3 ᠰᠠᠷ᠎ᠠ ᠶᠢᠨ 25 ᠤ ᠡᠳᠦᠷ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ | ᠳᠤᠭᠤᠶᠢᠯᠠᠩ ᠤᠨ ᠣᠨᠣᠯ ᠤᠨ ᠭᠤᠤᠯ ᠳᠤᠭᠤᠶᠢᠯᠠᠩ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ | ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢᠨ ᠲᠣᠭᠤᠷᠢᠨ ᠳᠤ ᠲᠥᠪᠯᠡᠷᠡᠭᠦᠯᠦᠨ ᠰᠤᠳᠤᠯᠤᠨ ᠶᠠᠷᠢᠯᠴᠠᠵᠤ᠂ | ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠲᠠ ᠶᠢᠨ ᠵᠠᠰᠠᠭ ᠤᠨ ᠣᠷᠳᠣᠨ ᠤ | ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠴᠢ ᠹᠸᠢ ᠶᠦᠨ ᠰᠤᠳᠤᠯᠤᠨ ᠶᠠᠷᠢᠯᠴᠠᠬᠤ ᠬᠤᠷᠠᠯ ᠢ ᠡᠷᠭᠢᠯᠡᠪᠡ᠃ | ᠬᠤᠷᠠᠯ ᠳᠡᠭᠡᠷ᠎ᠡ᠂ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ | ᠪᠦᠷᠢᠯᠳᠦᠬᠦᠨ᠂ ᠨᠠᠮ ᠤᠨ ᠭᠠᠳᠠᠨᠠᠬᠢ ᠬᠤᠳᠠ ᠶᠢᠨ ᠳᠡᠳ᠋ ᠳᠠᠷᠤᠭ᠎ᠠ᠂ ᠬᠤᠳᠠ ᠶᠢᠨ ᠵᠠᠰᠠᠭ ᠤᠨ ᠣᠷᠳᠣᠨ ᠤ | ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ︽ᠰᠢ ᠶᠢᠨ ᠫᠢᠩ ᠤᠨ ᠨᠡᠶᠢᠭᠡᠮ ᠵᠢᠷᠤᠮ ᠤᠨ ᠠᠮᠢ ᠠᠬᠤᠢ ᠶᠢᠨ | ᠪᠣᠯᠪᠠᠰᠤᠨ ᠤ ᠪᠠᠶᠢᠭᠤᠯᠤᠯᠲᠠ ᠶᠢᠨ ᠲᠤᠬᠠᠢ ᠥᠭᠦᠯᠡᠯᠲᠡ ᠶᠢᠨ ᠲᠡᠭᠦᠪᠦᠷᠢ︾᠂ ᠶᠡᠷᠦᠩᠬᠡᠢ ᠱᠦᠵᠢ ᠰᠢ ᠶᠢᠨ ᠫᠢᠩ | ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠶᠢ | ᠭᠦᠨᠵᠡᠭᠡᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠶᠡᠷᠦᠩᠬᠡᠢ | ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠪᠠ ᠥᠪᠥᠷ ᠮᠣᠩᠭᠤᠯ ᠤᠨ | ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢᠨ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ | ᠬᠤᠷᠠᠯ ᠠᠴᠠ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠰᠠᠶᠢᠲᠤᠷ ᠠᠳᠬᠤᠬᠤ ᠪᠣᠯ ᠶᠡᠷᠦᠩᠬᠡᠢ | ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠢᠮᠠᠭᠲᠠ ᠪᠠᠷᠢᠮᠲᠠᠯᠠᠭᠰᠠᠭᠠᠷ ᠢᠷᠡᠭᠰᠡᠨ ᠨᠠᠨᠳᠢᠨ ᠨᠠᠶᠢᠳᠠᠯᠭ᠎ᠠ | ᠪᠣᠯᠤᠨ᠎ᠠ᠂ ᠪᠦᠲᠦᠴᠡ ᠶᠢ ᠲᠤᠬᠢᠷᠠᠭᠤᠯᠬᠤ᠂ ᠴᠢᠳᠠᠪᠬᠢ ᠶᠢ ᠬᠤᠪᠢᠷᠠᠭᠤᠯᠬᠤ᠂ ᠶᠠᠰᠤ ᠴᠢᠨᠠᠷ ᠢ ᠳᠡᠭᠡᠭᠰᠢᠯᠡᠭᠦᠯᠬᠦ | ᠵᠠᠩᠭᠢᠯᠠᠭ᠎ᠠ ᠶᠢᠨ ᠠᠷᠭ᠎ᠠ ᠬᠡᠮᠵᠢᠶ᠎ᠡ ᠪᠣᠯᠤᠨ᠎ᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ | ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ | ᠴᠢᠳᠠᠪᠤᠷᠢ ᠪᠠᠨ ᠲᠠᠰᠤᠷᠠᠯᠲᠠ ᠦᠭᠡᠶ ᠳᠡᠭᠡᠭᠰᠢᠯᠡᠭᠦᠯᠵᠦ᠂ ︽ᠤᠯᠤᠰ ᠤᠨ ᠶᠡᠭᠡ ᠶᠠᠪᠤᠳᠠᠯ︾ ᠢ ᠰᠡᠳᠬᠢᠯ ᠳᠡᠭᠡᠨ | ᠪᠤᠳᠤᠵᠤ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠲᠣᠭᠲᠠᠯ ᠬᠦᠴᠦᠨ ᠢᠶᠠᠨ ᠪᠠᠲᠤᠯᠠᠵᠤ᠂ ᠰᠢ ᠶᠢᠨ | ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠦᠨᠡᠨᠬᠦ ᠰᠤᠷᠤᠯᠴᠠᠨ ᠦᠨᠡᠨᠬᠦ ᠬᠡᠷᠡᠭᠯᠡᠵᠦ᠂ | ᠤᠳᠤᠷᠢᠳᠬᠤ ᠺᠠᠳ᠋ᠷᠴᠤᠳ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ | ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠱᠠᠲᠤᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠱᠠᠳᠤ | ᠱᠠᠳᠤ ᠪᠠᠷ ᠴᠢᠩᠭ᠎ᠠ ᠠᠳᠬᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ | ᠰᠠᠨᠠᠭ᠎ᠠ ᠶᠢ ᠤᠯᠠᠭᠠᠨᠴᠠᠪ ᠲᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠵᠦ | ᠵᠢᠭᠠᠵᠤ ᠭᠠᠷᠭᠠᠪᠠ᠃ | ᠬᠤᠷᠠᠯ ᠠᠴᠠ᠂ ᠪᠠᠶᠢᠭᠠᠯᠢ ᠶᠢ ᠬᠠᠶᠢᠷᠠᠯᠠᠵᠤ᠂ ᠪᠠᠶᠢᠭᠠᠯᠢ ᠶᠢ ᠬᠠᠮᠠᠭᠠᠯᠠᠵᠤ᠂ ᠠᠮᠢ ᠠᠬᠤᠢ ᠶᠢᠨ ᠰᠡᠷᠭᠦᠭᠡᠯᠲᠡ ᠶᠢ | ᠭᠦᠨᠵᠡᠭᠡᠢ ᠠᠬᠢᠭᠤᠯᠬᠤ ᠬᠡᠷᠡᠭᠲᠡᠢ᠃ ︽ᠤᠰᠤ ᠪᠠᠷ ᠳᠥᠷᠪᠡ ᠶᠢ ᠲᠣᠭᠲᠠᠭᠠᠬᠤ︾ ᠵᠠᠷᠴᠢᠮ ᠢ ᠪᠥᠬᠦ ᠲᠠᠯ᠎ᠠ ᠪᠠᠷ | ᠲᠤᠭᠤᠰᠢᠯᠠᠭᠤᠯᠵᠤ᠂ ᠭᠤᠤᠯ ᠨᠠᠭᠤᠷ ᠤᠨ ᠳᠠᠷᠤᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠬᠠᠲᠤᠨ | ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠳᠠᠭ᠎ᠠ ᠶᠢᠨ ᠨᠠᠭᠤᠷ᠂ ᠴᠠᠭᠠᠨᠨᠠᠭᠤᠷ᠂ | ᠬᠢᠬᠢᠷᠢ ᠶᠢᠨ ᠨᠠᠭᠤᠷ ᠤᠨ ᠶᠡᠷᠦᠩᠬᠡᠶᠢᠯᠡᠨ ᠵᠠᠰᠠᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠰᠠᠪᠠ ᠭᠠᠵᠠᠷ ᠤᠨ ᠠᠮᠢ | ᠠᠬᠤᠶ ᠶᠢᠨ ᠳᠦᠷᠰᠦ ᠪᠠᠶᠢᠳᠠᠯ ᠢ ᠬᠦᠴᠦᠯᠡᠨ ᠰᠠᠶᠢᠵᠢᠷᠠᠭᠤᠯᠬᠤ ᠬᠡᠷᠡᠭᠲᠡᠢ᠃ ᠤᠯᠤᠰ ᠤᠨ ᠨᠤᠲᠤᠭ ᠳᠡᠪᠢᠰᠬᠡᠷ ᠢ | ᠨᠣᠭᠤᠭᠠᠷᠠᠭᠤᠯᠬᠤ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠦᠨᠳᠦᠰᠦᠨ ᠨᠤᠲᠤᠭ ᠪᠡᠯᠴᠢᠭᠡᠷ ᠤᠨ | ᠬᠠᠮᠠᠭᠠᠯᠠᠯᠲᠠ ᠶᠢᠨ ᠲᠦᠷᠢᠮ ᠢ ᠴᠢᠩᠭ᠎ᠠ ᠬᠡᠷᠡᠭᠵᠢᠭᠦᠯᠦᠨ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ | ᠪᠡᠯᠴᠢᠭᠡᠷᠯᠡᠭᠦᠯᠬᠦ ᠶᠢ ᠵᠣᠭᠰᠣᠭᠠᠬᠤ ᠠᠵᠢᠯ ᠢ ᠴᠢᠩᠭᠠᠳᠬᠠᠵᠤ᠂ ᠣᠶ ᠰᠢᠭᠤᠶ ᠨᠤᠲᠤᠭ ᠪᠡᠯᠴᠢᠭᠡᠷ ᠤᠨ ᠠᠮᠢ | ᠠᠬᠤᠶ ᠶᠢᠨ ᠪᠥᠲᠥᠭᠡᠨ ᠪᠠᠶᠢᠭᠤᠯᠤᠯᠲᠠ ᠪᠠ ᠬᠠᠮᠠᠭᠠᠯᠠᠵᠤ ᠰᠡᠷᠭᠦᠭᠡᠬᠦ ᠠᠵᠢᠯ ᠢ ᠴᠢᠨᠠᠷ ᠰᠠᠶᠢᠲᠠᠶ ᠪᠡᠶᠡᠯᠡᠭᠦᠯᠬᠦ ᠬᠡᠷᠡᠭᠲᠡᠢ | ᠭᠡᠵᠦ ᠱᠠᠭᠠᠷᠳᠠᠪᠠ᠃ | ᠬᠤᠷᠠᠯ ᠠᠴᠠ᠂ ᠪᠣᠬᠢᠷᠲᠤᠯ ᠢ ᠪᠠᠭᠠᠰᠬᠠᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ ᠪᠠᠭᠤᠷᠠᠭᠤᠯᠵᠤ᠂ | ᠦᠩᠬᠡᠨ ᠲᠠᠯ᠎ᠠ ᠪᠠ ᠦᠨᠳᠦᠰᠦ ᠶᠢ ᠵᠡᠷᠭᠡᠪᠡᠷ ᠵᠠᠰᠠᠵᠤ᠂ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ | ᠰᠠᠶᠢᠵᠢᠷᠠᠭᠤᠯᠬᠤ ᠬᠡᠷᠡᠭᠲᠡᠢ᠃ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠪᠠᠷᠢᠮᠵᠢᠶ᠎ᠠ ᠶᠢ ᠨᠠᠷᠢᠯᠢᠭ | ᠣᠨᠣᠴᠠᠲᠠᠶ ᠪᠠᠷ ᠳᠡᠭᠡᠭᠰᠢᠯᠡᠭᠦᠯᠬᠦ ᠶᠢ ᠲᠦᠷᠭᠡᠳᠬᠡᠵᠦ᠂ ᠠᠵᠤ ᠦᠢᠯᠡᠳᠪᠦᠷᠢ ᠲᠥᠪᠯᠡᠷᠡᠭᠰᠡᠨ ᠣᠷᠣᠨ ᠤ ᠬᠠᠶᠠᠭᠳᠠᠮᠠᠯ | ᠤᠰᠤ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠪᠣᠬᠢᠷ ᠤᠰᠤ᠂ ᠮᠠᠯ ᠵᠢᠭᠦᠷᠲᠡᠨ ᠤ ᠪᠠᠭᠠᠰᠤᠨ | ᠪᠣᠬᠢᠷᠲᠤᠯ ᠢ ᠵᠠᠰᠠᠬᠤ ᠶᠢ ᠴᠢᠩᠭᠠᠳᠬᠠᠵᠤ᠂ ᠲᠠᠷᠢᠶᠠᠯᠠᠩ ᠳᠤ ᠬᠡᠷᠡᠭᠯᠡᠬᠦ ᠭᠠᠵᠠᠷ ᠤᠨ ᠬᠥᠷᠥᠰᠥ ᠰᠢᠷᠣᠶ ᠶᠢᠨ ᠣᠷᠴᠢᠨ | ᠲᠣᠭᠤᠷᠢᠨ ᠤ ᠬᠠᠮᠠᠭᠠᠯᠠᠯᠲᠠ ᠬᠢᠭᠡᠳ ᠠᠮᠤᠷ ᠲᠦᠪᠰᠢᠨ ᠢᠶᠠᠷ ᠠᠰᠢᠭᠯᠠᠬᠤ ᠶᠢ ᠠᠬᠢᠭᠤᠯᠬᠤ ᠬᠡᠷᠡᠭᠲᠡᠢ᠃ ᠡᠨᠧᠷᠭᠢ | ᠬᠡᠷᠡᠭᠯᠡᠬᠦ ᠬᠠᠮᠢᠶᠠᠷᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠤᠯᠠᠮᠵᠢᠯᠠᠯᠲᠤ ᠠᠵᠤ ᠦᠢᠯᠡᠰ ᠤᠨ | ᠳᠡᠭᠡᠳᠦ ᠲᠦᠪᠰᠢᠨ ᠳᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠬᠡᠳᠡᠷᠬᠦ ᠰᠢᠬᠠᠵᠤ᠂ ︽ | ᠬᠤᠶᠠᠷ ᠶᠡᠬᠡᠲᠡᠢ︾ ᠪᠠᠶᠢᠬᠤ ᠲᠥᠷᠥᠯ ᠵᠦᠢᠯ ᠤᠨ ᠳᠣᠣᠷ᠎ᠠ ᠲᠦᠪᠰᠢᠨ ᠳᠤ ᠰᠣᠬᠤᠷ ᠪᠠᠯᠠᠶ ᠪᠠᠷ ᠬᠥᠭᠵᠢᠭᠦᠯᠬᠦ ᠶᠢ | ᠡᠷᠡᠰ ᠬᠤᠷᠢᠭᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠪᠣᠬᠢᠷᠲᠤᠯ ᠦᠭᠡᠢ ᠪᠠᠷ ᠬᠦᠳᠦᠯᠦᠨ ᠳᠠᠭᠠᠭᠤᠯᠬᠤ᠂ ᠡᠷᠬᠢᠯᠳᠡᠳᠦ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ᠂ ᠬᠥᠭᠵᠢᠯᠲᠡ ᠶᠢᠨ ᠦᠨᠳᠦᠰᠦᠨ ᠰᠠᠭᠤᠷᠢ ᠦᠩᠭᠡ ᠶᠢ ᠪᠠᠲᠤᠳᠬᠠᠬᠤ ᠬᠡᠷᠡᠭᠲᠡᠢ᠃ ᠥᠪᠡᠷᠲᠡᠭᠡᠨ | ᠵᠠᠰᠠᠬᠤ ᠣᠷᠣᠨ ᠤ ︽ᠬᠤᠶᠠᠷ ᠰᠠᠭᠤᠷᠢᠨ︾ ᠤ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠪᠠᠷ ᠭᠠᠷᠳᠠᠴᠠ | ᠪᠣᠯᠭᠠᠵᠤ᠂ ᠣᠲᠣ ᠦᠶ᠎ᠡ ᠶᠢᠨ ᠡᠨᠧᠷᠭᠢ ᠶᠢᠨ ᠠᠵᠤ ᠠᠬᠤᠶ ᠪᠠ ᠠᠮᠢ ᠠᠬᠤᠶ ᠶᠢᠨ ᠲᠠᠷᠢᠶᠠᠯᠠᠩ ᠮᠠᠯ ᠠᠵᠤ ᠠᠬᠤᠶ ᠶᠢ | ᠬᠦᠴᠦᠯᠡᠨ ᠬᠥᠭᠵᠢᠭᠦᠯᠵᠦ᠂ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠪᠠ ᠬᠡᠯᠪᠡᠷᠢ ᠪᠠᠨ | ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠤᠨ᠂ ᠪᠣᠬᠢᠷᠲᠤᠯ ᠥᠬᠡᠶ ᠤᠨᠴᠠᠯᠢᠭᠳᠤ ᠳᠠᠪᠠᠭᠤᠯᠢᠭ ᠣᠲᠣ ᠦᠶ᠎ᠡ ᠶᠢᠨ | ᠠᠵᠤ ᠦᠢᠯᠡᠰ ᠤᠨ ᠰᠢᠰᠲ᠋ᠧᠮᠵᠢ ᠶᠢ ᠲᠦᠷᠭᠡᠳᠬᠡᠨ ᠪᠠᠶᠢᠭᠤᠯᠬᠤ ᠬᠡᠷᠡᠭᠲᠡᠢ᠃ ᠡᠭᠦᠨ ᠤ ᠬᠠᠮᠲᠤ᠂ ᠤᠬᠠᠭᠤᠯᠭ᠎ᠠ | ᠬᠥᠮᠦᠵᠢᠯ ᠤᠨ ᠡᠷᠴᠢᠮ ᠢᠶᠠᠨ ᠴᠢᠩᠭᠠᠷᠠᠭᠤᠯᠵᠤ᠂ ᠪᠥᠬᠦ ᠨᠡᠶᠢᠭᠡᠮ ᠢᠶᠠᠷ ᠢᠶᠠᠨ ᠵᠥᠪ ᠣᠨᠣᠪᠴᠢᠲᠠᠶ ᠠᠮᠢ ᠠᠬᠤᠶ ᠶᠢᠨ | ᠪᠣᠯᠪᠠᠰᠤᠨ ᠤ ᠥᠷᠲᠡᠭ ᠤᠨ ᠬᠠᠨᠳᠤᠰᠢ ᠪᠠ ᠢᠳᠡᠪᠬᠢᠲᠡᠶ ᠡᠷᠡᠭᠦᠯ ᠦᠢᠯᠡᠳᠪᠦᠷᠢᠯᠡᠯ᠂ ᠠᠮᠢᠳᠤᠷᠠᠯ᠂ ᠬᠡᠷᠡᠭᠯᠡᠭᠡᠨ ᠤ | ᠦᠢᠯᠡ ᠠᠵᠢᠯᠯᠠᠭ᠎ᠠ ᠶᠢ ᠬᠥᠲᠥᠯᠦᠨ ᠵᠢᠯᠣᠭᠤᠳᠴᠤ ᠪᠣᠶ ᠪᠣᠯᠭᠠᠵᠤ᠂ ᠦᠵᠡᠰᠬᠦᠯᠡᠩᠲᠦ ᠰᠠᠶᠢᠬᠠᠨ ᠬᠡᠷ ᠣᠷᠣᠨ ᠢᠶᠠᠨ | ᠬᠠᠮᠲᠤ ᠪᠠᠷ ᠪᠥᠲᠥᠭᠡᠨ ᠪᠠᠶᠢᠭᠤᠯᠬᠤ ᠬᠦᠴᠦᠷᠬᠡᠭ ᠶᠡᠭᠡ ᠨᠡᠶᠢᠯᠡᠮᠡᠯ ᠬᠦᠴᠦᠨ ᠢ ᠨᠢᠭᠲᠠᠷᠠᠭᠤᠯᠤᠨ᠂ ᠤᠯᠠᠭᠠᠨᠴᠠᠪ ᠢ | ᠦᠨᠡᠨ ᠬᠦ ᠠᠮᠢ ᠠᠬᠤᠶ ᠰᠢᠯᠢᠳᠡᠭ᠂ ᠣᠷᠴᠢᠨ ᠠᠬᠤᠶ ᠭᠤᠶᠢᠳᠠ ᠪᠡᠭᠡᠵᠢᠩ ᠤᠨ ︽ᠠᠷᠤ ᠴᠡᠴᠡᠷᠯᠢᠭ︾ ᠪᠣᠯᠭᠠᠨ | ᠪᠥᠲᠥᠭᠡᠨ ᠪᠠᠶᠢᠭᠤᠯᠬᠤ ᠬᠡᠷᠡᠭᠲᠡᠶ ᠭᠡᠵᠦ ᠱᠠᠭᠠᠷᠳᠠᠪᠠ᠃ | | | |