ᠰᠦᠢ ᠸᠧᠢ ᠵᠢᠶᠦ᠋ᠨ ᠹᠧᠩᠵᠧᠨ ᠬᠤᠳᠠ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠴᠢᠬᠤᠯᠠᠴᠢᠯᠠᠭᠰᠠᠨ ᠨᠢ ︽ᠬᠤᠣᠰ ᠨᠡᠭᠦᠷᠡᠰᠦᠲᠥ᠋ᠷᠥᠭᠴᠢ︾ ᠶᠢᠨ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ ᠢ ᠠᠮᠵᠢᠵᠤ ︽ᠬᠤᠶᠠᠷ ᠶᠡᠬᠡᠳᠡᠢ︾ ᠲᠦᠷᠦᠯ ᠵᠦᠢᠯ ᠢ ᠰᠣᠬᠤᠷ ᠪᠠᠯᠠᠢ ᠪᠠᠷ ᠬᠥᠭᠵᠢᠭᠦᠯᠬᠦ ᠶᠢ ᠡᠷᠡᠰ ᠬᠤᠷᠢᠭᠯᠠᠵᠤ ᠠᠮᠢ ᠠᠬᠤᠢ ᠶᠢ ᠤᠷᠢᠳ ᠢᠶᠠᠷ ᠪᠤᠳᠤᠯᠬᠢᠯᠠᠬᠤ ᠪᠣᠬᠢᠷᠳᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠰᠠᠶᠢᠲᠤᠷ ᠵᠠᠮᠨᠠᠬᠤ ᠬᠡᠷᠡᠭᠲᠡᠢ
ᠨᠡᠶᠢᠲᠡᠯᠡᠭᠰᠡᠨ ᠴᠠᠭ᠄
2022/3/28
     3 ᠰᠠᠷ᠎ᠠ ᠶᠢᠨ 26 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠹᠧᠩᠵᠧᠨ ᠬᠤᠲᠠ ᠳᠤ ᠭᠦᠨᠵᠡᠭᠡᠶᠢᠷᠡᠨ ᠠᠵᠤ ᠦᠢᠯᠡᠳᠪᠦᠷᠢ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ᠂ ︽ᠬᠤᠶᠠᠷ ᠶᠡᠬᠡᠳᠡᠢ︾ ᠠᠵᠤ ᠠᠬᠤᠶᠢᠯᠠᠯ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ᠠᠶᠤᠯᠭᠦᠢ ᠦᠢᠯᠡᠳᠪᠦᠷᠢᠯᠡᠯ ᠤᠨ ᠠᠵᠢᠯ ᠵᠡᠷᠭᠡ ᠲᠠᠯ᠎ᠠ ᠪᠠᠷ ᠪᠠᠶᠢᠴᠠᠭᠠᠨ ᠰᠤᠳᠤᠯᠤᠯᠲᠠ ᠬᠢᠵᠦ᠂ ᠲᠡᠷᠡ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠬᠤᠣᠰ ᠨᠡᠭᠦᠷᠡᠰᠦᠲᠥ᠋ᠷᠥᠭᠴᠢ︾ ᠶᠢᠨ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ ᠢ ᠠᠮᠵᠢᠵᠤ᠂ ︽ᠬᠤᠶᠠᠷ ᠶᠡᠬᠡᠳᠡᠢ︾ ᠲᠦᠷᠦᠯ ᠵᠦᠢᠯ ᠤᠨ ᠰᠣᠬᠤᠷ ᠪᠠᠯᠠᠢ ᠪᠠᠷ ᠬᠥᠭᠵᠢᠬᠦ ᠶᠢ ᠡᠷᠡᠰ ᠬᠤᠷᠢᠭᠯᠠᠵᠤ᠂ ᠲᠦᠷᠦᠯ ᠵᠦᠢᠯ ᠤᠨ ᠪᠠᠭᠤᠷᠠᠢ ᠳᠠᠯ᠎ᠠ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠳᠤᠲᠠᠭᠤᠳᠠᠯ ᠢ ᠨᠥᠬᠦᠪᠦᠷᠢᠯᠡᠵᠦ᠂ ᠠᠵᠤ ᠦᠢᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠶᠢᠨ ᠶᠡᠷᠦᠩᠬᠡᠶᠢᠯᠡᠭᠰᠡᠨ ᠪᠣᠳᠠᠲᠤ ᠬᠦᠴᠦᠨ ᠢ ᠴᠢᠩᠭᠠᠳᠬᠠᠵᠤ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠬᠤ ᠪᠣᠬᠢᠷᠳᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠰᠠᠶᠢᠲᠤᠷ ᠵᠠᠮᠨᠠᠬᠤ ᠬᠡᠷᠡᠭᠲᠡᠢ ᠭᠡᠵᠦ ᠴᠢᠬᠤᠯᠠᠴᠢᠯᠠᠪᠠ᠃
    3 ᠰᠠᠷ᠎ᠠ ᠶᠢᠨ 26 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠹᠧᠩᠵᠧᠨ ᠬᠤᠲᠠ ᠶᠢᠨ ᠥᠪᠥᠷ ᠮᠣᠩᠭᠤᠯ ᠤᠨ ᠰᠢᠨ ᠲᠠᠢ ᠶᠤᠸᠠᠨ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠳᠤ ᠠᠵᠤ ᠠᠬᠤᠶᠢᠯᠠᠯ ᠤᠨ ᠣᠶᠤᠨᠲᠤ ᠬᠦᠷᠢᠶᠡᠯᠡᠩ ᠲᠣᠭᠤᠷᠢᠭ ᠵᠢᠴᠢ ᠦᠢᠯᠡᠳᠪᠦᠷᠢ ᠶᠢᠨ ᠲᠣᠮᠣ ᠳ᠋ᠠᠶᠢᠲ᠋ᠠ ᠶᠢᠨ ᠬᠡᠷᠡᠭᠯᠡᠯᠲᠡ ᠶᠢᠨ ᠪᠠᠶᠢᠳᠠᠯ ᠢ ᠣᠶᠢᠯᠠᠭᠠᠪᠠ᠃                                                ᠸᠠᠩ ᠵᠢᠶᠦ᠋ᠨ ᠫᠢᠩ ᠰᠡᠭᠦᠳᠡᠷᠯᠡᠪᠡ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2