ᠹᠧᠩᠵᠧᠨ ᠬᠤᠲᠠ ᠳᠤ ᠣᠲᠣ ᠴᠠᠬᠢᠯᠭᠠᠨ ᠭᠠᠷᠭᠠᠬᠤ᠂ ᠢᠯᠴᠢ ᠬᠠᠩᠭᠠᠬᠤ ᠠᠵᠤ ᠠᠬᠤᠶᠢᠯᠠᠯ 3 ᠪᠣᠶ᠂ ᠲᠣᠰ | ᠲᠣᠰ ᠥᠪᠥᠷ ᠮᠣᠩᠭᠤᠯ ᠤᠨ ᠵᠢᠩ ᠯᠦᠩ ᠴᠠᠬᠢᠯᠭᠠᠨ ᠭᠠᠷᠭᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠥᠪᠥᠷ | ᠮᠣᠩᠭᠤᠯ ᠤᠨ ᠡᠨᠧᠷᠭᠢ ᠶᠢᠨ ᠴᠠᠬᠢᠯᠭᠠᠨ ᠭᠠᠷᠭᠠᠬᠤ ᠰᠢᠨ ᠹᠧᠩ ᠢᠯᠴᠢ ᠶᠢᠨ ᠴᠠᠬᠢᠯᠭᠠᠨ ᠤ ᠬᠢᠵᠠᠭᠠᠷᠲᠤ ᠺᠣᠮᠫᠠᠨᠢ᠂ | ᠥᠪᠥᠷ ᠮᠣᠩᠭᠤᠯ ᠤᠨ ᠹᠧᠩ ᠳ᠋ᠢᠶᠠᠨ ᠡᠨᠧᠷᠭᠢ ᠶᠢᠨ ᠴᠠᠬᠢᠯᠭᠠᠨ ᠭᠠᠷᠭᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ | ᠪᠣᠯᠤᠨ᠎ᠠ᠃ 2022 ᠣᠨ ᠳᠤ ᠴᠠᠬᠢᠯᠭᠠᠨ ᠭᠠᠷᠭᠠᠬᠤ ᠬᠡᠮᠵᠢᠶ᠎ᠡ ᠶᠢ 133.22 ᠳ᠋ᠦᠩᠰᠢᠭᠤᠷ ᠺᠢᠯᠣᠸᠠᠲ ᠴᠠᠭ ᠲᠤ | ᠬᠦᠷᠭᠡᠬᠦ ᠪᠠᠷ ᠲᠥᠯᠥᠪᠯᠡᠵᠦ᠂ ᠨᠡᠭᠦᠷᠡᠰᠦ ᠬᠤᠷᠣᠭᠳᠠᠭᠤᠯᠬᠤ ᠬᠡᠮᠵᠢᠶ᠎ᠡ ᠶᠢ 700 ᠲᠦᠮᠡᠨ ᠲᠣᠨ ᠳᠤ ᠬᠦᠷᠭᠡᠨ᠎ᠡ᠃ | ᠣᠲᠣ ᠪᠣᠯᠲᠠᠯ᠎ᠠ᠂ ᠨᠡᠶᠢᠲᠡ 14 ᠬᠤᠪᠢ ᠨᠡᠭᠦᠷᠡᠰᠦ ᠬᠠᠩᠭᠠᠬᠤ ᠬᠡᠯᠡᠯᠴᠡᠭᠡᠷ ᠲᠣᠭᠲᠠᠭᠠᠵᠤ᠂ ᠨᠡᠭᠦᠷᠡᠰᠦ ᠬᠠᠩᠭᠠᠬᠤ | ᠶᠡᠷᠦᠩᠬᠡᠶ ᠬᠡᠮᠵᠢᠶ᠎ᠡ 725 ᠲᠦᠮᠡᠨ ᠲᠣᠨ ᠳᠤ ᠬᠦᠷᠴᠦ᠂ ᠭᠡᠷ᠎ᠡ ᠶᠢᠨ ᠪᠦᠷᠬᠦᠴᠡ ᠶᠢᠨ ᠨᠣᠷᠮ᠎ᠠ ᠶᠢ 100% ᠳᠤ | ᠬᠦᠷᠭᠡᠪᠠ᠃ ᠡᠭᠦᠨ ᠳᠤ᠂ ᠥᠪᠥᠷ ᠮᠣᠩᠭᠤᠯ ᠤᠨ ᠵᠢᠩ ᠯᠦᠩ ᠴᠠᠬᠢᠯᠭᠠᠨ ᠭᠠᠷᠭᠠᠬᠤ ᠬᠢᠵᠠᠭᠠᠷᠲᠤ ᠬᠠᠷᠢᠭᠤᠴᠠᠯᠭᠠᠲᠤ | ᠺᠣᠮᠫᠠᠨᠢ 2022 ᠣᠨ ᠳᠤ ᠴᠠᠬᠢᠯᠭᠠᠨ ᠭᠠᠷᠭᠠᠬᠤ ᠬᠡᠮᠵᠢᠶ᠎ᠡ ᠶᠢ 54 ᠳ᠋ᠦᠩᠰᠢᠭᠤᠷ ᠺᠢᠯᠣᠸᠠᠲ ᠴᠠᠭ ᠬᠦᠷᠭᠡᠬᠦ ᠪᠠᠷ | ᠲᠥᠯᠥᠪᠯᠡᠵᠦ᠂ ᠨᠡᠭᠦᠷᠡᠰᠦᠨ ᠤ ᠬᠤᠷᠣᠭᠳᠠᠯ ᠤᠨ ᠬᠡᠮᠵᠢᠶ᠎ᠡ ᠶᠢ 300 ᠲᠦᠮᠡᠨ ᠲᠣᠨ ᠳᠤ ᠬᠦᠷᠭᠡᠨ᠎ᠡ᠃ | ᠣᠳᠣᠬᠠᠨ ᠳᠤ᠂ 2022 ᠣᠨ ᠤ 7 ᠬᠤᠪᠢ ᠨᠡᠭᠦᠷᠡᠰᠦ ᠬᠠᠩᠭᠠᠬᠤ ᠵᠥᠪᠯᠡᠯᠴᠡᠭᠡᠷ ᠲᠣᠭᠲᠠᠵᠤ᠂ ᠬᠠᠩᠭᠠᠬᠤ | ᠨᠡᠭᠦᠷᠡᠰᠦᠨ ᠤ ᠶᠡᠷᠦᠩᠬᠡᠢ ᠬᠡᠮᠵᠢᠶ᠎ᠡ 315 ᠲᠦᠮᠡᠨ ᠲᠣᠨ ᠳᠤ ᠬᠦᠷᠴᠡᠢ︔ ᠥᠪᠥᠷ ᠮᠣᠩᠭᠤᠯ ᠤᠨ ᠡᠨᠧᠷᠭᠢ ᠶᠢᠨ | ᠴᠠᠬᠢᠯᠭᠠᠨ ᠭᠠᠷᠭᠠᠯᠲᠠ ᠶᠢᠨ ᠰᠢᠨ ᠹᠧᠩ ᠢᠯᠴᠢ ᠶᠢᠨ ᠴᠠᠬᠢᠯᠭᠠᠨ ᠤ ᠬᠢᠵᠠᠭᠠᠷᠲᠤ ᠺᠣᠮᠫᠠᠨᠢ 2022 ᠣᠨ ᠳᠤ 33. | 82 ᠳ᠋ᠦᠩᠰᠢᠭᠤᠷ ᠺᠢᠯᠣᠸᠠᠲ ᠴᠠᠭ ᠤᠨ ᠴᠠᠬᠢᠯᠭᠠᠨ ᠭᠠᠷᠭᠠᠬᠤ ᠬᠡᠮᠵᠢᠶ᠎ᠡ ᠪᠠᠷ ᠲᠥᠯᠥᠪᠯᠡᠵᠦ᠂ ᠨᠡᠭᠦᠷᠡᠰᠦᠨ ᠤ | ᠬᠤᠷᠣᠭᠳᠠᠯ ᠤᠨ ᠬᠡᠮᠵᠢᠶ᠎ᠡ ᠶᠢ 170 ᠲᠦᠮᠡᠨ ᠲᠣᠨ ᠬᠦᠷᠭᠡᠬᠦ ᠪᠠᠷ ᠵᠢᠱᠢᠵᠦ ᠪᠣᠶ᠃ ᠣᠳᠣᠬᠠᠨ ᠳᠤ᠂ 2022 | ᠣᠨ ᠤ 3 ᠬᠤᠪᠢ ᠨᠡᠭᠦᠷᠡᠰᠦ ᠬᠠᠩᠭᠠᠬᠤ ᠵᠥᠪᠯᠡᠯᠴᠡᠭᠡᠷ ᠲᠣᠭᠲᠠᠵᠤ᠂ ᠬᠠᠩᠭᠠᠬᠤ ᠨᠡᠭᠦᠷᠡᠰᠦᠨ ᠤ ᠶᠡᠷᠦᠩᠬᠡᠢ ᠬᠡᠮᠵᠢᠶ᠎ᠡ | 180 ᠲᠦᠮᠡᠨ ᠲᠣᠨ ᠳᠤ ᠬᠦᠷᠴᠡᠢ︔ ᠥᠪᠥᠷ ᠮᠣᠩᠭᠤᠯ ᠤᠨ ᠹᠧᠩ ᠳ᠋ᠢᠶᠠᠨ ᠡᠨᠧᠷᠭᠢ ᠶᠢᠨ ᠰᠤᠷᠪᠤᠯᠵᠢ ᠶᠢᠨ | ᠴᠠᠬᠢᠯᠭᠠᠨ ᠭᠠᠷᠭᠠᠬᠤ ᠬᠢᠵᠠᠭᠠᠷᠲᠤ ᠺᠣᠮᠫᠠᠨᠢ 2022 ᠣᠨ ᠳᠤ ᠴᠠᠬᠢᠯᠭᠠᠨ ᠭᠠᠷᠭᠠᠬᠤ ᠬᠡᠵᠢᠶ᠎ᠡ ᠶᠢ 44.4 | ᠳ᠋ᠦᠩᠰᠢᠭᠤᠷ ᠺᠢᠯᠣᠸᠠᠲ ᠴᠠᠭ ᠳᠤ ᠬᠦᠷᠭᠡᠬᠦ ᠪᠠᠷ ᠲᠥᠯᠥᠪᠯᠡᠵᠦ᠂ ᠨᠡᠭᠦᠷᠡᠰᠦᠨ ᠤ ᠬᠤᠷᠣᠭᠳᠠᠯ ᠤᠨ ᠬᠡᠮᠵᠢᠶ᠎ᠡ ᠶᠢ | 230 ᠲᠦᠮᠡᠨ ᠲᠣᠨ ᠳᠤ ᠬᠦᠷᠭᠡᠬᠦ ᠪᠠᠷ ᠵᠢᠱᠢᠵᠦ ᠪᠠᠶᠢᠨ᠎ᠠ᠃ ᠣᠳᠣᠬᠠᠨ ᠳᠤ᠂ 2022 ᠣᠨ ᠤ 4 ᠬᠤᠪᠢ | ᠨᠡᠭᠦᠷᠡᠰᠦ ᠬᠠᠩᠭᠠᠬᠤ ᠵᠥᠪᠯᠡᠯᠴᠡᠭᠡᠷ ᠲᠣᠭᠲᠠᠵᠤ᠂ ᠬᠠᠩᠭᠠᠬᠤ ᠨᠡᠭᠦᠷᠡᠰᠦᠨ ᠤ ᠶᠡᠷᠦᠩᠬᠡᠢ ᠬᠡᠮᠵᠢᠶ᠎ᠡ 230 ᠲᠦᠮᠡᠨ | ᠲᠣᠨ ᠳᠤ ᠬᠦᠷᠴᠡᠢ᠃ | ᠤᠷᠴᠢᠭᠤᠯᠤᠭᠴᠢ᠄ ᠬᠤᠩ ᠱᠦᠸᠧ | ᠬᠢᠨᠠᠭᠴᠢ᠄ ᠠᠷᠢᠭᠤᠨ |