ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ | ᠬᠤᠷᠠᠯᠳᠤᠭᠤᠯᠵᠤ᠂ ᠶᠡᠭᠡ ᠬᠡᠪᠴᠢᠶᠡᠨ ᠤ ᠥᠷᠲᠡᠭ ᠨᠡᠮᠡᠭᠳᠡᠯ ᠤᠨ ᠭᠠᠶᠢᠯᠢ ᠶᠢ ᠰᠠᠭᠤᠳᠬᠠᠵᠤ ᠲᠤᠯᠭᠠᠨ ᠪᠤᠴᠠᠭᠠᠬᠤ | ᠲᠥᠷᠥ ᠶᠢᠨ ᠪᠣᠳᠣᠯᠭ᠎ᠠ ᠶᠢ ᠲᠣᠬᠢᠷᠠᠭᠤᠯᠤᠨ ᠬᠡᠷᠡᠭᠵᠢᠭᠦᠯᠵᠦ᠂ ᠬᠤᠷᠸ᠎ᠠ ᠠᠵᠤ ᠠᠬᠤᠢ ᠶᠢᠨ ᠶᠡᠭᠡ ᠲᠠᠯ᠎ᠠ ᠶᠢ | ᠲᠣᠭᠲᠠᠪᠤᠷᠢᠵᠢᠭᠤᠯᠬᠤ ᠳᠤ ᠬᠦᠴᠦᠲᠡᠢ ᠳᠡᠮᠵᠢᠯᠭᠡ ᠬᠠᠩᠭᠠᠬᠤ ᠪᠠᠷ ᠲᠣᠭᠲᠠᠭᠠᠪᠠ᠃ | ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠶᠢ ᠬᠡᠷᠡᠭᠵᠢᠭᠦᠯᠦᠨ ᠵᠠᠬ᠎ᠠ ᠳᠡᠯᠭᠡᠭᠦᠷ ᠤᠨ ᠵᠢᠱᠢᠯᠲᠡ ᠶᠢ | ᠲᠣᠭᠲᠠᠪᠤᠷᠢᠵᠢᠭᠤᠯᠵᠤ᠂ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠬᠥᠭᠵᠢᠯᠲᠡ ᠶᠢ | ᠪᠠᠲᠤᠯᠠᠬᠤ ᠲᠤᠬᠠᠢ ᠪᠠᠶᠢᠷᠢᠯᠠᠭᠤᠯᠪᠠ᠃ | | | ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 3 ᠳ᠋ᠤᠭᠠᠷ ᠰᠠᠷ᠎ᠠ ᠶᠢᠨ 21 ᠤ | ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠭᠡ | ᠬᠡᠪᠴᠢᠶᠡᠨ ᠤ ᠥᠷᠲᠡᠭ ᠨᠡᠮᠡᠭᠳᠡᠯ ᠤᠨ ᠭᠠᠶᠢᠯᠢ ᠶᠢ ᠰᠠᠭᠤᠳᠬᠠᠵᠤ ᠲᠤᠯᠭᠠᠨ ᠪᠤᠴᠠᠭᠠᠬᠤ ᠲᠥᠷᠥ ᠶᠢᠨ ᠪᠣᠳᠣᠯᠭ᠎ᠠ ᠶᠢ | ᠲᠣᠬᠢᠷᠠᠭᠤᠯᠤᠨ ᠬᠡᠷᠡᠭᠵᠢᠭᠦᠯᠵᠦ᠂ ᠬᠤᠷᠸ᠎ᠠ ᠠᠵᠤ ᠠᠬᠤᠢ ᠶᠢᠨ ᠶᠡᠭᠡ ᠲᠠᠯ᠎ᠠ ᠶᠢ ᠲᠣᠭᠲᠠᠪᠤᠷᠢᠵᠢᠭᠤᠯᠬᠤ ᠳᠤ | ᠬᠦᠴᠦᠲᠡᠢ ᠳᠡᠮᠵᠢᠯᠭᠡ ᠬᠠᠩᠭᠠᠬᠤ ᠪᠠᠷ ᠲᠣᠭᠲᠠᠪᠠ︔ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠶᠢ ᠬᠡᠷᠡᠭᠵᠢᠭᠦᠯᠦᠨ ᠵᠠᠬ᠎ᠠ | ᠳᠡᠯᠭᠡᠭᠦᠷ ᠤᠨ ᠵᠢᠱᠢᠯᠲᠡ ᠶᠢ ᠲᠣᠭᠲᠠᠪᠤᠷᠢᠵᠢᠭᠤᠯᠵᠤ᠂ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ | ᠡᠷᠡᠭᠦᠯ ᠬᠥᠭᠵᠢᠯᠲᠡ ᠶᠢ ᠪᠠᠲᠤᠯᠠᠬᠤ ᠶᠢ ᠪᠠᠶᠢᠷᠢᠯᠠᠭᠤᠯᠪᠠ᠃ | ᠬᠤᠷᠠᠯ ᠠᠴᠠ ᠵᠢᠭᠠᠬᠤ ᠳᠤ ᠪᠠᠨ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠵᠤ᠂ ︽ᠵᠠᠰᠠᠭ ᠤᠨ ᠣᠷᠳᠣᠨ ᠤ ᠠᠵᠢᠯ ᠤᠨ | ᠢᠯᠡᠳᠬᠡᠯ︾ ᠤᠨ ᠲᠣᠬᠢᠷᠠᠭᠤᠯᠤᠯᠲᠠ ᠶᠣᠰᠣᠭᠠᠷ᠂ ᠣᠳᠣᠬᠠᠨ ᠤ ᠤᠯᠤᠰ ᠤᠨ ᠳᠣᠲᠣᠭᠠᠳᠤ ᠭᠠᠳᠠᠭᠠᠳᠤ ᠶᠢᠨ | ᠪᠠᠶᠢᠳᠠᠯ ᠤᠨ ᠰᠢᠨ᠎ᠡ ᠬᠤᠪᠢᠷᠠᠯᠲᠠ ᠳᠤ ᠴᠢᠭᠯᠡᠭᠦᠯᠦᠨ᠂ ᠠᠵᠤ ᠠᠬᠤᠢ ᠶᠢᠨ ᠠᠵᠢᠯᠯᠠᠭᠠᠨ ᠢ ᠲᠣᠭᠲᠠᠪᠤᠷᠢᠵᠢᠭᠤᠯᠬᠤ | ᠲᠦᠷᠦ ᠶᠢᠨ ᠪᠣᠳᠣᠯᠭ᠎ᠠ ᠶᠢ ᠱᠠᠯᠠᠪᠳᠠᠨ ᠨᠡᠶᠢᠲᠡᠯᠡᠵᠦ ᠬᠡᠷᠡᠭᠵᠢᠭᠦᠯᠬᠦ ᠬᠡᠷᠡᠭᠲᠡᠢ᠃ ᠡᠨᠡ ᠵᠢᠯ ᠤᠨ ᠦᠷᠳᠡᠭ | ᠨᠡᠮᠡᠭᠳᠡᠯ ᠤᠨ ᠭᠠᠶᠢᠯᠢ ᠶᠢ ᠰᠠᠭᠤᠳᠬᠠᠵᠤ ᠲᠤᠯᠭᠠᠨ ᠪᠤᠴᠠᠭᠠᠬᠤ ᠬᠡᠪᠴᠢᠶ᠎ᠡ ᠨᠢ ᠪᠠᠷᠤᠭ 1.5 ᠲᠦᠮᠡᠨ ᠳ᠋ᠦᠩᠰᠢᠭᠤᠷ | ᠲᠥᠭᠦᠷᠢᠭ ᠬᠦᠷᠴᠦ᠂ ᠡᠨᠡ ᠪᠣᠯ ︽ᠬᠤᠶᠠᠷ ᠢ ᠥᠴᠥᠬᠡᠨ ᠴᠦ ᠭᠤᠶᠢᠪᠢᠰᠢ ᠦᠭᠡᠢ︾ ᠪᠠᠷᠢᠮᠲᠠᠯᠠᠵᠤ᠂ ᠡᠯ᠎ᠡ | ᠲᠦᠷᠦᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠦᠴᠢᠷᠳᠡᠯ ᠢ ᠰᠢᠢᠳᠪᠦᠷᠢᠯᠡᠬᠦ ᠰᠢᠭᠤᠳ ᠪᠥᠭᠡᠳ | ᠥᠨᠳᠥᠷ ᠪᠦᠲᠦᠮᠵᠢᠲᠡᠶ ᠠᠷᠭ᠎ᠠ ᠬᠡᠮᠵᠢᠶ᠎ᠡ ᠮᠥᠨ᠂ ᠨᠡᠮᠡᠭᠳᠡᠯ ᠢ ᠲᠣᠭᠲᠠᠪᠤᠷᠢᠵᠢᠭᠤᠯᠵᠤ ᠵᠠᠬ᠎ᠠ ᠳᠡᠯᠭᠡᠭᠦᠷ ᠤᠨ ᠭᠤᠣᠯ | ᠴᠣᠭᠴᠠ ᠶᠢᠨ ᠠᠵᠢᠯ ᠣᠯᠭᠤᠯᠲᠠ ᠶᠢ ᠪᠠᠲᠤᠯᠠᠬᠤ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠮᠥᠨ᠂ ᠪᠠᠰᠠ ᠴᠤ | ᠭᠠᠶᠢᠯᠢ ᠶᠢᠨ ᠢᠷᠡᠯᠲᠡ ᠶᠢ ᠬᠠᠳᠠᠭᠠᠯᠠᠬᠤ᠂ ᠦᠷᠳᠡᠭ ᠨᠡᠮᠡᠭᠳᠡᠯ ᠤᠨ ᠭᠠᠶᠢᠯᠢ ᠶᠢᠨ ᠳᠦᠷᠢᠮ ᠢ ᠶᠡᠭᠡ ᠪᠠᠷ | ᠰᠠᠶᠢᠵᠢᠷᠠᠭᠤᠯᠬᠤ ᠥᠭᠡᠷᠡᠴᠢᠯᠡᠯᠲᠡ ᠮᠥᠨ ᠭᠡᠵᠡᠢ᠃ ᠬᠤᠷᠠᠯ ᠠᠴᠠ᠂ ᠨᠢᠭᠡ ᠳᠤ᠂ ᠪᠣᠶ ᠪᠦᠬᠦᠢ ᠠᠵᠢᠯ ᠲᠥᠷᠥᠯ ᠤᠨ | ᠵᠢᠵᠢᠭ ᠪᠢᠴᠢᠯ ᠠᠵᠤ ᠠᠬᠤᠶᠢᠯᠠᠯ ᠪᠠ ᠡᠩ ᠤᠨ ᠭᠠᠶᠢᠯᠢ ᠪᠤᠳᠤᠬᠤ ᠠᠷᠭ᠎ᠠ ᠮᠠᠶ᠋ᠢᠭ ᠢᠶᠠᠷ ᠭᠠᠶᠢᠯᠢ ᠲᠤᠰᠢᠶᠠᠵᠤ | ᠪᠠᠶᠢᠭ᠎ᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠳᠤ 1 ᠲᠦᠮᠡᠨ ᠳ᠋ᠦᠩᠰᠢᠭᠤᠷ ᠲᠥᠭᠦᠷᠢᠭ ᠤᠨ | ᠭᠠᠶᠢᠯᠢ ᠪᠤᠴᠠᠭᠠᠨ᠎ᠠ᠃ ᠡᠭᠦᠨ ᠳᠤ᠂ ᠦᠯᠡᠳᠡᠭᠡᠯ ᠭᠠᠶᠢᠯᠢ ᠶᠢᠨ ᠲᠤᠭ᠎ᠠ ᠶᠢ 6 ᠳ᠋ᠤᠭᠠᠷ ᠰᠠᠷ᠎ᠠ ᠶᠢᠨ ᠰᠡᠭᠦᠯᠴᠢ ᠠᠴᠠ | ᠡᠮᠦᠨ᠎ᠡ ᠨᠢᠭᠡ ᠯᠠ ᠤᠳᠠᠭ᠎ᠠ ᠶᠢᠨ ᠴᠢᠨᠠᠷᠲᠠᠢ ᠪᠠᠷ ᠪᠦᠬᠦᠨ ᠢ ᠪᠤᠴᠠᠭᠠᠨ ᠥᠭᠴᠦ᠂ ᠪᠢᠴᠢᠯ ᠬᠡᠯᠪᠡᠷᠢ ᠶᠢᠨ ᠠᠵᠤ | ᠠᠬᠤᠶᠢᠯᠠᠯ ᠳᠤ 4 ᠳ᠋ᠦ᠋ᠭᠡᠷ ᠰᠠᠷ᠎ᠠ ᠳᠤ ᠲᠥᠪᠯᠡᠷᠡᠭᠦᠯᠦᠨ ᠪᠤᠴᠠᠭᠠᠨ ᠥᠭᠴᠦ᠂ ᠵᠢᠵᠢᠭ ᠬᠡᠯᠪᠡᠷᠢ ᠶᠢᠨ ᠠᠵᠤ | ᠠᠬᠤᠶᠢᠯᠠᠯ ᠳᠤ 5᠂ 6 ᠳ᠋ᠤᠭᠠᠷ ᠰᠠᠷ᠎ᠠ ᠳᠤ ᠪᠤᠴᠠᠭᠠᠨ ᠥᠭᠭᠦᠨ᠎ᠡ︔ ᠨᠡᠮᠡᠭᠳᠡᠯ ᠤᠨ ᠬᠡᠮᠵᠢᠶ᠎ᠡ ᠶᠢᠨ ᠰᠠᠭᠤᠳᠬᠠᠨ | ᠬᠠᠰᠤᠬᠤ ᠭᠠᠶᠢᠯᠢ ᠶᠢᠨ ᠲᠤᠭ᠎ᠠ ᠶᠢ 4 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠰᠠᠷ᠎ᠠ ᠪᠦᠷᠢ ᠪᠥᠬᠦ | ᠲᠤᠭ᠎ᠠ ᠪᠠᠷ ᠪᠤᠴᠠᠭᠠᠨ ᠥᠭᠴᠦ᠂ ︽6 ᠰᠠᠷ᠎ᠠ ᠳᠠᠷᠠᠭᠠᠯᠠᠨ ᠨᠡᠮᠡᠭᠳᠡᠯ ᠤᠨ ᠬᠡᠮᠵᠢᠶ᠎ᠡ ᠶᠢᠨ ᠰᠠᠭᠤᠳᠬᠠᠨ ᠬᠠᠰᠤᠬᠤ | ᠭᠠᠶᠢᠯᠢ ᠶᠢᠨ ᠲᠤᠭ᠎ᠠ ᠨᠢ 0 ᠠᠴᠠ ᠶᠡᠭᠡ᠂ ᠬᠠᠮᠤᠭ ᠤᠨ ᠡᠴᠦᠰ ᠤᠨ ᠨᠢᠭᠡ ᠰᠠᠷ᠎ᠠ ᠶᠢᠨ ᠨᠡᠮᠡᠭᠳᠡᠯ ᠤᠨ ᠬᠡᠮᠵᠢᠶ᠎ᠡ ᠶᠢᠨ | ᠰᠠᠭᠤᠳᠬᠠᠨ ᠬᠠᠰᠤᠬᠤ ᠭᠠᠶᠢᠯᠢ ᠶᠢᠨ ᠲᠤᠭ᠎ᠠ ᠨᠢ 50 ᠲᠦᠮᠡᠨ ᠲᠥᠭᠦᠷᠢᠭ ᠠᠴᠠ ᠶᠡᠭᠡ︾ ᠵᠡᠷᠭᠡ ᠭᠠᠶᠢᠯᠢ | ᠪᠤᠴᠠᠭᠠᠬᠤ ᠨᠥᠬᠦᠴᠡᠯ ᠢ ᠱᠠᠲᠤᠴᠢ ᠴᠢᠨᠠᠷᠲᠠᠢ ᠪᠠᠷ ᠬᠦᠴᠦᠨ ᠦᠭᠡᠢ ᠪᠣᠯᠭᠠᠨ᠎ᠠ᠃ ᠬᠤᠶᠠᠷ ᠲᠤ᠂ ᠦᠢᠯᠡᠳᠬᠡᠯ ᠤᠨ | ᠦᠢᠯᠡᠰ᠂ ᠰᠢᠨᠵᠢᠯᠡᠬᠦ ᠤᠬᠠᠭᠠᠨ ᠤ ᠰᠤᠳᠤᠯᠭᠠᠨ ᠪᠠ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ ᠴᠠᠬᠢᠯᠭᠠᠨ | ᠬᠦᠴᠦᠨ ᠢᠯᠴᠢ ᠶᠢᠨ ᠬᠦᠴᠦᠨ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ᠂ | ᠵᠥᠭᠡᠯᠡᠨ ᠲᠣᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ ᠠᠮᠢ ᠠᠬᠤᠢ ᠶᠢᠨ | ᠬᠠᠮᠠᠭᠠᠯᠠᠯᠲᠠ ᠪᠠ ᠣᠷᠴᠢᠨ ᠲᠣᠭᠤᠷᠢᠨ ᠤ ᠵᠠᠰᠠᠯᠲᠠ ᠶᠢᠨ ᠦᠢᠯᠡᠰ᠂ ᠵᠠᠮ ᠬᠠᠷᠢᠯᠴᠠᠭ᠎ᠠ ᠲᠡᠭᠡᠭᠡᠪᠦᠷᠢ ᠶᠢᠨ | ᠬᠥᠮᠥᠷᠭᠡᠯᠡᠯᠲᠡ ᠪᠠ ᠰᠢᠤᠳᠠᠨ ᠤ ᠦᠢᠯᠡᠰ ᠵᠡᠷᠭᠡ 6 ᠠᠵᠢᠯ ᠲᠥᠷᠥᠯ ᠤᠨ ᠠᠵᠤ ᠠᠬᠤᠶᠢᠯᠠᠯ ᠤᠨ ᠦᠯᠡᠳᠡᠭᠡᠨ | ᠰᠠᠭᠤᠳᠬᠠᠬᠤ ᠭᠠᠶᠢᠯᠢ ᠶᠢᠨ ᠲᠤᠭ᠎ᠠ ᠶᠢ 7 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠪᠦᠬᠦᠨ ᠢ ᠪᠤᠴᠠᠭᠠᠵᠤ᠂ | ᠵᠢᠯ ᠤᠨ ᠡᠴᠦᠰ ᠠᠴᠠ ᠡᠮᠦᠨ᠎ᠡ ᠪᠤᠴᠠᠭᠠᠵᠤ ᠳᠠᠭᠤᠰᠬᠠᠨ᠎ᠠ︔ ᠨᠡᠮᠡᠭᠳᠡᠯ ᠤᠨ ᠬᠡᠮᠵᠢᠶ᠎ᠡ ᠶᠢᠨ ᠰᠠᠭᠤᠳᠬᠠᠨ ᠬᠠᠰᠤᠬᠤ | ᠭᠠᠶᠢᠯᠢ ᠶᠢᠨ ᠲᠤᠭ᠎ᠠ ᠶᠢ ᠴᠤ 4 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠰᠠᠷ᠎ᠠ ᠪᠦᠷᠢ ᠪᠥᠬᠦ ᠲᠤᠭ᠎ᠠ ᠪᠠᠷ | ᠪᠤᠴᠠᠭᠠᠨ᠎ᠠ᠃ ᠭᠤᠷᠪᠠ ᠳᠤ᠂ ᠲᠥᠪ ᠤᠨ ᠡᠳ᠋ ᠤᠨ ᠵᠠᠰᠠᠭ ᠠᠴᠠ ᠤᠳᠤ ᠶᠢᠨ ᠬᠡᠷᠡᠭᠵᠢᠭᠦᠯᠵᠦ ᠪᠠᠶᠢᠭ᠎ᠠ ᠭᠠᠶᠢᠯᠢ ᠶᠢᠨ | ᠳᠦᠷᠢᠮ ᠶᠣᠰᠣᠭᠠᠷ ᠭᠠᠶᠢᠯᠢ ᠶᠢ ᠪᠤᠴᠠᠭᠠᠬᠤ50 % ᠶᠢᠨ ᠪᠡᠯᠡ ᠮᠥᠩᠭᠦ ᠶᠢ ᠡᠭᠦᠷᠭᠡᠯᠡᠭᠰᠡᠨ ᠰᠠᠭᠤᠷᠢᠨ ᠳᠡᠭᠡᠷ᠎ᠡ᠂ | ᠲᠠᠬᠢᠭᠠᠳ 1.2 ᠲᠦᠮᠡᠨ ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠰᠢᠯᠵᠢᠭᠦᠯᠦᠨ ᠲᠣᠬᠢᠷᠠᠭᠤᠯᠬᠤ ᠪᠠᠷ | ᠳᠠᠮᠵᠢᠭᠤᠯᠤᠨ 3 ᠲᠤᠰᠬᠠᠢ ᠵᠦᠢᠯ ᠤᠨ ᠪᠡᠯᠡ ᠮᠥᠩᠭᠦ ᠲᠣᠬᠢᠷᠠᠭᠤᠯᠵᠤ᠂ ᠦᠨᠳᠦᠰᠦᠨ ᠱᠠᠲᠤᠨ ᠤ ᠭᠠᠶᠢᠯᠢ ᠶᠢ | ᠪᠤᠴᠠᠭᠠᠬᠤ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠪᠠ ᠠᠵᠢᠯ ᠣᠯᠭᠤᠯᠲᠠ ᠶᠢ ᠪᠠᠲᠤᠯᠠᠵᠤ | ᠠᠷᠠᠳ ᠤᠨ ᠦᠨᠳᠦᠰᠦᠨ ᠠᠮᠢᠳᠤᠷᠠᠯ ᠢ ᠪᠠᠲᠤᠯᠠᠬᠤ ᠵᠡᠷᠭᠡ ᠶᠢᠨ ᠨᠠᠶᠢᠳᠠᠪᠤᠷᠢᠵᠢᠭᠤᠯᠤᠯᠲᠠ ᠶᠢ ᠲᠡᠮᠵᠢᠨ᠎ᠠ᠃ ᠡᠭᠦᠨ ᠳᠤ | ᠂ ᠰᠢᠨ᠎ᠡ ᠪᠠᠷ ᠨᠡᠮᠡᠭᠳᠡᠭᠰᠡᠨ ᠰᠠᠭᠤᠳᠬᠠᠵᠤ ᠲᠤᠯᠭᠠᠨ ᠪᠤᠴᠠᠭᠠᠬᠤ ᠭᠠᠶᠢᠯᠢ ᠶᠢᠨ ᠳᠣᠲᠣᠷᠠᠬᠢ ᠣᠷᠣᠨ ᠨᠤᠲᠤᠭ ᠤᠨ | ᠡᠭᠦᠷᠭᠡᠯᠡᠬᠦ ᠬᠡᠰᠡᠭ ᠲᠤ ᠲᠥᠪ ᠤᠨ ᠡᠳ᠋ ᠤᠨ ᠵᠠᠰᠠᠭ ᠤᠨ ᠨᠥᠬᠦᠪᠦᠷᠢ ᠶᠢ ᠳᠤᠮᠳᠠᠴᠢ ᠪᠠᠷ 82% ᠢ ᠳᠠᠪᠠᠭᠤᠯᠬᠤ | ᠪᠥᠭᠡᠳ ᠳᠤᠮᠳᠠ ᠬᠡᠰᠡᠭ ᠪᠠ ᠪᠠᠷᠠᠭᠤᠨ ᠬᠡᠰᠡᠭ ᠤᠨ ᠭᠠᠵᠠᠷ ᠣᠷᠣᠨ ᠲᠡᠶᠢᠰᠢ ᠬᠡᠯᠪᠡᠶᠢᠯᠭᠡᠨ᠎ᠡ ᠭᠡᠵᠦ ᠲᠣᠭᠲᠠᠭᠠᠵᠠᠢ᠃ | ᠬᠤᠷᠠᠯ ᠠᠴᠠ ᠱᠠᠭᠠᠷᠳᠠᠬᠤ ᠳᠤ ᠪᠠᠨ᠂ ᠪᠡᠯᠡ ᠮᠥᠩᠭᠦ ᠶᠢ ᠤᠷᠢᠳᠴᠢᠯᠠᠨ ᠰᠠᠯᠭᠠᠨ ᠥᠭᠬᠦ ᠲᠣᠭᠲᠠᠴᠠ ᠶᠢ ᠪᠠᠶᠢᠭᠤᠯᠵᠤ | ᠂ ᠰᠠᠷ᠎ᠠ ᠳᠠᠷᠠᠭᠠᠯᠠᠨ ᠤᠷᠢᠳᠴᠢᠯᠠᠨ ᠰᠠᠯᠭᠠᠨ ᠥᠭᠬᠦ ᠪᠠ ᠭᠦᠢᠯᠭᠡᠭᠡᠵᠦ ᠪᠠᠶᠢᠭᠠᠳ᠂ ᠡᠷᠭᠢᠯᠳᠦᠭᠦᠯᠦᠨ ᠢᠯᠭᠠᠷᠠᠭᠤᠯᠤᠨ | ᠪᠤᠳᠤᠵᠤ᠂ ᠣᠷᠣᠨ ᠨᠤᠲᠤᠭ ᠤᠨ ᠰᠠᠩ ᠬᠥᠮᠥᠷᠭᠡ ᠶᠢᠨ ᠭᠠᠶᠢᠯᠢ ᠶᠢ ᠪᠤᠴᠠᠭᠠᠬᠤ ᠳᠤ ᠬᠡᠷᠡᠭᠰᠡᠬᠦ ᠪᠡᠯᠡ ᠮᠥᠩᠭᠦ ᠶᠢ | ᠬᠠᠭᠠᠰ ᠰᠠᠷ᠎ᠠ ᠶᠢᠨ ᠬᠥᠳᠡᠯᠦᠩᠭᠦᠢ ᠬᠠᠳᠠᠭᠠᠯᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠪᠡᠯᠡ ᠮᠥᠩᠭᠦ ᠶᠢᠨ | ᠬᠢᠨᠠᠯᠲᠠ ᠬᠠᠮᠢᠶᠠᠷᠤᠯᠲᠠ ᠪᠠ ᠤᠯᠤᠰ ᠤᠨ ᠬᠥᠮᠥᠷᠭᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠪᠤᠴᠠᠭᠠᠭᠰᠠᠨ | ᠭᠠᠶᠢᠯᠢ ᠶᠢᠨ ᠪᠡᠯᠡ ᠮᠥᠩᠭᠦ ᠶᠢ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠰᠢᠭᠤᠳ ᠬᠦᠷᠭᠡᠬᠦ ᠶᠢ ᠦᠨᠡᠨ ᠬᠦ | ᠪᠠᠲᠤᠯᠠᠵᠤ᠂ ᠣᠷᠣᠨ ᠨᠤᠲᠤᠭ ᠤᠨ ᠨᠥᠬᠦᠪᠦᠷᠢ ᠶᠢ ᠬᠤᠲᠠ ᠰᠢᠶᠠᠨ ᠤ ᠦᠨᠳᠦᠰᠦᠨ ᠱᠠᠲᠤᠨ ᠳᠤ ᠰᠢᠭᠤᠳ | ᠬᠦᠷᠭᠡᠵᠦ᠂ ᠭᠠᠶᠢᠯᠢ ᠶᠢ ᠳᠠᠷᠤᠬᠤ᠂ ᠭᠠᠶᠢᠯᠢ ᠶᠢ ᠮᠡᠬᠡᠯᠡᠬᠦ᠂ ᠨᠥᠬᠦᠪᠦᠷᠢ ᠶᠢ ᠮᠡᠬᠡᠯᠡᠬᠦ ᠵᠡᠷᠭᠡ ᠠᠵᠢᠯᠯᠠᠭ᠎ᠠ ᠳᠤ ᠡᠷᠡᠰ | ᠴᠣᠬᠢᠯᠲᠠ ᠥᠭᠴᠦ᠂ ᠴᠢᠩᠭ᠎ᠠ ᠰᠢᠢᠳᠬᠡᠨ᠎ᠡ ᠭᠡᠵᠡᠢ᠃ | ᠬᠤᠷᠠᠯ ᠠᠴᠠ᠂ ᠲᠦᠷᠦ ᠶᠢᠨ ᠶᠠᠪᠤᠳᠠᠯ ᠤᠨ ᠬᠤᠷᠢᠶᠠᠨ ᠤ ᠮᠥᠩᠭᠦᠨ ᠭᠦᠢᠯᠭᠡᠭᠡᠨ ᠤ ᠵᠥᠪᠯᠡᠯ ᠤᠨ ᠬᠠᠷᠢᠭᠤ | ᠮᠡᠳᠡᠭᠦᠯᠦᠯᠲᠡ ᠶᠢ ᠰᠣᠨᠣᠰᠴᠤ᠂ ᠳᠡᠯᠡᠬᠡᠢ ᠶᠢᠨ ᠪᠠᠶᠢᠳᠠᠯ ᠤᠨ ᠬᠤᠪᠢᠷᠠᠯᠲᠠ ᠶᠢᠨ ᠮᠠᠨ ᠤ ᠤᠯᠤᠰ ᠤᠨ ᠬᠥᠷᠥᠩᠭᠡ ᠶᠢᠨ | ᠵᠠᠬ᠎ᠠ ᠳᠡᠯᠭᠡᠭᠦᠷ ᠲᠤ ᠦᠵᠡᠭᠦᠯᠬᠦ ᠨᠥᠯᠥᠭᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠬᠡᠷᠡᠭᠲᠡᠢ᠃ ᠬᠥᠭᠵᠢᠭᠦᠯᠬᠦ | ᠪᠣᠯ ᠲᠡᠷᠢᠭᠦᠨ ᠴᠢᠬᠤᠯᠠ ᠡᠭᠦᠷᠭᠡ ᠪᠣᠯᠬᠤ ᠶᠢ ᠪᠠᠷᠢᠮᠲᠠᠯᠠᠵᠤ᠂ ᠥᠪᠡᠷ ᠤᠨ ᠶᠠᠪᠤᠳᠠᠯ ᠢᠶᠠᠨ ᠬᠦᠴᠦᠯᠡᠨ ᠰᠠᠶᠢᠲᠤᠷ | ᠬᠢᠵᠦ᠂ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ | ᠤᠷᠤᠭᠰᠢᠯᠠᠭᠤᠯᠬᠤ ᠶᠢ ᠪᠠᠷᠢᠮᠲᠠᠯᠠᠵᠤ᠂ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠦᠨ᠂ ᠠᠵᠤ ᠠᠬᠤᠢ ᠶᠢᠨ | ᠠᠵᠢᠯᠯᠠᠭᠠᠨ ᠢ ᠵᠦᠢ ᠵᠣᠬᠢᠰᠲᠠᠢ ᠣᠷᠣᠨ ᠬᠡᠪᠴᠢᠶᠡᠨ ᠳᠤ ᠪᠠᠶᠢᠯᠭᠠᠬᠤ ᠶᠢ ᠪᠠᠲᠤᠯᠠᠵᠤ᠂ ᠰᠢᠨᠵᠢᠯᠡᠬᠦ ᠤᠬᠠᠭᠠᠨᠴᠢ | ᠪᠥᠭᠡᠳ ᠪᠦᠲᠦᠮᠵᠢᠲᠡᠶ ᠪᠠᠷ ᠠᠷᠭ᠎ᠠ ᠪᠣᠳᠣᠯᠭ᠎ᠠ ᠶᠢ ᠬᠡᠷᠡᠭᠵᠢᠭᠦᠯᠵᠦ᠂ ᠬᠥᠷᠥᠩᠭᠡ ᠶᠢᠨ ᠵᠠᠬ᠎ᠠ ᠳᠡᠯᠭᠡᠭᠦᠷ ᠤᠨ | ᠲᠣᠭᠲᠠᠭᠤᠨ ᠪᠠᠶᠢᠳᠠᠯ ᠢ ᠬᠠᠮᠠᠭᠠᠯᠠᠵᠤ᠂ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠪᠠᠲᠤᠯᠠᠬᠤ ᠬᠡᠷᠡᠭᠲᠡᠢ᠃ | ᠨᠢᠭᠡ ᠳᠤ᠂ ᠲᠣᠭᠲᠠᠭᠤᠨ ᠪᠥᠭᠡᠳ ᠡᠷᠡᠭᠦᠯ ᠵᠣᠭᠤᠰᠤᠨ ᠤ ᠲᠦᠷᠦ ᠶᠢᠨ ᠪᠣᠳᠣᠯᠭ᠎ᠠ ᠶᠢᠨ ᠪᠣᠳᠠᠲᠤ ᠴᠣᠭᠴᠠ ᠶᠢᠨ | ᠠᠵᠤ ᠠᠬᠤᠢ ᠳᠤ ᠦᠵᠡᠭᠦᠯᠬᠦ ᠳᠡᠮᠵᠢᠯᠭᠡ ᠶᠢᠨ ᠡᠷᠴᠢᠮ ᠢ ᠴᠢᠩᠭᠠᠷᠠᠭᠤᠯᠵᠤ᠂ ︽ᠶᠡᠭᠡ ᠤᠰᠤ ᠪᠠᠷ ᠨᠡᠯᠦᠶᠢᠲᠡᠯ᠎ᠡ | ᠤᠰᠤᠯᠠᠬᠤ︾ ᠦᠭᠡᠢ ᠪᠠᠶᠢᠬᠤ ᠶᠢ ᠪᠠᠷᠢᠮᠲᠠᠯᠠᠬᠤ ᠶᠢᠨ ᠵᠡᠷᠭᠡᠴᠡᠭᠡ ᠪᠠᠷ ᠴᠠᠭ ᠲᠤᠬᠠᠢ ᠳᠤ ᠨᠢ ᠤᠯᠠᠨ ᠵᠦᠢᠯ ᠤᠨ | ᠵᠣᠭᠤᠰᠤᠨ ᠤ ᠲᠦᠷᠦ ᠶᠢᠨ ᠪᠣᠳᠣᠯᠭ᠎ᠠ ᠶᠢᠨ ᠪᠠᠭᠠᠵᠢ ᠶᠢ ᠬᠡᠷᠡᠭᠯᠡᠵᠦ᠂ ᠭᠦᠢᠯᠭᠡᠭᠡᠨ ᠤ ᠴᠢᠨᠠᠷ ᠤᠨ ᠵᠦᠢ ᠵᠣᠬᠢᠰᠲᠠᠢ | ᠪᠥᠭᠡᠳ ᠭᠦᠢᠴᠡᠳ ᠪᠠᠶᠢᠬᠤ ᠶᠢ ᠪᠠᠲᠤᠯᠠᠵᠤ᠂ ᠢᠲᠡᠭᠡᠮᠵᠢᠲᠦ ᠵᠢᠭᠡᠯᠡᠯᠭᠡ ᠪᠠ ᠨᠡᠶᠢᠭᠡᠮ ᠤᠨ ᠪᠡᠯᠡ ᠲᠣᠬᠢᠷᠠᠭᠤᠯᠭ᠎ᠠ ᠶᠢᠨ | ᠵᠣᠬᠢᠰᠲᠠᠢ ᠨᠡᠮᠡᠭᠳᠡᠯ ᠢ ᠪᠠᠲᠤᠯᠠᠨ᠎ᠠ᠃ ᠬᠤᠶᠠᠷ ᠲᠤ᠂ ᠲᠦᠷᠦ ᠶᠢᠨ ᠪᠣᠳᠣᠯᠭ᠎ᠠ ᠶᠢᠨ ᠲᠣᠭᠲᠠᠭᠤᠨ ᠴᠢᠨᠠᠷ ᠢ ᠪᠠᠲᠤᠯᠠᠵᠤ | ᠂ ᠣᠶᠢᠷ᠎ᠠ ᠶᠢᠨ ᠵᠢᠯ ᠤᠳ ᠤᠨ ᠠᠵᠤ ᠠᠬᠤᠢ ᠶᠢᠨ ᠠᠵᠢᠯᠯᠠᠭᠠᠨ ᠢ ᠲᠣᠭᠲᠠᠪᠤᠷᠢᠵᠢᠭᠤᠯᠬᠤ᠂ ᠵᠠᠬ᠎ᠠ ᠳᠡᠯᠭᠡᠭᠦᠷ ᠤᠨ | ᠠᠮᠢᠵᠢᠷᠠᠯ ᠤᠨ ᠬᠦᠴᠦᠨ ᠢ ᠬᠥᠭᠵᠢᠭᠡᠬᠦ ᠲᠦᠷᠦ ᠶᠢᠨ ᠪᠣᠳᠣᠯᠭ᠎ᠠ ᠶᠢ ᠠᠯᠢ ᠴᠢᠳᠠᠬᠤ ᠪᠠᠷ ᠦᠷᠭᠦᠯᠵᠢᠯᠡᠨ | ᠬᠡᠷᠡᠭᠵᠢᠭᠦᠯᠬᠦ ᠶᠢᠨ ᠵᠡᠷᠭᠡᠴᠡᠭᠡ ᠪᠠᠷ ᠲᠦᠷᠦ ᠶᠢᠨ ᠪᠣᠳᠣᠯᠭ᠎ᠠ ᠶᠢᠨ ᠬᠠᠨᠳᠤᠰᠢ ᠶᠢᠨ ᠨᠢᠭᠡᠳᠦᠯᠲᠦ ᠴᠢᠨᠠᠷ ᠤᠨ ᠦᠨᠡᠯᠡᠨ | ᠵᠢᠱᠢᠯᠲᠡ ᠶᠢ ᠥᠷᠨᠢᠭᠦᠯᠵᠦ᠂ ᠵᠠᠬ᠎ᠠ ᠳᠡᠯᠭᠡᠭᠦᠷ ᠤᠨ ᠵᠢᠱᠢᠯᠲᠡ ᠳᠤ ᠠᠰᠢᠭ ᠦᠭᠡᠢ ᠲᠦᠷᠦ ᠶᠢᠨ ᠪᠣᠳᠣᠯᠭ᠎ᠠ | ᠲᠣᠭᠲᠠᠭᠠᠬᠤ ᠶᠢ ᠰᠡᠷᠭᠡᠶᠢᠯᠡᠨ ᠵᠠᠯᠠᠷᠠᠭᠤᠯᠤᠨ᠎ᠠ᠃ ᠭᠤᠷᠪᠠ ᠳᠤ᠂ ᠵᠠᠬ᠎ᠠ ᠳᠡᠯᠭᠡᠭᠦᠷᠴᠢᠯᠡᠬᠦ ᠬᠠᠤᠯᠢᠴᠢᠯᠠᠬᠤ | ᠳᠡᠯᠡᠬᠡᠶᠢᠴᠢᠯᠡᠬᠦ ᠵᠠᠷᠴᠢᠮ ᠶᠣᠰᠣᠭᠠᠷ᠂ ᠬᠥᠷᠥᠩᠭᠡ ᠶᠢᠨ ᠵᠠᠬ᠎ᠠ ᠳᠡᠯᠭᠡᠭᠦᠷ ᠤᠨ ᠠᠵᠢᠯᠯᠠᠭᠠᠨ ᠤ ᠳᠤᠮᠳᠠᠬᠢ | ᠠᠰᠠᠭᠤᠳᠠᠯ ᠢ ᠯᠠᠪᠳᠠᠭᠤᠨ ᠰᠠᠶᠢᠲᠤᠷ ᠰᠢᠢᠳᠪᠦᠷᠢᠯᠡᠵᠦ᠂ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠭᠤᠣᠯ | ᠴᠣᠭᠴᠠ ᠳᠤ ᠲᠣᠭᠲᠠᠭᠤᠨ᠂ ᠢᠯᠡ ᠲᠣᠳᠣ᠂ ᠵᠢᠱᠢᠵᠦ ᠪᠣᠯᠬᠤᠶᠢᠴᠠ ᠬᠥᠭᠵᠢᠯᠲᠡ ᠶᠢᠨ ᠣᠷᠴᠢᠨ ᠨᠥᠬᠦᠴᠡᠯ ᠢ ᠪᠤᠢ | ᠪᠣᠯᠭᠠᠵᠤ ᠥᠭᠭᠦᠨ᠎ᠡ᠃ ᠳᠥᠷᠪᠡ ᠳᠤ᠂ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠵᠤ᠂ ᠤᠯᠤᠰ ᠤᠨ | ᠳᠣᠲᠣᠭᠠᠳᠤ ᠭᠠᠳᠠᠭᠠᠳᠤ ᠶᠢᠨ ᠠᠵᠤ ᠠᠬᠤᠢ ᠮᠥᠩᠭᠦᠨ ᠭᠦᠢᠯᠭᠡᠭᠡᠨ ᠤ ᠪᠠᠶᠢᠳᠠᠯ ᠢ ᠨᠢᠭᠲᠠ ᠮᠥᠷᠳᠡᠵᠦ᠂ ᠰᠢᠨ᠎ᠡ | ᠥᠷᠢᠰᠦᠯᠳᠦᠭᠡᠨ ᠳᠤ ᠤᠷᠢᠳᠴᠢᠯᠠᠨ ᠪᠡᠯᠡᠳᠬᠡᠵᠦ᠂ ᠬᠠᠨᠳᠤᠯᠭᠠᠲᠤ ᠴᠢᠨᠠᠷᠲᠠᠢ ᠠᠷᠭ᠎ᠠ ᠬᠡᠮᠵᠢᠶ᠎ᠡ ᠠᠪᠴᠤ ᠪᠠᠶᠢᠭᠠᠳ | ᠵᠠᠬ᠎ᠠ ᠳᠡᠯᠭᠡᠭᠦᠷ ᠤᠨ ᠵᠢᠱᠢᠯᠲᠡ ᠶᠢ ᠲᠣᠭᠲᠠᠪᠤᠷᠢᠵᠢᠭᠤᠯᠵᠤ᠂ ᠵᠠᠬ᠎ᠠ ᠳᠡᠯᠭᠡᠭᠦᠷ ᠤᠨ ᠢᠲᠡᠭᠡᠯ ᠢ ᠨᠡᠮᠡᠭᠳᠡᠭᠦᠯᠦᠨ᠎ᠡ᠃ | ᠲᠠᠪᠤ ᠳᠤ᠂ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠬᠤ ᠪᠠ ᠭᠠᠳᠠᠭᠠᠳᠤ ᠪᠡᠯᠡ ᠶᠢ ᠲᠣᠭᠲᠠᠪᠤᠷᠢᠵᠢᠭᠤᠯᠬᠤ | ᠠᠵᠢᠯ ᠢ ᠦᠷᠭᠦᠯᠵᠢᠯᠡᠨ ᠰᠠᠶᠢᠲᠤᠷ ᠬᠢᠵᠦ᠂ ᠠᠷᠠᠳ ᠤᠨ ᠵᠣᠭᠤᠰᠤᠨ ᠤ ᠭᠤᠪᠢᠭᠤᠯᠭ᠎ᠠ ᠶᠢᠨ ᠨᠤᠷᠮ᠎ᠠ ᠶᠢᠨ ᠵᠦᠢ | ᠵᠣᠬᠢᠰᠲᠠᠢ ᠪᠥᠭᠡᠳ ᠲᠡᠩᠴᠡᠭᠦᠷᠢᠲᠡᠢ ᠬᠢᠷᠢ ᠲᠦᠪᠰᠢᠨ ᠳᠤ ᠦᠨᠳᠦᠰᠦᠨ ᠳᠤ ᠪᠠᠨ ᠲᠣᠭᠲᠠᠭᠤᠨ ᠪᠠᠶᠢᠬᠤ ᠶᠢ | ᠪᠠᠲᠤᠯᠠᠵᠤ᠂ ᠤᠯᠤᠰ ᠤᠨ ᠬᠤᠭᠤᠷᠣᠨᠳᠣᠬᠢ ᠣᠷᠣᠯᠭ᠎ᠠ ᠵᠠᠷᠤᠯᠭ᠎ᠠ ᠶᠢ ᠦᠨᠳᠦᠰᠦᠨ ᠳᠤ ᠪᠠᠨ ᠲᠡᠩᠴᠡᠭᠦᠷᠢᠲᠡᠢ | ᠪᠠᠶᠢᠯᠭᠠᠬᠤ ᠶᠢ ᠪᠠᠲᠤᠯᠠᠨ᠎ᠠ ᠭᠡᠵᠡᠢ᠃ |