᠤᠪᠢᠷᠠᠭᠤᠯᠬᠤ ᠶᠢ ᠳᠥᠯᠭᠢᠨ ᠠᠬᠢᠭᠤᠯᠵᠤ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠬᠦᠴᠦᠯᠡᠨ ᠴᠣᠭᠴᠠᠯᠠᠬᠤ ᠬᠡᠷᠡᠭᠲᠡᠶ ᠭᠡᠵᠦ ᠴᠢᠬᠤᠯᠠᠴᠢᠯᠠᠪᠠ᠃     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃    
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2