ᠲᠥᠷᠥ ᠶᠢᠨ ᠪᠣᠳᠣᠯᠭ᠎ᠠ ᠶᠢ ᠠᠰᠢᠭᠯᠠᠨ ︽ᠳ᠋ᠦᠩ ᠶᠠᠩ ᠭᠤᠸᠠᠩ︾ ᠰᠢᠨ᠎ᠡ ᠶᠢ ᠡᠭᠦᠳᠬᠦ ᠪᠠᠨ ᠲᠦᠷᠭᠡᠳᠬᠡᠪᠡ
ᠨᠡᠶᠢᠲᠡᠯᠡᠭᠰᠡᠨ ᠴᠠᠭ᠄
2022/3/24
      2018 ᠣᠨ ᠳᠤ ᠵᠢᠨᠢᠩ ᠳᠤ  ᠨᠤᠲᠤᠭᠰᠢᠭᠰᠠᠨ ᠤᠯᠠᠭᠠᠨᠴᠠᠪ ᠤᠨ ᠳ᠋ᠦᠩ ᠶᠠᠩ ᠭᠤᠸᠠᠩ ᠬᠢᠮᠢ    ᠶᠢᠨ ᠲᠡᠮᠦᠷᠯᠢᠭ ᠴᠠᠭᠠᠰᠤ ᠶᠢᠨ ᠬᠢᠵᠠᠭᠠᠷᠲᠤ ᠺᠣᠮᠫᠠᠨᠢ ᠪᠣᠯ ᠳᠤᠮᠳᠠ ᠥᠨᠳᠥᠷ ᠳᠠᠷᠤᠯᠲᠠᠲᠤ ᠬᠢᠮᠢ ᠶᠢᠨ  ᠲᠡᠮᠦᠷᠯᠢᠭ ᠴᠠᠭᠠᠰᠤ ᠶᠢᠨ ᠪᠦᠲᠦᠭᠡᠭᠳᠡᠬᠦᠨ ᠢ ᠦᠢᠯᠡᠳᠪᠦᠷᠢᠯᠡᠬᠦ᠂ ᠰᠤᠳᠤᠯᠤᠨ ᠨᠡᠭᠡᠭᠡᠬᠦ᠂ ᠪᠣᠷᠣᠯᠠᠭᠤᠯᠬᠤ ᠠᠵᠤ ᠠᠬᠤᠶᠢᠯᠠᠯ ᠪᠣᠯᠤᠨ᠎ᠠ᠃ 2019 ᠣᠨ ᠤ 9 ᠰᠠᠷ᠎ᠠ ᠳᠤ ᠠᠰᠢᠭᠯᠠᠯᠲᠠ ᠳᠤ ᠤᠷᠤᠭᠰᠠᠨ ᠠᠴᠠ ᠨᠠᠭᠠᠰᠢ᠂ ᠺᠣᠮᠫᠠᠨᠢ ᠶᠢᠨ ᠬᠥᠭᠵᠢᠯᠲᠡ ᠶᠢᠨ ᠬᠤᠷᠳᠤᠴᠠ ᠲᠦᠷᠭᠡᠳᠴᠦ᠂ ᠵᠢᠯ ᠪᠦᠷᠢ ᠶᠢᠨ ᠠᠵᠢᠯ ᠤᠨ ᠪᠦᠲᠦᠮᠵᠢ ᠳᠠᠬᠢᠨ ᠢᠶᠠᠷ ᠨᠡᠮᠡᠭᠳᠡᠬᠦ ᠪᠠᠶᠢᠳᠠᠯ ᠢᠶᠠᠨ ᠪᠠᠲᠤᠯᠠᠵᠤ ᠪᠤᠢ᠃ 2020 ᠣᠨ ᠳᠤ 56 ᠵᠤᠷᠪᠤᠰ ᠬᠢᠮᠢ ᠶᠢᠨ ᠲᠡᠮᠦᠷᠯᠢᠭ ᠴᠠᠭᠠᠰᠤ ᠦᠢᠯᠡᠳᠪᠦᠷᠢᠯᠡᠬᠦ ᠱᠤᠭᠤᠮ ᠢ ᠪᠠᠶᠢᠭᠤᠯᠤᠨ᠂ ᠪᠦᠬᠦ ᠵᠢᠯ ᠳᠤ 726 ᠲᠦᠮᠡᠨ ᠲᠡᠭᠰᠢ ᠳᠥᠷᠪᠡᠯᠵᠢᠨ ᠮᠧᠲᠷ ᠤᠨ ᠭᠠᠷᠤᠯᠲᠠ ᠶᠢ ᠪᠡᠶᠡᠯᠡᠭᠦᠯᠵᠦ᠂ 4.9 ᠳ᠋ᠦᠩᠰᠢᠭᠤᠷ ᠲᠥᠭᠦᠷᠢᠭ ᠤᠨ ᠪᠣᠷᠣᠯᠠᠭᠤᠯᠭ᠎ᠠ ᠶᠢᠨ   ᠬᠡᠮᠵᠢᠶ᠎ᠡ ᠶᠢ ᠪᠡᠶᠡᠯᠡᠭᠦᠯᠪᠡ ︔ 2021 ᠣᠨ ᠤ ᠪᠥᠬᠦ ᠵᠢᠯ ᠳᠤ 1900 ᠲᠦᠮᠡᠨ ᠲᠡᠭᠰᠢ ᠳᠥᠷᠪᠡᠯᠵᠢᠨ ᠮᠧᠲᠷ ᠤᠨ ᠭᠠᠷᠤᠯᠲᠠ ᠶᠢ ᠪᠡᠶᠡᠯᠡᠭᠦᠯᠵᠦ᠂ ᠪᠣᠷᠣᠯᠠᠭᠤᠯᠤᠯᠲᠠ ᠶᠢᠨ ᠬᠡᠮᠵᠢᠶ᠎ᠡ 13.5 ᠳ᠋ᠦᠩᠰᠢᠭᠤᠷ ᠲᠥᠭᠦᠷᠢᠭ ᠲᠤ ᠬᠥᠷᠪᠡ᠃ ᠣᠳᠣᠬᠠᠨ ᠪᠣᠯᠲᠠᠯ᠎ᠠ᠂ ᠺᠣᠮᠫᠠᠨᠢ ᠳᠤᠮᠳᠠ ᠥᠨᠳᠥᠷ ᠬᠦᠴᠦᠳᠡᠯ ᠤᠨ ᠬᠢᠮᠢ ᠶᠢᠨ ᠲᠡᠮᠦᠷᠯᠢᠭ ᠴᠠᠭᠠᠰᠤ ᠦᠢᠯᠡᠳᠪᠦᠷᠢᠯᠡᠬᠦ ᠱᠤᠭᠤᠮ ᠢ 84 ᠵᠤᠷᠪᠤᠰ ᠪᠠᠶᠢᠭᠤᠯᠵᠤ᠂ ᠵᠢᠯ ᠳᠤ 2600 ᠲᠦᠮᠡᠨ ᠲᠡᠭᠰᠢ ᠳᠥᠷᠪᠡᠯᠵᠢᠨ ᠮᠧᠲᠷ ᠬᠢᠮᠢ ᠶᠢᠨ ᠲᠡᠮᠦᠷᠯᠢᠭ ᠴᠠᠭᠠᠰᠤ  ᠦᠢᠯᠡᠳᠪᠦᠷᠢᠯᠡᠵᠦ ᠪᠣᠯᠤᠨ᠎ᠠ᠃ ᠮᠠᠨ ᠤ ᠬᠤᠲᠠ ᠶᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠯᠢ ᠣᠯᠠᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠳᠣᠣᠷ᠎ᠠ᠂ ᠺᠣᠮᠫᠠᠨᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠪᠠᠨ ᠲᠠᠰᠤᠷᠠᠯᠲᠠ ᠦᠭᠡᠶ ᠳᠡᠭᠡᠭᠰᠢᠯᠡᠭᠦᠯᠵᠦ᠂ ᠡᠨᠡ ᠵᠢᠯ ᠤᠤᠯ ᠤᠨ ᠦᠢᠯᠡᠳᠪᠦᠷᠢᠯᠡᠯ ᠤᠨ ᠱᠤᠭᠤᠮ ᠢ ᠪᠦᠬᠦᠨ ᠢ ᠰᠢᠯᠢᠳᠡᠭᠵᠢᠭᠦᠯᠦᠨ ᠲᠡᠰ ᠳᠡᠪᠰᠢᠭᠦᠯᠵᠦ᠂ ᠴᠣ ᠰᠢᠨ᠎ᠡ ᠤᠶᠤᠨᠲᠤ ᠦᠢᠯᠡᠳᠪᠦᠷᠢᠯᠡᠯ ᠤᠨ ᠱᠤᠭᠤᠮ ᠢ ᠪᠠᠶᠢᠭᠤᠯᠵᠤ᠂ ᠶᠡᠷᠦᠩᠬᠡᠢ ᠪᠡᠯᠡ ᠣᠷᠣᠭᠤᠯᠤᠯᠲᠠ ᠶᠢ ᠤᠤᠯ ᠤᠨ 9.93 ᠳ᠋ᠦᠩᠰᠢᠭᠤᠷ ᠲᠥᠭᠦᠷᠢᠭ ᠪᠠᠶᠢᠭᠰᠠᠨ ᠠᠴᠠ 16.69 ᠳ᠋ᠦᠩᠰᠢᠭᠤᠷ ᠲᠥᠭᠦᠷᠢᠭ ᠪᠣᠯᠭᠠᠨ ᠨᠡᠮᠡᠭᠳᠡᠭᠦᠯᠵᠦ᠂ ᠵᠢᠯ ᠤᠨ ᠦᠢᠯᠡᠳᠪᠦᠷᠢᠯᠡᠯ ᠤᠨ ᠴᠢᠳᠠᠪᠤᠷᠢ ᠶᠢ 4500 ᠲᠦᠮᠡᠨ ᠲᠡᠭᠰᠢ ᠳᠥᠷᠪᠡᠯᠵᠢᠨ ᠮᠧᠲᠷ ᠪᠣᠯᠭᠠᠨ ᠳᠡᠭᠡᠭᠰᠢᠯᠡᠭᠦᠯᠵᠦ᠂ ᠵᠢᠱᠢᠯᠲᠡ ᠪᠠᠷ 2023 ᠣᠨ ᠳᠤ ᠪᠦᠬᠦᠨ ᠢ ᠪᠠᠶᠢᠭᠤᠯᠤᠨ ᠳᠠᠭᠤᠰᠬᠠᠵᠤ᠂ ᠲᠤᠬᠠᠢ ᠶᠢᠨ ᠦᠶ᠎ᠡ ᠳᠤ ᠵᠢᠯ ᠤᠨ ᠣᠷᠣᠯᠭ᠎ᠠ ᠶᠢ 30 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠰᠢᠭ ᠭᠠᠶᠢᠯᠢ ᠶᠢ 5 ᠳ᠋ᠦᠩᠰᠢᠭᠤᠷ ᠭᠠᠷᠤᠢ ᠲᠥᠭᠦᠷᠢᠭ ᠪᠡᠶᠡᠯᠡᠭᠦᠯᠵᠦ᠂ 1000 ᠭᠠᠷᠤᠢ ᠬᠥᠮᠦᠨ ᠢ ᠲᠥᠪᠬᠢᠨᠡᠭᠦᠯᠦᠨ ᠠᠵᠢᠯ ᠣᠯᠭᠤᠵᠤ᠂ ᠤᠯᠠᠭᠠᠨᠴᠠᠪ ᠢ ᠬᠦᠳᠦᠯᠥᠨ ᠳᠠᠭᠠᠭᠤᠯᠵᠤ ︽ᠳᠡᠯᠡᠬᠡᠢ ᠶᠢᠨ ᠲᠡᠮᠦᠷᠯᠢᠭ ᠴᠠᠭᠠᠰᠤᠨ ᠬᠤᠳᠠ︾ ᠪᠤᠯᠠᠭᠠᠨ ᠪᠦᠲᠦᠭᠡᠨ ᠪᠠᠶᠢᠭᠤᠯᠬᠤ ᠪᠣᠯᠤᠨ᠎ᠠ᠃   ᠴᠠᠩ ᠰᠢᠶᠤᠤ ᠫᠢᠩ᠂ ᠲᠠᠩ ᠰᠢᠤᠸᠠᠨ ᠪᠥᠸᠧ ᠰᠡᠭᠦᠳᠡᠷᠯᠡᠨ ᠮᠡᠳᠡᠭᠡᠯᠡᠪᠡ
 
ᠢᠷᠡᠯᠲᠡ᠄ ᠤᠯᠠᠭᠠᠨᠴᠠᠪ ᠤᠨ ᠡᠳᠦᠷ ᠦᠨ ᠰᠤᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2