| ᠲᠦᠷᠦᠭᠦᠬᠡᠨ᠂ ᠵᠢᠨᠢᠩ ᠠᠴᠠ ᠳ᠋ᠠᠲ᠋ᠦ᠋ᠩ ᠬᠦᠷᠬᠦ ᠲᠦᠷᠭᠡᠨ ᠤ ᠲᠡᠮᠦᠷ ᠵᠠᠮ ᠤᠨ ᠹᠧᠩᠵᠧᠨ ᠤ ᠬᠡᠰᠡᠭ ᠤᠨ | ᠲᠥᠷᠥᠯ ᠵᠦᠢᠯ ᠠᠵᠢᠯ ᠢᠶᠠᠨ ᠰᠡᠷᠭᠦᠭᠡᠬᠦ ᠱᠠᠲᠤᠨ ᠳᠤ ᠣᠷᠣᠵᠤ᠂ 34.3 ᠺᠢᠯᠣᠮᠧᠲᠷ ᠤᠨ ᠡᠯ᠎ᠡ ᠵᠦᠢᠯ ᠤᠨ | ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠨᠢᠭᠡᠨᠲᠡ ᠪᠥᠬᠦ ᠲᠠᠯ᠎ᠠ ᠪᠠᠷ ᠡᠬᠢᠯᠡᠭᠦᠯᠦᠭᠰᠡᠨ ᠪᠠᠶᠢᠨ᠎ᠠ᠃ | ᠣᠶᠢᠯᠠᠭᠠᠭᠰᠠᠨ ᠢᠶᠠᠷ᠂ ᠵᠢᠨᠢᠩ ᠠᠴᠠ ᠳ᠋ᠠᠲ᠋ᠦ᠋ᠩ ᠬᠦᠷᠬᠦ ᠲᠦᠷᠭᠡᠨ ᠤ ᠲᠡᠮᠦᠷ ᠵᠠᠮ ᠤᠨ ᠲᠥᠷᠥᠯ ᠵᠦᠢᠯ ᠪᠣᠯ | ᠤᠯᠤᠰ ᠤᠨ ︽ᠨᠠᠢᠮᠠᠨ ᠭᠤᠯᠳᠤ ᠨᠠᠢᠮᠠᠨ ᠬᠥᠨᠳᠡᠯᠡᠨ︾ ᠳᠤᠮᠳᠠ ᠣᠷᠳᠣ ᠬᠤᠭᠤᠴᠠᠭᠠᠨ ᠤ ᠲᠡᠮᠦᠷ ᠵᠠᠮ ᠤᠨ | ᠲᠣᠣᠷ ᠤᠨ ᠬᠥᠬᠡᠬᠤᠲᠠ ᠠᠴᠠ ᠨᠠᠨᠨᠢᠩ ᠬᠦᠷᠬᠦ ᠲᠦᠷᠭᠡᠨ ᠤ ᠲᠡᠮᠦᠷ ᠵᠠᠮ ᠤᠨ ᠨᠡᠪᠲᠡᠷᠡᠬᠦ ᠵᠠᠮ ᠤᠨ ᠴᠢᠬᠤᠯᠠ | ᠪᠦᠷᠢᠯᠳᠦᠭᠦᠨ ᠬᠡᠰᠡᠭ ᠮᠥᠨ᠂ ᠪᠠᠰᠠ ᠴᠤ ᠥᠪᠥᠷ ᠮᠣᠩᠭᠤᠯ ᠤᠨ ᠪᠠᠷᠠᠭᠤᠨ ᠬᠡᠰᠡᠭ ᠤᠨ ᠭᠠᠵᠠᠷ ᠣᠷᠣᠨ ᠤ ᠪᠥᠬᠦ | ᠤᠯᠤᠰ ᠤᠨ ᠲᠦᠷᠭᠡᠨ ᠤ ᠲᠡᠮᠦᠷ ᠵᠠᠮ ᠤᠨ ᠲᠣᠣᠷ ᠲᠤ ᠠᠭᠤᠰᠤᠨ ᠣᠷᠣᠭᠰᠠᠨ ᠠᠩᠬᠠᠨ ᠤ ᠱᠤᠭᠤᠮ ᠮᠥᠨ᠃ | ᠵᠢᠷᠤᠭ ᠪᠣᠯ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠶᠢᠨ ᠨᠢᠭᠡ ᠥᠨᠴᠥᠭ ᠪᠣᠯᠣᠨ᠎ᠠ᠃ | ᠯᠢ ᠹᠦ᠋ ᠶᠤᠸᠠᠨ ᠰᠡᠬᠦᠳᠡᠷᠯᠡᠪᠡ |