3 ᠰᠠᠷ᠎ᠠ ᠶᠢᠨ 28 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ | ᠴᠢ ᠹᠸᠢ ᠶᠦᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ︽ | ᠤᠯᠠᠭᠠᠨᠴᠠᠪ ᠬᠤᠲᠠ ᠶᠢᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠶᠡᠷᠦᠩᠬᠡᠶ ᠲᠥᠯᠥᠪᠵᠢᠭᠦᠯᠭᠡ︾ ︽ | ᠤᠯᠠᠭᠠᠨᠴᠠᠪ ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ | ᠬᠥᠭᠵᠢᠯᠲᠡ ᠶᠢᠨ ᠲᠥᠯᠥᠪᠵᠢᠭᠦᠯᠭᠡ︾ ︽ᠤᠯᠠᠭᠠᠨᠴᠠᠪ ᠬᠤᠲᠠ ᠶᠢᠨ ᠤᠯᠤᠰ ᠤᠨ ᠠᠮᠢ ᠠᠬᠤᠶ ᠶᠢᠨ ᠪᠣᠯᠪᠠᠰᠤᠨ ᠤ | ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠶᠢᠨ ᠬᠡᠷᠡᠭᠵᠢᠭᠦᠯᠬᠦ ᠲᠥᠰᠦᠯ ︵2022 — 2025 ᠣᠨ︶ | ︾ ︽ᠤᠯᠠᠭᠠᠨᠴᠠᠪ ᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠬᠢᠨᠠᠨ ᠪᠤᠳᠤᠬᠤ ᠠᠵᠢᠯ ᠤᠨ | ᠬᠥᠭᠵᠢᠯᠲᠡ ᠶᠢᠨ ᠲᠥᠯᠥᠪᠵᠢᠭᠦᠯᠭᠡ︾ ︽ᠤᠯᠠᠭᠠᠨᠴᠠᠪ ᠬᠤᠲᠠ ᠶᠢᠨ ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ | ᠲᠠᠯᠠᠪᠤᠷ ᠭᠠᠵᠠᠷ ᠤᠨ ᠠᠮᠢᠲᠠᠨ ᠤ ᠬᠦᠨᠳᠦ ᠶᠡᠭᠡ ᠬᠢᠵᠢᠭ ᠡᠪᠡᠳᠴᠢᠨ᠂ ᠤᠷᠭᠤᠮᠠᠯ ᠤᠨ ᠬᠦᠨᠳᠦ ᠶᠡᠭᠡ ᠬᠢᠵᠢᠭ ᠤᠨ | ᠪᠠᠶᠢᠳᠠᠯ᠂ ᠢᠳᠡᠭᠡᠨ ᠤ ᠬᠦᠨᠳᠦ ᠶᠡᠭᠡ ᠠᠮᠤᠷ ᠲᠦᠪᠰᠢᠨ ᠤ ᠬᠡᠷᠡᠭ ᠵᠡᠷᠭᠡ ᠭᠡᠨᠡᠳᠲᠡ ᠶᠢᠨ ᠬᠡᠷᠡᠭ ᠤᠨ ᠪᠠᠴᠢᠮ | ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠤᠨ ᠲᠣᠭᠲᠠᠴᠠ︾ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ | ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠲᠥᠯᠥᠪᠵᠢᠭᠦᠯᠭᠡ ᠶᠢ ᠰᠠᠶᠢᠲᠤᠷ | ᠨᠠᠶᠢᠷᠠᠭᠤᠯᠤᠨ ᠲᠣᠭᠲᠠᠭᠠᠵᠤ ᠬᠡᠷᠡᠭᠵᠢᠭᠦᠯᠬᠦ ᠨᠢ ᠡᠬᠢ ᠪᠠᠶᠠᠯᠢᠭ ᠪᠣᠯᠤᠨ ᠣᠷᠴᠢᠨ ᠠᠬᠤᠶ ᠶᠢᠨ ᠵᠣᠬᠢᠴᠠᠩᠭᠤᠶ | ᠬᠥᠭᠵᠢᠯᠲᠡ ᠶᠢ ᠪᠡᠶᠡᠯᠡᠭᠦᠯᠬᠦ᠂ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠨᠡᠭᠡᠭᠡᠨ ᠬᠥᠭᠵᠢᠭᠦᠯᠬᠦ᠂ ᠵᠦᠶ | ᠵᠣᠬᠢᠰᠲᠠᠶ ᠠᠰᠢᠭᠯᠠᠬᠤ ᠶᠢ ᠬᠥᠲᠥᠯᠥᠨ ᠵᠢᠯᠣᠭᠤᠳᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠡᠯ᠎ᠡ | ᠱᠠᠲᠤᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠮᠠᠨ ᠤ ᠬᠤᠲᠠ ᠶᠢᠨ ᠠᠭᠤᠷᠬᠠᠶ ᠶᠢᠨ ᠭᠠᠷᠤᠯᠲᠠ ᠶᠢᠨ | ᠡᠬᠢ ᠪᠠᠶᠠᠯᠢᠭ ᠤᠨ ᠦᠷᠭᠦᠯᠵᠢᠯᠡᠬᠦ᠂ ᠡᠷᠴᠢᠮᠵᠢᠭᠦᠯᠦᠨ ᠬᠠᠶᠢᠨ ᠪᠠᠶᠢᠴᠠᠭᠠᠬᠤ ᠪᠠ ᠨᠡᠭᠡᠭᠡᠨ ᠠᠰᠢᠭᠯᠠᠬᠤ ᠶᠢ | ᠲᠠᠰᠤᠷᠠᠯᠲᠠ ᠦᠭᠡᠢ ᠲᠦᠯᠬᠢᠨ ᠠᠬᠢᠭᠤᠯᠵᠤ᠂ ᠡᠬᠢ ᠪᠠᠶᠠᠯᠢᠭ ᠤᠨ ᠠᠰᠢᠭᠯᠠᠯᠲᠠ ᠶᠢᠨ ᠦᠷ᠎ᠡ ᠪᠦᠲᠦᠮᠵᠢ ᠪᠠ ᠦᠷ᠎ᠡ | ᠠᠰᠢᠭ ᠢ ᠦᠷᠭᠦᠯᠵᠢᠯᠡᠨ ᠳᠡᠭᠡᠭᠰᠢᠯᠡᠭᠦᠯᠵᠦ᠂ ᠪᠦᠬᠦ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠪᠠᠲᠤ | ᠪᠠᠬᠢ ᠡᠬᠢ ᠪᠠᠶᠠᠯᠢᠭ ᠤᠨ ᠪᠠᠲᠤᠯᠠᠭ᠎ᠠ ᠶᠢ ᠬᠠᠩᠭᠠᠬᠤ ᠬᠡᠷᠡᠭᠲᠡᠶ᠃ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ | ᠪᠠᠶᠢᠭᠤᠯᠤᠯᠲᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠨᠡᠭᠡᠭᠡᠨ ᠮᠠᠯᠲᠠᠬᠤ ᠨᠠᠭᠠᠳᠤ ᠵᠠᠬ᠎ᠠ ᠶᠢᠨ ᠬᠡᠪᠴᠢᠶ᠎ᠡ ᠶᠢᠨ | ᠪᠠᠷᠢᠮᠵᠢᠶ᠎ᠠ ᠪᠠ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠵᠥᠪᠰᠢᠶᠡᠷᠡᠬᠦ | ᠨᠥᠬᠦᠴᠡᠯ ᠢ ᠴᠢᠩᠭ᠎ᠠ ᠬᠡᠷᠡᠭᠵᠢᠭᠦᠯᠵᠦ᠂ ᠮᠠᠨ ᠤ ᠬᠤᠲᠠ ᠶᠢᠨ ᠠᠭᠤᠷᠬᠠᠶ ᠶᠢᠨ ᠦᠢᠯᠡᠰ ᠤᠨ ᠴᠢᠨᠠᠷ ᠰᠠᠶᠢᠲᠠᠶ | ᠬᠥᠭᠵᠢᠯᠲᠡ ᠶᠢ ᠦᠨᠡᠨ ᠬᠦ ᠠᠬᠢᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠡᠷᠡᠭᠦᠯᠵᠢᠯ ᠰᠣᠪᠢᠯᠠᠯᠲᠠ ᠶᠢᠨ ᠠᠵᠤ ᠦᠢᠯᠡᠰ ᠤᠨ | ᠬᠡᠯᠬᠢᠶ᠎ᠡ ᠶᠢ ᠶᠡᠬᠡᠪᠡᠷ ᠲᠡᠭᠦᠯᠳᠡᠷᠵᠢᠭᠦᠯᠵᠦ᠂ ︽ᠳᠦᠷᠪᠡᠨ ᠵᠣᠷᠢᠬᠤ ᠭᠠᠵᠠᠷ︾ ᠤᠨ ᠪᠦᠳᠦᠭᠡᠨ ᠪᠠᠶᠢᠭᠤᠯᠤᠯᠲᠠ ᠶᠢ | ᠰᠠᠶᠢᠲᠤᠷ ᠠᠳᠬᠤᠵᠤ᠂ ᠪᠦᠬᠦ ᠣᠷᠣᠨ ᠪᠦᠰᠡ ᠶᠢᠨ ᠵᠤᠭᠠᠴᠠᠯ᠂ ᠳᠦᠷᠪᠡᠨ ᠤᠯᠠᠷᠢᠯ ᠤᠨ ᠵᠤᠭᠠᠴᠠᠯ᠂ ᠬᠥᠳᠡᠭᠡ | ᠲᠣᠰᠬᠤᠨ ᠤ ᠵᠤᠭᠠᠴᠠᠯ ᠤᠨ ᠬᠠᠮᠵᠢᠯᠴᠠᠨ ᠬᠥᠭᠵᠢᠬᠦ ᠶᠢ ᠠᠬᠢᠭᠤᠯᠵᠤ᠂ ᠵᠤᠭᠠᠴᠠᠯ ᠤᠨ ᠪᠦᠲᠦᠭᠡᠭᠳᠡᠬᠦᠨ ᠢ | ᠪᠠᠶᠠᠯᠢᠭᠵᠢᠭᠤᠯᠵᠤ᠂ ᠨᠢᠭᠡ ᠪᠦᠯᠦᠭ ᠰᠣᠳᠣᠨ ᠵᠤᠭᠠᠴᠠᠯ ᠤᠨ ᠦᠵᠡᠮᠵᠢ ᠶᠢᠨ ᠣᠷᠣᠨ᠂ ᠤᠨᠴᠠᠯᠢᠬᠳᠤ ᠵᠡᠭᠡᠯᠢ | ᠲᠣᠭᠤᠷᠢᠭ ᠢ ᠡᠭᠦᠳᠦᠨ ᠪᠠᠶᠢᠭᠤᠯᠬᠤ ᠬᠡᠷᠡᠭᠲᠡᠢ᠃ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠵᠣᠬᠢᠶᠠᠨ ᠪᠠᠶᠢᠭᠤᠯᠵᠤ | ᠤᠳᠤᠷᠢᠳᠬᠤ ᠪᠠ ᠱᠠᠯᠠᠪᠳᠠᠭᠤᠯᠤᠨ ᠪᠠᠶᠢᠴᠠᠭᠠᠬᠤ ᠶᠢ ᠴᠢᠨᠠᠭᠰᠢᠳᠠ ᠴᠢᠩᠭᠠᠳᠬᠠᠵᠤ᠂ ᠪᠣᠳᠠᠲᠠᠢ ᠡᠭᠦᠷᠭᠡ ᠶᠢᠨ | ᠨᠠᠶᠢᠳᠠᠪᠤᠷᠢᠵᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠳᠤᠪᠤᠶᠢᠮ᠎ᠠ ᠠᠰᠠᠭᠤᠳᠠᠯ ᠢ ᠦᠨᠡᠨᠬᠦ | ᠰᠢᠢᠳᠪᠦᠷᠢᠯᠡᠵᠦ᠂ ︽ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ | ᠬᠤᠳᠠ︾ ᠶᠢ ᠤᠷᠤᠭᠰᠢᠲᠠᠢ ᠪᠠᠶᠢᠭᠤᠯᠬᠤ ᠶᠢ ᠪᠠᠲᠤᠯᠠᠬᠤ ᠬᠡᠷᠡᠭᠲᠡᠢ᠃ ᠬᠢᠨᠠᠨ ᠪᠤᠳᠤᠬᠤ ᠶᠠᠰᠤ ᠴᠢᠨᠠᠷ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠭᠤᠭᠴᠤᠭ᠎ᠠ ᠨᠢᠭᠡᠪᠦᠷᠢ ᠳᠤ ᠴᠥᠮ ᠲᠥᠯᠥᠪᠯᠡᠭᠡ ᠲᠠᠢ᠂ ᠵᠣᠬᠢᠶᠠᠨ | ᠪᠠᠶᠢᠭᠤᠯᠤᠯᠲᠠ ᠲᠠᠢ᠂ ᠬᠠᠷᠠᠯᠲᠠ ᠲᠠᠢ᠂ ᠱᠠᠭᠠᠷᠳᠠᠯᠭ᠎ᠠ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠬᠢᠨᠠᠨ | ᠪᠤᠳᠤᠯᠲᠠ ᠪᠠᠷ ᠪᠠᠶᠢᠴᠠᠭᠠᠵᠤ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠢᠳᠡᠪᠬᠢᠲᠡᠢ ᠠᠬᠢᠭᠤᠯᠵᠤ | ᠂ ᠱᠠᠯᠠᠪᠳᠠᠭᠤᠯᠤᠨ ᠪᠠᠶᠢᠴᠠᠭᠠᠬᠤ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠬᠢᠨᠠᠨ ᠪᠤᠳᠤᠯᠲᠠ ᠶᠢᠨ | ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢ ᠦᠨᠡᠨᠬᠦ ᠵᠠᠰᠠᠯᠲᠠ ᠶᠢᠨ ᠦᠷ᠎ᠡ ᠪᠦᠲᠦᠮᠵᠢ ᠪᠣᠯᠭᠠᠨ | ᠬᠤᠪᠢᠷᠠᠭᠤᠯᠬᠤ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠵᠦ᠂ ᠬᠢᠯᠢ ᠪᠠᠷ ᠣᠷᠣᠭᠤᠯᠵᠤ ᠭᠠᠷᠭᠠᠬᠤ ᠠᠮᠢᠳᠡᠠ ᠤᠷᠭᠤᠮᠠᠯ᠂ ᠠᠮᠢᠳᠡᠠ ᠤᠷᠭᠤᠮᠠᠯ ᠤᠨ | ᠤᠢᠢᠯᠡᠦᠡᠬᠦᠠ ᠪᠣᠯᠤᠨ ᠬᠢᠵᠢᠭ ᠪᠠᠶᠢᠴᠠᠭᠠᠬᠤ ᠴᠢᠬᠤᠯᠠ ᠲᠠᠢ ᠪᠤᠰᠤᠳ ᠪᠣᠳᠠᠰ ᠲᠤ ᠬᠢᠵᠢᠭ ᠤᠨ ᠪᠠᠶᠢᠴᠠᠭᠠᠯᠲᠠ ᠶᠢ | ᠴᠢᠩᠭ᠎ᠠ ᠬᠡᠷᠡᠭᠵᠢᠭᠦᠯᠵᠦ᠂ ᠠᠮᠢᠳᠡᠠ ᠤᠷᠭᠤᠮᠠᠯ ᠤᠨ ᠬᠢᠵᠢᠭ ᠡᠪᠡᠳᠴᠢᠨ ᠣᠷᠣᠵᠤ ᠢᠷᠡᠬᠦ ᠶᠢ ᠰᠡᠷᠭᠡᠶᠢᠯᠡᠵᠦ᠂ ᠠᠮᠢᠳᠤ | ᠪᠣᠳᠠᠰ ᠤᠨ ᠡᠬᠢ ᠪᠠᠶᠠᠯᠢᠭ ᠤᠨ ᠠᠮᠤᠷ ᠲᠦᠪᠰᠢᠨ ᠪᠠ ᠠᠮᠢ ᠠᠬᠤᠶ ᠣᠷᠴᠢᠨ ᠲᠣᠭᠤᠷᠢᠨ ᠢ ᠦᠨᠡᠨ ᠬᠦ ᠬᠠᠮᠠᠭᠠᠯᠠᠬᠤ | ᠬᠡᠷᠡᠭᠲᠡᠶ ᠭᠡᠵᠦ ᠱᠠᠭᠠᠷᠳᠠᠪᠠ᠃ | ᠬᠤᠷᠠᠯ ᠠᠴᠠ ᠪᠠᠰᠠ ᠪᠤᠰᠤᠳ ᠶᠠᠪᠤᠳᠠᠯ ᠢ ᠰᠤᠳᠤᠯᠵᠠᠢ᠃ | |