3 ᠰᠠᠷ᠎ᠠ ᠶᠢᠨ 22 ᠤᠨ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠰᠦᠶ ᠸᠧᠶ ᠵᠢᠶᠦ᠋ᠨ | ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠵᠢᠴᠢ ᠬᠤᠲᠠ ᠶᠢᠨ ᠰᠢᠨ᠎ᠡ ᠲᠢᠲᠢᠮᠯᠢᠭ | ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠬᠤ ᠤᠳᠤᠷᠢᠳᠬᠤ ᠳᠤᠭᠤᠶᠢᠯᠠᠩ ᠤᠨ ᠬᠤᠷᠠᠯ ᠢ | ᠡᠷᠭᠢᠯᠡᠨ ᠬᠤᠷᠠᠯᠳᠤᠭᠤᠯᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠬᠤᠷᠠᠯ ᠤᠨ | ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠳᠣᠭᠢᠷᠠᠭᠤᠯᠤᠨ | ᠪᠠᠶᠢᠷᠢᠯᠠᠭᠤᠯᠪᠠ᠃ | ᠬᠤᠷᠠᠯ ᠠᠴᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠳᠤᠮᠳᠠᠳᠤ ᠤᠯᠤᠰ ᠤᠨ ᠡᠪ ᠬᠠᠮᠲᠤ ᠨᠠᠮ ᠤᠨ | ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠭᠤᠴᠢᠨ ᠳᠣᠯᠣᠳᠤᠭᠠᠷ ᠤᠳᠠᠭ᠎ᠠ ᠶᠢᠨ ᠬᠠᠮᠲᠤ ᠶᠢᠨ | ᠰᠤᠷᠤᠯᠴᠠᠯᠭ᠎ᠠ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠬᠥᠮᠦᠨ ᠤ ᠡᠷᠬᠡ ᠶᠢᠨ ᠠᠵᠢᠯ ᠢ ᠰᠠᠶᠢᠲᠤᠷ | ᠬᠢᠬᠦ ᠶᠢᠨ ᠴᠢᠬᠤᠯᠠ ᠴᠢᠨᠠᠷ ᠲᠤᠯᠭᠠᠮ᠎ᠠ ᠴᠢᠨᠠᠷ ᠢ ᠭᠦᠨᠵᠡᠭᠡᠢ ᠲᠠᠨᠢᠵᠤ᠂ ᠠᠷᠠᠳ ᠲᠦᠮᠡᠨ ᠤ ᠥᠨᠳᠥᠷ ᠶᠠᠰᠤ | ᠴᠢᠨᠠᠷ ᠲᠠᠢ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠳᠤ ᠵᠣᠬᠢᠴᠠᠭᠤᠯᠬᠤ ᠶᠢ ᠪᠣᠳᠣᠯᠬᠢᠯᠠᠵᠤ᠂ | ᠬᠥᠮᠦᠨ ᠤ ᠡᠷᠬᠡ ᠶᠢᠨ ᠬᠠᠤᠯᠢᠵᠢᠯ ᠤᠨ ᠪᠠᠲᠤᠯᠠᠭ᠎ᠠ ᠶᠢ ᠴᠢᠩᠭᠠᠳᠬᠠᠵᠤ᠂ ᠵᠥᠪ ᠬᠥᠮᠦᠨ ᠤ ᠡᠷᠬᠡ ᠶᠢᠨ ᠦᠵᠡᠯᠲᠡ ᠶᠢ | ᠪᠠᠳᠠᠷᠠᠭᠤᠯᠵᠤ᠂ ᠡᠯ᠎ᠡ ᠵᠦᠢᠯ ᠤᠨ ᠬᠥᠮᠦᠨ ᠤ ᠡᠷᠬᠡ ᠶᠢᠨ ᠪᠠᠲᠤᠯᠠᠭ᠎ᠠ ᠶᠢᠨ ᠲᠦᠪᠰᠢᠨ ᠢ ᠳᠡᠭᠡᠭᠰᠢᠯᠡᠭᠦᠯᠵᠦ᠂ ᠮᠠᠨ ᠤ | ᠤᠯᠤᠰ ᠤᠨ ᠬᠥᠮᠦᠨ ᠤ ᠡᠷᠬᠡ ᠶᠢᠨ ᠦᠢᠯᠡᠰ ᠤᠨ ᠪᠦᠬᠦ ᠲᠠᠯ᠎ᠠ ᠶᠢᠨ ᠬᠥᠭᠵᠢᠯᠲᠡ ᠳᠤ ᠤᠯᠠᠭᠠᠨᠴᠠᠪ ᠤᠨ ᠬᠤᠪᠢ | ᠨᠡᠮᠡᠷᠢ ᠦᠵᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ | ᠰᠤᠷᠤᠯᠴᠠᠨ ᠲᠤᠭᠤᠰᠢᠯᠠᠭᠤᠯᠵᠤ᠂ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠤᠨ | ᠪᠤᠳᠤᠯᠢᠶᠠᠨᠲᠤ ᠴᠢᠨᠠᠷ᠂ ᠪᠡᠷᠬᠡ ᠬᠠᠲᠠᠭᠤᠵᠢᠯᠲᠤ ᠴᠢᠨᠠᠷ᠂ ᠳᠠᠬᠢᠨ ᠳᠠᠪᠲᠠᠬᠤ ᠴᠢᠨᠠᠷ ᠢ ᠭᠦᠨᠵᠡᠭᠡᠶ ᠲᠠᠨᠢᠵᠤ᠂ ︽ | ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠵᠦ᠂ ᠳᠣᠲᠣᠭᠠᠳᠤ ᠳᠠᠭᠠᠨ ᠳᠠᠬᠢᠨ ᠳᠡᠯᠭᠡᠷᠡᠬᠦ ᠶᠢ | ᠰᠡᠷᠭᠡᠶᠢᠯᠡᠬᠦ︾ ᠶᠡᠷᠦᠩᠬᠡᠶ ᠠᠷᠭ᠎ᠠ ᠪᠣᠳᠣᠯᠭ᠎ᠠ ᠪᠠ ︽ᠬᠥᠳᠡᠯᠦᠩᠭᠦᠶ ᠪᠠᠷ ᠴᠡᠪᠡᠷᠯᠡᠬᠦ︾ ᠶᠡᠷᠦᠩᠬᠡᠶ ᠴᠢᠭᠯᠡᠯᠲᠡ ᠶᠢ | ᠢᠮᠠᠭᠲᠠ ᠭᠤᠶᠢᠪᠢᠰᠢ ᠥᠬᠡᠶ ᠪᠠᠷᠢᠮᠲᠠᠯᠠᠵᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ | ᠪᠠᠷᠢᠮᠲᠠᠯᠠᠨ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ | ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠶ᠃ ᠪᠠᠰᠠ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠤ᠂ | ᠬᠥᠮᠦᠨ᠂ ᠪᠣᠳᠠᠰ᠂ ᠣᠷᠴᠢᠨ ᠲᠣᠭᠤᠷᠢᠨ ᠢ ᠵᠡᠷᠭᠡᠪᠡᠷ ᠰᠡᠷᠭᠡᠶᠢᠯᠡᠬᠦ ᠶᠢ ᠪᠠᠷᠢᠮᠲᠠᠯᠠᠵᠤ᠂ ᠵᠢᠯᠣᠭᠤᠳᠬᠤ ᠰᠢᠰᠲ᠋ᠧᠮ ᠢ | ᠲᠡᠭᠦᠯᠳᠡᠷᠵᠢᠭᠦᠯᠵᠦ᠂ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠥᠳᠡᠯᠦᠩᠭᠦᠢ ᠪᠠᠷ ᠰᠢᠯᠢᠳᠡᠭᠵᠢᠭᠦᠯᠵᠦ᠂ ᠬᠢᠨᠠᠨ | ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠡᠳ᠋ ᠪᠣᠳᠠᠰ ᠤᠨ ᠳᠤᠬᠢᠷᠠᠭᠤᠯᠤᠯᠳᠠ | ᠬᠠᠩᠭᠠᠯᠭ᠎ᠠ ᠶᠢ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠬᠤᠷᠢᠭᠯᠠᠨ ᠴᠣᠬᠢᠬᠤ | ᠳᠠᠶᠢᠯᠠᠯᠳᠤᠭᠠᠨ ᠢ ᠡᠷᠡᠰ ᠰᠠᠶᠢᠲᠤᠷ ᠬᠢᠬᠦ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠮᠤᠷ | ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ᠂ ᠤᠶᠤᠨ ᠴᠢᠳᠠᠯ ᠢᠶᠠᠨ ᠲᠥᠪᠯᠡᠷᠡᠭᠦᠯᠦᠨ ᠠᠵᠤ ᠠᠬᠤᠢ ᠨᠡᠶᠢᠭᠡᠮ ᠤᠨ | ᠬᠥᠭᠵᠢᠯᠲᠡ ᠶᠢ ᠰᠠᠶᠢᠲᠤᠷ ᠠᠳᠬᠤᠵᠤ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠪᠦᠬᠦ | ᠬᠦᠴᠦᠨ ᠢᠶᠠᠷ ᠢᠶᠠᠨ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠨᠠᠶᠢᠳᠠᠪᠤᠷᠢᠵᠢᠭᠤᠯᠵᠤ᠂ | ᠬᠢᠵᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠬᠦ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ | ᠪᠠᠭᠠᠰᠬᠠᠬᠤ ᠬᠡᠷᠡᠭᠲᠡᠢ᠃ ᠡᠯ᠎ᠡ ᠱᠠᠲᠤᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠶᠡᠭᠡ ᠬᠦᠴᠦ ᠣᠷᠣᠭᠤᠯᠵᠤ | ᠪᠠᠶᠢᠭᠠᠳ ᠠᠯᠳᠠᠰᠢ ᠭᠠᠷᠬᠤ ᠶᠢ ᠬᠤᠷᠢᠭᠯᠠᠵᠤ᠂ ᠳᠤᠲᠠᠭᠤᠳᠠᠯ ᠢ ᠨᠥᠬᠦᠪᠥᠷᠢᠯᠡᠵᠦ᠂ ᠪᠠᠭᠤᠷᠠᠢ ᠲᠠᠯ᠎ᠠ ᠪᠠᠨ | ᠴᠢᠩᠭᠠᠳᠬᠠᠵᠤ᠂ ᠴᠢᠳᠠᠪᠤᠷᠢ ᠶᠢ ᠳᠡᠭᠡᠭᠰᠢᠯᠡᠭᠦᠯᠵᠦ᠂ ᠡᠯ᠎ᠡ ᠵᠦᠢᠯ ᠤᠨ ᠪᠠᠶᠢᠩᠭᠤᠵᠢᠭᠰᠠᠨ ᠰᠡᠷᠭᠡᠶᠢᠯᠡᠨ ᠡᠵᠡᠮᠳᠡᠬᠦ | ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ | ᠬᠠᠯᠬᠠᠪᠴᠢ ᠪᠣᠯᠤᠨ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ | ᠪᠠᠶᠢᠭᠤᠯᠬᠤ ᠠᠵᠢᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ︽ᠬᠤᠶᠠᠷ ᠬᠠᠯᠬᠠᠪᠴᠢ︾ ᠶᠢ | ᠪᠠᠬᠢᠵᠢᠭᠦᠯᠬᠦ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠬᠦ ᠬᠡᠷᠡᠭᠲᠡᠢ᠃ ᠠᠮᠢ | ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠠᠶᠢᠯᠳᠤᠬᠤ ᠪᠤᠳᠤᠯᠭ᠎ᠠ ᠶᠢᠨ ᠲᠣᠭᠲᠠᠯ ᠬᠦᠴᠦᠨ ᠢ | ᠢᠮᠠᠭᠲᠠ ᠪᠠᠷᠢᠮᠲᠠᠯᠠᠵᠤ᠂ ︽ᠬᠤᠶᠠᠷ ᠶᠡᠬᠡᠲᠡᠢ︾ ᠪᠠᠶᠢᠬᠤ ᠠᠵᠢᠯ ᠲᠦᠷᠦᠯ ᠤᠨ ᠴᠡᠭᠴᠡᠯᠡᠨ ᠰᠠᠶᠢᠵᠢᠷᠠᠭᠤᠯᠬᠤ ᠠᠷᠭ᠎ᠠ | ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠲᠦᠷᠭᠡᠳᠬᠡᠨ ᠠᠬᠢᠭᠤᠯᠵᠤ᠂ ᠤᠰᠤᠨ ᠤ ᠡᠬᠢ ᠪᠠᠶᠠᠯᠢᠭ ᠢ ᠠᠷᠪᠢᠯᠠᠨ | ᠠᠰᠢᠭᠯᠠᠬᠤ᠂ ᠠᠭᠠᠷ ᠤᠨ ᠪᠣᠬᠢᠷᠲᠤᠯ ᠢ ᠰᠡᠷᠭᠡᠶᠢᠯᠡᠨ ᠵᠠᠰᠠᠬᠤ᠂ ᠤᠢ ᠰᠢᠭᠤᠢ ᠡᠪᠡᠰᠦ ᠪᠡᠯᠴᠢᠭᠡᠷ ᠢ ᠬᠠᠮᠠᠭᠠᠯᠠᠨ | ᠰᠡᠷᠭᠦᠭᠡᠬᠦ ᠠᠵᠢᠯ ᠢ ᠰᠠᠶᠢᠲᠤᠷ ᠠᠳᠬᠤᠵᠤ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ | ᠰᠠᠶᠢᠵᠢᠷᠠᠭᠤᠯᠬᠤ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ ᠲᠣᠭᠲᠠᠭᠤᠨ ᠢ ᠬᠠᠮᠠᠭᠠᠯᠠᠬᠤ ᠡᠨᠡᠬᠦ ᠬᠥᠪᠴᠢ ᠶᠢ ᠴᠠᠭ | ᠢᠮᠠᠭᠲᠠ ᠴᠢᠩᠭᠠᠷᠠᠭᠤᠯᠵᠤ᠂ ᠨᠡᠶᠢᠭᠡᠮ ᠤᠨ ᠵᠠᠰᠠᠯᠲᠠ ᠶᠢ ᠴᠢᠩᠭᠠᠳᠬᠠᠬᠤ ᠪᠠ ᠰᠢᠨ᠎ᠡ ᠶᠢ ᠡᠭᠦᠳᠴᠦ᠂ ᠠᠮᠤᠷ | ᠠᠮᠤᠭᠤᠯᠠᠩ ᠤᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠦᠨᠳᠦᠰᠦᠲᠡᠨ ᠤ ᠬᠡᠷᠡᠭ ᠶᠠᠪᠤᠳᠠᠯ ᠤᠨ | ᠵᠠᠰᠠᠯᠲᠠ ᠶᠢᠨ ᠣᠳᠣᠬᠢᠴᠢᠯᠠᠯᠲᠠ ᠶᠢᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠡᠯ᠎ᠡ ᠱᠠᠲᠤᠨ ᠤ | ᠲᠣᠭᠲᠠᠭᠤᠨ ᠢ ᠬᠠᠮᠠᠭᠠᠯᠠᠬᠤ ᠬᠠᠷᠢᠭᠤᠴᠠᠯᠭ᠎ᠠ ᠶᠢ ᠴᠢᠩᠭ᠎ᠠ ᠠᠳᠬᠤᠵᠤ᠂ ᠠᠷᠠᠳ ᠤᠯᠠᠨ ᠳᠤ ᠠᠮᠤᠷ ᠠᠮᠤᠭᠤᠯᠠᠩ | ᠡᠶ᠎ᠡ ᠵᠣᠬᠢᠴᠠᠩᠭᠤᠢ᠂ ᠠᠮᠤᠷ ᠲᠠᠶᠢᠪᠤᠩ ᠠᠵᠤ ᠲᠦᠷᠦᠭᠦ ᠦᠢᠯᠡᠳᠪᠦᠷᠢᠯᠡᠯ ᠠᠮᠢᠳᠤᠷᠠᠯ ᠤᠨ ᠣᠷᠴᠢᠨ ᠲᠣᠭᠤᠷᠢᠨ ᠢ | ᠴᠢᠷᠮᠠᠶᠢᠨ ᠪᠦᠷᠢᠯᠳᠦᠭᠦᠯᠵᠦ ᠥᠭᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠠᠮᠤ ᠪᠤᠳᠠᠭᠠᠨ ᠤ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠷᠡᠰ | ᠨᠠᠶᠢᠳᠠᠪᠤᠷᠢᠵᠢᠭᠤᠯᠵᠤ᠂ ᠠᠮᠤ ᠪᠤᠳᠠᠭᠠᠨ ᠤ ᠠᠮᠤᠷ ᠲᠦᠪᠰᠢᠨ ᠢ ᠴᠢᠩᠭ᠎ᠠ ᠠᠩᠬᠠᠷᠴᠤ ᠲᠣᠭᠲᠠᠭᠤᠨ ᠪᠠᠶᠢᠳᠠᠯ ᠢ | ᠠᠳᠬᠤᠵᠤ᠂ ᠠᠵᠤ ᠦᠢᠯᠡᠰᠵᠢᠭᠦᠯᠦᠯᠲᠡ ᠶᠢ ᠴᠢᠩᠭ᠎ᠠ ᠠᠩᠬᠠᠷᠴᠤ ᠬᠥᠭᠵᠢᠯᠲᠡ ᠶᠢ ᠠᠳᠬᠤᠵᠤ᠂ ᠦᠷ᠎ᠡ ᠶᠢᠨ | ᠦᠢᠯᠡᠰ ᠤᠨ ᠢᠨᠵᠧᠨᠧᠷᠢᠩ ᠢ ᠴᠢᠩᠭ᠎ᠠ ᠠᠩᠬᠠᠷᠴᠤ ᠰᠢᠨᠵᠢᠯᠡᠬᠦ ᠤᠬᠠᠭᠠᠨ ᠮᠡᠷᠭᠡᠵᠢᠯ ᠢ ᠠᠳᠬᠤᠵᠤ᠂ ᠬᠠᠪᠤᠷ ᠤᠨ | ᠲᠠᠷᠢᠶᠠᠯᠠᠭ᠎ᠠ ᠶᠢ ᠴᠢᠩᠭ᠎ᠠ ᠠᠩᠬᠠᠷᠴᠤ ᠪᠠᠲᠤᠯᠠᠭ᠎ᠠ ᠶᠢ ᠠᠳᠬᠤᠵᠤ᠂ ᠮᠠᠨ ᠤ ᠬᠤᠲᠠ ᠶᠢᠨ ᠠᠮᠤ ᠪᠤᠳᠠᠭᠠᠨ ᠤ ᠠᠮᠤᠷ | ᠲᠦᠪᠰᠢᠨ ᠤ ᠰᠠᠭᠤᠷᠢ ᠠᠵᠢᠯ ᠢ ᠦᠨᠡᠨᠬᠦ ᠨᠠᠷᠢᠯᠢᠭ ᠪᠣᠳᠠᠲᠠᠢ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠱᠠᠭᠠᠷᠳᠠᠪᠠ᠃ | | |