ᠴᠢ ᠹᠸᠢ ᠶᠦᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠪᠠ ᠬᠢᠨᠠᠨ ᠪᠤᠳᠤᠬᠤ ᠬᠥᠭᠵᠢᠯᠲᠡ ᠶᠢᠨ ᠲᠥᠯᠥᠪᠵᠢᠭᠦᠯᠭᠡ ᠵᠡᠷᠭᠡ ᠠᠵᠢᠯ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2022/3/29
      3 ᠰᠠᠷ᠎ᠠ ᠶᠢᠨ 28 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠸᠢ ᠶᠦᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ︽ᠤᠯᠠᠭᠠᠨᠴᠠᠪ ᠬᠤᠲᠠ ᠶᠢᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠶᠡᠷᠦᠩᠬᠡᠶ ᠲᠥᠯᠥᠪᠵᠢᠭᠦᠯᠭᠡ︾ ︽ᠤᠯᠠᠭᠠᠨᠴᠠᠪ ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠬᠥᠭᠵᠢᠯᠲᠡ ᠶᠢᠨ ᠲᠥᠯᠥᠪᠵᠢᠭᠦᠯᠭᠡ︾ ︽ᠤᠯᠠᠭᠠᠨᠴᠠᠪ ᠬᠤᠲᠠ ᠶᠢᠨ ᠤᠯᠤᠰ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠶᠢᠨ ᠬᠡᠷᠡᠭᠵᠢᠭᠦᠯᠬᠦ ᠲᠥᠰᠦᠯ ︵2022 — 2025 ᠣᠨ︶ ︾ ︽ᠤᠯᠠᠭᠠᠨᠴᠠᠪ ᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠬᠢᠨᠠᠨ ᠪᠤᠳᠤᠬᠤ ᠠᠵᠢᠯ ᠤᠨ ᠬᠥᠭᠵᠢᠯᠲᠡ ᠶᠢᠨ ᠲᠥᠯᠥᠪᠵᠢᠭᠦᠯᠭᠡ︾ ︽ᠤᠯᠠᠭᠠᠨᠴᠠᠪ ᠬᠤᠲᠠ ᠶᠢᠨ ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠲᠠᠯᠠᠪᠤᠷ ᠭᠠᠵᠠᠷ ᠤᠨ ᠠᠮᠢᠲᠠᠨ ᠤ ᠬᠦᠨᠳᠦ ᠶᠡᠭᠡ ᠬᠢᠵᠢᠭ ᠡᠪᠡᠳᠴᠢᠨ᠂ ᠤᠷᠭᠤᠮᠠᠯ ᠤᠨ ᠬᠦᠨᠳᠦ ᠶᠡᠭᠡ ᠬᠢᠵᠢᠭ ᠤᠨ ᠪᠠᠶᠢᠳᠠᠯ᠂ ᠢᠳᠡᠭᠡᠨ ᠤ ᠬᠦᠨᠳᠦ ᠶᠡᠭᠡ ᠠᠮᠤᠷ ᠲᠦᠪᠰᠢᠨ ᠤ ᠬᠡᠷᠡᠭ ᠵᠡᠷᠭᠡ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠤᠨ ᠲᠣᠭᠲᠠᠴᠠ︾ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃   ᠬᠤᠷᠠᠯ ᠠᠴᠠ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠲᠥᠯᠥᠪᠵᠢᠭᠦᠯᠭᠡ ᠶᠢ ᠰᠠᠶᠢᠲᠤᠷ ᠨᠠᠶᠢᠷᠠᠭᠤᠯᠤᠨ ᠲᠣᠭᠲᠠᠭᠠᠵᠤ ᠬᠡᠷᠡᠭᠵᠢᠭᠦᠯᠬᠦ ᠨᠢ ᠡᠬᠢ ᠪᠠᠶᠠᠯᠢᠭ ᠪᠣᠯᠤᠨ ᠣᠷᠴᠢᠨ ᠠᠬᠤᠶ ᠶᠢᠨ ᠵᠣᠬᠢᠴᠠᠩᠭᠤᠶ ᠬᠥᠭᠵᠢᠯᠲᠡ ᠶᠢ ᠪᠡᠶᠡᠯᠡᠭᠦᠯᠬᠦ᠂ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠨᠡᠭᠡᠭᠡᠨ ᠬᠥᠭᠵᠢᠭᠦᠯᠬᠦ᠂ ᠵᠦᠶ ᠵᠣᠬᠢᠰᠲᠠᠶ ᠠᠰᠢᠭᠯᠠᠬᠤ ᠶᠢ ᠬᠥᠲᠥᠯᠥᠨ ᠵᠢᠯᠣᠭᠤᠳᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠡᠯ᠎ᠡ ᠱᠠᠲᠤᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠮᠠᠨ ᠤ ᠬᠤᠲᠠ ᠶᠢᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠦᠷᠭᠦᠯᠵᠢᠯᠡᠬᠦ᠂ ᠡᠷᠴᠢᠮᠵᠢᠭᠦᠯᠦᠨ ᠬᠠᠶᠢᠨ ᠪᠠᠶᠢᠴᠠᠭᠠᠬᠤ ᠪᠠ ᠨᠡᠭᠡᠭᠡᠨ ᠠᠰᠢᠭᠯᠠᠬᠤ ᠶᠢ ᠲᠠᠰᠤᠷᠠᠯᠲᠠ ᠦᠭᠡᠢ ᠲᠦᠯᠬᠢᠨ ᠠᠬᠢᠭᠤᠯᠵᠤ᠂ ᠡᠬᠢ ᠪᠠᠶᠠᠯᠢᠭ ᠤᠨ ᠠᠰᠢᠭᠯᠠᠯᠲᠠ ᠶᠢᠨ ᠦᠷ᠎ᠡ ᠪᠦᠲᠦᠮᠵᠢ ᠪᠠ ᠦᠷ᠎ᠡ ᠠᠰᠢᠭ ᠢ ᠦᠷᠭᠦᠯᠵᠢᠯᠡᠨ ᠳᠡᠭᠡᠭᠰᠢᠯᠡᠭᠦᠯᠵᠦ᠂ ᠪᠦᠬᠦ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠪᠠᠲᠤ ᠪᠠᠬᠢ ᠡᠬᠢ ᠪᠠᠶᠠᠯᠢᠭ ᠤᠨ ᠪᠠᠲᠤᠯᠠᠭ᠎ᠠ ᠶᠢ ᠬᠠᠩᠭᠠᠬᠤ ᠬᠡᠷᠡᠭᠲᠡᠶ᠃ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠨᠡᠭᠡᠭᠡᠨ ᠮᠠᠯᠲᠠᠬᠤ ᠨᠠᠭᠠᠳᠤ ᠵᠠᠬ᠎ᠠ ᠶᠢᠨ ᠬᠡᠪᠴᠢᠶ᠎ᠡ ᠶᠢᠨ ᠪᠠᠷᠢᠮᠵᠢᠶ᠎ᠠ ᠪᠠ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠵᠥᠪᠰᠢᠶᠡᠷᠡᠬᠦ ᠨᠥᠬᠦᠴᠡᠯ ᠢ ᠴᠢᠩᠭ᠎ᠠ ᠬᠡᠷᠡᠭᠵᠢᠭᠦᠯᠵᠦ᠂ ᠮᠠᠨ ᠤ ᠬᠤᠲᠠ ᠶᠢᠨ ᠠᠭᠤᠷᠬᠠᠶ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠦᠨᠡᠨ ᠬᠦ ᠠᠬᠢᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃  ᠬᠤᠷᠠᠯ ᠠᠴᠠ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠡᠷᠡᠭᠦᠯᠵᠢᠯ ᠰᠣᠪᠢᠯᠠᠯᠲᠠ ᠶᠢᠨ ᠠᠵᠤ ᠦᠢᠯᠡᠰ ᠤᠨ ᠬᠡᠯᠬᠢᠶ᠎ᠡ ᠶᠢ ᠶᠡᠬᠡᠪᠡᠷ ᠲᠡᠭᠦᠯᠳᠡᠷᠵᠢᠭᠦᠯᠵᠦ᠂ ︽ᠳᠦᠷᠪᠡᠨ ᠵᠣᠷᠢᠬᠤ ᠭᠠᠵᠠᠷ︾ ᠤᠨ ᠪᠦᠳᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠪᠦᠬᠦ ᠣᠷᠣᠨ ᠪᠦᠰᠡ ᠶᠢᠨ ᠵᠤᠭᠠᠴᠠᠯ᠂ ᠳᠦᠷᠪᠡᠨ ᠤᠯᠠᠷᠢᠯ ᠤᠨ ᠵᠤᠭᠠᠴᠠᠯ᠂ ᠬᠥᠳᠡᠭᠡ ᠲᠣᠰᠬᠤᠨ ᠤ ᠵᠤᠭᠠᠴᠠᠯ ᠤᠨ ᠬᠠᠮᠵᠢᠯᠴᠠᠨ ᠬᠥᠭᠵᠢᠬᠦ ᠶᠢ ᠠᠬᠢᠭᠤᠯᠵᠤ᠂ ᠵᠤᠭᠠᠴᠠᠯ ᠤᠨ ᠪᠦᠲᠦᠭᠡᠭᠳᠡᠬᠦᠨ ᠢ ᠪᠠᠶᠠᠯᠢᠭᠵᠢᠭᠤᠯᠵᠤ᠂ ᠨᠢᠭᠡ ᠪᠦᠯᠦᠭ ᠰᠣᠳᠣᠨ ᠵᠤᠭᠠᠴᠠᠯ ᠤᠨ ᠦᠵᠡᠮᠵᠢ ᠶᠢᠨ ᠣᠷᠣᠨ᠂ ᠤᠨᠴᠠᠯᠢᠬᠳᠤ ᠵᠡᠭᠡᠯᠢ ᠲᠣᠭᠤᠷᠢᠭ ᠢ ᠡᠭᠦᠳᠦᠨ ᠪᠠᠶᠢᠭᠤᠯᠬᠤ ᠬᠡᠷᠡᠭᠲᠡᠢ᠃ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠵᠣᠬᠢᠶᠠᠨ ᠪᠠᠶᠢᠭᠤᠯᠵᠤ ᠤᠳᠤᠷᠢᠳᠬᠤ ᠪᠠ ᠱᠠᠯᠠᠪᠳᠠᠭᠤᠯᠤᠨ ᠪᠠᠶᠢᠴᠠᠭᠠᠬᠤ ᠶᠢ ᠴᠢᠨᠠᠭᠰᠢᠳᠠ ᠴᠢᠩᠭᠠᠳᠬᠠᠵᠤ᠂ ᠪᠣᠳᠠᠲᠠᠢ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠳᠤᠪᠤᠶᠢᠮ᠎ᠠ ᠠᠰᠠᠭᠤᠳᠠᠯ ᠢ ᠦᠨᠡᠨᠬᠦ ᠰᠢᠢᠳᠪᠦᠷᠢᠯᠡᠵᠦ᠂ ︽ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠳᠠ︾ ᠶᠢ ᠤᠷᠤᠭᠰᠢᠲᠠᠢ ᠪᠠᠶᠢᠭᠤᠯᠬᠤ ᠶᠢ ᠪᠠᠲᠤᠯᠠᠬᠤ ᠬᠡᠷᠡᠭᠲᠡᠢ᠃ ᠬᠢᠨᠠᠨ ᠪᠤᠳᠤᠬᠤ ᠶᠠᠰᠤ ᠴᠢᠨᠠᠷ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠭᠤᠭᠴᠤᠭ᠎ᠠ ᠨᠢᠭᠡᠪᠦᠷᠢ ᠳᠤ ᠴᠥᠮ ᠲᠥᠯᠥᠪᠯᠡᠭᠡ ᠲᠠᠢ᠂ ᠵᠣᠬᠢᠶᠠᠨ ᠪᠠᠶᠢᠭᠤᠯᠤᠯᠲᠠ ᠲᠠᠢ᠂ ᠬᠠᠷᠠᠯᠲᠠ ᠲᠠᠢ᠂ ᠱᠠᠭᠠᠷᠳᠠᠯᠭ᠎ᠠ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠬᠢᠨᠠᠨ ᠪᠤᠳᠤᠯᠲᠠ ᠪᠠᠷ ᠪᠠᠶᠢᠴᠠᠭᠠᠵᠤ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠢᠳᠡᠪᠬᠢᠲᠡᠢ ᠠᠬᠢᠭᠤᠯᠵᠤ ᠂ ᠱᠠᠯᠠᠪᠳᠠᠭᠤᠯᠤᠨ ᠪᠠᠶᠢᠴᠠᠭᠠᠬᠤ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠬᠢᠨᠠᠨ ᠪᠤᠳᠤᠯᠲᠠ ᠶᠢᠨ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢ ᠦᠨᠡᠨᠬᠦ ᠵᠠᠰᠠᠯᠲᠠ ᠶᠢᠨ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠬᠢᠯᠢ ᠪᠠᠷ ᠣᠷᠣᠭᠤᠯᠵᠤ ᠭᠠᠷᠭᠠᠬᠤ ᠠᠮᠢᠳᠡᠠ ᠤᠷᠭᠤᠮᠠᠯ᠂ ᠠᠮᠢᠳᠡᠠ ᠤᠷᠭᠤᠮᠠᠯ ᠤᠨ ᠤᠢᠢᠯᠡᠦᠡᠬᠦᠠ ᠪᠣᠯᠤᠨ ᠬᠢᠵᠢᠭ ᠪᠠᠶᠢᠴᠠᠭᠠᠬᠤ ᠴᠢᠬᠤᠯᠠ ᠲᠠᠢ ᠪᠤᠰᠤᠳ ᠪᠣᠳᠠᠰ ᠲᠤ ᠬᠢᠵᠢᠭ ᠤᠨ ᠪᠠᠶᠢᠴᠠᠭᠠᠯᠲᠠ ᠶᠢ ᠴᠢᠩᠭ᠎ᠠ ᠬᠡᠷᠡᠭᠵᠢᠭᠦᠯᠵᠦ᠂ ᠠᠮᠢᠳᠡᠠ ᠤᠷᠭᠤᠮᠠᠯ ᠤᠨ ᠬᠢᠵᠢᠭ ᠡᠪᠡᠳᠴᠢᠨ ᠣᠷᠣᠵᠤ ᠢᠷᠡᠬᠦ ᠶᠢ ᠰᠡᠷᠭᠡᠶᠢᠯᠡᠵᠦ᠂ ᠠᠮᠢᠳᠤ ᠪᠣᠳᠠᠰ ᠤᠨ ᠡᠬᠢ ᠪᠠᠶᠠᠯᠢᠭ ᠤᠨ ᠠᠮᠤᠷ ᠲᠦᠪᠰᠢᠨ ᠪᠠ ᠠᠮᠢ ᠠᠬᠤᠶ ᠣᠷᠴᠢᠨ ᠲᠣᠭᠤᠷᠢᠨ ᠢ ᠦᠨᠡᠨ ᠬᠦ ᠬᠠᠮᠠᠭᠠᠯᠠᠬᠤ ᠬᠡᠷᠡᠭᠲᠡᠶ ᠭᠡᠵᠦ ᠱᠠᠭᠠᠷᠳᠠᠪᠠ᠃    ᠬᠤᠷᠠᠯ ᠠᠴᠠ ᠪᠠᠰᠠ ᠪᠤᠰᠤᠳ ᠶᠠᠪᠤᠳᠠᠯ ᠢ ᠰᠤᠳᠤᠯᠵᠠᠢ᠃
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2