3 ᠰᠠᠷ᠎ᠠ ᠶᠢᠨ 22 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ | ᠳᠠᠷᠤᠭ᠎ᠠ ᠴᠢ ᠹᠸᠢ ᠶᠦᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ | ᠬᠤᠷᠠᠯᠳᠤᠭᠤᠯᠵᠤ᠂ ︽ᠤᠯᠠᠭᠠᠨᠴᠠᠪ ᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠬᠠᠮᠠᠭᠠᠯᠠᠯᠲᠠ ᠶᠢ ᠴᠢᠩᠭᠠᠳᠬᠠᠬᠤ ᠲᠤᠬᠠᠶ ᠠᠷᠭ᠎ᠠ ᠬᠡᠮᠵᠢᠶ᠎ᠡ ᠨᠦᠭᠦᠳ︾ ︽ᠤᠯᠠᠭᠠᠨᠴᠠᠪ ᠬᠤᠲᠠ ᠶᠢᠨ ᠥᠪᠡᠷᠲᠡᠭᠡᠨ | ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠮᠥᠩᠭᠦᠨ ᠭᠦᠢᠯᠭᠡᠭᠡᠨ ᠤ ᠬᠥᠭᠵᠢᠯᠲᠡ ᠪᠠ | ᠥᠭᠡᠷᠡᠴᠢᠯᠡᠯᠲᠡ ᠶᠢᠨ ᠲᠥᠯᠥᠪᠵᠢᠭᠦᠯᠭᠡ ᠶᠢ ᠨᠠᠶᠢᠳᠠᠪᠤᠷᠢᠵᠢᠭᠤᠯᠬᠤ ᠬᠡᠷᠡᠭᠵᠢᠭᠦᠯᠬᠦ ᠲᠥᠰᠦᠯ︾ ︽ᠤᠯᠠᠭᠠᠨᠴᠠᠪ | ᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮ ᠤᠨ | ᠪᠠᠶᠢᠭᠤᠯᠤᠯᠲᠠ ᠶᠢᠨ ᠲᠥᠯᠥᠪᠵᠢᠭᠦᠯᠭᠡ︾ ︽ᠤᠯᠠᠭᠠᠨᠴᠠᠪ ᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ | ᠤᠨ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ︾ ︽ᠤᠯᠠᠭᠠᠨᠴᠠᠪ | · ᠡᠷᠢᠶᠡᠨ ᠬᠤᠲᠠ ᠶᠢᠨ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠶᠢᠨ ᠪᠦᠲᠦᠭᠡᠨ ᠪᠠᠶᠢᠭᠤᠯᠤᠯᠲᠠ ᠪᠠ | ᠪᠣᠭᠤᠮᠲᠠ ᠶᠢᠨ ᠳᠣᠲᠣᠷ᠎ᠠ ᠭᠠᠵᠠᠷ ᠢ ᠨᠢᠭᠡ ᠴᠤᠭᠴᠠᠵᠢᠭᠤᠯᠤᠨ ᠬᠥᠭᠵᠢᠭᠦᠯᠬᠦ ᠲᠥᠯᠥᠪᠵᠢᠭᠦᠯᠭᠡ︾ ᠵᠡᠷᠭᠡ ᠪᠢᠴᠢᠭ | ᠮᠠᠲ᠋ᠧᠷᠢᠶᠠᠯ ᠢ ᠬᠢᠨᠠᠨ ᠵᠥᠪᠯᠡᠵᠦ᠂ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠪᠣᠯᠤᠨ ᠨᠡᠶᠢᠭᠡᠮ ᠤᠨ ᠢᠲᠡᠭᠡᠮᠵᠢ ᠶᠢᠨ | ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠬᠤ ᠪᠣᠯ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ | ᠰᠢᠯᠢᠳᠡᠭᠵᠢᠭᠦᠯᠬᠦ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠡᠯ᠎ᠡ ᠱᠠᠲᠤᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ | ᠮᠥᠴᠢᠷ ᠤᠳ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠰᠠᠶᠢᠲᠤᠷ ᠬᠢᠬᠦ ᠶᠢᠨ ᠲᠦᠢᠯ ᠤᠨ ᠴᠢᠬᠤᠯᠠ | ᠴᠢᠨᠠᠷ ᠢ ᠭᠦᠢᠴᠡᠳ ᠲᠠᠨᠢᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠣᠯᠠᠨ ᠡᠰᠢᠵᠢᠭᠰᠡᠨ | ᠬᠠᠮᠠᠭᠠᠯᠠᠯᠲᠠ ᠶᠢᠨ ᠪᠠᠶᠢᠷᠢᠰᠢᠯ ᠢ ᠢᠳᠡᠪᠬᠢᠲᠡᠶ ᠪᠠᠶᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠵᠠᠰᠠᠬᠤ ᠴᠢᠳᠠᠪᠤᠷᠢ ᠪᠠ ᠵᠠᠰᠠᠬᠤ ᠲᠥᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠷᠮᠠᠰᠢᠭᠤᠯᠬᠤ ᠲᠣᠭᠲᠠᠴᠠ ᠶᠢ ᠪᠠᠶᠢᠭᠤᠯᠤᠨ | ᠪᠦᠷᠢᠨᠰᠢᠬᠦᠯᠵᠦ᠂ ᠲᠠᠸᠠᠷ ᠤᠨ ᠲᠡᠮᠳᠡᠭ ᠤᠨ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠦᠷᠭᠦᠯᠵᠢᠯᠡᠨ | ᠠᠬᠢᠭᠤᠯᠵᠤ᠂ ︽ᠨᠣᠬᠠᠢ ᠶᠢᠨ ᠬᠤᠰᠢᠭᠤ ᠨᠣᠭᠤᠭ᠎ᠠ ᠲᠥᠮᠥᠰᠥ᠂ ᠠᠯᠠᠰᠢᠨ ᠦᠬᠡᠷ ᠠᠯᠠᠰᠢᠨ ᠬᠤᠨᠢ ᠰᠦ︾ ᠶᠢᠨ | ᠳᠠᠪᠠᠭᠤᠯᠢᠭ ᠠᠵᠤ ᠦᠢᠯᠡᠰ ᠤᠨ ᠲᠣᠭᠤᠷᠢᠨ ᠳᠤ᠂ ᠣᠨᠴᠠᠯᠢᠭ ᠢᠶᠠᠷ ᠢᠯᠡ ᠲᠣᠳᠣ᠂ ᠥᠷᠢᠰᠦᠯᠳᠦᠬᠦ ᠬᠦᠴᠦᠨ ᠢᠶᠠᠷ | ᠴᠢᠩᠭ᠎ᠠ ᠨᠢᠭᠡ ᠪᠦᠯᠦᠭ ᠨᠠᠷᠠᠲᠤ ᠲᠥᠷᠥᠯ ᠲᠡᠮᠳᠡᠭᠲᠦ ᠶᠢ ᠪᠤᠶᠢᠵᠢᠭᠤᠯᠵᠤ᠂ ︽ᠤᠤᠯ ᠤᠨ ᠦᠨᠦᠷ ᠠᠮᠲᠠ ᠲᠠᠢ | ᠤᠯᠠᠭᠠᠨᠴᠠᠪ︾ ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢ ᠪᠥᠬᠦ | ᠲᠠᠯ᠎ᠠ ᠪᠠᠷ ᠡᠭᠦᠳᠬᠦ ᠬᠡᠷᠡᠭᠲᠡᠶ᠃ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠠᠰᠠᠭᠤᠳᠠᠯ ᠢᠶᠠᠷ ᠤᠳᠤᠷᠢᠳᠤᠮᠵᠢ | ᠪᠣᠯᠭᠠᠬᠤ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠵᠤ᠂ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ | ᠲᠡᠷᠢᠭᠦᠨ ᠤ ᠭᠠᠵᠠᠷ ᠣᠷᠣᠨ ᠤ ᠬᠢᠳᠡᠯ ᠲᠠᠢ ᠬᠠᠷᠢᠴᠠᠭᠤᠯᠵᠤ᠂ ᠵᠥᠷᠢᠶ᠎ᠡ ᠪᠠᠨ ᠡᠷᠢᠵᠦ᠂ ᠳᠤᠲᠠᠭᠤᠳᠠᠯ ᠢᠶᠠᠨ | ᠨᠥᠬᠦᠪᠥᠷᠢᠯᠡᠵᠦ᠂ ᠲᠡᠷᠢᠭᠦᠨ ᠤ ᠢᠲᠡᠭᠡᠮᠵᠢ ᠶᠢᠨ ᠰᠢᠰᠲ᠋ᠧᠮ ᠢ ᠪᠦᠬᠦ ᠬᠦᠴᠦᠨ ᠢᠶᠠᠷ ᠢᠶᠠᠨ ᠪᠠᠶᠢᠭᠤᠯᠬᠤ ᠬᠡᠷᠡᠭᠲᠡᠢ | ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠮᠥᠩᠭᠦᠨ ᠭᠦᠢᠯᠭᠡᠭᠡᠨ ᠤ ᠬᠦᠰᠢᠬᠦᠷᠭᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ | ᠲᠠᠷᠢᠶᠠᠯᠠᠩ ᠮᠠᠯ ᠠᠵᠤ ᠠᠬᠤᠢ᠂ ᠬᠦᠢᠰᠦ ᠶᠢᠨ ᠪᠠᠷᠠᠭᠠᠨ ᠤ ᠭᠦᠢᠯᠭᠡᠭᠡ᠂ ᠰᠣᠶᠣᠯ ᠵᠤᠭᠠᠴᠠᠯ ᠡᠷᠡᠭᠦᠯᠵᠢᠯ | ᠰᠤᠪᠢᠯᠠᠯᠲᠠ ᠵᠡᠷᠭᠡ ᠭᠤᠣᠯᠳᠠᠯᠭ᠎ᠠ ᠲᠠᠢ ᠬᠦᠷᠢᠶ᠎ᠡ ᠪᠣᠯᠤᠨ ᠳᠤᠮᠳᠠ ᠪᠠᠭ᠎ᠠ ᠪᠢᠴᠢᠯ ᠠᠵᠤ ᠠᠬᠤᠶᠢᠯᠠᠯ ᠤᠨ | ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠵᠤ᠂ ᠮᠥᠩᠭᠦᠨ ᠭᠦᠢᠯᠭᠡᠭᠡᠨ ᠤ | ᠦᠢᠯᠡᠴᠢᠯᠡᠭᠡᠨ ᠤ ᠪᠣᠳᠠᠲᠤ ᠴᠣᠭᠴᠠ ᠶᠢᠨ ᠠᠵᠤ ᠠᠬᠤᠢ ᠶᠢᠨ ᠶᠠᠰᠤ ᠴᠢᠨᠠᠷ ᠦᠷ᠎ᠡ ᠠᠰᠢᠭ ᠢ ᠬᠦᠴᠦᠯᠡᠨ | ᠳᠡᠭᠡᠭᠰᠢᠯᠡᠭᠦᠯᠬᠦ ᠬᠡᠷᠡᠭᠲᠡᠢ᠃ ᠬᠤᠷᠢᠭ᠎ᠠ ᠱᠤᠭᠤᠮ ᠤᠨ ᠰᠡᠳᠬᠢᠬᠦᠢ᠂ ᠰᠢᠰᠲ᠋ᠧᠮᠲᠦ ᠦᠵᠡᠯᠲᠡ ᠶᠢ ᠴᠢᠩᠭᠠᠳᠬᠠᠵᠤ᠂ | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠪᠣᠯᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ | ᠴᠢᠳᠠᠪᠤᠷᠢ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠮᠠᠨ ᠤ ᠬᠤᠲᠠ ᠶᠢᠨ ᠴᠢᠨᠠᠷ ᠰᠠᠶᠢᠲᠠᠢ | ᠬᠥᠭᠵᠢᠯᠲᠡ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠪᠦᠷᠢᠯᠳᠦᠭᠦᠯᠵᠦ ᠥᠭᠬᠦ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ᠂ ︽ᠤᠯᠠᠭᠠᠨᠴᠠᠪ · ᠡᠷᠢᠶᠡᠨ ᠬᠤᠲᠠ ᠶᠢᠨ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠶᠢᠨ | ᠪᠥᠲᠥᠭᠡᠨ ᠪᠠᠶᠢᠭᠤᠯᠤᠯᠲᠠ ᠪᠠ ᠪᠣᠭᠤᠮᠲᠠ ᠶᠢᠨ ᠳᠣᠲᠣᠷ᠎ᠠ ᠭᠠᠵᠠᠷ ᠢ ᠨᠢᠭᠡ ᠴᠤᠭᠴᠠᠵᠢᠭᠤᠯᠤᠨ ᠬᠥᠭᠵᠢᠭᠦᠯᠬᠦ | ᠲᠥᠯᠥᠪᠵᠢᠭᠦᠯᠭᠡ︾ ᠶᠢ ᠥᠨᠳᠥᠷ ᠬᠢᠷᠢ ᠲᠦᠪᠰᠢᠨ᠂ ᠥᠨᠳᠥᠷ ᠡᠬᠢᠯᠡᠯᠲᠡ ᠲᠠᠢ᠂ ᠥᠨᠳᠥᠷ ᠪᠠᠷᠢᠮᠵᠢᠶ᠎ᠠ ᠪᠠᠷ | ᠰᠠᠶᠢᠲᠤᠷ ᠨᠠᠶᠢᠳᠠᠪᠤᠷᠢᠵᠢᠭᠤᠯᠵᠤ᠂ ᠭᠤᠤᠯᠳᠠᠯᠭ᠎ᠠ ᠶᠢ ᠳᠣᠪᠤᠶᠢᠯᠭᠠᠨ᠂ ᠪᠣᠳᠠᠲᠠᠶ ᠳᠤ ᠰᠠᠭᠤᠷᠢᠯᠠᠨ᠂ ᠪᠠᠷᠢᠯᠭ᠎ᠠ ᠶᠢᠨ | ᠬᠤᠭᠤᠴᠠᠭ᠎ᠠ ᠶᠢ ᠲᠣᠩᠭᠤᠷᠤᠭᠤᠯᠤᠨ ᠪᠠᠶᠢᠷᠢᠯᠠᠭᠤᠯᠵᠤ᠂ ᠡᠯᠭᠦᠭᠡ ᠵᠢᠷᠤᠭ ᠢᠶᠠᠷ ᠪᠠᠶᠢᠯᠳᠤᠵᠤ᠂ ᠨᠡᠪᠲᠡᠷᠡᠬᠦ ᠵᠠᠮ ᠪᠠ | ᠲᠠᠪᠴᠠᠩ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ︽ᠵᠠᠮ ᠥᠩᠭᠡᠷᠡᠬᠦ ᠠᠵᠤ ᠠᠬᠤᠶ︾ ᠶᠢ | ᠵᠢᠩᠬᠢᠨᠢ ᠪᠠᠷ ︽ᠭᠠᠵᠠᠷᠳᠠᠭᠰᠠᠨ ᠠᠵᠤ ᠠᠬᠤᠶ︾ ᠪᠣᠯᠭᠠᠨ ᠬᠤᠪᠢᠷᠠᠭᠤᠯᠬᠤ ᠶᠢ ᠳᠥᠯᠭᠢᠨ ᠠᠬᠢᠭᠤᠯᠵᠤ᠂ ᠤᠯᠤᠰ ᠤᠨ | ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠬᠦᠴᠦᠯᠡᠨ ᠴᠣᠭᠴᠠᠯᠠᠬᠤ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | | | | |