2022 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2022/3/3
 — 2022 ᠣᠨ ᠤ 2 ᠰᠠᠷ᠎ᠠ ᠶᠢᠨ 12 ᠤ ᠡᠳᠦᠷ ᠤᠯᠠᠭᠠᠨᠴᠠᠪ ᠬᠤᠲᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠢᠭᠡᠳᠦᠭᠡᠷ ᠤᠳᠠᠭᠠᠨ ᠤ ᠬᠤᠷᠠᠯᠳᠤᠭᠠᠨ ᠳᠡᠭᠡᠷ᠎ᠡ                ᠬᠤᠲᠠ ᠶᠢᠨ ᠳᠠᠷᠤᠭ᠎ᠠ   ᠴᠢ ᠹᠧᠶ ᠶᠦᠨ ᠲᠥᠯᠥᠭᠡᠯᠡᠭᠴᠢᠳ ᠡ᠄    ᠤᠳᠤ᠂ ᠪᠢ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠃ ᠲᠡᠷᠡᠴᠢᠯᠡᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠣᠯᠤᠨ ᠪᠤᠰᠤᠳ ᠰᠤᠯᠠ ᠣᠷᠣᠯᠴᠠᠭᠰᠠᠳ ᠰᠠᠨᠠᠯ ᠢᠶᠠᠨ ᠳᠤᠷᠠᠳᠬᠤ ᠪᠣᠯᠪᠠᠤ᠃ ᠨᠢᠭᠡ᠂ ᠲᠤᠰ ᠬᠤᠭᠤᠴᠠᠭᠠᠨ ᠤ ᠵᠠᠰᠠᠭ ᠤᠨ ᠣᠷᠳᠣᠨ ᠤ ᠭᠤᠣᠯ ᠠᠵᠢᠯ    ᠲᠣᠰ ᠬᠤᠭᠤᠴᠠᠭᠠᠨ ᠤ ᠵᠠᠰᠠᠭ ᠤᠨ ᠣᠷᠳᠣᠨ 2018 ᠣᠨ ᠤ 1 ᠰᠠᠷ᠎ᠠ ᠳᠤ ᠲᠤᠰᠢᠶᠠᠯ ᠳᠤ ᠭᠠᠷᠴᠤ᠂ ᠲᠤᠰᠢᠶᠠᠯ ᠤᠨ ᠬᠤᠭᠤᠴᠠᠭ᠎ᠠ ᠤᠳᠠᠯ ᠥᠬᠡᠶ ᠳᠠᠭᠤᠰᠬᠤ ᠪᠣᠯᠤᠨ᠎ᠠ᠃ ᠲᠦᠷᠪᠡᠨ ᠵᠢᠯ ᠤᠨ ᠲᠤᠷᠰᠢ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ ᠤᠶᠢᠯᠠᠭᠠᠭᠳᠠᠬᠤᠨ ᠢ ᠪᠤᠳᠠᠳᠠᠢ ᠦᠢᠯᠡᠳᠦᠯᠭᠡ ᠶᠢᠨ ᠳᠤᠮᠳᠠ ᠬᠦᠮᠦᠰ ᠤᠨ ᠰᠡᠳᠬᠢᠯ ᠳᠤ ᠬᠠᠳᠠᠩᠰᠢᠭᠤᠯᠬᠤ ᠶᠢ ᠠᠬᠢᠭᠤᠯᠵᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠨᠢ ᠰᠠᠭᠤᠷᠢ ᠶᠢ ᠪᠠᠬᠢᠵᠢᠭᠦᠯᠦᠨ ᠪᠠᠶᠢᠭᠤᠯᠬᠤ ᠳᠤᠮᠳᠠ ᠪᠠᠬᠢᠵᠢᠨ ᠪᠠᠲᠤᠵᠢᠵᠤ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠵᠦ᠂ ᠬᠥᠮᠦᠰ ᠢ ᠵᠣᠷᠢᠭᠵᠢᠭᠤᠯᠤᠮ᠎ᠠ ᠠᠯᠢ ᠤᠯᠠᠨ ᠠᠮᠵᠢᠯᠲᠠ ᠪᠦᠲᠦᠮᠵᠢ ᠣᠯᠤᠭᠰᠠᠨ ᠪᠠᠶᠢᠨ᠎ᠠ᠃ ᠪᠢᠳᠡ ᠪᠠᠭᠤᠷᠠᠯᠲᠠ ᠶᠢᠨ ᠳᠠᠷᠤᠯᠲᠠ ᠶᠢ ᠳᠠᠭᠠᠭᠠᠨ ᠲᠤᠯᠵᠤ᠂ ᠠᠵᠤ ᠠᠬᠤᠢ ᠶᠢᠨ ᠲᠣᠭᠲᠠᠭᠤᠨ ᠪᠦᠭᠡᠳ ᠡᠷᠡᠭᠦᠯ ᠢᠶᠠᠷ ᠬᠦᠭᠵᠢᠬᠦ ᠶᠢ ᠪᠠᠲᠤᠯᠠᠵᠤ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠢ 2017 ᠣᠨ ᠳᠤ 689.8 ᠳ᠋ᠦᠩᠰᠢᠭᠤᠷ ᠲᠦᠭᠦᠷᠢᠭ ᠪᠠᠶᠢᠭᠰᠠᠨ ᠠᠴᠠ 2021 ᠣᠨ ᠳᠤ 903.6 ᠳ᠋ᠦᠩᠰᠢᠭᠤᠷ ᠲᠦᠭᠦᠷᠢᠭ ᠪᠣᠯᠭᠠᠨ ᠨᠡᠮᠡᠭᠳᠡᠭᠦᠯᠵᠦ᠂ ᠴᠡᠪᠡᠷ ᠨᠡᠮᠡᠭᠳᠡᠯ 213.8 ᠳ᠋ᠦᠩᠰᠢᠭᠤᠷ ᠲᠥᠭᠦᠷᠢᠭ ᠪᠠᠶᠢᠵᠤ᠂ ᠵᠢᠯ ᠪᠦᠷᠢ ᠳᠤᠮᠳᠠᠴᠢ ᠪᠠᠷ 5% ᠨᠡᠮᠡᠭᠳᠡᠭᠦᠯᠪᠡ︔ ᠡᠩ ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ ᠵᠢᠯ ᠪᠦᠷᠢ ᠳᠤᠮᠳᠠᠴᠢ ᠪᠠᠷ 8.7% ᠪᠠᠷ ᠨᠡᠮᠡᠭᠳᠡᠭᠦᠯᠪᠡ᠃ ᠪᠢᠳᠡ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠣᠯᠵᠤ᠂10 ᠶᠠᠳᠠᠭᠤ ᠬᠦᠴᠢᠷᠳᠡᠯᠲᠡᠢ ᠬᠤᠰᠢᠭᠤ ᠰᠢᠶᠠᠨ ᠢ ᠶᠠᠳᠠᠭᠤ ᠠᠴᠠ ᠠᠩᠭᠢᠵᠢᠷᠠᠭᠤᠯᠵᠤ᠂ 29.1 ᠲᠦᠮᠡᠨ ᠶᠠᠳᠠᠭᠤ ᠬᠦᠴᠢᠷᠳᠡᠯᠲᠡᠢ ᠬᠥᠮᠦᠨ ᠠᠮᠠ ᠶᠢ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠵᠤ᠂ ᠱᠠᠳᠤ ᠦᠶ᠎ᠡ ᠶᠢᠨ ᠴᠢᠨᠠᠷᠲᠠᠢ ᠥᠷᠢ ᠥᠭᠴᠡᠭᠡ ᠶᠢ ᠠᠷᠢᠯᠭᠠᠬᠤ ᠡᠭᠦᠷᠭᠡ ᠶᠢ ᠪᠡᠶᠡᠯᠡᠭᠦᠯᠵᠦ᠂ ᠠᠮᠢ ᠠᠬᠤᠢ ᠣᠷᠴᠢᠨ ᠲᠣᠭᠤᠷᠢᠨ ᠤ ᠨᠢᠭᠡ ᠪᠦᠯᠦᠭ ᠳᠤᠪᠤᠶᠢᠮ᠎ᠠ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠪᠡ᠃ ᠪᠢᠳᠡ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠦᠷᠭᠦᠯᠵᠢᠯᠡᠨ ᠠᠬᠢᠭᠤᠯᠵᠤ᠂ ᠭᠤᠷᠪᠠᠨ ᠠᠵᠤ ᠦᠶᠯᠡᠰ ᠤᠨ ᠬᠤᠪᠢ ᠶᠢᠨ ᠵᠢᠩ ᠢ 16.4᠄ 39.1᠄ 44.5 ᠪᠣᠯᠭᠠᠨ ᠰᠢᠯᠢᠳᠡᠭᠵᠢᠭᠦᠯᠵᠦ᠂ ︽ᠨᠣᠬᠠᠢ ᠶᠢᠨ ᠬᠤᠰᠢᠭᠤ ᠨᠣᠭᠤᠭ᠎ᠠ ᠲᠥᠮᠥᠰᠥ᠂ ᠠᠯᠠᠰᠢᠨ ᠦᠬᠡᠷ ᠠᠯᠠᠰᠢᠨ ᠬᠤᠨᠢ ᠰᠦ︾ ᠵᠡᠷᠭᠡ ᠵᠢᠷᠭᠤᠭᠠᠨ ᠲᠣᠮᠣ ᠲᠠᠷᠢᠶᠠᠯᠠᠩ ᠮᠠᠯ ᠠᠵᠤ ᠠᠬᠤᠶ ᠶᠢᠨ ᠭᠤᠣᠯᠯᠠᠬᠤ ᠠᠵᠤ ᠦᠶᠯᠡᠰ ᠢ ᠲᠦᠷᠭᠡᠳᠬᠡᠨ ᠬᠥᠭᠵᠢᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠠᠵᠤ ᠠᠬᠤᠶᠢᠯᠠᠯ 291 ᠡᠷᠦᠬᠡ ᠳᠤ ᠬᠦᠷᠴᠦ᠂ ᠬᠦᠢᠲᠡᠨᠰᠢᠯᠢ᠂ ᠤᠯᠠᠭᠠᠨᠬᠠᠳᠠ ᠵᠡᠷᠭᠡ ᠨᠢᠭᠡ ᠪᠦᠯᠦᠭ ᠰᠢᠯᠢᠳᠡᠭ ᠦᠵᠡᠮᠵᠢ ᠶᠢᠨ ᠣᠷᠣᠨ ᠪᠦᠬᠦ ᠤᠯᠤᠰ ᠲᠤ ᠠᠯᠳᠠᠷᠰᠢᠪᠠ᠃ ᠪᠢᠳᠡ ᠥᠭᠡᠷᠡᠴᠢᠯᠡᠯᠲᠡ ᠨᠡᠭᠡᠭᠡᠯᠳᠡ ᠶᠢ ᠡᠷᠡᠰ ᠭᠤᠶᠢᠪᠢᠰᠢ ᠦᠭᠡᠢ ᠪᠠᠷ ᠭᠦᠨᠵᠡᠭᠡᠶᠢᠷᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠶᠢᠨ ᠪᠠᠶᠢᠷᠢᠯᠠᠭᠤᠯᠤᠯᠲᠠ ᠶᠢᠨ ᠠᠴᠢᠶᠠᠯᠠᠪᠤᠷᠢ ᠬᠤᠲᠠ ᠪᠠᠷ ᠰᠣᠩᠭᠤᠭᠳᠠᠵᠤ᠂ ᠪᠡᠭᠡᠵᠢᠩ ᠲᠢᠶᠠᠨᠵᠢᠨ ᠡᡁᠧᠪᠸᠢ ᠶᠢᠨ ᠬᠠᠮᠵᠢᠯᠴᠠᠨ ᠬᠥᠭᠵᠢᠬᠦ ᠳᠤ ᠠᠭᠤᠰᠤᠯᠴᠠᠬᠤ᠂ ᠬᠥᠬᠡᠬᠤᠲᠠ ᠪᠤᠭᠤᠲᠤ ᠤᠷᠳᠤᠰ ᠤᠯᠠᠭᠠᠨᠴᠠᠪ ᠤᠨ ᠨᠢᠭᠡ ᠴᠣᠭᠴᠠᠵᠢᠭᠰᠠᠨ ᠬᠥᠭᠵᠢᠯᠲᠡ᠂ ᠤᠯᠠᠭᠠᠨᠴᠠᠪ ᠳ᠋ᠠᠲ᠋ᠦ᠋ᠩ ᠴᠢᠭᠤᠯᠤᠯᠳᠤ ᠬᠠᠭᠠᠯᠭ᠎ᠠ ᠶᠢᠨ ᠣᠷᠣᠨ ᠪᠦᠰᠡ ᠶᠢᠨ ᠬᠠᠮᠲᠤᠷᠠᠯᠴᠠᠭ᠎ᠠ ᠢᠯᠡᠳᠲᠡ ᠦᠷ᠎ᠡ ᠪᠦᠲᠦᠮᠵᠢ ᠣᠯᠵᠤ᠂ ᠬᠥᠭᠵᠢᠯᠲᠡ ᠶᠢᠨ ᠬᠥᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠦᠷᠭᠦᠯᠵᠢᠯᠡᠨ ᠴᠢᠩᠭᠠᠷᠠᠪᠠ᠃ ᠪᠢᠳᠡ ᠪᠦᠬᠦ ᠬᠦᠴᠦᠨ ᠢᠶᠠᠷ ᠢᠶᠠᠨ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠵᠤ᠂ ᠠᠷᠠᠳ ᠤᠨ ᠠᠮᠢᠳᠤᠷᠠᠯ ᠤᠨ ᠣᠷᠣᠭᠤᠯᠤᠯᠲᠠ ᠶᠢ ᠦᠷᠭᠦᠯᠵᠢᠯᠡᠨ ᠨᠡᠮᠡᠭᠳᠡᠭᠦᠯᠵᠦ᠂ ᠠᠵᠢᠯ ᠣᠯᠭᠤᠯᠲᠠ ᠶᠢᠨ ᠪᠠᠶᠢᠳᠠᠯ ᠶᠡᠷᠦᠩᠬᠡᠶ ᠳᠡᠭᠡᠨ ᠲᠣᠭᠲᠠᠭᠤᠨ ᠪᠠᠶᠢᠵᠤ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 2017 ᠣᠨ ᠤ ᠬᠢ ᠲᠠᠢ ᠬᠠᠷᠢᠴᠠᠭᠤᠯᠪᠠᠯ ᠲᠤᠰ ᠲᠤᠰ 7119 ᠲᠥᠭᠦᠷᠢᠭ ᠪᠠ 4579 ᠲᠥᠭᠦᠷᠢᠭ ᠨᠡᠮᠡᠭᠳᠡᠵᠦ᠂ ᠵᠢᠯ ᠪᠦᠷᠢ ᠳᠤᠮᠳᠠᠴᠢ ᠪᠠᠷ ᠲᠤᠰ ᠲᠤᠰ 5.7% ᠪᠠ10% ᠨᠡᠮᠡᠭᠳᠡᠵᠦ᠂ ᠠᠵᠤ ᠠᠬᠤᠶ ᠶᠢᠨ ᠨᠡᠮᠡᠭᠳᠡᠯ ᠤᠨ ᠬᠤᠷᠳᠤᠴᠠ ᠠᠴᠠ ᠳᠠᠪᠠᠭᠰᠠᠨ ᠪᠠᠶᠢᠨ᠎ᠠ᠃     2021 ᠣᠨ ᠪᠣᠯ ᠲᠤᠰ ᠬᠤᠭᠤᠴᠠᠭᠠᠨ ᠤ ᠵᠠᠰᠠᠭ ᠤᠨ ᠣᠷᠳᠣᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠬᠠᠮᠤᠭ ᠰᠡᠭᠦᠯᠴᠢ ᠶᠢᠨ ᠨᠢᠭᠡ ᠵᠢᠯ ᠪᠣᠯᠤᠨ᠎ᠠ᠃ ᠠᠵᠤ ᠠᠬᠤᠢ ᠶᠢᠨ ᠪᠠᠭᠤᠷᠠᠯᠲᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ᠂ ᠨᠡᠬᠡᠬᠡᠯᠡᠬᠡᠢ ᠶᠢ ᠬᠠᠭᠠᠵᠤ ᠴᠠᠬᠢᠯᠭᠠᠨ ᠬᠡᠷᠡᠭᠯᠡᠬᠦ ᠶᠢ ᠬᠢᠵᠠᠭᠠᠷᠯᠠᠬᠤ ᠵᠡᠷᠭᠡ ᠬᠦᠴᠢᠷᠳᠡᠯ ᠪᠠ ᠥᠷᠢᠰᠥᠯᠳᠦᠭᠡᠨ ᠤ ᠡᠮᠦᠨ᠎ᠡ᠂ ᠪᠢᠳᠡ ᠲᠥᠪ ᠬᠤᠷᠢᠶ᠎ᠠ ᠂ ᠥᠪᠡᠷᠲᠡᠭᠡᠨ ᠵᠠᠰᠠᠬᠤ ᠣᠷᠣᠨ ᠤ ᠰᠢᠶᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠪᠠ ᠬᠤᠳᠠ ᠶᠢᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ ᠤ ᠲᠠᠭᠠᠤ ᠤᠷᠤᠭᠰᠢᠯᠠᠬᠤ ᠠᠵᠢᠯ ᠤᠨ ᠶᠡᠷᠦᠩᠬᠡᠶ ᠬᠦᠭ ᠠᠶᠠᠰ ᠢ ᠪᠠᠷᠢᠮᠲᠠᠯᠠᠨ᠂ ᠬᠦᠨᠳᠦ ᠡᠭᠦᠷᠬᠡ ᠶᠢ ᠡᠭᠦᠷᠭᠡᠯᠡᠵᠦ ᠡᠷᠡᠯᠬᠡᠭᠯᠡᠨ ᠤᠷᠤᠭᠰᠢᠯᠠᠵᠤ᠂ ᠬᠦᠴᠢᠷ ᠤᠨ ᠳᠤᠮᠳᠠ ᠠᠮᠵᠢᠯᠲᠠ ᠣᠯᠬᠤ ᠪᠠᠷ ᠴᠢᠷᠮᠠᠶᠢᠭᠰᠠᠨ ᠢᠶᠠᠷ ᠠᠵᠤ ᠠᠬᠤᠢ ᠨᠡᠶᠢᠭᠡᠮ ᠤᠨ ᠬᠦᠭᠵᠢᠯᠳᠡ ᠳᠤ ᠰᠠᠶᠢᠨ ᠰᠠᠶᠢᠬᠠᠨ ᠬᠠᠨᠳᠤᠰᠢ ᠢᠯᠡᠷᠡᠵᠦ᠂ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ︾ ᠶᠢᠨ ᠰᠠᠶᠢᠨ ᠰᠠᠶᠢᠬᠠᠨ ᠡᠬᠢᠯᠡᠯᠲᠡ ᠶᠢ ᠪᠡᠶᠡᠯᠡᠭᠦᠯᠪᠡ᠃ ᠪᠥᠬᠦ ᠬᠤᠲᠠ ᠶᠢᠨ ᠭᠠᠵᠠᠷ ᠣᠷᠣᠨ ᠤ ᠦᠶᠯᠡᠳᠪᠦᠷᠢᠯᠡᠯ ᠤᠨ ᠶᠡᠷᠦᠩᠬᠡᠢ ᠥᠷᠲᠡᠭ 5.6% ᠪᠠᠷ ᠨᠡᠮᠡᠭᠳᠡᠨ᠂ ᠪᠦᠬᠦ ᠤᠷᠤᠨ ᠤ ᠵᠢᠷᠭᠤᠳᠤᠭᠠᠷ ᠲᠤ ᠤᠷᠤᠪᠠ︔ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ 12.2% ᠢᠶᠠᠷ ᠨᠡᠮᠡᠭᠳᠡᠵᠦ᠂ ᠪᠦᠬᠦ ᠣᠷᠣᠨ ᠤ ᠲᠦᠷᠪᠡᠳᠦᠭᠡᠷ ᠲᠤ ᠤᠷᠤᠪᠠ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 4.1% ᠪᠠᠷ ᠨᠡᠮᠡᠭᠳᠡᠵᠦ᠂ ᠪᠥᠬᠦ ᠣᠷᠣᠨ ᠤ ᠵᠢᠷᠭᠤᠳᠤᠭᠠᠷ ᠲᠤ ᠣᠷᠣᠪᠠ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠲᠤᠭ᠎ᠠ 3.5% ᠪᠠᠷ ᠨᠡᠮᠡᠭᠳᠡᠵᠦ᠂ ᠪᠦᠬᠦ ᠣᠷᠣᠨ ᠤ ᠠᠷᠪᠠᠨ ᠨᠢᠭᠡᠳᠦᠭᠡᠷ ᠲᠤ ᠣᠷᠤᠪᠠ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠣᠰ ᠲᠣᠰ 7.1% ᠪᠠ 10.9% ᠨᠡᠮᠡᠭᠳᠡᠵᠦ᠂ ᠲᠤᠰ ᠲᠤᠰ ᠪᠦᠬᠦ ᠣᠷᠣᠨ ᠤ ᠲᠤᠯᠤᠳᠤᠭᠠᠷ ᠪᠠ ᠭᠤᠷᠪᠠᠳᠤᠭᠠᠷ ᠲᠤ ᠣᠷᠣᠪᠠ᠃   ᠨᠢᠭᠡ ᠳᠤ ᠰᠢᠨ᠎ᠡ ᠶᠢ ᠡᠭᠦᠳᠬᠦ ᠪᠠᠷ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠠᠵᠤ ᠦᠢᠯᠡᠰ ᠤᠨ ᠲᠡᠰ ᠳᠡᠪᠰᠢᠬᠦ ᠠᠯᠬᠤᠴᠠ ᠶᠢ ᠲᠦᠷᠭᠡᠳᠬᠡᠵᠦ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ 34 ᠠᠵᠤ ᠠᠬᠤᠶᠢᠯᠠᠯ ᠢ ᠰᠢᠨ᠎ᠡ ᠪᠠᠷ ᠨᠡᠮᠡᠭᠳᠡᠭᠦᠯᠵᠦ᠂ ᠥᠪᠡᠷᠲᠡᠭᠡᠨ ᠵᠠᠰᠠᠬᠤ ᠣᠷᠣᠨ ᠤ ︽ᠬᠡᠪᠴᠢᠶ᠎ᠡ  ᠨᠢ ᠵᠢᠵᠢᠭ ᠪᠣᠯᠪᠠᠴᠤ ᠬᠦᠭᠵᠢᠯᠲᠡ ᠰᠠᠶᠢᠲᠠᠢ ᠠᠪᠤᠷᠭᠤ︾ ᠠᠵᠤ ᠠᠬᠤᠶᠢᠯᠠᠯ 1᠂ ︽ᠲᠤᠰᠬᠠᠶ ᠨᠠᠷᠢᠯᠢᠭ ᠤᠨᠴᠠᠭᠠᠢ ᠰᠢᠨ᠎ᠡ︾ ᠠᠵᠤ ᠠᠬᠤᠶᠢᠯᠠᠯ 6 ᠶᠢ ᠰᠢᠨ᠎ᠡ ᠪᠠᠷ ᠮᠠᠭᠠᠳᠯᠠᠨ ᠲᠤᠭᠲᠠᠭᠠᠵᠤ᠂ 7 ᠠᠵᠤ ᠠᠬᠤᠶᠢᠯᠠᠯ ᠥᠪᠥᠷ ᠮᠣᠩᠭᠤᠯ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠵᠠᠭᠤᠨ ᠬᠦᠴᠦᠷᠬᠡᠭ ᠤᠨ ᠵᠢᠭᠰᠠᠭᠠᠯᠲᠠ ᠳᠤ ᠤᠷᠤᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠶᠯᠡᠰ ᠤᠨ ᠬᠥᠭᠵᠢᠯᠲᠡ ᠶᠢ ᠭᠦᠨᠵᠡᠭᠡᠶ ᠠᠭᠤᠰᠤᠯᠴᠠᠭᠤᠯᠬᠤ ᠶᠢ ᠪᠡᠶᠡᠯᠡᠭᠦᠯᠪᠡ᠃ ᠲᠠᠷᠢᠶᠠᠯᠠᠩ ᠮᠠᠯ ᠠᠵᠤ ᠠᠬᠤᠶ ᠶᠢᠨ ᠭᠠᠷᠤᠯᠲᠠ ᠨᠡᠮᠡᠭᠳᠡᠵᠦ ᠣᠷᠣᠯᠭ᠎ᠠ ᠨᠡᠮᠡᠭᠳᠡᠪᠡ᠃ ᠠᠮᠤ ᠪᠤᠳᠠᠭᠠᠨ ᠤ ᠤᠨᠠᠯᠲᠠ 25.5 ᠳ᠋ᠦᠩᠰᠢᠭᠤᠷ ᠵᠢᠩ ᠳᠤ ᠬᠦᠷᠴᠦ᠂ ︽ᠲᠠᠪᠤᠨ ᠵᠢᠯ ᠳᠠᠷᠠᠭᠠᠯᠠᠨ ᠡᠯᠪᠡᠭ ᠬᠤᠷᠢᠶᠠᠯᠲᠠ︾ ᠣᠯᠪᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 62 ᠲᠦᠮᠡᠨ ᠮᠥ ᠪᠠᠶᠢᠭᠤᠯᠪᠠ᠃ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ᠂ ᠳᠥᠷᠪᠡᠳ ᠬᠤᠰᠢᠭᠤᠨ ᠤ ᠤᠯᠤᠰ ᠤᠨ ᠲᠦᠮᠦᠰᠣᠨ ᠤ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠰᠠᠭᠤᠷᠢᠨ ᠢ ᠪᠠᠶᠢᠭᠤᠯᠪᠠ᠃ 692.2 ᠲᠦᠮᠡᠨ ᠲᠣᠯᠣᠭᠠᠶ ᠮᠠᠯ ᠲᠡᠵᠢᠭᠡᠵᠦ᠂ ᠮᠢᠬᠠᠨ ᠤ ᠵᠦᠢᠯ ᠢ 25 ᠲᠦᠮᠡᠨ ᠲᠣᠨ᠂ ᠰᠦ 22 ᠲᠦᠮᠡᠨ ᠲᠣᠨ ᠦᠢᠯᠡᠳᠪᠦᠷᠢᠯᠡᠵᠦ ᠂ ᠴᠢᠨᠠᠷ ᠰᠠᠶᠢᠲᠠᠶ ᠡᠭᠡᠳᠡᠭᠰᠡᠨ ᠰᠦ ᠶᠢᠨ ᠪᠦᠲᠦᠭᠡᠭᠳᠡᠬᠦᠨ ᠪᠦᠬᠦ ᠤᠯᠤᠰ ᠲᠤ ᠪᠣᠷᠣᠯᠠᠭᠤᠯᠭ᠎ᠠ ᠰᠠᠶᠢᠲᠠᠶ ᠪᠣᠯᠪᠠ᠃ ᠤᠯᠤᠰ ᠤᠨ ᠲᠠᠰ ᠤᠨ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰᠵᠢᠭᠰᠡᠨ ᠬᠥᠲᠥᠴᠢ ᠠᠵᠤ ᠠᠬᠤᠶᠢᠯᠠᠯ ᠢ 4 ᠳᠤ ᠬᠦᠷᠦᠭᠦᠯᠵᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠤᠯᠠᠷᠢᠭᠤᠯᠬᠤ ᠨᠣᠷᠮ᠎ᠠ 68% ᠳᠤ ᠬᠥᠷᠪᠡ᠃ ︽ᠤᠯᠠᠭᠠᠨᠴᠠᠪ ᠤᠨ ᠬᠤᠮᠠ︾ ︽ᠳᠥᠷᠪᠡᠳ ᠬᠤᠰᠢᠭᠤᠨ ᠤ ᠳ᠋ᠦ᠋ ᠮᠧᠩ ᠠᠯᠠᠰᠢᠨ ᠬᠤᠨᠢ︾ ᠨᠢ ᠥᠪᠥᠷ ᠮᠣᠩᠭᠤᠯ ᠤᠨ ᠤᠨᠴᠠᠯᠢᠬᠳᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠳᠠᠪᠠᠭᠤᠯᠢᠭ ᠣᠷᠣᠨ ᠢᠶᠠᠷ ᠰᠤᠩᠭᠤᠭᠳᠠᠵᠤ᠂ ᠱᠠᠩᠳᠤ ᠰᠢᠶᠠᠨ ᠪᠥᠬᠦ ᠤᠯᠤᠰ ᠤᠨ ᠲᠠᠷᠢᠶᠠᠯᠠᠩ ᠤᠨ ᠪᠥᠬᠦ ᠠᠵᠤ ᠦᠶᠯᠡᠰ ᠤᠨ ᠬᠡᠯᠬᠢᠶ᠎ᠡ ᠶᠢᠨ ᠨᠡᠶᠢᠲᠡᠯᠢᠭ ᠰᠢᠶᠠᠨ ᠢᠶᠠᠷ ᠰᠣᠩᠭᠤᠭᠳᠠᠨ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ ᠪᠥᠬᠦ ᠤᠯᠤᠰ ᠤᠨ ᠠᠩᠬᠠᠨ ᠤ ᠪᠦᠯᠦᠭ ᠲᠠᠷᠢᠶᠠᠯᠠᠩ ᠤᠨ ᠣᠳᠣᠬᠢᠴᠢᠯᠠᠯᠲᠠ ᠶᠢᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠨᠡᠷᠡᠰ ᠲᠤ ᠰᠤᠩᠭᠤᠭᠳᠠᠪᠠ᠃   ᠠᠵᠤ ᠦᠢᠯᠡᠳᠪᠦᠷᠢ ᠶᠢᠨ ᠠᠵᠤ ᠠᠬᠤᠶ ᠶᠢᠨ ᠲᠤᠭ᠎ᠠ ᠬᠡᠮᠵᠢᠶ᠎ᠡ ᠶᠠᠰᠤ ᠴᠢᠨᠠᠷ ᠵᠡᠷᠭᠡᠪᠡᠷ ᠳᠡᠭᠡᠭᠰᠢᠯᠡᠪᠡ᠃ ᠯᠠᠨᠸᠢᠰᠲ᠋ᠤᠨ ᠲᠦᠮᠦᠰᠤᠨ ᠵᠦᠰᠦᠮ ᠡᠳ᠋ᠰᠢᠭᠦᠯᠬᠦ ᠲᠦᠷᠦᠯ ᠵᠦᠢᠯ ᠤᠨ ᠪᠠᠷᠢᠯᠭ᠎ᠠ ᠶᠢ ᠡᠬᠢᠯᠡᠭᠦᠯᠪᠡ᠃ ᠶᠦᠨ ᠳ᠋ᠠ ᠰᠠᠯᠬᠢᠨ  ᠤ ᠬᠦᠴᠦ ᠪᠠᠷ ᠴᠠᠬᠢᠯᠭᠠᠨ ᠭᠠᠷᠭᠠᠬᠤ ᠲᠥᠷᠥᠯ ᠵᠦᠢᠯ ᠢ ᠦᠨᠳᠦᠰᠦᠨ ᠳᠡᠭᠡᠨ ᠪᠠᠶᠢᠭᠤᠯᠤᠨ ᠳᠠᠭᠤᠰᠬᠠᠵᠤ᠂ ᠵᠠᠭᠤᠨ ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠭᠰᠠᠨ ᠳᠤᠮᠳᠠᠳᠤ ᠤᠯᠤᠰ ᠤᠨ ᠴᠢᠯᠠᠭᠤᠨ ᠲᠣᠰᠣᠨ ᠤ ᠬᠢᠮᠢ ᠶᠢᠨ ᠠᠵᠤ  ᠦᠢᠯᠡᠳᠪᠦᠷᠢ ᠶᠢᠨ ᠰᠢᠨ᠎ᠡ ᠡᠨᠧᠷᠭᠢ ᠶᠢᠨ ᠤᠰᠤᠲᠥ᠋ᠷᠥᠭᠴᠢ ᠦᠢᠯᠡᠳᠬᠦ ᠪᠠ ᠤᠰᠤᠲᠥ᠋ᠷᠥᠭᠴᠢ ᠡᠨᠧᠷᠭᠢ ᠶᠢᠨ ᠲᠣᠨᠣᠭᠯᠠᠯ ᠦᠢᠯᠡᠳᠬᠦ ᠲᠥᠷᠥᠯ ᠵᠦᠢᠯ ᠢ ᠭᠡᠷ᠎ᠡ ᠲᠣᠭᠲᠠᠨ ᠪᠣᠳᠠᠲᠠᠶᠢᠵᠢᠭᠤᠯᠵᠤ᠂ ᠰᠠᠨᠰᠢᠶᠠ᠂ ᠶᠤᠸᠠᠨ ᠵᠢᠩ ᠠᠵᠤ ᠦᠢᠯᠡᠰ ᠤᠨ ᠬᠦᠷᠢᠶᠡᠯᠡᠩ ᠠᠵᠢᠯᠯᠠᠭᠠᠨ ᠳᠤ ᠣᠷᠣᠬᠤ ᠨᠥᠬᠦᠴᠡᠯ ᠢ ᠪᠦᠷᠢᠯᠳᠦᠭᠦᠯᠵᠦ᠂ ᠪᠦᠬᠦ ᠤᠯᠤᠰ ᠤᠨ ᠬᠡᠪᠴᠢᠶ᠎ᠡ ᠪᠠᠷ ᠬᠠᠮᠤᠭ ᠤᠨ ᠶᠡᠭᠡ ᠰᠠᠨᠰᠢᠶᠠ ︽ᠴᠠᠬᠢᠯᠭᠠᠨ ᠤ ᠰᠤᠷᠪᠤᠯᠵᠢ ᠪᠠ ᠲᠤᠤᠷ ᠲᠠᠭᠠᠭᠠᠴᠠ ᠨᠦᠬᠡᠴᠡ︾ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠤᠨ ᠠᠩᠬᠠᠨ ᠤ ᠪᠦᠯᠦᠭ ᠮᠠᠰᠢᠨ ᠴᠣᠭᠴᠠᠯᠠᠪᠤᠷᠢ ᠶᠢ ᠲᠣᠣᠷ ᠲᠤ ᠨᠡᠶᠢᠯᠡᠭᠦᠯᠦᠨ ᠴᠠᠬᠢᠯᠭᠠᠨ ᠭᠠᠷᠭᠠᠵᠤ᠂ 600 ᠲᠦᠮᠡᠨ ᠺᠢᠯᠣᠸᠠᠲ ᠤᠨ ᠰᠠᠯᠬᠢᠨ ᠤ ᠬᠦᠴᠦ ᠪᠠᠷ ᠴᠠᠬᠢᠯᠭᠠᠨ ᠭᠠᠷᠭᠠᠬᠤ ᠰᠠᠭᠤᠷᠢᠨ ᠤ ᠲᠦᠷᠦᠭᠦᠦ ᠬᠤᠭᠤᠴᠠᠭᠠᠨ ᠤ 120 ᠲᠦᠮᠡᠨ ᠺᠢᠯᠣᠸᠠᠲ ᠤᠨ ᠲᠤᠰ ᠭᠠᠵᠠᠷ ᠲᠤ ᠪᠠᠨ ᠪᠠᠭᠲᠠᠭᠠᠨ ᠰᠢᠩᠭᠡᠬᠦ ᠲᠥᠷᠥᠯ ᠵᠦᠢᠯ ᠵᠥᠪᠰᠢᠶᠡᠷᠡᠭᠳᠡᠵᠦ᠂ ᠰᠠᠯᠬᠢᠨ ᠤ ᠬᠦᠴᠦ ᠪᠠᠷ ᠴᠠᠬᠢᠯᠭᠠᠨ ᠭᠠᠷᠭᠠᠬᠤ ᠬᠢᠭᠡᠳ ᠬᠡᠷᠡᠯ ᠴᠡᠨᠡᠭ ᠤᠨ ᠲᠥᠷᠥᠯ ᠵᠦᠶᠯ ᠤᠨ ᠪᠠᠷᠢᠯᠭ᠎ᠠ ᠡᠬᠢᠯᠡᠭᠰᠡᠨ ᠪᠠ ᠵᠥᠪᠰᠢᠶᠡᠷᠡᠯ ᠣᠯᠤᠭᠰᠠᠨ ᠬᠡᠪᠴᠢᠶ᠎ᠡ ᠮᠢᠩᠭᠠᠨ ᠲᠦᠮᠡᠨ ᠺᠢᠯᠣᠸᠠᠲ ᠢ ᠳᠠᠪᠠᠪᠠ᠃ ᠲᠤᠨᠤᠭ ᠲᠦᠬᠦᠭᠡᠷᠦᠮᠵᠢ ᠦᠢᠯᠡᠳᠬᠦ ᠦᠢᠯᠡᠰ ᠤᠨ ᠦᠢᠯᠡᠳᠬᠦᠨ ᠤ ᠦᠷᠲᠡᠭ ᠢ ᠲᠦᠷᠦᠭᠦᠦ ᠵᠢᠯ ᠤᠨ ᠬᠢ ᠠᠴᠠ ᠳᠠᠬᠢᠨ ᠢᠶᠠᠷ ᠨᠡᠮᠡᠭᠳᠡᠭᠦᠯᠪᠡ᠃ ᠲᠦᠩ ᠹᠠᠩ ᠦᠢᠯᠡᠴᠢᠯᠡᠭᠦᠷ ᠢ ᠦᠢᠯᠡᠳᠬᠦ᠂ ᠵᠦᠩ ᠬᠤᠩ ᠽᠢ ᠵᠢᠩ ᠤᠨ ᠭᠠᠮᠰᠢᠭ ᠲᠤ ᠪᠡᠯᠡᠳᠬᠡᠬᠦ ᠲᠥᠪ ᠪᠠ ᠬᠥᠬᠡ ᠭᠡᠷᠡᠯ ᠳ᠋ᠢᠰᠺ ᠤᠨ ᠦᠢᠯᠡᠳᠪᠦᠷᠢᠯᠡᠯ ᠤᠨ ᠱᠤᠭᠤᠮ ᠢ ᠪᠦᠬᠦᠨ ᠢ ᠠᠰᠢᠭᠯᠠᠯᠲᠠ ᠳᠤ ᠣᠷᠣᠭᠤᠯᠪᠠ᠃ ᠵᠢᠩ ᠨᠢᠩ ᠤᠨ ᠬᠤᠶᠠᠳᠤᠭᠠᠷ ᠬᠤᠭᠤᠴᠠᠭᠠᠨ ᠤ ᠢᠯᠴᠢ ᠶᠢᠨ ᠴᠠᠬᠢᠯᠭᠠᠨ ᠂ ᠴᠢ ᠰᠢᠶᠠ ᠶᠢᠩ ᠤᠨ ᠴᠠᠬᠢᠯᠭᠠᠨ ᠦᠢᠯᠡᠳᠪᠦᠷᠢ ᠵᠡᠷᠭᠡ ᠲᠦᠷᠦᠯ ᠵᠦᠢᠯ ᠤᠷᠤᠭᠰᠢᠲᠠᠢ ᠪᠠᠷ ᠠᠬᠢᠪᠠ᠃ ᠤᠯᠠᠮᠵᠢᠯᠠᠯᠲᠤ ᠠᠵᠤ ᠦᠢᠯᠡᠰ ᠤᠨ ᠲᠡᠰ ᠳᠡᠪᠰᠢᠬᠦ ᠠᠯᠬᠤᠴᠠ ᠲᠦᠷᠭᠡᠳᠴᠦ᠂ ᠲᠡᠮᠦᠷ ᠤᠨ ᠬᠠᠶᠢᠯᠤᠰᠢ ᠶᠢᠨ ᠠᠵᠢᠯ ᠲᠥᠷᠥᠯ ᠤᠨ ︽ᠲᠠᠪᠤᠨᠵᠢᠭᠤᠯᠤᠯᠲᠠ︾ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠠᠬᠢᠭᠤᠯᠵᠤ᠂ ᠪᠥᠭᠡᠭᠡᠨᠡᠷᠡᠯ ᠬᠡᠯᠪᠠᠶᠢᠭᠦᠦ ᠹᠯᠤᠷ ᠡᠲ᠋ᠧᠨ᠂ ᠹᠯᠤᠷ ᠭᠤᠮ ᠵᠡᠷᠭᠡ ᠦᠢᠯᠡᠳᠬᠦᠨ ᠤ ᠮᠡᠷᠭᠡᠵᠢᠯ ᠪᠦᠬᠦ ᠤᠯᠤᠰ ᠤᠨ ᠲᠡᠷᠢᠭᠦᠨ ᠤ ᠪᠠᠶᠢᠷᠢᠨ ᠳᠤ ᠣᠷᠣᠪᠠ᠃   ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠶᠠᠰᠤ ᠴᠢᠨᠠᠷ ᠲᠣᠭᠲᠠᠪᠤᠷᠢᠵᠢᠨ ᠳᠡᠭᠡᠭᠰᠢᠯᠡᠪᠡ᠃ 3 ᠠᠵᠤ ᠠᠬᠤᠶᠢᠯᠠᠯ ᠥᠪᠡᠷᠲᠡᠭᠡᠨ ᠵᠠᠰᠠᠬᠤ ᠣᠷᠣᠨ ᠤ ᠣᠷᠣᠨ ᠪᠦᠰᠡ ᠶᠢᠨ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠲᠤ ᠫᠠᠶᠢᠰᠠ ᠡᠯᠭᠦᠨ᠂ ᠮᠥᠩᠭᠦᠨ ᠭᠦᠶᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠵᠢᠭᠡᠯᠡᠯᠭᠡ ᠲᠣᠭᠲᠠᠭᠤᠨ ᠢᠶᠠᠷ ᠨᠡᠮᠡᠭᠳᠡᠪᠡ᠃ ᠳᠤᠮᠳᠠᠳᠤ ᠤᠯᠤᠰ ᠤᠨ ᠠᠮᠢ ᠨᠠᠰᠤᠨ ᠤ ᠳᠠᠭᠠᠳᠬᠠᠯ᠂ PCG ᠵᠡᠷᠭᠡ 7 ᠲᠤᠮᠤ ᠳ᠋ᠠᠶᠢᠲ᠋ᠠ ᠶᠢᠨ ᠠᠵᠤ ᠠᠬᠤᠶᠢᠯᠠᠯ ᠭᠡᠷ᠎ᠡ ᠲᠤᠭᠲᠠᠨ ᠨᠤᠲᠤᠭᠰᠢᠪᠠ᠃ ᠪᠦᠬᠦ ᠬᠤᠲᠠ ᠶᠢᠨ ᠲᠣᠮᠣ ᠳ᠋ᠠᠶᠢᠲ᠋ᠠ ᠶᠢᠨ ᠠᠵᠤ ᠠᠬᠤᠶᠢᠯᠠᠯ 26 ᠳᠤ ᠬᠦᠷᠴᠦ᠂ ᠪᠦᠬᠦ ᠤᠯᠤᠰ ᠤᠨ ᠨᠢᠭᠡ ᠴᠣᠭᠴᠠᠵᠢᠭᠰᠠᠨ ᠪᠤᠳᠤᠬᠤ ᠴᠢᠳᠠᠪᠤᠷᠢ ᠶᠢᠨ ᠰᠦᠯᠵᠢᠶᠡᠨ ᠤ ᠤᠯᠤᠰ ᠤᠨ ᠬᠦᠢᠰᠦ ᠴᠡᠭ ᠢᠶᠠᠷ ᠵᠥᠪᠰᠢᠶᠡᠷᠡᠭᠳᠡᠵᠡᠢ᠃ ᠰᠢᠶᠠᠨ ᠤ ᠱᠠᠲᠤᠨ ᠤ ᠪᠠᠷᠠᠭᠠᠨ ᠤ ᠭᠦᠢᠯᠭᠡᠭᠡᠨ ᠤ ᠬᠤᠪᠢᠶᠠᠨ ᠰᠠᠯᠭᠠᠬᠤ ᠲᠥᠪ ᠢ 11 ᠪᠠᠶᠢᠭᠤᠯᠵᠤ᠂ 78% ᠶᠢᠨ ᠭᠠᠴᠠᠭ᠎ᠠ ᠲᠣᠰᠬᠤᠨ ᠢ ᠲᠦᠷᠭᠡᠨ ᠬᠦᠷᠭᠡᠯᠲᠡ ᠶᠢᠨ ᠪᠠᠷᠠᠭᠠᠨ ᠤ ᠭᠦᠢᠯᠭᠡᠭᠡᠨ ᠳᠤ ᠬᠠᠮᠤᠷᠤᠭᠤᠯᠵᠤ᠂ ᠰᠦᠯᠵᠢᠶᠡᠨ ᠤ ᠪᠣᠷᠣᠯᠠᠭᠤᠯᠭ᠎ᠠ ᠶᠢᠨ ᠬᠡᠮᠵᠢᠶ᠎ᠡ ᠵᠠᠭᠤᠨ ᠳ᠋ᠦᠩᠰᠢᠭᠤᠷ ᠰᠢᠬᠠᠮ ᠲᠦᠭᠦᠷᠢᠭ ᠲᠤ ᠬᠦᠷᠪᠡ᠃ 50 ᠠᠷᠠᠳ ᠤᠨ ᠪᠠᠭᠤᠳᠠᠯ ᠢ ᠰᠢᠨ᠎ᠡ ᠪᠠᠷ ᠪᠠᠶᠢᠭᠤᠯᠤᠭᠰᠠᠨ ᠪᠣᠶᠤ ᠦᠷᠭᠡᠳᠬᠡᠨ ᠪᠠᠶᠢᠭᠤᠯᠵᠤ᠂ 64 ᠳᠤ ᠬᠦᠷᠴᠦ᠂ 19 ᠰᠤᠳᠤᠯᠤᠨ ᠰᠤᠷᠤᠯᠴᠠᠬᠤ ᠵᠤᠭᠠᠴᠠᠯ ᠤᠨ ᠰᠠᠭᠤᠷᠢᠨ ᠫᠠᠶᠢᠰᠠ ᠡᠯᠭᠦᠨ ᠪᠠᠶᠢᠭᠤᠯᠤᠭᠳᠠᠵᠤ᠂ ᠰᠢᠩ ᠾᠧ ᠰᠢᠶᠠᠨ ᠤ ᠯᠦ ᠵᠢᠶᠠ ᠶᠢᠩ ᠲᠤᠰᠬᠤᠨ ᠪᠦᠬᠦ ᠤᠯᠤᠰ ᠤᠨ ᠬᠥᠳᠡᠭᠡ ᠲᠣᠰᠬᠤᠨ ᠤ ᠵᠤᠭᠠᠴᠠᠯ ᠤᠨ ᠭᠤᠣᠯᠳᠠᠯᠭ᠎ᠠ ᠲᠠᠢ ᠲᠣᠰᠬᠤᠨ ᠢᠶᠠᠷ ᠦᠨᠡᠯᠡᠭᠳᠡᠵᠦ᠂ ᠭᠠᠯᠲᠤ ᠠᠭᠤᠯᠠ ᠶᠢᠨ ᠲᠠᠯ᠎ᠠ ᠨᠤᠲᠤᠭ ᠤᠨ ᠬᠤᠪᠢ ᠪᠠᠷ ᠢᠶᠠᠨ ᠮᠠᠰᠢᠨ ᠲᠡᠷᠭᠡ ᠵᠢᠯᠤᠭᠤᠳᠴᠦ ᠵᠤᠭᠠᠴᠠᠨ ᠬᠦᠳᠡᠯᠭᠡᠭᠡᠨ ᠬᠢᠬᠦ ᠪᠠᠭᠤᠴᠠ ᠨᠢ ︽4C ᠳᠡᠰ ᠤᠨ ᠬᠤᠪᠢ ᠶᠢᠨ ᠮᠠᠰᠢᠨ ᠬᠡᠷᠲᠦ ᠲᠡᠷᠭᠡᠨ ᠤ ᠪᠠᠭᠤᠴᠠ︾ ᠢᠶᠠᠷ ᠦᠨᠡᠯᠡᠭᠳᠡᠵᠦ᠂ ᠵᠢᠨᠢᠩ ᠤᠨ ᠳᠠᠶᠢᠯᠠᠯᠳᠤᠭᠠᠨ ᠤ ᠳᠤᠷᠠᠰᠬᠠᠯ ᠤᠨ ᠣᠷᠳᠣᠨ ᠪᠦᠬᠦ ᠤᠯᠤᠰ ᠤᠨ ᠡᠬᠡ ᠤᠷᠤᠨᠴᠢ ᠦᠵᠡᠯ ᠤᠨ ᠬᠥᠮᠦᠵᠢᠯ ᠤᠨ ᠵᠢᠱᠢᠶ᠎ᠡ ᠦᠵᠡᠭᠦᠯᠬᠦ ᠰᠠᠭᠤᠷᠢᠨ ᠢᠶᠠᠷ ᠰᠤᠩᠭᠤᠭᠳᠠᠪᠠ᠃   ᠬᠤᠶᠠᠷ ᠲᠤ ᠵᠤᠬᠢᠴᠠᠭᠤᠯᠭ᠎ᠠ ᠪᠠᠷ ᠨᠡᠶᠢᠯᠡᠮᠡᠯ ᠬᠦᠴᠦᠨ ᠢ ᠨᠢᠭᠲᠠᠷᠠᠭᠤᠯᠵᠤ᠂ ᠬᠤᠯᠪᠣᠭᠠᠯᠠᠨ ᠬᠥᠳᠡᠯᠦᠯᠴᠡᠵᠦ ᠠᠭᠤᠰᠤᠯᠴᠠᠨ ᠬᠦᠭᠵᠢᠵᠦ ᠬᠠᠮᠲᠤᠪᠠᠷ ᠪᠠᠶᠢᠭᠤᠯᠵᠤ ᠬᠠᠮᠲᠤᠪᠠᠷ ᠠᠰᠢᠭ ᠬᠦᠷᠲᠡᠪᠡ᠃ ᠣᠷᠣᠨ ᠪᠦᠰᠡ ᠶᠢᠨ ᠬᠠᠮᠲᠤᠷᠠᠯᠴᠠᠭ᠎ᠠ ᠶᠢ ᠬᠦᠨᠵᠡᠭᠡᠶᠢᠷᠡᠭᠦᠯᠦᠨ ᠠᠬᠢᠭᠤᠯᠪᠠ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠭᠦᠨᠵᠡᠭᠡᠶᠢᠷᠡᠭᠦᠯᠵᠦ᠂ ᠪᠡᠭᠡᠵᠢᠩ ᠬᠤᠲᠠ 4.72 ᠳ᠋ᠦᠩᠰᠢᠭᠤᠷ ᠲᠥᠭᠦᠷᠢᠭ ᠤᠨ ᠲᠤᠰᠠᠯᠠᠮᠵᠢ ᠶᠢᠨ ᠪᠠᠯᠠ ᠮᠥᠩᠭᠦ ᠣᠷᠣᠭᠤᠯᠤᠨ᠂ 213 ᠲᠥᠷᠥᠯ ᠵᠦᠶᠯ ᠢ ᠬᠡᠷᠡᠭᠵᠢᠭᠦᠯᠵᠦ᠂ ᠬᠤᠩ ᠹᠦ᠋ ᠪᠦᠯᠦᠭᠯᠡᠯ᠂ ᠮᠠᠶ ᠱᠧᠩ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠨᠢᠭᠡ ᠪᠦᠯᠦᠭ ᠴᠢᠨᠠᠷ ᠰᠠᠶᠢᠲᠠᠶ ᠠᠵᠤ ᠠᠬᠤᠶᠢᠯᠠᠯ ᠢ ᠨᠤᠲᠤᠭᠰᠢᠭᠤᠯᠤᠨ ᠠᠰᠢᠭᠯᠠᠯᠲᠠ ᠳᠤ ᠣᠷᠣᠭᠤᠯᠵᠤ᠂ 20 ᠳ᠋ᠦᠩᠰᠢᠭᠤᠷ ᠲᠥᠭᠦᠷᠢᠭ ᠤᠨ ᠬᠡᠷᠡᠭᠯᠡᠭᠡ ᠶᠢ ᠬᠠᠪᠰᠤᠷᠤᠨ ᠲᠡᠳᠬᠦᠪᠡ᠃ ︽ᠬᠥᠬᠡᠬᠤᠲᠠ ᠪᠤᠭᠤᠲᠤ ᠤᠷᠳᠤᠰ ᠤᠯᠠᠭᠠᠨᠴᠠᠪ ᠤᠨ ︿ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ﹀ ᠶᠢᠨ ᠨᠢᠭᠡ ᠴᠤᠭᠴᠠᠵᠢᠭᠤᠯᠤᠨ ᠬᠥᠭᠵᠢᠭᠦᠯᠬᠦ ᠲᠥᠯᠥᠪᠵᠢᠭᠦᠯᠭᠡ︾ ᠶᠢ ᠵᠢᠩᠬᠢᠨᠢ ᠪᠠᠷ ᠨᠠᠶᠢᠲᠡᠯᠡᠪᠡ᠃ ᠵᠢᠨᠢᠩ ᠳ᠋ᠠᠲ᠋ᠦ᠋ᠩ ᠶᠤᠧᠠᠨᠫᠢᠩ ᠤᠨ ᠬᠤᠷᠳᠤᠨ ᠤ ᠲᠡᠮᠦᠷ ᠵᠠᠮ ᠤᠨ ᠲᠥᠷᠥᠯ ᠵᠦᠢᠯ ᠤᠨ ᠪᠦᠬᠦ ᠱᠤᠭᠤᠮ ᠢᠶᠠᠷ ᠲᠠᠲᠠᠪᠤᠷᠢᠯᠠᠨ ᠨᠤᠷᠠᠭᠠᠬᠤ ᠠᠵᠢᠯ ᠢ ᠳᠠᠭᠤᠰᠬᠠᠵᠤ᠂ ︽ᠴᠠᠬᠢᠯᠭᠠᠨ ᠬᠦᠴᠦ᠂ ᠴᠠᠬᠢᠯᠭᠠᠨ ᠬᠤᠯᠪᠤᠭ᠎ᠠ᠂ ᠷᠠᠳᠢᠤ᠋ ᠨᠡᠪᠲᠡᠷᠡᠭᠦᠯᠬᠡ ᠲᠧᠯᠸᠢᠰ ᠤᠨ ᠲᠦᠬᠦᠬᠡᠷᠦᠮᠵᠢ︾ ᠵᠢᠴᠢ ᠬᠤᠭᠤᠯᠠᠶ ᠱᠤᠭᠤᠮ ᠢ ᠰᠢᠯᠵᠢᠭᠦᠯᠦᠨ ᠥᠭᠡᠷᠡᠴᠢᠯᠡᠬᠦ ᠪᠠ ᠬᠢᠵᠠᠭᠠᠷᠯᠠᠬᠤ ᠴᠢᠨᠠᠷᠲᠠᠢ ᠢᠨᠵᠧᠨᠧᠷᠢᠩ ᠢ ᠠᠵᠢᠯ ᠡᠬᠢᠯᠡᠭᠦᠯᠪᠡ᠃ 243 ᠵᠦᠢᠯ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠢ ᠤᠯᠠᠭᠠᠨᠴᠠᠪ᠂ ᠡᠷᠢᠶᠡᠨ ᠬᠤᠲᠠ ᠬᠤᠶᠠᠷ ᠭᠠᠵᠠᠷ ᠲᠤ ᠬᠠᠷᠢᠯᠴᠠᠨ ᠭᠦᠶᠴᠡᠳᠬᠡᠵᠦ ᠪᠣᠯᠬᠤ ᠶᠢ ᠪᠡᠶᠡᠯᠡᠭᠦᠯᠵᠦ᠂ 161 ᠵᠦᠶᠯ ᠢ ︽ᠬᠥᠬᠡᠬᠤᠲᠠ ᠪᠤᠭᠤᠲᠤ ᠣᠷᠳᠣᠰ ᠤᠯᠠᠭᠠᠨᠴᠠᠪ︾ ᠤᠨ ᠣᠨᠳᠣᠤ ᠭᠠᠵᠠᠷ ᠲᠤ ᠭᠦᠶᠴᠡᠳᠬᠡᠵᠦ᠂ 125 ᠵᠦᠶᠯ ᠨᠢ ︽ᠮᠤᠵᠢ ᠠᠯᠤᠰᠯᠠᠨ ᠨᠡᠶᠢᠳᠡᠮ ᠭᠦᠶᠴᠡᠳᠬᠡᠬᠦ︾ ᠶᠢ ᠪᠡᠶᠡᠯᠡᠭᠦᠯᠪᠡ᠃   ᠬᠤᠲᠠ ᠬᠥᠳᠡᠭᠡ ᠶᠢᠨ ᠠᠭᠤᠰᠤᠯᠴᠠᠯ ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠪᠠ᠃ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠲᠠᠰᠤᠷᠠᠯᠲᠠ ᠥᠬᠡᠶ ᠪᠠᠬᠢᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠵᠣᠯᠭᠠᠭᠤᠯᠬᠤ ᠪᠡᠯᠡ ᠮᠥᠩᠭᠦ ᠶᠢ 15.9 ᠳ᠋ᠦᠩᠰᠢᠭᠤᠷ ᠲᠥᠭᠦᠷᠢᠭ ᠣᠷᠣᠭᠤᠯᠵᠤ᠂ 1.83 ᠲᠦᠮᠡᠨ ᠬᠥᠮᠦᠨ ᠳᠠᠬᠢᠨ ᠶᠠᠳᠠᠭᠤᠷᠠᠬᠤ ᠲᠦᠭᠰᠢᠭᠦᠷᠢ ᠶᠢ ᠬᠢᠨᠠᠨ ᠰᠢᠯᠭᠠᠬᠤ ᠡᠲᠡᠭᠡᠳ ᠠᠴᠠ ᠪᠤᠴᠠᠨ ᠭᠠᠷᠪᠠ᠃ ᠬᠡᠮ ᠠᠰᠠᠭᠤᠳᠠᠯ ᠲᠠᠢ 11255 ᠡᠷᠦᠬᠡ ᠶᠢᠨ ᠵᠣᠷᠯᠣᠩ ᠢ ᠪᠦᠬᠦᠨ ᠢ ᠴᠡᠭᠴᠡᠯᠡᠨ ᠰᠠᠶᠢᠵᠢᠷᠠᠭᠤᠯᠪᠠ᠃ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ 415.6 ᠺᠢᠯᠣᠮᠧᠲᠷ ᠰᠢᠨ᠎ᠡ ᠪᠠᠷ ᠪᠠᠶᠢᠭᠤᠯᠤᠭᠰᠠᠨ ᠪᠣᠶᠤ ᠦᠭᠡᠷᠡᠴᠢᠯᠡᠨ ᠪᠠᠶᠢᠭᠤᠯᠪᠠ᠃ ᠮᠤᠵᠢ ᠶᠢᠨ ᠵᠠᠮ ᠤᠨ 209 ᠱᠤᠭᠤᠮ ᠤᠨ ᠵᠦᠸᠧᠽᠢ ᠱᠠᠨ ᠠᠴᠠ ᠯᠢᠶᠠᠩᠴᠧᠩ ᠬᠦᠷᠬᠦ ᠨᠢᠭᠡᠳᠦᠭᠡᠷ ᠳᠡᠰ ᠤᠨ ᠨᠢᠭᠡ ᠵᠣᠷᠪᠤᠰ ᠵᠠᠰᠠᠮᠠᠯ ᠵᠠᠮ᠂ ᠤᠯᠤᠰ ᠤᠨ ᠵᠠᠮ ᠤᠨ 331 ᠱᠤᠭᠤᠮ ᠤᠨ ᠠᠶᠢᠷᠠᠭ ᠰᠦᠮ᠎ᠡ ᠠᠴᠠ ᠬᠤᠸ᠋ᠬᠤᠪᠤᠭ᠎ᠠ ᠬᠦᠷᠬᠦ ᠬᠤᠶᠠᠳᠤᠭᠠᠷ ᠳᠡᠰ ᠤᠨ ᠵᠠᠰᠠᠮᠠᠯ ᠵᠠᠮ ᠵᠡᠷᠭᠡ 4 ᠵᠤᠷᠪᠤᠰ ᠭᠤᠣᠯ ᠱᠤᠭᠤᠮ ᠤᠨ ᠵᠠᠰᠠᠮᠠᠯ ᠵᠠᠮ ᠢ ᠪᠠᠶᠢᠭᠤᠯᠵᠤ ᠳᠠᠭᠤᠰᠬᠠᠭᠠᠳ ᠲᠡᠷᠭᠡ ᠨᠡᠪᠲᠡᠷᠡᠭᠦᠯᠪᠡ᠃ ᠣᠶᠣᠨᠯᠢᠭ ᠬᠤᠲᠠ ᠶᠢᠨ ᠨᠢᠭᠡᠳᠦᠭᠡᠷ ᠬᠤᠭᠤᠴᠠᠭᠠᠨ ᠤ ᠲᠥᠷᠥᠯ ᠵᠦᠶᠯ ᠪᠠᠶᠢᠭᠤᠯᠤᠭᠳᠠᠨ ᠠᠰᠢᠭᠯᠠᠯᠲᠠ ᠳᠤ ᠣᠷᠣᠪᠠ᠃ ᠤᠯᠤᠰ ᠤᠨ ᠡᠷᠡᠭᠦᠯ ᠬᠠᠮᠠᠭᠠᠯᠠᠯ ᠤᠨ ᠬᠤᠳᠠ ᠶᠢᠨ ᠲᠠᠬᠢᠨ ᠬᠢᠨᠠᠯᠲᠠ ᠤᠷᠤᠭᠰᠢᠲᠠᠶ ᠪᠠᠲᠤᠯᠠᠭᠳᠠᠵᠤ᠂ ᠰᠢᠨ᠎ᠡ ᠨᠢᠭᠡ ᠡᠭᠡᠯᠵᠢ ᠶᠢᠨ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠰᠠᠶᠢᠨ ᠡᠬᠢᠯᠡᠯᠲᠡ ᠲᠠᠢ ᠪᠣᠯᠪᠠ᠃ ᠲᠥᠪ ᠬᠤᠲᠠ ᠶᠢᠨ ᠲᠣᠭᠤᠷᠢᠭ ᠲᠤ 5G ᠶᠢᠨ ᠳᠣᠬᠢᠶ᠎ᠠ ᠶᠢ ᠥᠷᠭᠡᠨ ᠬᠡᠪᠴᠢᠶ᠎ᠡ ᠪᠠᠷ ᠪᠦᠬᠦᠨ ᠢ ᠬᠠᠮᠤᠷᠬᠤ ᠶᠢ ᠪᠡᠶᠡᠯᠡᠭᠦᠯᠪᠡ᠃ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠭᠤᠷᠪᠠᠳᠤᠭᠠᠷ ᠤᠳᠠᠭᠠᠨ ᠤ ᠨᠤᠲᠤᠭ ᠳᠡᠪᠢᠰᠬᠡᠷ ᠤᠨ ᠪᠠᠶᠢᠴᠠᠭᠠᠯᠲᠠ ᠶᠢᠨ ᠠᠵᠢᠯ ᠢ ᠦᠨᠳᠦᠰᠦᠨ ᠳᠡᠭᠡᠨ ᠳᠠᠭᠤᠰᠬᠠᠪᠠ᠃   ᠭᠤᠷᠪᠠ ᠳᠤ ᠪᠣᠬᠢᠷᠲᠤᠯ ᠥᠬᠡᠶ ᠪᠠᠷ ᠦᠨᠳᠦᠰᠦ ᠰᠠᠭᠤᠷᠢ ᠶᠢ ᠪᠠᠬᠢᠵᠢᠭᠦᠯᠵᠦ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠡᠷᠴᠢᠮᠲᠠᠢ ᠪᠥᠭᠡᠳ ᠪᠦᠲᠦᠮᠵᠢᠲᠡᠶ ᠪᠣᠯᠪᠠ᠃ ᠪᠣᠬᠢᠷᠲᠤᠯ ᠦᠭᠡᠢ ᠠᠮᠢ ᠠᠬᠤᠶ ᠶᠢᠨ ᠰᠠᠭᠤᠷᠢ ᠶᠢ ᠦᠷᠭᠦᠯᠵᠢᠯᠡᠨ ᠪᠠᠬᠢᠵᠢᠭᠦᠯᠪᠡ᠃ ᠳᠠᠭ᠎ᠠ ᠶᠢᠨ ᠨᠠᠭᠤᠷ ᠤᠨ ᠤᠰᠤᠨ ᠤ ᠠᠮᠢ ᠠᠬᠤᠶ ᠶᠢ ᠶᠡᠷᠦᠩᠬᠡᠶᠢᠯᠡᠨ ᠵᠠᠰᠠᠬᠤ ᠣᠨ ᠤ ᠡᠭᠦᠷᠬᠡ ᠪᠠᠨ ᠪᠡᠶᠡᠯᠡᠭᠦᠯᠵᠦ᠂ ᠪᠠᠴᠢᠮ ᠪᠠᠶᠢᠳᠠᠯ ᠢ ᠠᠷᠭᠠᠴᠠᠬᠤ ᠤᠰᠤ ᠨᠥᠬᠦᠪᠥᠷᠢᠯᠡᠬᠦ ᠢᠨᠵᠧᠨᠧᠷᠢᠩ ᠤᠨ ᠭᠤᠷᠪᠠᠨ ᠤ ᠬᠤᠶᠠᠷ ᠢ ᠪᠡᠶᠡᠯᠡᠭᠦᠯᠵᠦ᠂ ᠪᠦᠬᠦ ᠱᠤᠭᠤᠮ ᠤᠨ 3 ᠨᠦᠬᠡᠨ ᠵᠠᠮ ᠢ ᠪᠦᠬᠦᠨ ᠢ ᠨᠡᠪᠲᠡᠷᠡᠭᠦᠯᠪᠡ᠃ ᠴᠠᠭᠠᠨᠨᠠᠭᠤᠷ ᠤᠨ ᠰᠠᠪᠠ ᠭᠠᠵᠠᠷ ᠤᠨ 24 ᠲᠦᠮᠡᠨ ᠮᠥ ︽ᠤᠰᠤᠨ ᠲᠠᠷᠢᠶ᠎ᠠ ᠶᠢ ᠬᠠᠭᠤᠷᠠᠢ ᠲᠠᠷᠢᠶ᠎ᠠ ᠪᠣᠯᠭᠠᠨ ᠦᠭᠡᠷᠡᠴᠢᠯᠡᠬᠦ︾ ᠶᠢ ᠬᠡᠷᠡᠭᠵᠢᠭᠦᠯᠵᠦ᠂ ᠶᠡᠷᠦᠩᠬᠡᠶᠢᠯᠡᠨ ᠵᠠᠰᠠᠬᠤ ᠡᠭᠦᠷᠭᠡ ᠶᠢ ᠴᠠᠭ ᠤᠨ ᠳᠠᠷᠠᠭᠠᠯᠠᠯ ᠤᠨ ᠠᠬᠢᠴᠠ ᠳᠤ ᠬᠦᠷᠦᠭᠦᠯᠪᠡ᠃ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠶᠢ ᠯᠠᠪᠳᠠᠭᠤᠨ ᠢᠶᠠᠷ ᠲᠦᠯᠬᠢᠨ ᠠᠬᠢᠭᠤᠯᠪᠠ ᠃ ᠤᠰᠤ ᠠᠷᠪᠢᠯᠠᠬᠤ ᠤᠰᠤᠯᠠᠯᠲᠠ ᠶᠢᠨ ᠬᠡᠮᠵᠢᠯᠲᠡ ᠶᠢᠨ ᠲᠦᠭᠦᠬᠡᠷᠦᠮᠵᠢ ᠶᠢ 1.7 ᠲᠦᠮᠡ ᠭᠠᠷᠤᠶ ᠢᠵᠢ ᠤᠭᠰᠠᠷᠠᠵᠤ ᠂ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠤᠷᠪᠠᠨ ᠵᠢᠯ ᠤᠷᠢᠳᠴᠢᠯᠠᠨ ᠪᠦᠬᠦᠨ ᠢ ᠬᠠᠮᠤᠷᠬᠤ ᠶᠢ ᠪᠡᠶᠡᠯᠡᠭᠦᠯᠪᠡ᠃ 18 ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠲᠡᠤᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠪᠦᠲᠦᠮᠵᠢᠲᠡᠶ ᠰᠢᠶᠳᠪᠦᠷᠢᠯᠡᠪᠡ᠃ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠲᠤᠰᠬᠠᠶᠢᠯᠠᠨ ᠴᠡᠭᠴᠡᠯᠡᠨ ᠵᠠᠰᠠᠬᠤ ᠶᠢ ᠯᠠᠪᠳᠠᠭᠤᠨ ᠪᠠᠲᠤᠲᠠᠢ ᠦᠷᠨᠢᠭᠦᠯᠵᠦ᠂ 5.5 ᠲᠦᠮᠡᠨ ᠮᠦ ᠤᠷᠭᠤᠮᠠᠯ ᠤᠨ ᠬᠤᠴᠢᠯᠭ᠎ᠠ ᠶᠢ ᠰᠡᠷᠭᠦᠭᠡᠪᠡ᠃ ᠣᠶ ᠰᠢᠭᠤᠶ ᠨᠤᠲᠤᠭ ᠪᠡᠯᠴᠢᠭᠡᠷ ᠤᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠬᠢᠭᠡᠳ ᠬᠠᠮᠠᠭᠠᠯᠠᠵᠤ ᠰᠡᠷᠭᠦᠭᠡᠬᠦ ᠡᠭᠦᠷᠭᠡ ᠶᠢ 113 ᠲᠦᠮᠡᠨ ᠮᠥ ᠪᠡᠶᠡᠯᠡᠭᠦᠯᠵᠦ᠂ ᠪᠥᠬᠦ ᠬᠤᠲᠠ ᠶᠢᠨ ᠣᠶ ᠰᠢᠭᠤᠶ ᠶᠢᠨ ᠪᠦᠷᠬᠦᠴᠡ ᠶᠢᠨ ᠨᠣᠷᠮ᠎ᠠ 23.3% ᠳᠤ ᠬᠦᠷᠴᠦ᠂ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢᠨ ᠪᠦᠷᠬᠦᠴᠡ 37.5% ᠳᠤ ᠬᠦᠷᠴᠦ᠂ ᠠᠮᠢ ᠠᠬᠤᠶ ᠶᠢᠨ ᠰᠢᠰᠲ᠋ᠧᠮ ᠤᠨ ᠶᠠᠰᠤ ᠴᠢᠨᠠᠷ ᠪᠠ ᠲᠣᠭᠲᠠᠪᠤᠷᠢᠲᠤ ᠴᠢᠨᠠᠷ ᠲᠠᠰᠤᠷᠠᠯᠲᠠ ᠥᠬᠡᠶ ᠳᠡᠭᠡᠭᠰᠢᠯᠡᠪᠡ᠃   ᠡᠨᠧᠷᠭᠢ ᠠᠷᠪᠢᠯᠠᠵᠤ ᠬᠤᠷᠣᠭᠳᠠᠯ  ᠢ ᠪᠠᠭᠠᠰᠬᠠᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ  ᠶᠢ ᠪᠠᠭᠤᠷᠠᠭᠤᠯᠬᠤ ᠠᠵᠢᠯ ᠢ ᠯᠠᠪᠳᠠᠭᠤᠨ ᠢᠶᠠᠷ ᠲᠦᠯᠬᠢᠨ ᠠᠬᠢᠭᠤᠯᠪᠠ᠃ ᠲᠣᠭᠲᠠᠭᠠᠯ ᠠᠴᠠ ᠵᠦᠷᠢᠴᠡᠭᠰᠡᠨ ︽ᠬᠤᠶᠠᠷ ᠶᠡᠬᠡᠲᠡᠢ︾ ᠪᠠᠶᠢᠬᠤ ᠲᠥᠷᠥᠯ ᠵᠦᠶᠯ ᠢ ᠴᠡᠭᠴᠡᠯᠡᠨ ᠦᠭᠡᠶᠢᠰᠭᠡᠵᠤ᠂ ᠨᠢᠭᠡᠴᠢ ᠶᠢᠨ GDP ᠶᠢᠨ ᠡᠨᠧᠷᠭᠢ ᠶᠢᠨ ᠬᠤᠷᠣᠭᠳᠠᠯ ᠢ 10% ᠪᠠᠷ ᠪᠠᠭᠤᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠪᠠᠭᠤᠯᠭᠠᠭᠰᠠᠨ ᠡᠭᠦᠷᠬᠡ ᠶᠢ ᠳᠠᠪᠠᠭᠤᠯᠤᠨ ᠪᠡᠶᠡᠯᠡᠭᠦᠯᠪᠡ᠃ ᠦᠯᠡᠳᠡᠪᠦᠷᠢ ᠢᠯᠴᠢ ᠦᠯᠡᠳᠡᠪᠦᠷᠢ ᠬᠡᠢ ᠪᠠᠷ ᠴᠠᠬᠢᠯᠭᠠᠨ ᠭᠠᠷᠭᠠᠬᠤ ᠠᠵᠤ ᠠᠬᠤᠶᠢᠯᠠᠯ 16 ᠪᠣᠯᠵᠤ᠂ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠨᠤᠷᠮ᠎ᠠ 27.2% ᠲᠤ ᠬᠦᠷᠴᠦ᠂ ᠴᠡᠪᠡᠷᠵᠢᠭᠦᠨ ᠤᠰᠤᠨ ᠤ ᠠᠰᠢᠭᠯᠠᠯᠲᠠ ᠶᠢᠨ ᠨᠤᠷᠮ᠎ᠠ 60% ᠳᠤ ᠬᠦᠷᠪᠡ᠃ 6 ᠠᠵᠤ ᠠᠬᠤᠶᠢᠯᠠᠯ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠲᠤᠯ ᠥᠬᠡᠶ ᠦᠶᠯᠡᠳᠪᠦᠷᠢ ᠶᠢᠨ ᠨᠡᠷᠡᠰ ᠲᠤ ᠰᠤᠩᠭᠤᠭᠳᠠᠨ ᠣᠷᠣᠪᠠ᠃ ᠭᠤᠤᠯᠳᠠᠯᠭ᠎ᠠ ᠲᠠᠢ ᠠᠵᠢᠯ ᠲᠥᠷᠥᠯ ᠤᠨ ᠵᠠᠩᠭᠢᠯᠠᠭ᠎ᠠ ᠶᠢᠨ ᠠᠵᠢᠯ ᠤᠨ ᠳᠠᠷᠠᠭᠠᠯᠠᠯ ᠳᠤ ︽ᠮᠠᠰᠢᠨ ᠬᠥᠮᠦᠨ︾ 67 ᠢᠵᠢ ᠤᠭᠰᠠᠷᠠᠵᠤ᠂ ᠹᠧᠩᠵᠧᠨ ᠤ ᠹᠯᠣᠷ ᠤᠨ ᠬᠢᠮᠢ ᠶᠢᠨ ᠠᠵᠤ ᠦᠶᠯᠡᠳᠪᠦᠷᠢ ᠶᠢᠨ ᠤᠶᠤᠨᠯᠢᠭ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠤᠷᠰᠢᠯᠲᠠ ᠶᠢᠨ ᠴᠡᠭ ᠤᠨ ᠲᠥᠷᠥᠯ ᠵᠦᠶᠯ ᠢ ᠪᠠᠶᠢᠭᠤᠯᠵᠤ ᠳᠠᠭᠤᠰᠬᠠᠪᠠ᠃ ᠭᠤᠣᠯᠳᠠᠯᠭ᠎ᠠ ᠲᠠᠢ ᠨᠢᠭᠡᠴᠢ ᠶᠢᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ ᠲᠤᠬᠢᠷᠠᠭᠤᠯᠤᠯᠲᠠ ᠶᠢᠨ ᠲᠤᠭ᠎ᠠ ᠶᠢ ᠪᠦᠷᠢᠨ ᠲᠤᠰᠢᠶᠠᠬᠤ ᠭᠡᠷ᠎ᠡ ᠶᠢ ᠭᠦᠶᠴᠡᠳᠬᠡᠬᠦ ᠠᠵᠢᠯ ᠢ ᠤᠷᠢᠳᠴᠢᠯᠠᠨ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠳᠤ ᠵᠠᠷᠯᠠᠨ ᠰᠠᠶᠢᠰᠢᠶᠠᠭᠳᠠᠪᠠ᠃   ᠣᠷᠴᠢᠨ ᠠᠬᠤᠶ ᠶᠢᠨ ᠳᠣᠪᠣᠶᠢᠮ᠎ᠡ ᠠᠰᠠᠭᠤᠳᠠᠯ ᠢ ᠪᠦᠲᠦᠮᠵᠢᠲᠡᠶ ᠪᠠᠷ ᠰᠢᠶᠳᠪᠦᠷᠢᠯᠡᠪᠡ᠃ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠣᠨ ᠤ ᠡᠭᠦᠷᠬᠡ ᠪᠠᠨ ᠪᠡᠶᠡᠯᠡᠭᠦᠯᠪᠡ᠃ ᠲᠥᠪ ᠬᠤᠲᠠ ᠶᠢᠨ ᠲᠣᠭᠤᠷᠢᠭ ᠤᠨ ᠠᠭᠠᠷ ᠤᠨ ᠶᠠᠰᠤ ᠴᠢᠨᠠᠷ ᠤᠨ ᠴᠡᠪᠡᠷ ᠲᠤᠩᠭᠠᠯᠠᠭ ᠡᠳᠦᠷ ᠤᠨ ᠲᠤᠭ᠎ᠠ ᠨᠢ 336 ᠡᠳᠦᠷ ᠪᠠᠶᠢᠵᠤ᠂ ︽ᠤᠯᠠᠭᠠᠨᠴᠠᠪ ᠤᠨ ᠬᠥᠬᠡᠮᠳᠦᠭ︾ ᠨᠢ ᠬᠤᠲᠠ ᠶᠢᠨ ᠠᠷᠠᠳ ᠤᠨ ᠠᠮᠢᠳᠤᠷᠠᠯ ᠤᠨ ︽ᠪᠠᠷᠢᠮᠵᠢᠶᠠᠲᠤ ᠲᠣᠬᠢᠷᠠᠭᠤᠯᠤᠯᠲᠠ︾ ᠪᠣᠯᠤᠭᠰᠠᠨ ᠪᠠᠶᠢᠨ᠎ᠠ᠃ ᠪᠥᠬᠦ ᠬᠤᠲᠠ ᠶᠢᠨ ᠤᠯᠤᠰ ᠤᠨ ᠡᠵᠡᠮᠳᠡᠯ ᠤᠨ 6 ᠣᠭᠲᠣᠯᠤᠭᠠᠰᠤ ᠨᠢ ᠴᠥᠮ ᠤᠯᠤᠰ ᠤᠨ ᠬᠢᠨᠠᠨ ᠰᠢᠯᠭᠠᠬᠤ ᠪᠠᠷᠢᠮᠵᠢᠶ᠎ᠠ ᠳᠤ ᠬᠦᠷᠴᠦ᠂ ᠬᠢᠨᠠᠨ ᠰᠢᠯᠭᠠᠯᠲᠠ ᠳᠤ ᠵᠢᠭᠰᠠᠭᠠᠭᠳᠠᠭᠰᠠᠨ 8 ᠲᠥᠪᠯᠡᠷᠡᠩᠭᠦᠶ ᠮᠠᠶ᠋ᠢᠭ ᠤᠨ ᠤᠤᠭᠤᠬᠤ ᠤᠰᠤᠨ ᠤ ᠡᠬᠢ ᠰᠤᠷᠪᠤᠯᠵᠢ ᠶᠢᠨ ᠤᠰᠤᠨ ᠤ ᠴᠢᠨᠠᠷ ᠨᠢ ᠴᠥᠮ ᠪᠠᠷᠢᠮᠵᠢᠶ᠎ᠠ ᠳᠤ ᠬᠥᠷᠪᠡ᠃ ᠪᠣᠬᠢᠷᠲᠤᠭᠰᠠᠨ ᠲᠠᠷᠢᠶᠠᠨ ᠭᠠᠵᠠᠷ ᠤᠨ ᠠᠶᠦᠯᠭᠦᠢ ᠠᠰᠢᠭᠯᠠᠯᠲᠠ ᠶᠢᠨ ᠨᠣᠷᠮ᠎ᠠ 100% ᠳᠤ ᠬᠦᠷᠴᠦ᠂ ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠶᠠᠰᠤ ᠴᠢᠨᠠᠷ ᠲᠠᠰᠤᠷᠠᠯᠲᠠ ᠦᠭᠡᠢ ᠰᠠᠶᠢᠵᠢᠷᠠᠪᠠ᠃   ᠳᠥᠷᠪᠡ ᠳᠤ ᠨᠡᠭᠡᠭᠡᠯᠲᠡ ᠪᠠᠷ ᠰᠢᠪᠲᠤᠯᠤᠯᠲᠠ ᠶᠢ ᠡᠷᠢᠯᠬᠢᠯᠡᠵᠦ᠂ ᠵᠠᠬ᠎ᠠ ᠳᠡᠯᠭᠡᠭᠦᠷ ᠤᠨ ᠭᠤᠣᠯ ᠴᠤᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠨ ᠪᠠᠳᠠᠷᠠᠭᠤᠯᠪᠠ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠦᠷᠭᠦᠯᠵᠢᠯᠡᠨ ᠰᠢᠯᠢᠳᠡᠭᠵᠢᠪᠡ᠃ ︽ᠲᠠᠯᠪᠢᠬᠤ ᠬᠠᠮᠢᠶᠠᠷᠬᠤ ᠦᠶᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ᠠᠵᠢᠯ ᠶᠠᠪᠤᠳᠠᠯ ᠭᠦᠶᠴᠡᠳᠬᠡᠬᠦ ᠴᠠᠭ ᠤᠨ ᠬᠢᠵᠠᠭᠠᠷ᠂ ᠮᠠᠲ᠋ᠧᠷᠢᠶᠠᠯ ᠪᠠ ᠭᠤᠭᠴᠤᠭ᠎ᠠ ᠶᠢ ᠴᠥᠮ 30% ᠠᠴᠠ ᠳᠡᠭᠡᠭᠰᠢ ᠪᠠᠭᠠᠰᠬᠠᠪᠠ᠃ ︽ᠶᠡᠷᠦᠩᠬᠡᠶᠢᠯᠡᠭᠰᠡᠨ ᠨᠢᠭᠡ ᠴᠤᠩᠬᠤᠪᠴᠢ︾᠂ ︽ᠵᠠᠰᠠᠭ ᠤᠨ ᠶᠠᠪᠤᠳᠠᠯ ᠤᠨ ᠬᠢᠨᠠᠨ ᠵᠥᠪᠰᠢᠶᠡᠷᠡᠯ︾᠂ ︽ᠡᠯᠧᠺᠲᠷᠣᠨ ᠢᠶᠠᠷ ᠬᠢᠨᠠᠨ ᠪᠠᠶᠢᠴᠠᠭᠠᠬᠤ︾ ᠭᠤᠷᠪᠠᠨ ᠶᠡᠭᠡ ᠰᠢᠰᠲ᠋ᠧᠮ ᠢ ᠪᠠᠶᠢᠭᠤᠯᠵᠤ᠂ ᠴᠠᠭ ᠲᠤ ᠨᠢ ᠡᠯᠧᠺᠲᠷᠣᠨ ᠢᠶᠠᠷ ᠬᠢᠨᠠᠨ ᠡᠵᠡᠮᠳᠡᠬᠦ ᠵᠦᠢᠯᠡᠰ 8000 ᠶᠢ ᠳᠠᠪᠠᠪᠠ᠃ 4186 ᠵᠦᠢᠯ ᠤᠨ ︽ᠪᠠᠷᠢᠨ ᠳᠣᠣᠷ᠎ᠠ ᠪᠠᠨ ᠠᠪᠴᠤ ᠪᠣᠯᠬᠤ︾ ᠶᠢ ᠪᠡᠶᠡᠯᠡᠭᠦᠯᠵᠦ᠂ ᠠᠵᠤ ᠠᠬᠤᠶᠢᠯᠠᠯ ᠨᠡᠬᠡᠬᠡᠨ ᠡᠷᠬᠢᠯᠡᠬᠦ ᠴᠠᠭ ᠢ 1 ᠠᠵᠢᠯᠯᠠᠬᠤ ᠡᠳᠦᠷ ᠤᠨ ᠳᠣᠲᠣᠷ᠎ᠠ ᠪᠣᠯᠲᠠᠯ᠎ᠠ ᠪᠤᠭᠤᠨᠢᠰᠬᠠᠪᠠ᠃ ︽ᠮᠦᠩᠬᠡ ᠰᠤᠪᠠᠭ︾ ᠢ ᠳᠠᠩᠰᠠᠯᠠᠭᠤᠯᠤᠭᠰᠠᠨ ᠬᠥᠮᠦᠨ ᠤ ᠲᠤᠭ᠎ᠠ ᠶᠢᠨ ᠬᠠᠷᠢᠴᠠᠯ᠂ ᠢᠳᠡᠪᠬᠢᠴᠡ᠂ ᠭᠠᠷ ᠤᠲᠠᠰᠤ ᠪᠠᠷ ᠭᠦᠢᠴᠡᠳᠭᠡᠬᠦ ᠬᠡᠷᠡᠭᠯᠡᠯᠲᠡ ᠵᠢᠴᠢ ︽ᠲᠠᠨ ᠢ ᠬᠠᠪᠰᠤᠷᠤᠨ ᠭᠦᠶᠴᠡᠳᠬᠡᠬᠦ︾ ᠠᠵᠢᠯ ᠪᠥᠬᠦ ᠣᠷᠣᠨ ᠳᠤ ᠲᠡᠷᠢᠭᠦᠯᠡᠵᠦ᠂ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠤᠨ ︽ᠣᠯᠠᠨ ᠲᠣᠭᠲᠠᠭᠠᠯ ᠢ ᠨᠢᠭᠡ ᠪᠣᠯᠭᠠᠬᠤ︾ ᠵᠢᠴᠢ ᠲᠤᠬᠠᠶᠢᠯᠠᠭᠰᠠᠨ ᠠᠵᠢᠯ ᠤᠨ ᠬᠠᠮᠵᠢᠯᠴᠠᠬᠤ ᠲᠠᠪᠴᠠᠩ ᠢ ᠪᠥᠬᠦ ᠲᠠᠯ᠎ᠠ ᠪᠠᠷ ᠡᠬᠢᠯᠡᠨ ᠬᠡᠷᠡᠭᠯᠡᠪᠡ᠃ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢ 7 ᠭᠤᠭᠴᠤᠭ᠎ᠠ ᠠᠴᠠ 3 ᠭᠤᠭᠴᠤᠭ᠎ᠠ ᠪᠣᠯᠭᠠᠨ ᠪᠠᠭᠠᠰᠬᠠᠪᠠ᠃ 12345 ᠬᠠᠯᠠᠮᠰᠢᠯ ᠤᠲᠠᠰᠤ ᠶᠢᠨ ᠰᠢᠶᠳᠪᠦᠷᠢᠯᠡᠵᠦ ᠳᠠᠭᠤᠰᠬᠠᠭᠰᠠᠨ ᠨᠤᠷᠮ᠎ᠠ ᠪᠠ ᠬᠠᠨᠤᠮᠵᠢᠲᠠᠶ ᠪᠠᠶᠢᠬᠤ ᠨᠤᠷᠮ᠎ᠠ ᠴᠥᠮ 98% ᠶᠢ ᠳᠠᠪᠠᠵᠤ᠂ ︽ᠰᠢᠭᠤᠳ ᠨᠡᠪᠲᠡᠷᠡᠭᠦᠯᠭᠡ 12345︾ ᠵᠠᠰᠠᠭ ᠤᠨ ᠶᠠᠪᠤᠳᠠᠯ ᠢ ᠠᠰᠠᠭᠤᠬᠤ ᠨᠡᠪᠲᠡᠷᠡᠭᠦᠯᠭᠡ ᠤᠯᠠᠨ ᠲᠦᠮᠡᠨ ᠤ ᠰᠠᠶᠢᠨ ᠦᠨᠡᠯᠡᠯᠲᠡ ᠶᠢ ᠤᠯᠪᠠ᠃ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠰᠢᠶᠳᠪᠦᠷᠢᠯᠡᠬᠦ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠢᠨ᠎ᠡ ᠪᠠᠷ ᠨᠡᠮᠡᠭᠳᠡᠭᠰᠡᠨ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠤᠭᠰᠠᠨ ᠬᠡᠮᠵᠢᠶ᠎ᠡ 13 ᠳ᠋ᠦᠩᠰᠢᠭᠤᠷ ᠲᠥᠭᠦᠷᠢᠭ ᠢ ᠳᠠᠪᠠᠵᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ 96.7 ᠳ᠋ᠦᠩᠰᠢᠭᠤᠷ ᠲᠥᠭᠦᠷᠢᠭ ᠤᠨ ᠵᠢᠭᠡᠯᠡᠯᠭᠡ ᠣᠯᠬᠤ ᠶᠢ ᠳᠡᠮᠵᠢᠵᠦ᠂ ᠵᠢᠯ ᠤᠨ ᠳᠤᠮᠳᠠᠴᠢ ᠳᠠᠭᠠᠭᠠᠯᠲᠠ ᠶᠢᠨ ᠰᠦᠢᠳᠬᠡᠯ ᠤᠨ ᠨᠤᠷᠮ᠎ᠠ ᠶᠢ ᠨᠡᠶᠢᠳᠡᠮ ᠳᠡᠭᠡᠨ 1% ᠪᠣᠯᠲᠠᠯ᠎ᠠ ᠪᠠᠭᠤᠷᠠᠭᠤᠯᠪᠠ᠃ ᠪᠦᠬᠦ ᠵᠢᠯ ᠳᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢᠯ ᠢ ᠬᠥᠮᠥᠷᠭᠡ ᠳᠤ 158 ᠵᠦᠢᠯ ᠣᠷᠣᠭᠤᠯᠵᠤ᠂ ᠪᠣᠳᠠᠲᠠᠶᠢᠵᠢᠭᠤᠯᠤᠭᠰᠠᠨ ᠪᠡᠯᠡ ᠮᠥᠩᠭᠦ ᠠᠳᠠᠯᠢ ᠬᠤᠭᠤᠴᠠᠭᠠᠨ ᠤ ᠬᠢ ᠠᠴᠠ 40.6% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ ᠣᠷᠣᠨ ᠤ ᠬᠤᠶᠠᠳᠤᠭᠠᠷ ᠲᠤ ᠣᠷᠣᠪᠠ᠃   ᠭᠠᠳᠠᠭᠠᠳᠦ ᠠᠷᠠᠯᠵᠢᠶ᠎ᠠ ᠲᠠᠰᠤᠷᠠᠯᠲᠠ ᠥᠬᠡᠶ ᠦᠷᠭᠡᠵᠢᠪᠡ᠃ ᠤᠯᠠᠭᠠᠨᠴᠠᠪ — ᠡᠷᠢᠶᠡᠨ ᠬᠤᠲᠠ ᠶᠢᠨ ᠤᠯᠤᠰ ᠤᠨ ᠪᠠᠷᠠᠭᠠᠨ ᠤ ᠭᠦᠶᠯᠭᠡᠭᠡᠨ ᠤ ᠬᠦᠢᠰᠦ ᠶᠢᠨ ᠪᠥᠲᠥᠭᠡᠨ ᠪᠠᠶᠢᠭᠤᠯᠤᠯᠲᠠ ᠪᠠ ᠪᠣᠭᠤᠮᠲᠠ ᠶᠢᠨ ᠳᠣᠲᠣᠷ᠎ᠠ ᠭᠠᠵᠠᠷ ᠤᠨ ᠨᠢᠭᠡ ᠴᠤᠭᠴᠠᠵᠢᠯᠲᠠ ᠶᠢ ᠲᠦᠷᠭᠡᠳᠬᠡᠨ ᠠᠬᠢᠭᠤᠯᠵᠤ᠂ ︽ᠨᠢᠭᠡ ᠬᠦᠷᠢᠶᠡᠯᠡᠩ ᠵᠢᠷᠭᠤᠭᠠᠨ ᠲᠣᠭᠤᠷᠢᠭ︾ ᠤᠨ ᠪᠠᠶᠢᠷᠢᠰᠢᠯ ᠢ ᠦᠨᠳᠦᠰᠦᠨ ᠳᠡᠭᠡᠨ ᠪᠦᠷᠢᠯᠳᠦᠭᠦᠯᠪᠡ᠃ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢ 168 ᠴᠤᠪᠤᠭ᠎ᠠ ᠨᠡᠪᠲᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ 52% ᠢ ᠡᠵᠡᠯᠡᠵᠦ᠂ ᠲᠡᠷᠢᠭᠦᠨ ᠪᠠᠶᠢᠷᠢᠨ ᠳᠤ ᠯᠠᠪᠳᠠᠭᠤᠨ ᠣᠷᠣᠪᠠ᠃ ᠳᠣᠯᠣᠳᠤᠭᠠᠷ ᠰᠤᠮᠤᠨ ᠤ ᠭᠠᠶᠢᠯᠢ ᠪᠠᠲᠤᠯᠠᠬᠤ ᠪᠠᠷᠠᠭᠠᠨ ᠤ ᠭᠦᠶᠯᠭᠡᠭᠡᠨ ᠤ ᠲᠥᠪ ︵B ᠬᠡᠯᠪᠡᠷᠢ ︶ 2021 ᠣᠨ ᠤ ᠶᠡᠷᠦᠩᠬᠡᠢ ᠪᠠᠷᠠᠭᠠᠨ ᠤ ᠥᠷᠲᠡᠭ ᠨᠢ ᠥᠪᠡᠷᠲᠡᠭᠡᠨ ᠵᠠᠰᠠᠬᠤ ᠣᠷᠣᠨ ᠤ ᠠᠳᠠᠯᠢ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠲᠠᠯᠠᠪᠤᠷ ᠤᠨ ᠡᠮᠦᠨ᠎ᠡ ᠡᠩᠨᠡᠭᠡᠨ ᠣᠷᠣᠵᠤ᠂ ᠣᠷᠣᠰ ᠤᠨ ᠲᠡᠮᠦᠷ ᠵᠠᠮ ᠤᠨ ᠴᠢᠩᠭᠡᠯᠢᠭ ᠤᠨ ᠬᠠᠶᠢᠷᠴᠠᠭ ᠪᠤᠴᠠᠭᠠᠬᠤ ᠴᠡᠭ ᠤᠨ ᠲᠥᠷᠥᠯ ᠵᠦᠶᠯ ᠦᠨᠳᠦᠰᠦᠨ ᠳᠡᠭᠡᠨ ᠪᠠᠶᠢᠭᠤᠯᠤᠭᠳᠠᠪᠠ᠃ ᠱᠤ᠋ ᠳ᠋ᠦ᠋ ᠺᠠᠢ ᠳ᠋ᠠ ᠤᠯᠤᠰ ᠤᠨ ᠳᠡᠰ ᠤᠨ ᠭᠠᠳᠠᠭᠠᠳᠤ ᠠᠷᠠᠯᠵᠢᠶᠠᠨ ᠤ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠰᠠᠭᠤᠷᠢᠨ ᠢᠶᠠᠷ ᠵᠥᠪᠰᠢᠶᠡᠷᠡᠭᠳᠡᠪᠡ᠃ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠪᠦᠬᠦ ᠲᠤᠭ᠎ᠠ 29.4 ᠳ᠋ᠦᠩᠰᠢᠭᠤᠷ ᠲᠥᠭᠦᠷᠢᠭ ᠲᠤ ᠬᠦᠷᠴᠦ᠂ ᠭᠠᠳᠠᠭᠠᠳᠤ ᠪᠡᠯᠡ ᠮᠥᠩᠭᠦ ᠶᠢ 2.4 ᠳ᠋ᠦᠩᠰᠢᠭᠤᠷ ᠲᠥᠭᠦᠷᠢᠭ ᠪᠣᠳᠠᠲᠠᠢ ᠠᠰᠢᠭᠯᠠᠵᠤ᠂ 63% ᠪᠠᠷ ᠨᠡᠮᠡᠭᠳᠡᠪᠡ᠃    ᠲᠠᠪᠤ ᠳᠤ ᠬᠠᠮᠲᠤᠪᠠᠷ ᠡᠳ᠋ᠯᠡᠬᠦ ᠪᠠᠷ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠠᠷᠠᠳ ᠤᠯᠠᠨ ᠤ ᠠᠮᠢᠳᠤᠷᠠᠯ ᠳᠤ ᠣᠯᠣᠯᠲᠠ ᠲᠥᠷᠥᠭᠳᠡᠯ ᠲᠠᠢ ᠪᠣᠯᠭᠠᠪᠠ᠃ ᠡᠩ ᠤᠨ ᠴᠢᠨᠠᠷᠲᠠᠶ ᠵᠠᠷᠤᠯᠭ᠎ᠠ ᠶᠢ 6.3% ᠪᠠᠷ ᠬᠠᠰᠤᠨ ᠪᠠᠭᠠᠰᠬᠠᠵᠤ᠂ ︽ᠠᠯᠪᠠᠨ ᠤ ᠭᠤᠷᠪᠠᠨ︾ ᠵᠠᠷᠤᠳᠠᠯ ᠢ 10% ᠪᠠᠷ ᠪᠠᠭᠤᠷᠠᠭᠤᠯᠵᠤ᠂ ᠡᠳ᠋ ᠤᠨ ᠵᠠᠰᠠᠭ ᠤᠨ ᠠᠷᠠᠳ ᠤᠨ ᠠᠮᠢᠳᠤᠷᠠᠯ ᠤᠨ ᠵᠠᠷᠤᠯᠭ᠎ᠠ ᠨᠢ ᠡᠩ ᠤᠨ ᠣᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠳᠤ ᠡᠵᠡᠯᠡᠬᠦ ᠬᠠᠷᠢᠴᠠᠯ ᠨᠢ 80% ᠳᠤ ᠬᠦᠷᠪᠡ᠃ ᠲᠦᠭᠰᠢᠭᠦᠷᠢ ᠥᠷᠢᠰᠦᠯᠳᠦᠭᠡᠨ ᠢ ᠪᠦᠲᠦᠮᠵᠢᠳᠡᠢ ᠠᠷᠭᠠᠴᠠᠪᠠ᠃ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠪᠠ ᠬᠤᠯᠤᠭᠠᠨ᠎ᠠ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠩᠭᠤᠵᠢᠭᠤᠯᠤᠨ ᠰᠠᠶᠢᠲᠤᠷ ᠠᠳᠬᠤᠵᠤ᠂ ᠭᠠᠩ ᠬᠠᠭᠰᠠᠷᠠᠭᠠᠨ ᠲᠠᠢ ᠲᠡᠮᠡᠴᠡᠵᠦ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠵᠤ ᠭᠠᠮᠰᠢᠭ ᠠᠴᠠ ᠠᠪᠤᠷᠠᠬᠤ ᠠᠵᠢᠯ ᠢ ᠦᠨᠡᠨᠬᠦ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠤᠭᠰᠠᠨ ᠲᠤᠭ᠎ᠠ ᠪᠠ ᠠᠳᠡᠭᠰᠡᠨ ᠬᠥᠮᠥᠨ ᠤ ᠲᠤᠭ᠎ᠠ ᠵᠡᠷᠭᠡᠪᠡᠷ ᠪᠠᠭᠤᠷᠠᠪᠠ᠃ ᠰᠤᠷᠭᠠᠭᠤᠯᠢ ᠶᠢᠨ ᠠᠮᠤᠷ ᠲᠦᠪᠰᠢᠨ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠪᠠ᠃ ᠣᠨ ᠤ ᠥᠷᠢ ᠥᠭᠴᠡᠭᠡ ᠪᠠᠨ ᠠᠷᠢᠯᠭᠠᠬᠤ ᠡᠭᠦᠷᠭᠡ ᠶᠢᠨ ᠢᠶᠠᠨ 127.9% ᠶᠢ ᠪᠡᠶᠡᠯᠡᠭᠦᠯᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠠᠶᠢᠳᠠᠪᠤᠷᠢ ᠮᠠᠭᠤᠲᠠᠢ ᠵᠢᠭᠡᠯᠡᠯᠭᠡ ᠶᠢ 46.3 ᠳ᠋ᠦᠩᠰᠢᠭᠤᠷ ᠲᠥᠭᠦᠷᠢᠭ ᠴᠡᠪᠡᠷᠯᠡᠨ ᠬᠤᠷᠢᠶᠠᠵᠤ ᠰᠢᠢᠳᠪᠦᠷᠢᠯᠡᠭᠡᠳ᠂ ᠰᠢᠰᠲ᠋ᠧᠮ ᠤᠨ ᠴᠢᠨᠠᠷᠲᠠᠢ ᠲᠦᠭᠰᠢᠭᠦᠷᠢ ᠦᠯᠦ ᠡᠭᠦᠰᠬᠦ ᠬᠤᠷᠢᠭ᠎ᠠ ᠱᠤᠭᠤᠮ ᠢ ᠪᠠᠲᠤ ᠰᠠᠬᠢᠪᠠ᠃ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠠᠷᠢᠯᠭᠠᠬᠤ ᠵᠠᠭᠤᠨ ᠡᠳᠦᠷ ᠤᠨ ᠰᠢᠪᠲᠤᠯᠤᠯᠲᠠ ᠶᠢᠨ ᠠᠵᠢᠯ ᠢ ᠥᠷᠨᠢᠭᠦᠯᠵᠦ᠂ ᠵᠠᠬᠢᠳᠠᠯ ᠰᠣᠷᠪᠤᠯᠵᠢᠯᠠᠭ᠎ᠠ ᠶᠢᠨ ᠬᠢᠨᠠᠨ ᠰᠢᠯᠭᠠᠯᠲᠠ ᠬᠤᠶᠠᠷ ᠵᠢᠯ ᠳᠠᠷᠠᠭᠠᠯᠠᠨ ᠪᠦᠬᠦ ᠣᠷᠣᠨ ᠳᠤ ᠲᠡᠷᠢᠭᠦᠯᠡᠵᠦ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠤᠬᠢᠴᠠᠩᠭᠤᠢ ᠪᠥᠭᠡᠳ ᠲᠣᠭᠲᠠᠭᠤᠨ ᠪᠠᠶᠢᠬᠤ ᠶᠢ ᠪᠠᠲᠤᠯᠠᠪᠠ᠃ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠪᠦᠬᠦ ᠤᠯᠤᠰ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠵᠤ᠂ ᠰᠢᠩ ᠾᠧ ᠰᠢᠶᠠᠨ ︽ᠠᠮᠤᠭᠤᠯᠠᠩᠲᠤ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠰᠢᠶᠠᠨ︾ ᠤ ᠴᠣᠯᠠ ᠶᠢ ᠭᠥᠷᠳᠡᠪᠡ᠃   ᠨᠡᠶᠢᠭᠡᠮ ᠤᠨ ᠪᠠᠲᠤᠯᠠᠭ᠎ᠠ ᠲᠠᠰᠤᠷᠠᠯᠳᠡ ᠦᠭᠡᠢ ᠴᠢᠩᠭᠠᠷᠠᠪᠠ᠃ ᠬᠤᠳᠠ ᠪᠠᠯᠭᠠᠰᠤᠨ ᠤ ᠰᠢᠨ᠎ᠡ ᠪᠠᠷ ᠨᠡᠮᠡᠭᠳᠡᠭᠰᠡᠨ ᠠᠵᠢᠯ ᠣᠯᠣᠭᠰᠠᠨ ᠬᠦᠮᠦᠨ 8719᠂ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ 4.2% ᠲᠤ ᠬᠦᠷᠴᠦ ᠂ ᠣᠨ ᠤ ᠡᠭᠦᠷᠭᠡ ᠪᠠᠨ ᠪᠦᠷ ᠳᠠᠪᠠᠭᠤᠯᠤᠨ ᠪᠡᠶᠡᠯᠡᠭᠦᠯᠪᠡ᠃ ᠡᠯ᠎ᠡ ᠲᠦᠷᠦᠯ ᠤᠨ ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢ ᠲᠤᠭᠲᠠᠭᠤᠨ ᠢᠶᠠᠷ ᠳᠡᠭᠡᠭᠰᠢᠯᠡᠭᠦᠯᠵᠦ᠂ 47 ᠲᠦᠮᠡᠨ ᠬᠦᠴᠢᠷᠳᠡᠯ ᠲᠠᠢ ᠤᠯᠠᠨ ᠲᠦᠮᠡᠨ ᠤ ᠦᠨᠳᠦᠰᠦᠨ ᠠᠮᠢᠳᠤᠷᠠᠯ ᠢ ᠪᠠᠲᠦ ᠪᠠᠬᠢᠵᠢᠭᠦᠯᠪᠡ᠃ ᠵᠡᠮᠳᠡᠭ ᠬᠡᠦᠬᠡᠳ ᠢ ᠡᠮᠨᠡᠯᠭᠡ ᠳᠤ ᠰᠠᠭᠤᠯᠭᠠᠵᠤ ᠡᠷᠡᠭᠦᠯᠵᠢᠬᠦᠯᠬᠦ ᠳᠤ ᠣᠷᠣ ᠶᠢᠨ ᠡᠳᠦᠷ ᠢᠶᠠᠷ ᠵᠠᠷᠤᠳᠠᠯ ᠲᠤᠰᠢᠶᠠᠬᠤ ᠠᠷᠭ᠎ᠠ ᠮᠠᠶ᠋ᠢᠭ ᠢ ᠪᠥᠬᠦ ᠣᠷᠣᠨ ᠳᠤ ᠤᠷᠢᠳ ᠢᠶᠠᠷ ᠦᠷᠨᠢᠭᠦᠯᠵᠦ᠂ ᠤᠯᠤᠰ ᠤᠨ ᠲᠠᠰ ᠤᠨ ᠡᠮᠴᠢᠯᠡᠭᠡᠨ ᠤ ᠳᠠᠭᠠᠳᠬᠠᠯ ᠤᠨ ᠣᠶᠤᠨᠴᠢ ᠬᠢᠨᠠᠨ ᠡᠵᠡᠮᠳᠡᠬᠦ ᠵᠢᠱᠢᠶ᠎ᠡ ᠦᠵᠡᠭᠦᠯᠬᠦ ᠴᠡᠭ ᠤᠨ ᠪᠦᠲᠦᠭᠡᠨ ᠪᠠᠶᠢᠭᠤᠯᠤᠯᠲᠠ ᠰᠢᠯᠢᠳᠡᠭ ᠳᠡᠰ ᠢ ᠣᠯᠣᠭᠰᠠᠨ ᠪᠠᠶᠢᠨ᠎ᠠ᠃ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠨᠡᠶᠢᠲᠡ ᠶᠢᠨ ᠣᠩᠭᠤᠨ ᠢ 143 ᠰᠢᠨ᠎ᠡ ᠪᠠᠷ ᠪᠠᠶᠢᠭᠤᠯᠪᠠ᠃ 267 ᠲᠦᠮᠡᠨ ᠲᠣᠨ ᠴᠠᠬᠢᠯᠭᠠᠨ ᠭᠠᠷᠭᠠᠵᠤ ᠢᠯᠴᠢ ᠬᠠᠩᠭᠠᠬᠤ ᠳᠤ ᠬᠡᠷᠡᠭᠯᠡᠬᠦ ᠨᠡᠭᠦᠷᠡᠰᠦᠨ ᠤ ᠳᠤᠲᠠᠭᠤᠳᠠᠯ ᠢ ᠪᠦᠲᠦᠮᠵᠢᠲᠡᠶ ᠪᠠᠲᠤᠯᠠᠪᠠ᠃ ᠬᠤᠳᠠ ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠲᠠᠬᠢ 9009 ᠡᠷᠤᠭᠡ ᠶᠢ ᠥᠭᠡᠷᠡᠴᠢᠯᠡᠨ ᠰᠢᠨᠡᠳᠭᠡᠵᠦ᠂ ᠲᠦᠬᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠲᠠᠬᠢ 7537 ᠢᠵᠢ ᠭᠡᠷ ᠪᠠᠶᠢᠰᠢᠩ ᠢ ᠥᠭᠡᠷᠡᠴᠢᠯᠡᠨ ᠰᠢᠨᠡᠳᠭᠡᠬᠦ ᠶᠢ ᠬᠡᠷᠡᠭᠵᠢᠭᠦᠯᠦᠨ᠂ ᠭᠡᠷ ᠪᠠᠶᠢᠰᠢᠩ ᠭᠠᠵᠠᠷ ᠬᠥᠷᠥᠩᠭᠡ ᠶᠢᠨ ᠲᠡᠦᠬᠡᠨ ᠠᠴᠠ ᠦᠯᠡᠳᠡᠭᠳᠡᠵᠦ ᠢᠷᠡᠭᠰᠡᠨ ᠨᠠᠶᠢᠲᠡ 516 ᠠᠰᠠᠭᠤᠳᠠᠯ 12.4 ᠲᠦᠮᠡᠨ ᠢᠵᠢ ᠶᠢ ᠰᠢᠢᠳᠪᠦᠷᠢᠯᠡᠨ᠂ ᠨᠤᠷᠠᠬᠤ ᠠᠶᠤᠯᠲᠠᠢ ᠪᠠᠶᠢᠭᠰᠠᠨ 1448 ᠡᠷᠤᠭᠡ ᠶᠢᠨ ᠭᠡᠷ ᠪᠠᠶᠢᠰᠢᠩ ᠢ ᠥᠭᠡᠷᠡᠴᠢᠯᠡᠨ ᠰᠢᠨᠡᠳᠭᠡᠬᠦ ᠲᠦᠷᠦᠯ ᠵᠦᠢᠯ ᠢ ᠳᠠᠭᠤᠰᠬᠠᠵᠤ᠂ ᠤᠯᠠᠨ ᠲᠦᠮᠡᠨ ᠤ ︽ᠠᠮᠤᠷ ᠲᠦᠪᠰᠢᠨ ᠣᠷᠣᠨ ᠰᠠᠭᠤᠴᠠ ᠶᠢᠨ ᠬᠦᠰᠡᠯ︾ ᠢ ᠲᠣᠭᠲᠠᠭᠤᠨ ᠢᠶᠠᠷ ᠪᠡᠶᠡᠯᠡᠭᠦᠯᠪᠡ᠃   ᠤᠯᠠᠨ ᠨᠡᠶᠢᠲᠡ ᠶᠢᠨ ᠦᠢᠯᠡᠴᠢᠯᠡᠭᠡ ᠡᠳᠦᠷ ᠢᠷᠡᠬᠦᠶ᠎ᠡ ᠨᠡᠮᠡᠭᠳᠡᠪᠡ᠃ ᠪᠡᠭᠡᠵᠢᠩ ᠤᠨ ᠴᠢᠨᠠᠷ ᠰᠠᠶᠢᠲᠠᠢ ᠰᠤᠷᠭᠠᠨ ᠬᠥᠮᠦᠵᠢᠯ ᠪᠠ ᠡᠮ ᠡᠮᠨᠡᠯᠭᠡ ᠶᠢᠨ ᠡᠬᠢ ᠪᠠᠶᠠᠯᠢᠭ ᠢ ᠢᠳᠡᠪᠬᠢᠲᠠᠢ ᠪᠠᠷ ᠣᠷᠣᠭᠤᠯᠤᠨ ᠠᠪᠴᠢᠷᠠᠪᠠ᠃ ᠬᠡᠦᠬᠡᠳ ᠤᠨ ᠴᠡᠴᠡᠷᠯᠢᠭ ᠢ 12 ᠰᠢᠨ᠎ᠡ ᠪᠠᠷ ᠪᠠᠶᠢᠭᠤᠯᠤᠭᠰᠠᠨ ᠪᠤᠶᠤ ᠦᠷᠭᠦᠯᠵᠢᠯᠡᠨ ᠪᠠᠶᠢᠭᠤᠯᠪᠠ᠃ ︽ᠬᠤᠶᠠᠷ ᠢ ᠬᠦᠩᠭᠡᠷᠡᠭᠦᠯᠬᠦ︾ ᠲᠦᠷᠦ ᠶᠢᠨ ᠪᠣᠳᠣᠯᠭ᠎ᠠ ᠶᠢ ᠪᠣᠳᠠᠲᠠᠢ ᠪᠠᠷ ᠨᠠᠶᠢᠳᠠᠪᠤᠷᠢᠵᠢᠭᠤᠯᠤᠨ ᠬᠡᠷᠡᠭᠵᠢᠭᠦᠯᠵᠦ᠂ ᠰᠤᠷᠭᠠᠭᠤᠯᠢ ᠶᠢᠨ ᠳᠣᠲᠣᠷᠠᠬᠢ ᠬᠢᠴᠢᠶᠡᠯ ᠤᠨ ᠳᠠᠷᠠᠭᠠᠬᠢ ᠦᠢᠯᠡᠴᠢᠯᠡᠭᠡ ᠶᠢᠨ ᠥᠪᠴᠢ ᠪᠦᠷᠬᠦᠯᠲᠡ ᠶᠢ ᠪᠡᠶᠡᠯᠡᠭᠦᠯᠪᠡ᠃ ᠤᠯᠤᠰ ᠤᠨ ᠨᠢᠭᠡᠲᠦᠯᠳᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠡᠭᠦᠷᠬᠡ ᠶᠢ ᠬᠤᠭᠤᠴᠠᠭ᠎ᠠ ᠶᠣᠰᠣᠭᠠᠷ ᠪᠡᠶᠡᠯᠡᠭᠦᠯᠪᠡ᠃ ᠬᠤᠲᠠ ᠶᠢᠨ ᠠᠵᠢᠯ ᠤᠨ ᠴᠢᠯᠦᠭᠡᠨ ᠤ ᠪᠡᠶ᠎ᠡ ᠶᠢᠨ ᠲᠠᠮᠢᠷ ᠤᠨ ᠰᠤᠷᠭᠠᠭᠤᠯᠢ ᠤᠯᠤᠰ ᠤᠨ ᠬᠦᠨᠳᠦ ᠬᠥᠩᠭᠡᠨ ᠲᠠᠮᠢᠷ ᠤᠨ ᠲᠠᠩ ᠵᠦᠢᠯ ᠤᠨ ᠥᠨᠳᠥᠷ ᠬᠢᠷᠢ ᠲᠦᠪᠰᠢᠨ ᠪᠦᠬᠦᠢ ᠪᠡᠯᠡᠳᠬᠡᠯ ᠴᠢᠳᠠᠪᠤᠷᠢᠲᠠᠨ ᠤ ᠰᠠᠭᠤᠷᠢᠨ ᠢᠶᠠᠷ ᠰᠤᠩᠭᠤᠭᠳᠠᠪᠠ᠃ ᠬᠤᠲᠠ ᠰᠢᠶᠠᠨ ᠤ ᠡᠪᠡᠳᠴᠢᠨ ᠡᠮᠬᠡᠭ ᠰᠡᠷᠭᠡᠶᠢᠯᠡᠨ ᠡᠵᠡᠮᠳᠠᠬᠦ ᠪᠠᠶᠢᠭᠤᠯᠤᠮᠵᠢ ᠶᠢᠨ ᠪᠠᠶᠢᠭᠤᠯᠤᠯᠲᠠ ᠶᠢ ᠲᠦᠷᠭᠡᠳᠭᠡᠵᠤ᠂ ᠦᠨᠳᠦᠰᠦᠨ ᠱᠠᠲᠤᠨ ᠤ ᠡᠮᠨᠡᠯᠬᠡ ᠡᠷᠡᠭᠦᠯ ᠬᠠᠮᠠᠭᠠᠯᠠᠯ ᠤᠨ ᠦᠢᠯᠡᠴᠢᠯᠡᠬᠦ ᠴᠢᠳᠠᠪᠤᠷᠢ ᠶᠢ ᠪᠦᠬᠦᠯᠢ ᠴᠤᠭᠴᠠ ᠪᠠᠷ ᠨᠢ ᠳᠡᠭᠡᠭᠰᠢᠯᠡᠭᠦᠯᠪᠡ᠃ ᠱᠠᠩᠳᠤ ᠰᠢᠶᠠᠨ ᠪᠦᠬᠦ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠵᠢᠱᠢᠶ᠎ᠡ ᠦᠵᠡᠭᠦᠯᠬᠦ ᠰᠢᠶᠠᠨ ᠤ ᠡᠭᠦᠳᠦᠨ ᠪᠠᠶᠢᠭᠤᠯᠬᠤ ᠨᠢᠭᠡᠴᠢ ᠶᠢᠨ ᠨᠡᠷᠡᠰ ᠲᠤ ᠰᠣᠩᠭᠤᠭᠳᠠᠪᠠ᠃ ︽ᠲᠠᠯ᠎ᠠ ᠨᠤᠲᠤᠭ ᠤᠨ ᠲᠣᠷᠭᠠᠨ ᠵᠠᠮ · ᠬᠠᠰ ᠯᠣᠩᠬᠤ︾ ᠵᠡᠷᠭᠡ 89 ᠰᠢᠯᠢᠳᠡᠭ ᠵᠦᠴᠦᠭᠡ ᠶᠢ ᠵᠣᠬᠢᠶᠠᠨ ᠪᠦᠲᠦᠭᠡᠨ ᠲᠣᠭᠯᠠᠵᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠤᠯᠠᠭᠠᠨᠮᠥ᠋ᠴᠢᠷ ᠥᠪᠡᠷᠲᠡᠭᠡᠨ ᠵᠠᠰᠠᠬᠤ ᠣᠷᠣᠨ ᠤ ︽ᠨᠢᠭᠡᠳᠦᠭᠡᠷ ᠲᠦᠷᠦᠯ ᠤᠨ ᠰᠢᠯᠢᠳᠡᠭ ᠤᠯᠠᠭᠠᠨᠮᠥ᠋ᠴᠢᠷ︾ ᠢᠶᠠᠷ ᠦᠨᠡᠯᠡᠭᠳᠡᠪᠡ᠃ ᠬᠥᠮᠥᠨ ᠠᠮᠠ ᠶᠢᠨ ᠨᠠᠰᠤᠵᠢᠯᠲᠠ ᠶᠢ ᠢᠳᠡᠪᠬᠢᠲᠡᠢ ᠪᠠᠷ ᠠᠷᠭᠠᠴᠠᠵᠤ᠂ ︽ᠨᠠᠰᠤᠲᠠᠶᠢᠴᠤᠳ ᠪᠠ ᠨᠢᠯᠬᠠᠰ︾ ᠤᠨ ᠪᠦᠬᠦᠯᠢ ᠴᠣᠭᠴᠠ ᠶᠢᠨ ᠰᠢᠢᠳᠪᠦᠷᠢᠯᠡᠬᠦ ᠲᠥᠰᠥᠯ ᠢ ᠨᠡᠶᠢᠲᠡᠯᠡᠪᠡ᠃    ᠥᠩᠭᠡᠷᠡᠭᠰᠡᠨ ᠨᠢᠭᠡ ᠵᠢᠯ ᠳᠤ᠂ ᠪᠢᠳᠡ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠦ ᠴᠤᠭᠴᠠᠯᠠᠬᠤ ᠪᠠᠷ ᠭᠤᠣᠯ ᠰᠢᠵᠢᠮ ᠪᠣᠯᠭᠠᠵᠤ᠂ ᠦᠨᠳᠦᠰᠦᠲᠡᠨ ᠤ ᠠᠵᠢᠯ ᠢ ᠬᠦᠴᠦᠯᠡᠨ ᠴᠢᠩᠭᠠᠳᠬᠠᠨ ᠰᠠᠶᠢᠵᠢᠷᠠᠭᠤᠯᠵᠤ᠂ ᠤᠯᠤᠰ ᠤᠨ ᠳᠡᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠢ 1᠂ ᠥᠪᠡᠷᠲᠡᠭᠡᠨ ᠵᠠᠰᠠᠬᠤ ᠣᠷᠣᠨ ᠤ ᠳᠡᠰ ᠤᠨ 8 ᠶᠢ ᠡᠭᠦᠳᠦᠨ ᠪᠠᠶᠢᠭᠤᠯᠪᠠ᠃ ︽ᠪᠥᠬᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠲᠠ︾ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠬᠤᠲᠠ ᠶᠢᠨ ᠴᠡᠷᠢᠭ ᠤᠨ ᠬᠠᠩᠭᠠᠯᠭ᠎ᠠ ᠶᠢᠨ ᠥᠷᠲᠡᠭᠡ ︽ᠪᠥᠬᠦ ᠤᠯᠤᠰ ᠤᠨ ᠴᠡᠷᠢᠭ  ᠤᠨ ᠠᠯᠪᠠ  ᠠᠴᠠ ᠬᠠᠯᠠᠭᠳᠠᠭᠰᠠᠳ ᠤᠨ ᠦᠢᠯᠡᠴᠢᠯᠡᠭᠡ ᠪᠠᠲᠤᠯᠠᠭ᠎ᠠ ᠶᠢᠨ ᠲᠡᠷᠢᠭᠦᠨ ᠤ ᠨᠢᠭᠡᠴᠢ︾ ᠶᠢᠨ ᠢᠷᠠᠭᠤ ᠠᠯᠳᠠᠷ ᠢ ᠭᠥᠷᠳᠡᠪᠡ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠠᠷᠠᠳ ᠤᠨ ᠠᠭᠠᠷ ᠤᠨ ᠰᠡᠷᠭᠡᠶᠢᠯᠡᠯᠲᠡ᠂ ᠲᠤᠭ᠎ᠠ ᠪᠦᠷᠢᠳᠬᠡᠯ ᠤᠨ ᠪᠠᠶᠢᠴᠠᠭᠠᠯᠲᠠ᠂ ᠴᠠᠭ ᠠᠭᠤᠷ ᠵᠡᠷᠭᠡ ᠠᠵᠢᠯ ᠴᠥᠮ ᠰᠢᠨ᠎ᠡ ᠲᠠᠪᠰᠢᠯᠳᠠ ᠲᠠᠢ ᠪᠣᠯᠵᠠᠢ᠃ ᠪᠢᠳᠡ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠦᠪᠡᠳᠡᠭᠰᠢ ᠶᠡᠭᠡ ᠪᠠᠷ ᠪᠡᠯᠭᠡᠯᠡᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢᠯ ᠢ ᠴᠢᠨᠠᠷ ᠰᠠᠶᠢᠲᠠᠢ ᠦᠷᠨᠢᠭᠦᠯᠵᠦ᠂ ︽ᠪᠢ ᠤᠯᠠᠨ ᠲᠦᠮᠡᠨ ᠳᠤ ᠪᠤᠳᠠᠲᠦ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠪᠤᠳᠠᠲᠠᠢ ᠶᠢ ᠡᠷᠬᠢᠮᠯᠡᠨ ᠠᠬᠢᠭᠤᠯᠵᠤ᠂ ᠠᠷᠠᠳ ᠤᠨ ᠠᠮᠢᠳᠤᠷᠠᠯ ᠤᠨ ᠪᠤᠳᠠᠳᠦ ᠶᠠᠪᠤᠳᠠᠯ ᠢ 3.7 ᠲᠦᠮᠡ ᠭᠠᠷᠤᠢ ᠰᠢᠢᠳᠪᠦᠷᠢᠯᠡᠪᠡ᠃ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ︾ ᠶᠢᠨ ᠬᠤᠭᠤᠴᠠᠭᠠᠨ ᠤ ᠡᠯ᠎ᠡ ᠲᠦᠷᠦᠯ ᠤᠨ ᠶᠡᠷᠦᠩᠬᠡᠢ ᠲᠥᠯᠦᠪᠵᠢᠭᠦᠯᠭᠡ ᠪᠠ ᠲᠤᠰᠬᠠᠢ ᠵᠦᠢᠯ ᠤᠨ ᠲᠥᠯᠦᠪᠵᠢᠭᠦᠯᠭᠡ ᠶᠢ ᠦᠨᠳᠦᠰᠦᠨ ᠳᠡᠭᠡᠨ ᠨᠠᠶᠢᠷᠠᠭᠤᠯᠤᠨ ᠵᠣᠬᠢᠶᠠᠵᠤ ᠲᠠᠭᠤᠰᠬᠠᠪᠠ᠃ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠢᠮᠠᠭᠲᠠ ᠪᠠᠷᠢᠮᠲᠠᠯᠠᠵᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠨ᠂ ᠰᠢᠨᠵᠢᠯᠡᠬᠦ ᠤᠬᠠᠭᠠᠨᠴᠢ ᠠᠷᠠᠳᠴᠢᠯᠠᠯ ᠢᠶᠠᠷ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠣᠭᠲᠠᠴᠠ ᠶᠢ ᠪᠦᠷᠢᠨᠰᠢᠬᠦᠯᠵᠦ᠂ ︽ᠤᠯᠠᠭᠠᠨᠴᠠᠪ ᠬᠤᠲᠠ ᠶᠢᠨ ᠣᠷᠣᠰᠢᠭᠤᠯᠭ᠎ᠠ ᠶᠢᠨ ᠬᠠᠮᠢᠶᠠᠷᠤᠯᠲᠠ ᠶᠢᠨ ᠲᠦᠷᠢᠮ︾ ᠢ ᠬᠠᠤᠯᠢ ᠲᠤᠭᠲᠠᠭᠠᠬᠤ ᠳᠠᠷᠠᠭᠠᠯᠠᠯ ᠳᠤ ᠤᠷᠤᠭᠤᠯᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠯ ᠵᠥᠪᠯᠡᠯᠭᠡ᠂ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠲᠤᠷᠠᠳᠤᠯᠭ᠎ᠠ ᠪᠦᠬᠦᠨ ᠢ ᠴᠠᠭ ᠲᠤᠬᠠᠢ ᠳᠤᠨᠢ ᠰᠢᠢᠳᠪᠦᠷᠢᠯᠡᠵᠦ ᠲᠠᠭᠤᠰᠬᠠᠪᠠ᠃   ᠲᠥᠯᠥᠭᠡᠯᠡᠭᠴᠢᠳ ᠡ︕ ᠰᠢᠨᠳᠠᠷᠠᠰᠢ ᠦᠭᠡᠢ ᠦᠨᠡᠨᠴᠢ ᠰᠢᠳᠤᠷᠭᠤ ᠬᠢᠪᠡᠰᠦ ᠲᠤᠶᠢᠯ ᠤᠨ ᠡᠷᠬᠢᠮ ᠨᠠᠨᠳᠢᠨ ᠪᠣᠯᠣᠮᠤᠢ︔ ᠬᠠᠯᠠᠰᠢᠷᠠᠯ ᠦᠭᠡᠢ ᠳᠠᠬᠢᠨ ᠳᠠᠪᠲᠠᠨ ᠤᠷᠠᠯᠠᠪᠠᠰᠤ ᠰᠠᠶ᠋ᠢ ᠬᠠᠰ ᠢ ᠪᠦᠲᠦᠭᠡᠵᠦ ᠴᠢᠳᠠᠮᠤᠢ᠃ ᠲᠦᠷᠪᠡᠨ ᠵᠢᠯ ᠤᠨ ᠲᠤᠷᠰᠢ ᠢᠯᠠᠩᠭᠤᠶ᠎ᠠ ᠥᠩᠭᠡᠷᠡᠭᠰᠡᠨ ᠨᠢᠭᠡ ᠵᠢᠯ ᠳᠤ ᠣᠯᠤᠭᠰᠠᠨ ᠠᠮᠵᠢᠯᠲᠠ ᠪᠦᠲᠦᠮᠵᠢ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ ᠳᠤ ᠪᠣᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠤ ᠪᠣᠢ᠂ ᠤᠯᠠᠭᠠᠨᠴᠠᠪ ᠤᠨ ᠥᠷᠭᠡᠨ ᠤᠯᠠᠨ ᠺᠠᠳ᠋ᠷ ᠤᠯᠠᠨ ᠲᠦᠮᠡᠨ ᠥᠷᠯᠥᠭᠡ ᠦᠳᠡᠰᠢ ᠦᠭᠡᠢ ᠲᠡᠮᠡᠴᠡᠨ ᠥᠪᠡᠷ ᠢ ᠪᠠᠨ ᠤᠮᠠᠷᠲᠠᠨ ᠵᠢᠳᠬᠦᠭᠰᠡᠨ ᠪᠠ ᠨᠡᠶᠢᠭᠡᠮ ᠤᠨ ᠡᠯ᠎ᠡ ᠡᠲᠡᠭᠡᠳ ᠤᠨ ᠬᠢᠨ ᠥᠷᠭᠡᠨ ᠢᠶᠠᠷ ᠣᠷᠣᠯᠴᠠᠵᠤ ᠪᠦᠯᠬᠦᠮᠳᠡᠨ ᠬᠠᠮᠵᠢᠯᠴᠠᠭᠰᠠᠨ ᠳᠤ ᠪᠠᠶᠢᠨ᠎ᠠ᠃ ᠠᠳᠡ᠂ ᠪᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ᠂ ᠪᠦᠬᠦ ᠬᠤᠳᠠ ᠶᠢᠨ ᠡᠯ᠎ᠡ ᠦᠨᠳᠦᠰᠦᠲᠡᠨ ᠡᠯ᠎ᠡ ᠡᠲᠡᠭᠡᠳ ᠤᠨ ᠺᠠᠳ᠋ᠷ ᠣᠯᠠᠨ ᠲᠦᠮᠡᠨ᠂ ᠤᠯᠠᠭᠠᠨᠴᠠᠪ ᠤᠨ ᠪᠦᠳᠦᠭᠡᠨ ᠪᠠᠶᠢᠭᠤᠯᠤᠯᠲᠠ ᠪᠣᠯᠤᠨ ᠬᠥᠭᠵᠢᠯᠲᠡ ᠳᠤ ᠬᠤᠪᠢ ᠨᠡᠮᠡᠷᠢ ᠦᠵᠡᠭᠦᠯᠦᠭᠰᠡᠨ ᠪᠦᠬᠦ ᠨᠠᠶᠢᠵᠠ ᠨᠥᠬᠦᠳ ᠲᠤ ᠡᠷᠬᠢᠮ ᠳᠡᠭᠡᠲᠦ ᠬᠦᠨᠳᠦᠳᠭᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕   ᠠᠮᠤᠷ ᠲᠦᠪᠰᠢᠨ ᠪᠠᠶᠢᠬᠤ ᠳᠠᠭᠠᠨ ᠠᠶᠤᠯ ᠲᠦᠭᠰᠢᠭᠦᠷᠢ ᠶᠢ ᠦᠯᠦ ᠮᠠᠷᠲᠠᠵᠤ᠂ ᠬᠦᠭᠵᠢᠨ ᠴᠡᠴᠡᠭᠯᠡᠭᠰᠡᠨ ᠦᠶ᠎ᠡ ᠳᠡᠭᠡᠨ ᠬᠦᠴᠢᠷ ᠵᠤᠪᠠᠭᠤᠷᠢ ᠶᠢ ᠮᠠᠷᠲᠠᠬᠤ ᠦᠭᠡᠢ᠃ ᠪᠢᠳᠡ ᠪᠠᠰᠠ ᠭᠠᠳᠠᠭᠠᠳᠤ ᠣᠷᠴᠢᠨ ᠨᠥᠬᠦᠴᠡᠯ ᠮᠥᠨ ᠯᠡ ᠨᠠᠷᠢᠨ ᠪᠤᠳᠤᠯᠢᠶᠠᠨᠲᠠᠢ ᠪᠥᠭᠡᠳ ᠬᠦᠨᠳᠦ ᠬᠡᠴᠡᠭᠦᠦ ᠪᠠᠶᠢᠵᠤ᠂ ᠬᠢᠵᠢᠭ ᠤᠨ ᠪᠠᠶᠢᠳᠠᠯ ᠤᠨ ᠨᠥᠯᠥᠭᠡ ᠳᠤ ᠮᠠᠰᠢ ᠤᠯᠠᠨ ᠳᠤᠭᠲᠠᠪᠤᠷᠢ ᠦᠭᠡᠢ ᠴᠢᠨᠠᠷ ᠣᠷᠣᠰᠢᠵᠤ᠂ ᠠᠵᠤ ᠠᠬᠤᠢ ᠶᠢᠨ ᠪᠦᠬᠦ ᠲᠠᠯ᠎ᠠ ᠶᠢᠨ ᠰᠡᠷᠭᠦᠯᠲᠡ ᠶᠢᠨ ᠰᠠᠭᠤᠷᠢ ᠪᠠᠰᠠ ᠪᠠᠲᠤ ᠪᠠᠬᠢ ᠪᠢᠰᠢ᠂ ᠠᠵᠤ ᠠᠬᠤᠶᠢᠯᠠᠯ ᠤᠨ ᠡᠵᠡᠩᠨᠡᠯᠲᠡ ᠳᠤ ᠮᠥᠨ ᠯᠡ ᠴᠥᠭᠡᠨ ᠪᠤᠰᠤ ᠬᠦᠴᠢᠷᠳᠡᠯ ᠲᠤᠯᠭᠠᠷᠠᠵᠤ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠲᠡᠩᠴᠡᠭᠦᠷᠢᠰᠢᠯ ᠲᠠᠲᠠᠭᠤ ᠪᠠᠶᠢᠳᠠᠯ ᠲᠠᠢ ᠪᠠᠶᠢᠨ᠎ᠠ︔ ᠨᠠᠰᠤᠵᠢᠯᠲᠠ ᠶᠢᠨ ᠠᠰᠠᠭᠤᠳᠠᠯ ᠡᠳᠦᠷ ᠢᠷᠡᠬᠦᠶ᠎ᠡ ᠲᠣᠪᠣᠶᠢᠮ᠎ᠠ ᠪᠣᠯᠵᠤ᠂ ᠣᠷᠣᠨ ᠪᠦᠰᠡ ᠬᠤᠳᠠ ᠬᠥᠳᠡᠭᠡ ᠶᠢᠨ ᠬᠤᠭᠤᠷᠣᠨᠳᠣᠬᠢ ᠬᠥᠭᠵᠢᠯᠲᠡ ᠶᠢᠨ ᠵᠥᠷᠢᠶ᠎ᠡ ᠨᠡᠯᠢᠶᠡᠳ ᠶᠡᠭᠡ ᠪᠣᠯᠵᠤ᠂ ᠠᠮᠢ ᠠᠬᠤᠢ ᠣᠷᠴᠢᠨ ᠲᠤᠭᠤᠷᠢᠨ ᠤ ᠬᠠᠮᠠᠭᠠᠯᠠᠯᠲᠠ᠂ ᠤᠯᠠᠨ ᠨᠡᠶᠢᠲᠡ ᠶᠢᠨ ᠦᠢᠯᠡᠴᠢᠯᠡᠭᠡ ᠪᠠ ᠠᠷᠠᠳ ᠤᠨ ᠠᠮᠢᠳᠤᠷᠠᠯ ᠤᠨ ᠬᠦᠷᠢᠶᠡᠨ ᠳᠤ ᠪᠠᠰᠠ ᠴᠥᠭᠡᠨ ᠪᠤᠰᠤ ᠳᠤᠲᠠᠭᠤᠳᠠᠯ ᠣᠷᠣᠰᠢᠵᠤ ᠪᠠᠶᠢᠨ᠎ᠠ︔ ᠵᠠᠰᠠᠭ ᠤᠨ ᠣᠷᠳᠣᠨ ᠤ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠲᠦᠷᠭᠡᠪᠴᠢᠯᠡᠨ ᠠᠬᠢᠭᠤᠯᠬᠤ ᠴᠢᠬᠤᠯᠠᠲᠠᠢ ᠪᠠᠶᠢᠬᠤ ᠶᠢ ᠰᠡᠷᠭᠡᠭ ᠢᠶᠠᠷ ᠣᠯᠵᠤ ᠬᠠᠷᠠᠵᠤ ᠪᠠᠶᠢᠨ᠎ᠠ᠃ ᠡᠳᠡᠭᠡᠷ ᠠᠰᠠᠭᠤᠳᠠᠯ ᠢ ᠴᠥᠮ ᠬᠤᠶᠢᠰᠢᠳᠠ ᠶᠢᠨ ᠠᠵᠢᠯ ᠤᠨ ᠳᠤᠮᠳᠠ ᠪᠠᠨ ᠬᠠᠨᠳᠤᠯᠭ᠎ᠠ ᠲᠠᠢ ᠪᠠᠷ ᠰᠠᠶᠢᠵᠢᠷᠠᠭᠤᠯᠬᠤ ᠴᠢᠬᠤᠯᠠ ᠲᠠᠢ ᠪᠠᠶᠢᠨ᠎ᠠ᠃ᠬᠤᠶᠠᠷ᠂ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠤᠨ ᠤ ᠠᠵᠢᠯ ᠤᠨ ᠶᠡᠷᠦᠩᠬᠡᠢ ᠬᠠᠷᠠᠯᠲᠠ   ᠬᠤᠶᠢᠰᠢᠳᠠ ᠶᠢᠨ ᠲᠠᠪᠤᠨ ᠵᠢᠯ ᠪᠣᠯ ᠤᠯᠠᠭᠠᠨᠴᠠᠪ ᠤᠨ ᠨᠡᠶᠢᠭᠡᠮ ᠵᠢᠷᠦᠮᠲᠦ ᠣᠳᠣᠬᠢᠴᠢᠯᠠᠯᠲᠠ ᠶᠢ ᠪᠦᠳᠦᠭᠡᠨ ᠪᠠᠶᠢᠭᠤᠯᠬᠤ ᠰᠢᠨ᠎ᠡ ᠠᠶᠠᠨ ᠢᠶᠠᠨ ᠪᠦᠬᠦ ᠲᠠᠯ᠎ᠠ ᠪᠠᠷ ᠡᠬᠢᠯᠡᠭᠦᠯᠬᠦ ᠵᠠᠩᠭᠢᠯᠠᠭ᠎ᠠ ᠶᠢᠨ ᠴᠠᠭ ᠦᠶ᠎ᠡ ᠮᠦᠨ᠃ ᠬᠤᠳᠠ ᠶᠢᠨ ᠲᠠᠪᠤᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠤᠰᠤᠭᠠᠷ᠂ ᠬᠤᠶᠢᠰᠢᠳᠠ ᠶᠢᠨ ᠲᠠᠪᠤᠨ ᠵᠢᠯ ᠤᠨ ᠵᠠᠰᠠᠭ ᠤᠨ ᠣᠷᠳᠣᠨ ᠤ ᠠᠵᠢᠯ ᠤᠨ ᠭᠤᠣᠯ ᠬᠠᠷᠠᠯᠲᠠ ᠪᠣᠯ᠄ ᠪᠦᠬᠦ ᠬᠤᠲᠠ ᠶᠢᠨ《ᠠᠷᠪᠠᠨ ᠳᠥᠷᠪᠡᠳᠦᠭᠡᠷ ᠲᠠᠪᠤᠨ ᠵᠢᠯ 》 ᠤᠨ ᠲᠥᠯᠥᠪᠵᠢᠭᠦᠯᠭᠡ ᠳᠤ ᠲᠤᠭᠲᠠᠭᠠᠭᠰᠠᠨ ᠬᠥᠭᠵᠢᠯᠲᠡ ᠶᠢᠨ ᠬᠠᠷᠠᠯᠲᠠ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ᠃ ᠡᠨᠡ ᠬᠦ ᠰᠠᠭᠤᠷᠢᠨ ᠳᠡᠭᠡᠷ᠎ᠡ᠂ ︽ᠭᠤᠷᠪᠠ ᠶᠢ ᠦᠨᠳᠦᠷ ᠪᠠᠶᠢᠯᠭᠠᠬᠤ᠂ ᠲᠠᠪᠤ ᠶᠢ ᠡᠮᠦᠨ᠎ᠡ ᠡᠩᠨᠡᠭᠡᠨ ᠳᠤ ᠣᠷᠣᠭᠤᠯᠬᠤ︾ ᠶᠢ ᠪᠡᠶᠡᠯᠡᠭᠦᠯᠦᠨ᠎ᠡ᠃ ︽ᠭᠤᠷᠪᠠ ᠶᠢ ᠥᠨᠳᠥᠷ ᠪᠠᠶᠢᠯᠭᠠᠬᠤ︾ ᠭᠡᠳᠡᠭ ᠨᠢ ᠳᠠᠷᠤᠶ ᠠᠵᠤ ᠠᠬᠤᠶ ᠶᠢᠨ ᠨᠡᠮᠡᠭᠳᠡᠯ ᠤᠨ ᠬᠤᠷᠳᠤᠴᠠ ᠨᠢ ᠪᠥᠬᠦ ᠣᠷᠣᠨ ᠤ ᠳᠤᠮᠳᠠᠴᠢ ᠬᠢᠷᠢ ᠲᠦᠪᠰᠢᠨ ᠠᠴᠠ ᠥᠨᠳᠥᠷ᠂ ᠬᠤᠲᠠ ᠪᠠᠯᠭᠠᠰᠤ ᠪᠠ ᠬᠥᠳᠡᠭᠡ ᠲᠤᠰᠬᠤᠨ ᠤ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠨᠢ ᠠᠵᠤ ᠠᠬᠤᠶ ᠶᠢᠨ ᠨᠡᠮᠡᠭᠳᠡᠯ ᠤᠨ ᠬᠤᠷᠳᠤᠴᠠ ᠠᠴᠠ ᠦᠨᠳᠦᠷ ᠢ ᠬᠡᠯᠡᠵᠦ ᠪᠤᠢ︔ ︽ᠲᠠᠪᠤ ᠶᠢ ᠡᠮᠦᠨ᠎ᠡ ᠡᠩᠨᠡᠭᠡᠨ ᠳᠤ ᠣᠷᠣᠭᠤᠯᠬᠤ︾ ᠭᠡᠳᠡᠭ ᠨᠢ ᠳᠠᠷᠤᠢ ᠪᠦᠬᠦ ᠤᠯᠤᠰ ᠤᠨ ᠪᠤᠳᠤᠬᠤ ᠴᠢᠳᠠᠪᠤᠷᠢ ᠶᠢᠨ ᠬᠦᠢᠰᠦ᠂ ᠪᠠᠷᠠᠭᠠᠨ ᠤ ᠭᠦᠢᠯᠭᠡᠭᠡᠨ ᠤ ᠬᠦᠢᠰᠦ᠂ ᠪᠤᠬᠢᠷᠳᠤᠯ ᠦᠭᠡᠢ ᠡᠨᠧᠷᠭᠢ ᠶᠢᠨ ᠰᠠᠭᠤᠷᠢᠨ ᠢ ᠪᠠᠶᠢᠭᠤᠯᠬᠤ᠂ ᠨᠡᠶᠢᠰᠯᠡᠯ ᠤᠨ ︽ᠲᠥᠪ ᠲᠣᠭᠤᠭᠠᠨ ᠭᠡᠷ︾᠂ ᠪᠡᠭᠡᠵᠢᠩ ᠤᠨ ᠰᠡᠯᠡᠭᠦᠴᠡᠯ ᠰᠤᠪᠢᠯᠠᠯᠲᠠ ᠶᠢᠨ ︽ᠠᠷᠤ ᠲᠠᠯ᠎ᠠ ᠶᠢᠨ ᠴᠡᠴᠡᠷᠯᠢᠭ︾ ᠢ ᠪᠠᠶᠢᠭᠤᠯᠬᠤ ᠲᠠᠯ᠎ᠠ ᠪᠠᠷ ᠡᠮᠦᠨ᠎ᠡ ᠡᠩᠨᠡᠭᠡᠨ ᠳᠤ ᠶᠠᠪᠤᠬᠤ ᠶᠢ ᠬᠡᠯᠡᠵᠦ ᠪᠣᠢ᠃   ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠳᠤ ᠲᠦᠷᠪᠡᠨ ᠲᠠᠯ᠎ᠠ ᠶᠢᠨ ᠱᠠᠭᠠᠷᠳᠠᠯᠭ᠎ᠠ ᠶᠢ ᠪᠠᠲᠤ ᠡᠵᠡᠮᠰᠢᠬᠦ ᠬᠡᠷᠡᠭᠲᠡᠶ᠄   ᠨᠢᠭᠡ ᠳᠤ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ ᠶᠡᠷᠦᠩᠬᠡᠢ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶᠠᠨ ᠠᠴᠠ ᠥᠪᠥᠷ ᠮᠣᠩᠭᠤᠯ ᠳᠤ ᠲᠤᠭᠲᠠᠭᠠᠵᠤ ᠦᠭᠭᠦᠭᠰᠡᠨ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠪᠠ ᠠᠵᠢᠯᠯᠠᠭᠠᠨ ᠤ ᠬᠦᠲᠦᠯᠪᠦᠷᠢ ᠶᠢ ᠭᠦᠨᠵᠡᠭᠡᠢ ᠡᠵᠡᠮᠳᠡᠵᠦ᠂ ︽ᠬᠤᠶᠠᠷ ᠬᠠᠯᠬᠠᠪᠴᠢ︾ ︽ᠬᠤᠶᠠᠷ ᠰᠠᠭᠤᠷᠢᠨ︾ ︽ᠨᠢᠭᠡ ᠪᠠᠬᠢᠯᠡᠯᠲᠡ︾ ᠶᠢᠨ ᠵᠢᠱᠢᠶ᠎ᠡ ᠦᠵᠡᠭᠦᠯᠬᠦ ᠣᠷᠣᠨ ᠢ ᠲᠦᠷᠭᠡᠳᠬᠡᠨ ᠪᠠᠶᠢᠭᠤᠯᠵᠤ᠂ ᠠᠮᠢ ᠠᠬᠤᠶ ᠶᠢ ᠤᠷᠢᠳ ᠢᠶᠠᠷ ᠪᠤᠳᠤᠯᠬᠢᠯᠠᠬᠤ᠂ ᠪᠣᠬᠢᠷᠲᠤᠯ ᠥᠬᠡᠶ ᠬᠦᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠥᠬᠡᠶ ᠰᠠᠶᠢᠲᠤᠷ ᠵᠠᠮᠨᠠᠨ᠎ᠠ᠃ ᠴᠠᠭ ᠢᠮᠠᠭᠲᠠ ᠰᠡᠳᠬᠢᠯ ᠵᠢᠷᠦᠬᠡᠨ ᠳᠡᠭᠡᠨ ︽ᠤᠯᠤᠰ ᠤᠨ ᠶᠡᠭᠡ ᠶᠠᠪᠤᠳᠠᠯ︾ ᠢ ᠪᠤᠳᠤᠵᠤ᠂ ︽ᠲᠠᠪᠤᠨ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ︾ ᠶᠢ ᠪᠠᠶᠢᠷᠢᠰᠢᠭᠤᠯᠵᠤ᠂ ᠴᠢᠩᠭ᠎ᠠ ᠠᠪᠴᠠᠯᠳᠤᠭᠤᠯᠤᠨ ᠯᠠᠪᠳᠠᠭᠤᠨ ᠪᠠᠲᠤᠲᠠᠢ ᠠᠵᠢᠯᠯᠠᠵᠤ᠂ ᠠᠯᠬᠤᠮ ᠠᠯᠬᠤᠮ ᠢᠶᠠᠷ ᠦᠷᠭᠦᠯᠵᠢᠯᠡᠨ ᠲᠡᠮᠡᠴᠡᠵᠦ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ ᠬᠠᠮᠠᠭᠠᠯᠠᠵᠤ᠂ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠦᠨ᠎ᠡ᠃   ᠬᠤᠶᠠᠷ ᠲᠤ ᠰᠢᠨ᠎ᠡ ᠬᠥᠭᠵᠢᠯᠲᠡ ᠶᠢᠨ ᠱᠠᠳᠤ ᠶᠢ ᠡᠵᠡᠮᠳᠡᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠨ᠎ᠠ᠃ ᠬᠥᠭᠵᠢᠯᠲᠡ ᠪᠠᠷ ᠠᠨᠠᠶ ᠬᠤᠲᠠ ᠶᠢᠨ ᠦᠨᠳᠦᠰᠦᠨ ᠪᠠᠶᠢᠳᠠᠯ ᠳᠤ ᠰᠠᠭᠤᠷᠢᠯᠠᠨ᠂ ᠠᠮᠢ ᠠᠬᠤᠢ ᠪᠠᠷ ᠬᠤᠲᠠ ᠪᠠᠨ ᠪᠠᠶᠢᠭᠤᠯᠬᠤ᠂ ᠰᠢᠨ᠎ᠡ ᠶᠢ ᠡᠭᠦᠳᠴᠦ ᠬᠤᠲᠠ ᠪᠠᠨ ᠬᠦᠴᠦᠷᠬᠡᠭᠵᠢᠭᠦᠯᠬᠦ᠂ ᠨᠡᠭᠡᠭᠡᠯᠲᠡ ᠲᠠᠢ ᠪᠠᠷ ᠬᠤᠲᠠ ᠪᠠᠨ ᠮᠠᠨᠳᠤᠭᠤᠯᠬᠤ᠂ ᠲᠤᠭᠠᠴᠢᠯᠠᠯᠲᠠ ᠪᠠᠷ ᠬᠤᠲᠠ ᠪᠠᠨ ᠠᠮᠢᠳᠤᠯᠢᠭᠵᠢᠭᠤᠯᠬᠤ ᠶᠢ ᠪᠠᠷᠢᠮᠲᠠᠯᠠᠵᠤ᠂ ᠤᠯᠠᠭᠠᠨᠴᠠᠪ ᠤᠨ ᠠᠭᠤᠯᠠ ᠬᠥᠬᠡᠮᠳᠦᠭ ᠡᠪᠡᠰᠦ ᠨᠣᠭᠤᠭᠠᠨ ᠠᠮᠢ ᠠᠬᠤᠶ ᠶᠢᠨ ᠳᠠᠪᠠᠭᠤᠯᠢᠭ᠂ ᠴᠡᠪᠡᠷ ᠡᠨᠧᠷᠭᠢ ᠶᠢᠨ ᠤᠤᠭᠠᠯ ᠳᠠᠪᠠᠭᠤᠯᠢᠭ᠂ ︽ᠳᠥᠷᠪᠡᠨ ᠵᠦᠭ ᠲᠤ ᠨᠡᠪᠲᠡᠷᠡᠭᠰᠡᠨ︾ ᠣᠷᠣᠨ ᠪᠠᠶᠢᠷᠢᠰᠢᠯ ᠤᠨ ᠳᠠᠪᠠᠭᠤᠯᠢᠭ᠂ ᠳ᠋ᠡᠶᠢᠲ᠋ᠠ ᠶᠢᠨ ᠠᠵᠤ ᠦᠢᠯᠡᠰ ᠤᠨ ᠤᠷᠢᠳᠠᠴᠢ ᠳᠠᠪᠠᠭᠤᠯᠢᠭ ᠪᠠ ᠤᠯᠤᠰ ᠤᠨ ᠪᠠᠶᠢᠯᠳᠤᠬᠤ ᠪᠣᠳᠣᠯᠭ᠎ᠠ ᠶᠢᠨ ᠳᠠᠪᠬᠤᠴᠠᠭᠰᠠᠨ ᠳᠠᠪᠠᠭᠤᠯᠢᠭ ᠢ ᠬᠠᠮᠤᠭ ᠤᠨ ᠶᠡᠭᠡ ᠬᠡᠮᠵᠢᠶ᠎ᠡ ᠪᠠᠷ ᠠᠵᠤ ᠠᠬᠤᠶ ᠶᠢᠨ ᠳᠠᠪᠠᠭᠤᠯᠢᠭ᠂ ᠬᠥᠭᠵᠢᠯᠲᠡ ᠶᠢᠨ ᠳᠠᠪᠠᠭᠤᠯᠢᠭ ᠪᠣᠯᠭᠠᠨ ᠤᠯᠠᠷᠢᠭᠤᠯᠬᠤ ᠪᠠᠷ ᠬᠦᠴᠦᠯᠡᠨ ᠴᠢᠷᠮᠠᠶᠢᠨ᠎ᠠ᠃ ᠤᠯᠠᠮᠵᠢᠯᠠᠯᠲᠤ ᠰᠡᠳᠬᠢᠬᠦᠢ ᠶᠢᠨ ᠠᠷᠭ᠎ᠠ ᠮᠠᠶ᠋ᠢᠭ ᠤᠨ ᠬᠦᠯᠢᠶᠡᠰᠦᠯᠡᠯ ᠪᠠ ᠬᠥᠭᠵᠢᠯᠲᠡ ᠶᠢᠨ ᠠᠷᠭ᠎ᠠ ᠵᠠᠮ ᠤᠨ ᠲᠦᠰᠢᠭᠯᠡᠯ ᠠᠴᠠ ᠡᠷᠡᠰ ᠠᠩᠭᠢᠵᠢᠷᠠᠵᠤ᠂ ᠡᠭᠦᠯᠡᠨ ᠬᠦᠨᠳᠡᠢ ᠤᠯᠠᠭᠠᠨᠴᠠᠪ᠂ ᠵᠠᠮ ᠨᠡᠪᠲᠡᠷᠡᠯᠭᠡ ᠶᠢᠨ ᠤᠯᠠᠭᠠᠨᠴᠠᠪ᠂ ᠡᠷᠡᠭᠦᠯ ᠡᠩᠬᠡ ᠤᠯᠠᠭᠠᠨᠴᠠᠪ᠂ ᠠᠮᠢ ᠠᠬᠤᠢ ᠶᠢᠨ ᠤᠯᠠᠭᠠᠨᠴᠠᠪ᠂ ᠪᠣᠬᠢᠷᠳᠤᠯ ᠦᠭᠡᠢ ᠡᠨᠧᠷᠭᠢ ᠶᠢᠨ ᠤᠯᠠᠭᠠᠨᠴᠠᠪ ᠢ ᠪᠦᠲᠦᠭᠡᠨ ᠪᠠᠶᠢᠭᠤᠯᠬᠤ ᠶᠢᠨ ᠲᠤᠭᠤᠷᠢᠨ ᠳᠤ᠂ ︽ᠲᠠᠪᠤᠨ ᠶᠡᠭᠡ ᠠᠵᠤ ᠠᠬᠤᠢ︾ ᠶᠢ ᠬᠥᠭᠵᠢᠭᠦᠯᠵᠦ᠂ ︽ᠲᠠᠪᠤᠨ ᠶᠡᠭᠡ ᠠᠵᠤ ᠦᠢᠯᠡᠰ ᠤᠨ ᠪᠦᠯᠦᠭᠵᠢᠯ︾ ᠢ ᠪᠠᠶᠢᠭᠤᠯᠵᠤ᠂ ᠪᠣᠬᠢᠷᠳᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠡᠳ᠋ᠰᠢᠭᠦᠯᠦᠯᠲᠡ᠂ ᠴᠡᠪᠡᠷ ᠡᠨᠧᠷᠭᠢ᠂ ᠲᠣᠭᠠᠴᠢᠯᠠᠭᠰᠠᠨ ᠠᠵᠤ ᠦᠢᠯᠡᠰ᠂ ᠰᠣᠶᠣᠯ ᠵᠢᠭᠤᠯᠴᠢᠯᠠᠯ ᠡᠷᠡᠭᠦᠯᠵᠢᠯ ᠰᠤᠪᠢᠯᠠᠯᠲᠠ᠂ ᠪᠠᠷᠠᠭᠠᠨ ᠤ ᠭᠦᠢᠯᠭᠡᠭᠡᠨ ᠤ ᠬᠦᠢᠰᠦ ᠪᠣᠯᠬᠤ ︽ᠲᠠᠪᠤᠨ ᠶᠡᠭᠡ ᠰᠠᠭᠤᠷᠢᠨ︾ ᠢ ᠪᠥᠬᠦ ᠬᠦᠴᠦᠨ ᠢᠶᠠᠷ ᠢᠶᠠᠨ ᠪᠠᠶᠢᠭᠤᠯᠤᠨ᠎ᠠ᠃ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠭᠰᠠᠨ ᠬᠥᠭᠵᠢᠯᠲᠡ ᠪᠠ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠶ ᠠᠭᠤᠰᠤᠯᠴᠠᠵᠤ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠨᠢᠭᠡ ᠴᠣᠭᠴᠠᠵᠢᠭᠰᠠᠨ ᠬᠥᠭᠵᠢᠯᠲᠡ᠂ ᠤᠯᠠᠭᠠᠨᠴᠠᠪ ᠳ᠋ᠠᠲ᠋ᠦ᠋ᠩ ᠴᠢᠭᠤᠯᠤᠯᠲᠤ ᠬᠠᠭᠠᠯᠭ᠎ᠠ ᠶᠢᠨ ᠣᠷᠣᠨ ᠪᠦᠰᠡ ᠶᠢᠨ ᠬᠠᠮᠲᠤᠷᠠᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠤᠯᠠᠭᠠᠨᠴᠠᠪ — ᠡᠷᠢᠶᠡᠨ ᠬᠤᠲᠠ ᠶᠢᠨ ᠤᠯᠤᠰ ᠤᠨ ᠪᠠᠷᠠᠭᠠᠨ ᠤ ᠬᠦᠢᠯᠭᠡᠭᠡᠨ ᠤ ᠬᠦᠢᠰᠦ ᠶᠢᠨ ᠪᠦᠲᠦᠭᠡᠨ ᠪᠠᠶᠢᠭᠤᠯᠤᠯᠲᠠ ᠪᠠ ᠪᠣᠭᠤᠮᠲᠠ ᠶᠢᠨ ᠲᠤᠳᠤᠷ᠎ᠠ ᠭᠠᠵᠠᠷ ᠢ ᠨᠢᠭᠡ ᠴᠤᠭᠴᠠᠵᠢᠭᠤᠯᠤᠨ ᠬᠦᠭᠵᠢᠭᠦᠯᠬᠦ ᠶᠢ ᠲᠦᠷᠭᠡᠳᠬᠡᠨ ᠠᠬᠢᠭᠤᠯᠵᠤ᠂ ︽ᠵᠡᠭᠦᠨ ᠡᠮᠦᠨ᠎ᠡ ᠪᠠᠷᠠᠭᠤᠨ ᠬᠤᠶᠢᠨ᠎ᠠ︾ ᠳᠥᠷᠪᠡᠨ ᠴᠢᠭᠯᠡᠯ ᠢᠶᠠᠷ ᠥᠷᠭᠡᠳᠬᠡᠬᠦ᠂ ︽ᠬᠥᠮᠦᠨ ᠬᠠᠷ᠎ᠠ ᠡᠳ᠋ ᠪᠠᠷᠠᠭ᠎ᠠ ᠪᠡᠯᠡ ᠮᠦᠩᠬᠦ ᠮᠡᠳᠡᠭᠡ ᠵᠠᠩᠬᠢ︾ ᠳᠥᠷᠪᠡᠨ ᠭᠦᠢᠯᠭᠡᠭᠡ ᠶᠢ ᠠᠭᠤᠰᠤᠯᠴᠠᠭᠤᠯᠬᠤ᠂ ︽ᠲᠡᠮᠦᠷ ᠵᠠᠮ ᠤᠰᠤᠨ ᠵᠠᠮ ᠵᠠᠰᠠᠮᠠᠯ ᠵᠠᠮ ᠠᠭᠠᠷ ᠤᠨ ᠱᠤᠭᠤᠮ︾ ᠳᠥᠷᠪᠡᠨ ᠲᠣᠤᠷ ᠢ ᠬᠤᠯᠪᠣᠯᠳᠤᠭᠤᠯᠤᠭᠰᠠᠨ ᠨᠡᠭᠡᠭᠡᠯᠲᠡ ᠶᠢᠨ ᠪᠠᠶᠢᠷᠢᠰᠢᠯ ᠢ ᠬᠦᠴᠦᠯᠡᠨ ᠪᠠᠶᠢᠭᠤᠯᠵᠤ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠥᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠤᠨ᠎ᠠ᠃  ᠭᠤᠷᠪᠠ ᠳᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠥᠨᠳᠥᠷ ᠦᠷ᠎ᠡ ᠪᠦᠲᠦᠮᠵᠢᠲᠡᠢ ᠵᠠᠰᠠᠯᠲᠠ ᠶᠢ ᠪᠡᠶᠡᠯᠡᠭᠦᠯᠵᠦ᠂ ᠴᠢᠨᠠᠷ ᠰᠠᠶᠢᠲᠠᠢ ᠠᠮᠢᠳᠤᠷᠠᠯ ᠢ ᠴᠤᠭᠴᠠᠯᠠᠨ᠎ᠠ᠃ ᠬᠦᠭᠵᠢᠯᠳᠡ ᠪᠣᠯ ᠲᠡᠷᠢᠭᠦᠨ ᠴᠢᠬᠤᠯᠠ ᠡᠭᠦᠷᠭᠡ ᠪᠣᠯᠬᠤ ᠶᠢ ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠶᠢᠨ ᠶᠡᠷᠦᠩᠬᠡᠶᠢᠯᠡᠭᠰᠡᠨ ᠠᠮᠵᠢᠯᠲᠠ ᠪᠦᠲᠦᠮᠵᠢ ᠶᠢ ᠦᠨᠡᠯᠡᠬᠦ ᠪᠠ ᠭᠦᠢᠴᠡᠳᠬᠡᠬᠦ ᠲᠤᠭ᠎ᠠ ᠶᠢ ᠬᠢᠨᠠᠨ ᠰᠢᠯᠭᠠᠬᠤ ᠶᠢ ᠴᠢᠩᠭᠠᠳᠬᠠᠵᠤ᠂ ᠠᠵᠤ ᠠᠬᠤᠢ ᠶᠢᠨ ᠬᠥᠭᠵᠢᠯᠲᠡ ᠶᠢᠨ ᠠᠷᠭ᠎ᠠ ᠬᠡᠯᠪᠡᠷᠢ ᠶᠢ ᠬᠦᠴᠦᠯᠡᠨ ᠬᠤᠪᠢᠷᠠᠭᠤᠯᠵᠤ᠂ ᠶᠠᠰᠤ ᠴᠢᠨᠠᠷ ᠤᠨ ᠬᠤᠪᠢᠰᠤᠯᠲᠠ᠂ ᠦᠷ᠎ᠡ ᠪᠦᠲᠦᠮᠵᠢ ᠶᠢᠨ ᠬᠤᠪᠢᠰᠤᠯᠲᠠ᠂ ᠬᠥᠳᠡᠯᠭᠡᠬᠦ ᠬᠦᠴᠦᠨ ᠤ ᠬᠤᠪᠢᠰᠤᠯᠲᠠ ᠶᠢ ᠭᠦᠨᠵᠡᠭᠡᠶᠢᠷᠡᠭᠦᠯᠵᠦ᠂ ᠲᠤᠭ᠎ᠠ ᠬᠡᠮᠵᠢᠶ᠎ᠡ ᠶᠢ ᠵᠣᠬᠢᠰᠲᠠᠢ ᠨᠡᠮᠡᠭᠳᠡᠭᠦᠯᠬᠦ ᠪᠠ ᠶᠠᠰᠤ ᠴᠢᠨᠠᠷ ᠢ ᠲᠣᠭᠲᠠᠭᠤᠨ ᠢᠶᠠᠷ ᠳᠡᠭᠡᠭᠰᠢᠯᠡᠭᠦᠯᠬᠦ ᠶᠢ ᠴᠢᠷᠮᠠᠶᠢᠨ ᠪᠡᠶᠡᠯᠡᠭᠦᠯᠦᠨ᠎ᠡ᠃ ᠨᠡᠶᠢᠭᠡᠮ ᠤᠨ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠤᠳᠤᠬᠢᠴᠢᠯᠠᠯᠲᠠ ᠶᠢ ᠲᠦᠷᠭᠡᠳᠬᠡᠨ ᠠᠬᠢᠭᠤᠯᠵᠤ᠂ ᠵᠠᠰᠠᠭ ᠤᠨ ᠣᠷᠳᠣᠨ ᠤ ᠵᠠᠰᠠᠯᠲᠠ ᠶᠢ ᠨᠡᠶᠢᠭᠡᠮ ᠤᠨ ᠵᠣᠬᠢᠴᠠᠭᠤᠯᠭ᠎ᠠ᠂ ᠰᠠᠭᠤᠭᠠᠯᠢ ᠠᠷᠠᠳ ᠤᠨ ᠥᠪᠡᠷᠲᠡᠭᠡᠨ ᠵᠠᠰᠠᠬᠤ ᠯᠤᠭ᠎ᠠ ᠰᠠᠶᠢᠨ ᠦᠢᠯᠡᠳᠦᠯᠴᠡᠬᠦ ᠶᠢ ᠠᠬᠢᠭᠤᠯᠵᠤ᠂ ᠨᠡᠶᠢᠭᠡᠮ ᠤᠨ ᠵᠠᠰᠠᠯᠲᠠ ᠶᠢᠨ ᠬᠠᠤᠯᠢᠵᠢᠯᠲᠠ᠂ ᠤᠶᠤᠨᠴᠢᠯᠠᠯᠲᠠ᠂ ᠲᠤᠰᠬᠠᠶᠢᠵᠢᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠬᠢᠯᠢ ᠬᠢᠵᠠᠭᠠᠷ ᠤᠨ ᠠᠮᠤᠷ ᠲᠦᠪᠰᠢᠨ᠂ ᠨᠡᠶᠢᠭᠡᠮ ᠤᠨ ᠠᠮᠤᠷ ᠲᠣᠭᠲᠠᠭᠤᠨ᠂ ᠠᠷᠠᠳ ᠲᠦᠮᠡᠨ ᠤ ᠠᠮᠤᠷ ᠠᠮᠤᠭᠤᠯᠠᠩ ᠢ ᠦᠨᠡᠨ ᠬᠦ ᠪᠠᠲᠤᠯᠠᠨ᠎ᠠ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠤᠯᠭᠠᠭᠤᠯᠬᠤ ᠶᠢ ᠠᠬᠢᠭᠤᠯᠵᠤ᠂ ᠲᠦᠭᠡᠮᠡᠯ ᠬᠠᠷᠠᠭᠠᠯᠵᠠᠯ ᠤᠨ ᠴᠢᠨᠠᠷᠲᠠᠢ᠂ ᠰᠠᠭᠤᠷᠢ ᠴᠢᠨᠠᠷᠲᠠᠢ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠢ ᠠᠷᠠᠳ ᠤᠨ ᠠᠮᠢᠳᠤᠷᠠᠯ ᠤᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠵᠦ᠂ ᠤᠯᠠᠨ ᠨᠡᠶᠢᠲᠡ ᠶᠢᠨ ᠦᠢᠯᠡᠴᠢᠯᠡᠭᠡᠨ ᠤ ᠴᠢᠨᠠᠷ ᠴᠢᠨᠰᠠᠭ᠎ᠠ᠂ ᠣᠷᠣᠰᠢᠨ ᠰᠠᠭᠤᠬᠤ ᠳᠤ ᠲᠣᠬᠢᠷᠠᠮᠵᠢᠲᠠᠢ ᠣᠷᠴᠢᠨ ᠲᠣᠭᠤᠷᠢᠨ ᠤ ᠴᠢᠨᠠᠷ ᠴᠢᠨᠰᠠᠭ᠎ᠠ᠂ ᠰᠣᠶᠣᠯ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠦᠷᠭᠦᠯᠵᠢᠯᠡᠨ ᠳᠡᠭᠡᠭᠰᠢᠯᠡᠭᠦᠯᠵᠦ᠂ ᠬᠠᠮᠲᠦᠪᠠᠷ ᠴᠢᠨᠡᠭᠡᠯᠢᠭᠵᠢᠬᠦ ᠬᠠᠷᠠᠯᠲᠠ ᠲᠡᠰᠢ ᠯᠠᠪᠳᠠᠭᠤᠨ ᠢᠶᠠᠷ ᠤᠷᠤᠭᠰᠢᠯᠠᠨ᠎ᠠ᠃   ᠲᠦᠷᠪᠡ ᠳᠤ ᠰᠢᠰᠲ᠋ᠧᠮ ᠤᠨ ᠦᠵᠡᠯᠲᠡ ᠶᠢ ᠪᠠᠷᠢᠮᠲᠠᠯᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠴᠢᠩᠭᠠᠳᠬᠠᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤᠳᠬᠠᠨ᠎ᠠ᠃ ᠠᠵᠢᠯ ᠢᠶᠠᠨ ᠥᠷᠨᠢᠭᠦᠯᠬᠦ ᠳᠡᠭᠡᠨ ᠡᠷᠬᠡᠪᠰᠢ ᠤᠯᠤᠰ ᠲᠦᠷᠦ ᠪᠠ ᠠᠵᠤ ᠠᠬᠤᠶ᠂ ᠪᠣᠳᠠᠲᠤ ᠠᠬᠤᠶ ᠪᠠ ᠲᠡᠦᠬᠡ᠂ ᠪᠣᠳᠠᠰ ᠪᠠ ᠰᠣᠶᠣᠯ᠂ ᠬᠥᠭᠵᠢᠯᠲᠡ ᠪᠠ ᠠᠷᠠᠳ ᠤᠨ ᠠᠮᠢᠳᠤᠷᠠᠯ᠂ ᠡᠬᠢ ᠪᠠᠶᠠᠯᠢᠭ ᠪᠠ ᠠᠮᠢ ᠠᠬᠤᠶ᠂ ᠤᠯᠤᠰ ᠤᠨ ᠳᠣᠲᠣᠭᠠᠳᠤ ᠭᠠᠳᠠᠭᠠᠲᠦ ᠵᠡᠷᠭᠡ ᠤᠯᠠᠨ ᠲᠠᠯ᠎ᠠ ᠶᠢᠨ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ ᠰᠢᠢᠳᠪᠦᠷᠢᠲᠦ ᠪᠤᠳᠤᠯᠭ᠎ᠠ ᠶᠢ ᠪᠣᠯᠭᠤᠮᠵᠢᠲᠠᠶ ᠲᠣᠭᠲᠠᠭᠠᠵᠤ᠂ ᠡᠷᠬᠡ ᠪᠠᠨ ᠪᠣᠯᠭᠤᠮᠵᠢᠲᠠᠶ ᠬᠡᠷᠡᠭᠯᠡᠵᠦ᠂ ᠳᠥᠭᠦᠮᠴᠢᠯᠡᠬᠦ᠂ ᠨᠢᠭᠡ ᠯᠡ ᠠᠳᠠᠯᠢ ᠪᠠᠷ ᠱᠠᠭᠠᠷᠳᠠᠬᠤ᠂ ᠳᠤᠷ᠎ᠠ ᠪᠠᠷ ᠪᠠᠨ ᠠᠵᠢᠯᠯᠠᠬᠤ ᠶᠢ ᠰᠡᠷᠭᠡᠶᠢᠯᠡᠨ᠎ᠡ᠃ ᠬᠡᠷᠡᠭ ᠪᠣᠳᠠᠰ ᠤᠨ ᠭᠤᠣᠯ ᠵᠥᠷᠢᠴᠡᠯ ᠪᠠ ᠵᠥᠷᠢᠴᠡᠯ ᠤᠨ ᠭᠤᠣᠯ ᠲᠠᠯ᠎ᠠ ᠶᠢ ᠴᠢᠳᠠᠮᠠᠭᠠᠶ ᠪᠠᠷ ᠠᠳᠬᠤᠵᠤ᠂ ᠤᠬᠠᠮᠰᠠᠷ ᠠᠴᠠ ᠪᠠᠨ ᠠᠰᠠᠭᠤᠳᠠᠯ ᠢ ᠢᠯᠡᠷᠡᠭᠦᠯᠬᠦ᠂ ᠠᠰᠠᠭᠤᠳᠠᠯ ᠢ ᠵᠠᠳᠠᠯᠬᠤ᠂ ᠠᠰᠠᠭᠤᠳᠠᠯ ᠢ ᠰᠢᠢᠳᠪᠦᠷᠢᠯᠡᠬᠦ ᠶᠢ ᠠᠯᠢᠪᠠ ᠠᠵᠢᠯ ᠢᠶᠠᠨ ᠰᠠᠶᠢᠲᠤᠷ ᠬᠢᠬᠦ ᠶᠢᠨ ᠦᠨᠳᠦᠰᠦᠨ ᠱᠠᠭᠠᠷᠳᠠᠯᠭ᠎ᠠ ᠪᠣᠯᠭᠠᠵᠤ᠂ ᠠᠵᠢᠯ ᠤᠨ ᠰᠠᠨᠠᠭᠠᠴᠢᠯᠠᠭᠠᠲᠤ ᠴᠢᠨᠠᠷ᠂ ᠬᠠᠨᠳᠤᠯᠭᠠᠲᠤ ᠴᠢᠨᠠᠷ ᠪᠠ ᠪᠣᠳᠠᠲᠤ ᠪᠦᠲᠦᠮᠵᠢᠲᠦ ᠴᠢᠨᠠᠷ ᠢ ᠦᠨᠡᠨ ᠬᠦ ᠴᠢᠩᠭᠠᠷᠠᠭᠤᠯᠤᠨ᠎ᠠ᠃ ᠠᠶᠤᠯᠬᠦᠢ ᠬᠥᠭᠵᠢᠯᠲᠡ ᠶᠢᠨ ᠬᠤᠷᠢᠭ᠎ᠠ ᠱᠤᠭᠤᠮ ᠢ ᠪᠠᠲᠤ ᠰᠠᠬᠢᠵᠤ᠂ ᠰᠠᠨᠠᠭᠠᠴᠢᠯᠠᠭ᠎ᠠ ᠠᠴᠠ ᠪᠠᠨ ᠠᠷᠭᠠᠴᠠᠵᠤ᠂ ᠰᠠᠬᠢᠨ ᠬᠠᠮᠠᠭᠠᠯᠠᠵᠤ ᠦᠢᠯᠡᠰ ᠪᠦᠲᠦᠭᠡᠵᠦ᠂ ᠶᠡᠭᠡ ᠲᠣᠬᠢᠶᠠᠯᠳᠤᠮᠵᠢ ᠶᠢᠨ ᠰᠡᠳᠬᠢᠬᠦᠢ ᠪᠠᠷ ᠪᠠᠭ᠎ᠠ ᠲᠣᠬᠢᠶᠠᠯᠳᠤᠮᠵᠢ ᠶᠢᠨ ᠬᠡᠷᠡᠭ ᠶᠠᠪᠤᠳᠠᠯ ᠢ ᠠᠷᠭᠠᠴᠠᠵᠤ᠂ ᠠᠷᠭ᠎ᠠ ᠬᠡᠮᠵᠢᠶ᠎ᠡ ᠶᠢᠨ ᠲᠣᠭᠲᠠᠪᠤᠷᠢᠲᠤ ᠴᠢᠨᠠᠷ ᠢᠶᠠᠷ ᠪᠤᠳᠤᠯᠢᠶᠠᠨᠲᠠᠢ ᠣᠷᠴᠢᠨ ᠲᠣᠭᠤᠷᠢᠨ ᠤ ᠲᠣᠭᠲᠠᠪᠤᠷᠢ ᠦᠭᠡᠢ ᠴᠢᠨᠠᠷ ᠢ ᠠᠷᠭᠠᠴᠠᠵᠤ᠂ ᠬᠤᠶᠠᠷ ᠬᠦᠴᠢᠷᠳᠡᠯ ᠴᠢᠨᠠᠭᠰᠢᠯᠠᠪᠠᠯ ᠬᠡᠳᠦᠨ ᠬᠦᠴᠢᠷᠳᠡᠯ ᠤᠨ ᠳᠤᠮᠳᠠ ᠰᠢᠨᠵᠢᠯᠡᠬᠦ ᠤᠬᠠᠭᠠᠨᠴᠢ ᠰᠢᠢᠳᠪᠦᠷᠢᠲᠦ ᠪᠤᠳᠤᠯᠭ᠎ᠠ ᠭᠠᠷᠭᠠᠬᠤ ᠪᠠᠷ ᠴᠢᠷᠮᠠᠶᠢᠵᠤ᠂ ᠡᠬᠡ ᠤᠯᠤᠰ ᠤᠨ ︽ᠤᠮᠠᠷᠠᠲᠤ ᠶᠡᠭᠡ ᠬᠠᠭᠠᠯᠭ᠎ᠠ︾᠂ ᠨᠡᠶᠢᠰᠯᠡᠯ ᠤᠨ ︽ᠤᠨᠠᠭᠤᠯᠢ ᠭᠤᠣᠯ︾ ᠢ ᠡᠪᠳᠡᠷᠡᠰᠢ ᠦᠭᠡᠢ ᠪᠠᠲᠤ ᠪᠠᠬᠢ ᠪᠣᠯᠭᠠᠨ᠎ᠠ᠃    ᠲᠥᠯᠥᠭᠡᠯᠡᠭᠴᠢᠳ ᠡ︕ ᠵᠠᠯᠠᠭᠤ᠂ ᠴᠠᠭ ᠤᠨ ᠥᠩᠭᠡ ᠶᠢ ᠳᠠᠭᠠᠭᠰᠠᠨ᠂ ᠰᠢᠨ᠎ᠡ ᠶᠢ ᠡᠭᠦᠳᠦᠭᠰᠡᠨ᠂ ᠨᠡᠭᠡᠭᠡᠯᠲᠡᠲᠡᠢ ᠣᠳᠣᠬᠢᠴᠢᠯᠠᠭᠰᠠᠨ ᠤᠯᠠᠭᠠᠨᠴᠠᠪ ᠢ ᠪᠦᠲᠦᠭᠡᠨ ᠪᠠᠶᠢᠭᠤᠯᠬᠤ ᠴᠠᠭ ᠨᠢᠭᠡᠨᠲᠡ ᠲᠤᠯᠵᠤ᠂ ᠪᠠᠶᠢᠳᠠᠯ ᠨᠢᠭᠡᠨᠲᠡ ᠪᠦᠷᠢᠯᠳᠦᠵᠦ᠂ ᠴᠤᠭ ᠶᠠᠭ ᠪᠠᠳᠠᠷᠠᠵᠤ ᠪᠠᠶᠢᠨ᠎ᠠ᠃ ᠬᠤᠶᠢᠰᠢᠳᠠ ᠶᠢᠨ ᠲᠠᠪᠤᠨ ᠵᠢᠯ ᠳᠤ᠂ ᠪᠢᠳᠡ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠦᠴᠦᠯᠡᠨ ᠲᠡᠮᠡᠴᠡᠵᠦ᠂ ᠵᠢᠯ ᠳᠠᠷᠠᠭᠠᠯᠠᠨ ᠴᠢᠷᠮᠠᠶᠢᠨ ᠠᠵᠢᠯᠯᠠᠵᠤ᠂ ᠪᠢᠳᠡᠨ ᠤ ᠬᠦᠨᠳᠦ ᠡᠭᠦᠷᠬᠡᠯᠡᠯ ᠲᠠᠢ ᠤᠷᠤᠭᠰᠢᠯᠠᠯᠲᠠ ᠪᠠᠷ ᠢᠶᠠᠨ ᠪᠦᠬᠦ ᠬᠤᠳᠠ ᠶᠢᠨ ᠠᠷᠠᠳ ᠲᠦᠮᠡᠨ ᠳᠡᠭᠡᠨ ᠴᠠᠭ ᠲᠥᠷᠥ ᠶᠢᠨ ᠲᠠᠶᠢᠪᠣᠩ ᠰᠠᠶᠢᠬᠠᠨ ᠢ ᠤᠯᠭᠤᠵᠤ᠂ ᠪᠢᠳᠡᠨ ᠤ ᠪᠣᠳᠠᠲᠠᠢ ᠪᠠᠷ ᠠᠵᠢᠯᠯᠠᠵᠤ ᠰᠢᠨ᠎ᠡ ᠶᠢ ᠡᠭᠦᠳᠬᠦ ᠪᠠᠷ ᠢᠶᠠᠨ ᠤᠯᠠᠭᠠᠨᠴᠠᠪ ᠤᠨ ᠭᠡᠷᠡᠯ ᠰᠠᠴᠤᠷᠠᠩᠭᠤᠢ ᠢᠷᠡᠭᠡᠳᠦᠢ ᠶᠢ ᠲᠡᠮᠡᠴᠡᠨ ᠣᠯᠰᠤᠭᠠᠢ︕ᠭᠤᠷᠪᠠ᠂ 2022 ᠣᠨ ᠤ ᠭᠤᠣᠯᠳᠠᠯᠭ᠎ᠠ ᠲᠠᠢ ᠠᠵᠢᠯ    ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠢ ᠬᠤᠷᠠᠯᠳᠤᠭᠤᠯᠬᠤ ᠵᠢᠯ ᠪᠣᠯᠣᠨ᠎ᠠ᠂ ᠠᠵᠤ ᠠᠬᠤᠢ ᠨᠡᠶᠢᠭᠡᠮ ᠤᠨ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠪᠥᠭᠡᠳ ᠨᠡᠩ ᠶᠡᠭᠡ ᠬᠠᠷᠢᠭᠤᠴᠠᠯᠭ᠎ᠠ ᠲᠠᠢ ᠶᠤᠮ᠃ ᠬᠤᠲᠠ ᠶᠢᠨ ᠨᠠᠮ ᠤᠨ ᠬᠤᠷᠢᠶᠠᠨ ᠤ ᠲᠠᠪᠤᠳᠤᠭᠠᠷ ᠬᠤᠭᠤᠴᠠᠭᠠᠨ ᠤ ᠬᠤᠶᠠᠳᠤᠭᠠᠷ ᠪᠥᠬᠦᠳᠡ ᠬᠤᠷᠠᠯ ᠵᠢᠴᠢ ᠪᠦᠬᠦ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ ᠤᠨ ᠶᠡᠷᠦᠩᠬᠡᠢ ᠲᠣᠬᠢᠷᠠᠭᠤᠯᠤᠯᠲᠠ ᠶᠣᠰᠣᠭᠠᠷ᠂ ᠡᠨᠡ ᠵᠢᠯ ᠤᠨ ᠵᠠᠰᠠᠭ ᠤᠨ ᠣᠷᠳᠣᠨ ᠤ ᠠᠵᠢᠯ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠤᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠦᠪ ᠤᠨ ᠠᠵᠤ ᠠᠬᠤᠢ ᠶᠢᠨ ᠠᠵᠢᠯ ᠤᠨ ᠬᠤᠷᠠᠯ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠶᠢ ᠪᠠᠳᠠᠷᠠᠭᠤᠯᠵᠤ᠂ ᠲᠣᠭᠲᠠᠭᠤᠨ ᠤ ᠲᠠᠭᠠᠤ ᠤᠷᠤᠭᠰᠢᠯᠠᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠦᠷᠢᠨ ᠬᠦᠢᠴᠡᠳ᠂ ᠵᠥᠪ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠢ ᠦᠢᠯᠡᠴᠢᠯᠡᠬᠦ ᠪᠠ ᠠᠭᠤᠰᠤᠯᠴᠠᠵᠤ᠂ ᠭᠠᠳᠠᠭᠠᠳᠤ ᠲᠠᠢ ᠴᠢᠯᠦᠬᠡᠳᠠᠢ ᠶᠠᠪᠤᠯᠴᠠᠬᠤ ᠶᠢ ᠪᠦᠬᠦ ᠳᠠᠯ᠎ᠠ ᠪᠠᠷ ᠬᠦᠨᠵᠡᠬᠡᠶᠢᠷᠡᠬᠦᠯᠵᠦ᠂ ᠬᠥᠭᠵᠢᠯᠲᠡ ᠪᠠ ᠠᠮᠤᠷ ᠲᠦᠪᠰᠢᠨ  ᠢ ᠨᠢᠭᠡᠳᠦᠯᠲᠡᠢ ᠲᠥᠯᠥᠪᠯᠡᠨ᠂ ᠨᠡᠶᠢᠭᠡᠮ  ᠤᠨ ᠶᠡᠭᠡ ᠲᠠᠯ᠎ᠠ  ᠶᠢᠨ ᠲᠣᠭᠲᠠᠭᠤᠨ  ᠢ ᠪᠠᠲᠤᠯᠠᠨ᠂ ︽ᠵᠢᠷᠭᠤᠭ᠎ᠠ  ᠶᠢ ᠲᠣᠭᠲᠠᠪᠤᠷᠢᠵᠢᠭᠤᠯᠬᠤ︾᠂ ︽ᠵᠢᠷᠭᠤᠭ᠎ᠠ ᠶᠢ ᠪᠠᠲᠤᠯᠠᠬᠤ︾ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠠᠷᠠᠳ ᠤᠨ ᠠᠮᠢᠳᠤᠷᠠᠯ ᠢ ᠦᠷᠭᠦᠯᠵᠢᠯᠡᠨ ᠰᠠᠶᠢᠵᠢᠷᠠᠭᠤᠯᠵᠤ᠂ ᠠᠵᠤ ᠠᠬᠤᠢ ᠶᠢᠨ ᠠᠵᠢᠯᠯᠠᠭᠠᠨ ᠢ ᠵᠣᠬᠢᠰᠲᠠᠢ ᠬᠡᠪᠴᠢᠶᠡᠨ ᠳᠤ ᠪᠠᠶᠢᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠴᠦᠬᠦᠷᠡᠰᠢ ᠦᠭᠡᠢ ᠪᠠᠳᠤᠳᠬᠠᠵᠣ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠬᠤ᠂ ᠪᠣᠬᠢᠷᠳᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠰᠠᠶᠢᠲᠤᠷ ᠵᠠᠮᠨᠠᠨ᠎ᠠ᠃   ᠪᠥᠬᠦ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 6% ᠣᠷᠴᠢᠮ ᠨᠡᠮᠡᠭᠳᠡᠭᠦᠯᠦᠨ᠎ᠡ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 7% ᠣᠷᠴᠢᠮ ᠨᠡᠮᠡᠭᠳᠡᠭᠦᠯᠦᠨ᠎ᠡ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠢ 6% ᠣᠷᠴᠢᠮ ᠢᠶᠠᠷ ᠨᠡᠮᠡᠭᠳᠡᠭᠦᠯᠦᠨ᠎ᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ ᠶᠢ 5% ᠣᠷᠴᠢᠮ ᠨᠡᠮᠡᠭᠳᠡᠭᠦᠯᠦᠨ᠎ᠡ︔ ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠭᠰᠠᠳ ᠤᠨ ᠨᠤᠷᠮ᠎ᠠ ᠶᠢ 5% ᠶᠢᠨ ᠳᠣᠲᠣᠷ᠎ᠠ ᠬᠢᠵᠠᠭᠠᠷᠯᠠᠨ᠎ᠠ︔ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠤᠰ ᠲᠤᠰ 6% ᠪᠠ 8% ᠣᠷᠴᠢᠮ ᠨᠡᠮᠡᠭᠳᠡᠭᠦᠯᠦᠨ᠎ᠡ︔ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠡᠨᠧᠷᠭᠢ ᠠᠷᠪᠢᠯᠠᠨ ᠪᠣᠬᠢᠷᠳᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠠᠯᠲᠠ ᠡᠭᠦᠷᠭᠡ ᠶᠢ ᠪᠡᠶᠡᠯᠡᠭᠦᠯᠦᠨ᠎ᠡ᠃ ᠳᠡᠭᠡᠷ᠎ᠡ ᠳᠤᠷᠠᠳᠤᠭᠰᠠᠨ ᠬᠠᠷᠠᠯᠲᠠ ᠶᠢ ᠲᠤᠭᠲᠠᠭᠠᠬᠤ ᠳᠠᠭᠠᠨ᠂ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ᠂ ᠲᠣᠭᠲᠠᠭᠤᠨ ᠤ ᠳᠠᠭᠠᠤ ᠤᠷᠤᠭᠰᠢᠯᠠᠬᠤ ᠱᠠᠭᠠᠷᠳᠠᠯᠭ᠎ᠠ ᠶᠢ ᠲᠤᠭᠤᠰᠢᠯᠠᠭᠤᠯᠵᠤ᠂ ᠳᠠᠪᠠᠭᠤᠯᠢᠭ ᠪᠠ ᠲᠠᠯᠳᠠ ᠴᠢᠳᠠᠪᠤᠷᠢ ᠶᠢ ᠭᠦᠢᠴᠡᠳ ᠪᠣᠳᠣᠯᠬᠢᠯᠠᠨ᠂ ᠬᠦᠴᠢᠷᠳᠡᠯ ᠪᠠ ᠥᠷᠢᠰᠦᠯᠳᠦᠭᠡᠨ ᠢ ᠵᠢᠱᠢᠵᠦ᠂ ᠲᠥᠯᠦᠪᠵᠢᠭᠦᠯᠭᠡ ᠪᠠ ᠪᠠᠶᠢᠯᠳᠤᠬᠤ ᠪᠣᠳᠣᠯᠭ᠎ᠠ ᠶᠢ ᠠᠪᠴᠠᠯᠳᠤᠭᠤᠯᠤᠭᠰᠠᠨ ᠪᠣᠯᠬᠤᠷ᠂ ᠵᠢᠱᠢᠯᠲᠡ ᠶᠢ ᠬᠥᠲᠥᠯᠥᠨ ᠵᠢᠯᠤᠭᠤᠳᠴᠦ᠂ ᠢᠲᠡᠭᠡᠯ ᠵᠣᠷᠢᠭ ᠢ ᠬᠥᠪᠴᠢᠯᠡᠵᠤ᠂ ᠬᠦᠴᠦᠨ ᠴᠢᠳᠠᠯ ᠢ ᠨᠢᠭᠲᠠᠷᠠᠭᠤᠯᠬᠤ ᠳᠤ ᠠᠰᠢᠭᠲᠠᠢ ᠶᠤᠮ᠃   ᠳᠡᠭᠡᠷ᠎ᠡ ᠳᠤᠷᠠᠳᠤᠭᠰᠠᠨ ᠡᠳᠡᠭᠡᠷ ᠬᠠᠷᠠᠯᠲᠠ ᠶᠢ ᠪᠡᠶᠡᠯᠡᠭᠦᠯᠬᠦ ᠳᠤ ᠨᠠᠢᠮᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠄ ︵ᠨᠢᠭᠡ︶  ᠬᠦᠴᠦᠨ ᠢᠶᠠᠨ ᠲᠥᠪᠯᠡᠷᠡᠭᠦᠯᠦᠨ ᠠᠵᠤ ᠠᠬᠤᠢ ᠶᠢᠨ ᠲᠣᠭᠲᠠᠭᠤᠨ ᠨᠡᠮᠡᠭᠳᠡᠯ ᠢ ᠪᠠᠲᠤᠯᠠᠨ᠎ᠠ   ᠪᠦᠲᠦᠮᠵᠢᠲᠡᠶ ᠪᠡᠯᠡ ᠣᠷᠣᠭᠤᠯᠤᠯᠲᠠ ᠶᠢ ᠢᠳᠡᠪᠬᠢᠲᠡᠢ ᠪᠠᠷ ᠥᠷᠭᠡᠳᠬᠡᠨ᠎ᠡ᠃ ᠲᠥᠷᠥᠯ ᠵᠦᠢᠯ ᠢ ᠲᠤᠮᠤ ᠪᠤᠯᠭᠠᠬᠤ᠂ ᠲᠥᠷᠥᠯ ᠵᠦᠢᠯ ᠢ ᠭᠤᠣᠯᠳᠠᠯᠭ᠎ᠠ ᠪᠤᠯᠭᠠᠬᠤ ᠶᠢ ᠪᠠᠷᠢᠮᠲᠠᠯᠠᠵᠤ᠂ ︽ᠬᠤᠶᠠᠷ ᠰᠢᠨ᠎ᠡ ᠨᠢᠭᠡ ᠲᠤᠮᠤ︾᠂ ᠰᠠᠭᠤᠷᠢ ᠳᠦᠬᠦᠬᠡᠷᠦᠮᠵᠢ᠂ ᠭᠠᠳᠠᠭᠠᠳᠤ ᠲᠠᠢ ᠴᠢᠯᠦᠭᠡᠳᠠᠢ ᠶᠠᠪᠤᠯᠴᠠᠬᠤ ᠵᠡᠷᠭᠡ ᠬᠦᠷᠢᠶᠡᠨ ᠳᠤ ᠳᠠᠪᠠᠭᠤᠯᠢᠭ ᠢᠶᠠᠨ ᠪᠠᠳᠠᠷᠠᠭᠤᠯᠵᠤ᠂ ᠳᠤᠲᠠᠭᠤᠳᠠᠯ ᠢᠶᠠᠨ ᠨᠥᠬᠦᠪᠦᠷᠢᠯᠡᠬᠦ 290 ᠲᠥᠷᠥᠯ ᠵᠦᠢᠯ ᠢ ᠬᠡᠷᠡᠭᠵᠢᠭᠦᠯᠵᠦ᠂ 310 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠡᠯᠡ ᠣᠷᠣᠭᠤᠯᠤᠯᠲᠠ ᠶᠢ ᠪᠡᠶᠡᠯᠡᠭᠦᠯᠦᠨ᠎ᠡ᠃ ︽ᠭᠡᠷ᠎ᠡ ᠲᠣᠭᠲᠠᠬᠤ᠂ ᠠᠵᠢᠯ ᠡᠬᠢᠯᠡᠭᠦᠯᠬᠦ᠂ ᠪᠦᠲᠦᠭᠡᠨ ᠪᠠᠶᠢᠭᠤᠯᠬᠤ᠂ ᠠᠰᠢᠭᠯᠠᠯᠲᠠ ᠳᠤ ᠣᠷᠣᠭᠤᠯᠬᠤ︾ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠰᠢᠷᠣᠢ ᠶᠢ ᠬᠤᠳᠠᠯᠳᠤᠨ ᠠᠪᠴᠤ ᠨᠦᠬᠡᠴᠡᠯᠡᠬᠦ᠂ ᠪᠠᠷᠢᠮᠵᠢᠶᠠᠲᠤ ᠦᠢᠯᠡᠳᠪᠦᠷᠢ ᠶᠢᠨ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ᠂ ᠭᠠᠷᠳᠠᠮ ᠢ ᠮᠡᠳᠡᠭᠦᠯᠦᠨ ᠵᠥᠪᠰᠢᠶᠡᠷᠡᠭᠦᠯᠬᠦ ᠵᠡᠷᠭᠡ ᠪᠡᠯᠡᠳᠬᠡᠯ ᠠᠵᠢᠯ ᠢ ᠰᠠᠶᠢᠲᠤᠷ ᠬᠢᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠷᠳᠤᠴᠠ᠂ ᠶᠠᠰᠤ ᠴᠢᠨᠠᠷ ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃ ᠵᠠᠰᠠᠭ ᠤᠨ ᠣᠷᠳᠣᠨ ᠤ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢ ᠭᠦᠢᠴᠡᠳ ᠰᠠᠶᠢᠲᠤᠷ ᠬᠡᠷᠡᠭᠯᠡᠨ᠂ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠶᠢ ᠵᠣᠬᠢᠰᠲᠠᠢ ᠪᠠᠷ ᠤᠷᠢᠳᠴᠢᠯᠠᠨ ᠥᠷᠨᠢᠭᠦᠯᠦᠨ᠎ᠡ᠃ ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠬᠤ᠂ ᠬᠡᠯᠬᠢᠶ᠎ᠡ ᠪᠠᠷ ᠠᠷᠠᠯᠵᠢᠶᠠᠴᠢᠨ ᠤᠷᠢᠬᠤ ᠶᠢ ᠪᠠᠷᠢᠮᠲᠠᠯᠠᠵᠤ᠂ ᠲᠦᠷᠦᠯ ᠵᠦᠢᠯ ᠤᠨ ᠨᠦᠬᠡᠴᠡᠯᠡᠯᠲᠡ ᠶᠢᠨ ᠶᠡᠷᠦᠩᠬᠡᠢ ᠬᠡᠮᠵᠢᠶ᠎ᠡ ᠪᠣᠯᠣᠨ ᠶᠠᠰᠤ ᠴᠢᠨᠠᠷ ᠢ ᠳᠡᠭᠡᠭᠰᠢᠯᠡᠭᠦᠯᠵᠦ᠂ ᠪᠦᠬᠦ ᠵᠢᠯ ᠳᠤ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠲᠦᠷᠦᠯ ᠵᠦᠢᠯ ᠤᠨ ᠲᠠᠯ᠎ᠠ ᠪᠠᠷ ᠳᠠᠬᠢᠨ 300 ᠭᠡᠷ᠎ᠡ ᠲᠣᠭᠲᠠᠵᠤ᠂ 400 ᠲᠦᠷᠦᠯ ᠵᠦᠢᠯ ᠢ ᠨᠦᠬᠡᠴᠡᠯᠡᠬᠦ ᠪᠠᠷ ᠴᠢᠷᠮᠠᠶᠢᠨ᠎ᠠ᠃   ᠬᠡᠷᠡᠭᠯᠡᠭᠡ ᠶᠢᠨ ᠪᠠᠭᠲᠠᠭᠠᠮᠵᠢ ᠶᠢ ᠥᠷᠭᠡᠳᠬᠡᠨ ᠲᠡᠰ ᠳᠡᠪᠰᠢᠭᠦᠯᠬᠦ ᠶᠢ ᠠᠬᠢᠭᠤᠯᠤᠨ᠎ᠠ᠃ ︽ᠠᠷᠠᠳ ᠲᠤ ᠠᠰᠢᠭ ᠬᠦᠷᠲᠡᠭᠡᠵᠦ ᠪᠣᠷᠤᠯᠠᠭᠤᠯᠭ᠎ᠠ ᠶᠢ ᠠᠬᠢᠭᠤᠯᠬᠤ ᠪᠠᠷᠠᠭ᠎ᠠ ᠬᠤᠳᠠᠯᠳᠤᠨ ᠠᠪᠬᠤ ᠨᠠᠶᠢᠷ︾ ᠤᠨ ᠠᠵᠢᠯᠯᠠᠭ᠎ᠠ ᠶᠢ ᠰᠠᠶᠢᠲᠤᠷ ᠡᠷᠭᠢᠯᠡᠵᠦ᠂ ᠬᠤᠳᠠᠯᠳᠤᠭᠠᠨ ᠤ ᠳᠡᠯᠭᠡᠭᠦᠷ ᠤᠨ ᠪᠦᠷᠢᠨ ᠪᠠᠷᠠᠭ᠎ᠠ᠂ ᠬᠡᠲᠦ ᠳᠡᠯᠭᠡᠭᠦᠷ ᠤᠨ ᠵᠢᠵᠢᠭᠯᠡᠨ ᠬᠤᠳᠠᠯᠳᠤᠬᠤ ᠵᠡᠷᠭᠡ ᠡᠵᠡᠩᠨᠡᠯᠲᠡ ᠶᠢᠨ ᠪᠠᠶᠢᠳᠠᠯ ᠤᠨ ᠬᠡᠷᠡᠭᠯᠡᠭᠡ ᠶᠢ ᠠᠬᠢᠭᠤᠯᠤᠨ᠎ᠠ᠃ ᠵᠢᠨᠢᠩ ᠤᠨ ᠡᠷᠲᠡᠨ ᠤ ᠬᠤᠲᠠ ᠶᠢᠨ ᠶᠠᠪᠠᠭᠠᠨ ᠵᠡᠭᠡᠯᠢ ᠶᠢ ᠪᠠᠶᠢᠭᠤᠯᠵᠤ᠂ ᠰᠢᠶᠠᠨ ᠤ ᠬᠡᠪᠴᠢᠶᠡᠨ ᠤ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠶᠢᠨ ᠴᠢᠳᠠᠮᠵᠢ ᠶᠢ ᠳᠡᠭᠡᠭᠰᠢᠯᠡᠭᠦᠯᠦᠨ᠎ᠡ᠃ ᠴᠠᠬᠢᠯᠭᠠᠨ ᠴᠡᠨᠡᠭᠯᠡᠬᠦ ᠱᠣᠩ᠂ ᠴᠠᠬᠢᠯᠭᠠᠨ ᠰᠣᠯᠢᠬᠤ ᠥᠷᠲᠡᠭᠡ ᠵᠡᠷᠭᠡ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠡᠷᠡᠭᠯᠡᠭᠡ ᠶᠢ ᠠᠬᠢᠭᠤᠯᠤᠨ᠎ᠠ᠃ ᠰᠢᠭᠤᠳ ᠨᠡᠪᠳᠡᠷᠡᠬᠦᠯᠬᠡ ᠶᠢᠨ ᠴᠠᠬᠢᠮ ᠬᠤᠳᠠᠯᠳᠤᠭ᠎ᠠ᠂ ᠰᠥᠨᠢ ᠶᠢᠨ ᠠᠵᠤ ᠠᠬᠤᠢ᠂ ᠣᠶᠤᠨᠴᠢ ᠬᠡᠷᠡᠭᠯᠡᠭᠡ᠂ ᠡᠷᠡᠭᠦᠯ ᠮᠡᠨᠳᠦ ᠶᠢᠨ ᠬᠡᠷᠡᠭᠯᠡᠭᠡ ᠵᠡᠷᠭᠡ ᠶᠢᠨ ᠬᠥᠭᠵᠢᠯᠲᠡ ᠶᠢ ᠳᠡᠮᠵᠢᠨ᠎ᠡ᠃ ᠬᠥᠳᠡᠭᠡ ᠲᠣᠰᠬᠤᠨ ᠮᠠᠯᠵᠢᠬᠤ ᠣᠷᠣᠨ ᠤ ᠠᠷᠠᠯᠵᠢᠶ᠎ᠠ ᠬᠤᠳᠠᠯᠳᠤᠭᠠᠨ ᠤ ᠲᠥᠬᠦᠭᠡᠷᠦᠮᠵᠢ ᠪᠠ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠰᠢᠰᠲ᠋ᠧᠮᠵᠢ ᠶᠢ ᠲᠡᠭᠦᠯᠳᠡᠷᠵᠢᠭᠦᠯᠵᠦ᠂ ᠠᠵᠤ ᠦᠢᠯᠡᠳᠪᠦᠷᠢ ᠶᠢᠨ ᠦᠢᠯᠡᠳᠬᠦᠨ ᠢ ᠬᠥᠳᠡᠭᠡ ᠪᠠᠭᠤᠯᠭᠠᠬᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠬᠤᠲᠠ ᠳᠤ ᠣᠷᠣᠭᠤᠯᠬᠤ ᠬᠤᠣᠰ ᠴᠢᠭᠯᠡᠯᠲᠦ ᠭᠦᠢᠯᠭᠡᠭᠡᠨ ᠤ ᠵᠠᠮ  ᠢ ᠰᠠᠭᠠᠳ ᠦᠭᠡᠢ ᠨᠠᠪᠲᠠᠷᠡᠭᠦᠯᠵᠦ᠂ ᠨᠠᠩ ᠣᠯᠠᠨ ᠮᠠᠯᠴᠢᠨ ᠲᠠᠷᠢᠶᠠᠴᠢᠨ ᠳᠤ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠠᠴᠠ ᠪᠣᠯᠤᠭᠰᠠᠨ ᠡᠯ᠎ᠡ ᠵᠦᠢᠯ ᠤᠨ ᠲᠥᠬᠦᠮ ᠨᠥᠬᠦᠴᠡᠯ ᠢ ᠡᠳ᠋ᠯᠡᠭᠦᠯᠦᠨ᠎ᠡ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠵᠤ᠂ ᠰᠠᠨᠠᠭ᠎ᠠ ᠠᠮᠤᠷ ᠬᠡᠷᠡᠭᠯᠡᠭᠡᠨ ᠤ ᠣᠷᠴᠢᠨ ᠨᠥᠬᠦᠴᠡᠯ ᠢ ᠪᠤᠢ ᠪᠣᠯᠭᠠᠨ᠎ᠠ᠃   ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠠᠵᠢᠯ ᠢ ᠰᠢᠨᠵᠢᠯᠡᠬᠦ ᠤᠬᠠᠭᠠᠨᠴᠢ ᠪᠠᠷ ᠨᠠᠷᠢᠯᠢᠭ ᠣᠨᠣᠴᠠᠲᠠᠶ ᠰᠠᠶᠢᠲᠤᠷ ᠬᠢᠵᠦ᠂ ᠴᠢᠳᠠᠪᠤᠷᠢ ᠶᠢᠨ ᠪᠠᠶᠢᠭᠤᠯᠤᠯᠲᠠ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠪᠠ ᠸᠠᠺᠼᠢᠨ ᠤ ᠲᠠᠷᠢᠯᠭ᠎ᠠ ᠶᠢ ᠴᠢᠩᠭᠠᠳᠬᠠᠵᠤ᠂ ᠰᠡᠷᠭᠡᠶᠢᠯᠡᠨ ᠡᠵᠡᠮᠳᠡᠬᠦ ᠶᠢ ᠰᠤᠯᠠᠷᠠᠭᠤᠯᠬᠤ ᠦᠭᠡᠢ᠂ ᠬᠥᠭᠵᠢᠭᠦᠯᠬᠦ ᠶᠢ ᠵᠣᠭᠰᠣᠩᠬᠢᠷᠠᠭᠤᠯᠬᠤ ᠦᠭᠡᠢ ᠪᠠᠶᠢᠯᠭᠠᠨ᠎ᠠ᠃ ᠠᠵᠤ ᠠᠬᠤᠶ ᠶᠢᠨ ᠠᠵᠢᠯᠯᠠᠭᠠᠨ ᠤ ᠲᠣᠬᠢᠷᠠᠭᠤᠯᠤᠯᠳᠡ ᠶᠢ ᠴᠢᠩᠭᠠᠳᠬᠠᠵᠤ᠂ ᠲᠦᠭᠰᠢᠭᠦᠷᠢ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠰᠢᠶᠳᠪᠦᠷᠢᠯᠡᠬᠦ ᠶᠢ ᠴᠢᠩᠭᠠᠳᠬᠠᠵᠤ᠂ ᠬᠤᠭᠤᠴᠠᠭ᠎ᠠ ᠨᠢ ᠲᠤᠯᠤᠭᠰᠠᠨ ᠥᠷᠢ ᠥᠭᠴᠡᠭᠡ ᠶᠢᠨ ᠲᠦᠭᠰᠢᠭᠦᠷᠢ ᠶᠢ ᠪᠦᠲᠦᠮᠵᠢᠲᠠᠢ ᠠᠷᠢᠯᠭᠠᠨ᠎ᠠ᠃ ᠮᠥᠩᠭᠦᠨ ᠭᠦᠶᠯᠭᠡᠭᠡᠨ ᠤ ᠪᠠᠶᠢᠭᠤᠯᠤᠮᠵᠢ ᠶᠢᠨ ᠨᠠᠶᠢᠳᠠᠪᠦᠷᠢ ᠮᠠᠭᠤᠲᠠᠢ ᠵᠢᠭᠡᠯᠡᠯᠭᠡ ᠶᠢᠨ ᠲᠤᠰᠬᠠᠶ ᠴᠡᠪᠡᠷᠯᠡᠨ ᠬᠤᠷᠢᠶᠠᠬᠤ ᠠᠵᠢᠯᠯᠠᠭ᠎ᠠ ᠶᠢ ᠯᠠᠪᠲᠠᠭᠤᠨ ᠪᠠᠲᠤᠲᠠᠢ ᠠᠬᠢᠭᠤᠯᠵᠤ᠂ ᠲᠦᠭᠰᠢᠭᠦᠷᠢ ᠶᠡᠬᠡᠲᠡᠶ 2 ᠪᠠᠶᠢᠭᠤᠯᠤᠮᠵᠢ ᠶᠢ ᠵᠢᠭᠰᠠᠭᠠᠯᠲᠠ ᠠᠴᠠ ᠭᠠᠷᠭᠠᠬᠤ ᠶᠢ ᠪᠡᠶᠡᠯᠡᠭᠦᠯᠦᠨ᠎ᠡ᠃ ᠭᠡᠷ ᠪᠠᠶᠢᠰᠢᠩ ᠭᠠᠵᠠᠷ ᠬᠦᠷᠦᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠦᠭᠵᠢᠬᠦ ᠶᠢ ᠠᠬᠢᠭᠤᠯᠤᠨ᠎ᠠ᠃   ︵ᠬᠤᠶᠠᠷ︶ ᠬᠦᠴᠦᠨ ᠢᠶᠠᠨ ᠲᠥᠪᠯᠡᠷᠡᠭᠦᠯᠦᠨ ᠪᠣᠬᠢᠷᠳᠦᠯ ᠦᠭᠡᠢ ᠠᠮᠢ ᠠᠬᠤᠢ ᠶᠢᠨ ᠳᠠᠪᠠᠭᠤᠯᠢᠭ ᠢ ᠪᠠᠬᠢᠵᠢᠭᠦᠯᠦᠨ᠎ᠡ   ᠦᠷᠭᠦᠯᠵᠢᠯᠡᠨ ︽ᠨᠣᠭᠤᠭᠠᠷᠠᠭᠤᠯᠤᠯᠲᠠ ᠶᠢ ᠨᠡᠮᠡᠭᠳᠡᠭᠦᠯᠵᠦ︾᠂ ᠠᠮᠢ ᠠᠬᠤᠶ ᠶᠢᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠰᠢᠩᠭᠡᠭᠡᠨ ᠠᠪᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠥᠬᠦ ᠬᠤᠲᠠ ᠶᠢᠨ ᠨᠤᠲᠤᠭ ᠳᠡᠪᠢᠰᠭᠡᠷ ᠤᠨ ᠣᠷᠣᠨ ᠵᠠᠶ ᠶᠢᠨ ᠶᠡᠷᠦᠩᠬᠡᠶ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠠ ︽ᠭᠤᠷᠪᠠᠨ ᠣᠷᠣᠨ ᠭᠤᠷᠪᠠᠨ ᠱᠤᠭᠤᠮ︾ ᠢ ᠵᠠᠭᠠᠭᠯᠠᠨ ᠲᠣᠭᠲᠠᠭᠠᠬᠤ ᠠᠵᠢᠯ ᠢ ᠪᠡᠶᠡᠯᠡᠭᠦᠯᠵᠦ᠂ ᠨᠤᠲᠤᠭ ᠳᠡᠪᠢᠰᠭᠡᠷ ᠤᠨ ᠣᠷᠣᠨ ᠵᠠᠶ ᠶᠢᠨ ᠬᠡᠷᠡᠭᠯᠡᠯᠲᠡ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠨ᠎ᠠ᠃ ᠣᠶ ᠰᠢᠭᠤᠢ ᠶᠢᠨ ᠳᠠᠷᠤᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠨᠤᠲᠤᠭ ᠳᠡᠪᠢᠰᠬᠡᠷ ᠢ ᠨᠣᠭᠤᠭᠠᠷᠠᠭᠤᠯᠬᠤ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ 93 ᠲᠦᠮᠡᠨ ᠮᠥ ᠣᠶ ᠰᠢᠭᠤᠶ ᠡᠪᠡᠰᠦ ᠪᠡᠯᠴᠢᠭᠡᠷ ᠤᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠪᠠ ᠬᠠᠮᠠᠭᠠᠯᠠᠯᠲᠠ ᠰᠡᠷᠭᠦᠭᠡᠯᠲᠡ ᠶᠢ ᠪᠡᠶᠡᠯᠡᠭᠦᠯᠦᠨ᠎ᠡ᠃ ᠦᠨᠳᠦᠰᠦᠨ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠳᠦᠷᠢᠮ ᠢ ᠴᠢᠩᠭ᠎ᠠ ᠬᠡᠷᠡᠭᠵᠢᠭᠦᠯᠵᠦ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠤᠭᠰᠤᠭᠠᠨ ᠪᠡᠯᠴᠢᠭᠡᠷ ᠢ ᠰᠡᠷᠭᠦᠭᠡᠬᠦ ᠠᠵᠢᠯ ᠢ ᠴᠢᠩᠭᠠᠳᠬᠠᠨ᠂ ᠨᠤᠲᠤᠭ ᠪᠡᠯᠴᠢᠭᠡᠷ ᠣᠶᠢᠲᠤ ᠭᠠᠵᠠᠷ ᠢ ᠬᠠᠤᠯᠢ ᠠᠴᠠ ᠵᠦᠷᠢᠴᠡᠨ ᠡᠵᠡᠯᠡᠨ ᠬᠡᠷᠡᠭᠯᠡᠬᠦ ᠡᠯ᠎ᠡ ᠲᠥᠷᠥᠯ ᠤᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠭᠤᠤᠯ ᠮᠦᠷᠡᠨ ᠨᠠᠭᠤᠷ ᠴᠦᠬᠦᠷᠦᠮ ᠤᠨ ᠳᠠᠷᠤᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠶᠢ ᠯᠠᠪᠳᠠᠭᠤᠨ ᠢᠶᠠᠷ ᠠᠬᠢᠭᠤᠯᠵᠤ᠂ ᠳᠠᠭ᠎ᠠ ᠶᠢᠨ ᠨᠠᠭᠤᠷ᠂ ᠴᠠᠭᠠᠨᠨᠠᠭᠤᠷ ᠢ ᠵᠠᠰᠠᠬᠤ ᠢᠨᠵᠧᠨᠧᠷᠢᠩ ᠤᠨ ᠣᠨ ᠤ ᠡᠭᠦᠷᠬᠡ ᠶᠢ ᠪᠡᠶᠡᠯᠡᠭᠦᠯᠦᠨ᠎ᠡ᠃ ︽ᠤᠰᠤ ᠪᠠᠷ ᠳᠥᠷᠪᠡ ᠶᠢ ᠳᠤᠭᠲᠠᠭᠠᠬᠤ︾ ᠵᠠᠷᠴᠢᠮ ᠪᠠ ︽ᠤᠰᠤᠨ ᠤ ᠬᠡᠮᠵᠢᠶ᠎ᠡ ᠪᠠᠷ ᠪᠣᠳᠣᠯᠭ᠎ᠠ ᠬᠡᠷᠡᠭᠵᠢᠭᠦᠯᠬᠦ︾ ᠱᠠᠭᠠᠷᠳᠠᠯᠭ᠎ᠠ ᠶᠢ ᠡᠷᠡᠰ ᠨᠠᠶᠢᠳᠠᠪᠦᠷᠢᠵᠢᠭᠤᠯᠵᠦ᠂ ᠤᠰᠤᠨ ᠤ ᠡᠬᠢ ᠪᠠᠶᠠᠯᠢᠭ ᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃ ᠠᠭᠤᠷᠬᠠᠶ ᠶᠢᠨ ᠠᠮᠢ ᠠᠬᠤᠶ ᠣᠷᠴᠢᠨ ᠲᠣᠭᠤᠷᠢᠨ ᠢ ᠰᠡᠷᠭᠦᠭᠡᠨ ᠵᠠᠰᠠᠬᠤ ᠶᠢ ᠲᠦᠷᠭᠡᠳᠬᠡᠨ᠂ ᠪᠣᠬᠢᠷᠲᠤᠯ ᠥᠬᠡᠶ 4 ᠠᠭᠤᠷᠬᠠᠶ ᠶᠢ ᠥᠨᠳᠥᠷ ᠪᠠᠷᠢᠮᠵᠢᠶ᠎ᠠ ᠪᠠᠷ ᠪᠠᠶᠢᠭᠤᠯᠤᠨ᠎ᠠ᠃   ᠡᠮᠬᠢ ᠵᠢᠷᠦᠮ ᠲᠠᠢ ᠪᠠᠷ ︽ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠵᠤ︾ ᠂ ᠠᠷᠪᠢᠯᠠᠨ ᠡᠷᠴᠢᠮᠵᠢᠭᠦᠯᠵᠦ ᠤᠷᠴᠢᠯᠳᠤᠭᠤᠯᠤᠨ ᠭᠦᠭᠵᠢᠭᠦᠯᠬᠦ ᠶᠢ ᠠᠬᠢᠭᠤᠯᠤᠨ᠎ᠠ᠃ ᠡᠨᠧᠷᠭᠢ ᠬᠡᠷᠡᠭᠯᠡᠬᠦ ᠬᠠᠮᠢᠶᠠᠷᠤᠯᠲᠠ ᠶᠢᠨ ᠲᠦᠷᠢᠮ ᠢ ᠲᠡᠭᠦᠯᠳᠡᠷᠵᠢᠭᠦᠯᠵᠦ᠂ ᠪᠠᠲᠤᠯᠠᠬᠤ ᠶᠢ ᠨᠢ ᠪᠠᠲᠤᠯᠠᠵᠤ ᠪᠠᠭᠤᠷᠠᠭᠤᠯᠬᠤ ᠶᠢ ᠨᠢ ᠪᠠᠭᠤᠷᠠᠭᠤᠯᠵᠤ᠂ ᠠᠷᠪᠢᠯᠠᠨ ᠭᠠᠮᠨᠠᠬᠤ ᠶᠢ ᠤᠷᠢᠳ ᠢᠶᠠᠷ ᠪᠤᠳᠤᠯᠬᠢᠯᠠᠬᠤ ᠵᠠᠷᠴᠢᠮ ᠢ ᠪᠠᠷᠢᠮᠳᠠᠯᠠᠨ᠂ ᠠᠷᠭ᠎ᠠ ᠪᠦᠬᠦᠨ ᠢ ᠰᠦᠪᠡᠭᠴᠢᠯᠡᠨ ᠡᠨᠧᠷᠭᠢ ᠬᠡᠷᠡᠭᠯᠡᠬᠦ ᠭᠦᠶᠴᠡᠳᠬᠡᠯ ᠲᠤᠭ᠎ᠠ ᠶᠢ ᠰᠤᠯᠠᠯᠠᠨ ᠭᠠᠷᠭᠠᠵᠤ᠂ ᠴᠢᠨᠠᠷ ᠰᠠᠶᠢᠲᠠᠶ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠤᠷᠢᠳᠠᠪᠠᠷ ᠪᠠᠲᠤᠯᠠᠨ᠎ᠠ᠃ ︽ᠬᠤᠶᠠᠷ ᠶᠡᠬᠡᠲᠠᠢ︾ ᠲᠥᠷᠥᠯ ᠵᠦᠢᠯ ᠢ ᠳᠣᠣᠷ᠎ᠠ ᠲᠦᠪᠰᠢᠨ ᠪᠠᠷ ᠰᠣᠬᠤᠷ ᠪᠠᠯᠠᠢ ᠪᠠᠷ ᠬᠦᠭᠵᠢᠭᠦᠯᠬᠦ ᠶᠢ ᠡᠷᠡᠰ ᠬᠤᠷᠢᠭᠯᠠᠵᠤ᠂ ᠤᠯᠠᠮᠵᠢᠯᠠᠯᠲᠤ ᠠᠵᠤ ᠦᠢᠯᠡᠰ ᠤᠨ ᠳᠡᠭᠡᠳᠦ ᠲᠠᠰ ᠤᠨ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠭᠡᠳᠡᠷᠭᠦ ᠰᠢᠬᠠᠮᠳᠠᠭᠤᠯᠵᠤ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ ᠪᠠᠭᠤᠷᠠᠭᠤᠯᠵᠤ ᠬᠤᠷᠣᠭᠳᠠᠯ ᠢ ᠪᠠᠭᠠᠰᠬᠠᠬᠤ ᠪᠠ ᠠᠵᠤ ᠠᠬᠤᠶᠢᠯᠠᠯ ᠤᠨ ᠪᠠᠶᠢᠯᠳᠤᠬᠤ ᠪᠣᠳᠣᠯᠭ᠎ᠠ ᠶᠢᠨ ᠬᠡᠯᠪᠡᠷᠢ ᠶᠢᠨ ᠬᠤᠪᠢᠷᠠᠭᠤᠯᠤᠯᠲᠠ ᠶᠢ ᠲᠣᠭᠲᠠᠭᠤᠨ ᠢᠶᠠᠷ ᠬᠠᠮᠵᠢᠯᠴᠠᠨ ᠠᠬᠢᠭᠤᠯᠬᠤ ᠶᠢ ᠪᠡᠶᠡᠯᠡᠭᠦᠯᠦᠨ᠎ᠡ ᠃ ᠨᠡᠭᠦᠷᠡᠰᠦ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠨᠡᠭᠦᠷᠡᠰᠦ ᠠᠷᠪᠢᠯᠠᠨ ᠪᠣᠬᠢᠷᠲᠤᠯ ᠪᠤᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠥᠭᠡᠷᠡᠴᠢᠯᠡᠯᠲᠡ ᠶᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠤᠨ᠎ᠠ᠃ ᠪᠣᠬᠢᠷᠲᠤᠯ ᠦᠭᠡᠢ ᠦᠢᠯᠡᠳᠪᠦᠷᠢᠯᠡᠯ᠂ ᠪᠣᠬᠢᠷᠲᠤᠯ ᠦᠭᠡᠢ ᠠᠮᠢᠳᠤᠷᠠᠯ ᠢ ᠡᠭᠦᠳᠦᠨ ᠴᠤᠭᠴᠠᠯᠠᠬᠤ ᠠᠵᠢᠯᠯᠠᠭ᠎ᠠ ᠶᠢ ᠥᠷᠨᠢᠭᠦᠯᠦᠨ᠎ᠡ᠃   ︽ᠪᠣᠬᠢᠷᠳᠤᠯ ᠢ ᠵᠠᠰᠠᠬᠤ︾ ᠪᠠᠷ ᠬᠦᠴᠦᠯᠡᠨ ᠴᠢᠷᠮᠠᠶᠢᠵᠤ᠂ ᠠᠮᠢ ᠠᠬᠤᠢ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠦᠨ᠎ᠡ᠃ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠪᠠ ᠬᠠᠮᠵᠢᠯᠴᠠᠨ ᠡᠵᠡᠮᠳᠡᠬᠦ ᠶᠢ ᠴᠢᠩᠭᠠᠳᠬᠠᠵᠤ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ᠂ ᠭᠤᠤᠯᠳᠠᠯᠭ᠎ᠠ ᠲᠠᠢ ᠠᠵᠢᠯ ᠲᠥᠷᠥᠯ ᠤᠨ ᠪᠣᠬᠢᠷᠲᠤᠯ ᠢ ᠵᠠᠰᠠᠬᠤ ᠡᠷᠴᠢᠮ ᠢ ᠴᠢᠩᠭᠠᠷᠠᠭᠤᠯᠵᠤ᠂ ︽ᠣᠭᠲᠠᠷᠭᠤᠶ ᠶᠢ ᠪᠠᠶᠢᠩᠭᠤ ᠬᠥᠬᠡ ︾ ᠪᠠᠶᠢᠯᠭᠠᠨ᠎ᠠ᠃ ᠤᠰᠤᠨ ᠤ ᠡᠬᠢ ᠪᠠᠶᠠᠯᠢᠭ᠂ ᠤᠰᠤᠨ ᠤ ᠠᠮᠢ ᠠᠬᠤᠶ᠂ ᠤᠰᠤᠨ ᠤ ᠣᠷᠴᠢᠨ ᠲᠣᠭᠤᠷᠢᠨ᠂ ᠤᠰᠤᠨ ᠤ ᠭᠠᠢ ᠭᠠᠮᠰᠢᠭ ︽ᠳᠦᠷᠪᠡᠨ ᠤᠰᠤ ᠶᠢ ᠬᠠᠮᠲᠤ ᠳᠤᠨᠢ ᠵᠠᠰᠠᠬᠤ︾ ᠶᠢ ᠨᠢᠭᠡᠲᠦᠯᠳᠡᠢ ᠲᠦᠯᠦᠪᠯᠡᠨ ᠠᠬᠢᠭᠤᠯᠵᠤ᠂ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠪᠠᠷᠢᠮᠵᠢᠶ᠎ᠠ ᠶᠢ ᠨᠠᠷᠢᠯᠢᠭ ᠣᠨᠣᠴᠠᠲᠠᠢ ᠪᠠᠷ ᠳᠡᠭᠡᠭᠰᠢᠯᠡᠭᠦᠯᠬᠦ ᠶᠢ ᠲᠦᠷᠭᠡᠳᠬᠡᠵᠦ᠂ ︽ᠨᠤᠮᠢᠨ ᠤᠰᠤ ᠶᠢ ᠡᠭᠦᠷᠢᠳᠡ ᠲᠤᠩᠭᠠᠯᠠᠭ︾ ᠪᠠᠶᠢᠯᠭᠠᠨ᠎ᠠ᠃ ᠲᠠᠷᠢᠶᠠᠯᠠᠩ ᠤᠨ ᠣᠯᠠᠨ ᠡᠬᠢᠳᠤ ᠪᠣᠬᠢᠷᠲᠤᠯ ᠢ ᠴᠢᠩᠭ᠎ᠠ ᠬᠢᠵᠠᠭᠠᠷᠯᠠᠵᠤ᠂ ᠲᠠᠷᠢᠶᠠᠨ ᠭᠠᠵᠠᠷ ᠪᠠ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠠᠶᠦᠯᠭᠦᠢ ᠠᠰᠢᠭᠯᠠᠬᠤ ᠶᠢ ᠴᠢᠩᠭᠠᠳᠬᠠᠨ᠂ ᠵᠢᠨᠢᠩ ᠲᠤᠭᠤᠷᠢᠭ᠂ ᠹᠧᠩᠵᠧᠨ ᠬᠤᠲᠠ᠂ ᠳᠥᠷᠪᠡᠳ ᠬᠤᠰᠢᠭᠤᠨ ᠳᠤ ᠬᠤᠭ ᠨᠣᠪᠰᠢ ᠶᠢ ᠲᠥᠷᠥᠯ ᠬᠤᠪᠢᠶᠠᠬᠤ ᠲᠤᠷᠰᠢᠯᠲᠠ ᠶᠢᠨ ᠴᠡᠭ ᠢ ᠬᠡᠷᠡᠭᠵᠢᠭᠦᠯᠵᠦ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠶᠢ ᠴᠢᠩᠭᠠᠳᠬᠠᠵᠤ᠂ ︽ᠬᠦᠬᠡᠮᠳᠦᠭ ᠠᠭᠤᠯᠠ ᠶᠢ ᠦᠨᠢᠲᠡ ᠨᠤᠭᠤᠭᠠᠨ︾  ᠪᠠᠶᠢᠯᠭᠠᠨ᠎ᠠ᠃   ︵ᠭᠤᠷᠪᠠ︶ ᠬᠦᠴᠦᠨ ᠢᠶᠠᠨ ᠲᠥᠪᠯᠡᠷᠡᠭᠦᠯᠦᠨ ᠰᠢᠨ᠎ᠡ ᠠᠵᠤ ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠤᠨ᠎ᠠ   ᠴᠡᠪᠡᠷ ᠡᠨᠧᠷᠭᠢ ᠶᠢᠨ ᠰᠠᠭᠤᠷᠢᠨ ᠭᠠᠵᠠᠷ ᠢ ᠪᠠᠶᠢᠭᠤᠯᠤᠨ᠎ᠠ᠃ ︽ᠬᠤᠶᠠᠷ ᠢ ᠤᠷᠢᠳ ᠢᠶᠠᠷ ᠴᠤᠭᠴᠠᠯᠠᠬᠤ︾᠂ ︽ᠬᠤᠶᠠᠷ ᠢ ᠳᠠᠪᠠᠭᠤᠯᠬᠤ︾ ᠠᠵᠠ ᠲᠣᠬᠢᠶᠠᠯ ᠢ ᠵᠠᠪᠳᠤᠨ ᠠᠳᠬᠤᠵᠤ᠂ ᠰᠠᠯᠬᠢᠨ ᠬᠦᠴᠦ ᠪᠠᠷ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢ 280 ᠲᠦᠮᠡᠨ ᠺᠢᠯᠣᠸᠠᠲ᠂ ᠭᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠶᠢ 25 ᠲᠦᠮᠡᠨ ᠺᠢᠯᠣᠸᠠᠲ ᠰᠢᠨ᠎ᠡ ᠪᠠᠷ ᠨᠡᠮᠡᠭᠳᠡᠭᠦᠯᠦᠨ᠎ᠡ᠃ ᠡᠨᠧᠷᠭᠢ ᠶᠢᠨ ᠰᠤᠷᠪᠤᠯᠵᠢ ᠶᠢᠨ ᠬᠡᠷᠡᠭᠯᠡᠭᠡᠨ ᠤ ᠬᠤᠪᠢᠰᠬᠠᠯ ᠤᠨ ᠲᠡᠰ ᠳᠡᠪᠰᠢᠬᠦ ᠶᠢ ᠲᠦᠯᠬᠢᠨ ᠠᠬᠢᠭᠤᠯᠵᠤ᠂ ᠳᠠᠬᠢᠨ ᠡᠭᠦᠰᠴᠦ ᠪᠣᠯᠬᠤ ᠡᠨᠧᠷᠬᠢ ᠶᠢᠨ ᠣᠷᠣᠯᠠᠭᠤᠯᠤᠯᠲᠠ ᠶᠢᠨ ᠠᠵᠢᠯᠯᠠᠭ᠎ᠠ ᠶᠢ ᠬᠡᠷᠡᠭᠵᠢᠭᠦᠯᠵᠦ᠂ ᠰᠢᠨ᠎ᠡ ᠡᠨᠧᠷᠭᠢ ᠶᠢ ᠰᠢᠩᠭᠡᠭᠡᠨ ᠪᠠᠭᠲᠠᠭᠠᠬᠤ ᠪᠠᠷ ᠭᠤᠣᠯ ᠪᠣᠯᠭᠠᠭᠰᠠᠨ ᠪᠢᠴᠢᠯ ᠴᠠᠬᠢᠯᠭᠠᠨ ᠲᠣᠣᠷ᠂ ᠳᠤᠲᠤᠭᠠᠲᠦ ᠰᠦᠯᠵᠢᠶ᠎ᠡ ᠶᠢᠨ ᠪᠦᠳᠦᠭᠡᠨ ᠪᠠᠶᠢᠭᠤᠯᠤᠯᠲᠠ ᠪᠠ ᠥᠭᠡᠷᠡᠴᠢᠯᠡᠯᠲᠡ ᠶᠢ ᠲᠦᠷᠭᠡᠳᠬᠡᠨ᠂ 600 ᠲᠦᠮᠡᠨ ᠺᠢᠯᠣᠸᠠᠲ ᠤᠨ ᠰᠠᠯᠬᠢᠨ ᠬᠦᠴᠦ ᠪᠠᠷ ᠴᠠᠬᠢᠯᠭᠠᠨ ᠭᠠᠷᠭᠠᠬᠤ ᠰᠠᠭᠤᠷᠢᠨ ᠤ ᠲᠤᠰ ᠭᠠᠵᠠᠷ ᠲᠤ ᠪᠠᠨ ᠰᠢᠩᠭᠡᠭᠡᠨ ᠪᠠᠭᠲᠠᠭᠠᠬᠤ ᠲᠥᠷᠥᠯ ᠵᠦᠢᠯ ᠢ ᠪᠠᠶᠢᠭᠤᠯᠵᠤ ᠲᠣᠣᠷ ᠲᠤ ᠨᠡᠶᠢᠯᠡᠭᠦᠯᠦᠨ᠎ᠡ᠃ ᠶᠡᠭᠡ ᠪᠠᠭᠲᠠᠭᠠᠮᠵᠢ ᠲᠠᠢ ᠥᠨᠳᠥᠷ ᠠᠰᠢᠭᠯᠠᠮᠵᠢ ᠲᠠᠢ ᠨᠥᠭᠡᠴᠡ ᠡᠨᠧᠷᠭᠢ ᠶᠢ ᠬᠥᠭᠵᠢᠭᠦᠯᠵᠦ᠂ ᠹᠧᠩᠵᠧᠨ ᠤ ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ᠂ ᠴᠠᠭᠠᠨᠨᠠᠭᠤᠷ ᠤᠨ ᠠᠮᠢ ᠠᠬᠤᠶ ᠶᠢᠨ ᠬᠡᠷᠡᠯ ᠴᠡᠨᠡᠭ᠂ ᠳᠠᠭ᠎ᠠ ᠶᠢᠨ ᠨᠠᠭᠤᠷ ᠤᠨ ᠰᠠᠯᠬᠢ ᠬᠡᠷᠡᠯ ᠢᠯᠴᠢ ᠨᠦᠭᠡᠴᠡ ᠤᠰᠤᠲᠥ᠋ᠷᠥᠭᠴᠢ ᠶᠢ ᠨᠢᠭᠡ ᠴᠤᠭᠴᠠᠵᠢᠭᠤᠯᠬᠤ ᠵᠡᠷᠭᠡ ᠲᠥᠷᠥᠯ ᠵᠦᠶᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ︽ᠴᠠᠬᠢᠯᠭᠠᠨ ᠤ ᠰᠤᠷᠪᠤᠯᠵᠢ ᠪᠠ ᠲᠤᠤᠷ ᠲᠠᠭᠠᠭᠠᠴᠠ ᠨᠦᠭᠡᠴᠡ︾ ᠶᠢᠨ ᠤᠯᠤᠰ ᠤᠨ ᠲᠠᠰ ᠤᠨ ᠲᠤᠷᠰᠢᠯᠲᠠ ᠶᠢᠨ ᠲᠠᠰᠤᠭ ᠪᠠ ᠶᠡᠷᠦᠩᠬᠡᠶᠢᠯᠡᠭᠰᠡᠨ ᠦᠵᠡᠭᠦᠯᠦᠯᠭᠡ ᠶᠢᠨ ᠲᠥᠪ  ᠢ ᠡᠬᠢᠯᠡᠭᠦᠯᠦᠨ ᠠᠵᠢᠯᠯᠠᠭᠤᠯᠬᠤ ᠶᠢ ᠠᠬᠢᠭᠤᠯᠤᠨ᠎ᠠ᠃ ᠬᠡᠪᠴᠢᠶᠡᠵᠢᠭᠦᠯᠦᠭᠰᠡᠨ ᠰᠠᠯᠬᠢ ᠭᠡᠷᠡᠯ ᠢᠶᠠᠷ ᠤᠰᠤᠲᠥ᠋ᠷᠥᠭᠴᠢ ᠶᠢ ᠦᠶᠯᠡᠳᠬᠦ ᠶᠢ ᠲᠦᠷᠭᠡᠳᠬᠡᠨ ᠬᠥᠭᠵᠢᠭᠦᠯᠵᠦ᠂ ᠳᠤᠮᠳᠠᠳᠤ ᠤᠯᠤᠰ ᠤᠨ ᠴᠢᠯᠠᠭᠤᠨ ᠲᠣᠰᠣ ᠬᠢᠮᠢ ᠶᠢᠨ ᠠᠵᠤ ᠦᠶᠯᠡᠳᠪᠦᠷᠢ ᠶᠢᠨ ᠤᠰᠤᠲᠥ᠋ᠷᠥᠭᠴᠢ ᠶᠢ ᠦᠶᠯᠡᠳᠦᠨ ᠤᠰᠤᠲᠥ᠋ᠷᠥᠭᠴᠢ ᠶᠢ ᠬᠠᠳᠠᠭᠠᠯᠠᠬᠤ ᠲᠥᠷᠥᠯ ᠵᠦᠶᠯ ᠢ ᠪᠣᠳᠠᠲᠠᠶᠢᠵᠢᠭᠤᠯᠤᠨ ᠠᠵᠢᠯ ᠡᠬᠢᠯᠡᠭᠦᠯᠬᠦ ᠶᠢ ᠠᠬᠢᠭᠤᠯᠵᠤ᠂ ᠪᠤᠬᠢᠷᠳᠤᠯ ᠦᠬᠡᠢ ᠤᠰᠤᠲᠥ᠋ᠷᠥᠭᠴᠢ ᠶᠢ ᠦᠶᠯᠡᠳᠬᠦ᠂ ᠬᠠᠳᠠᠭᠠᠯᠠᠬᠤ᠂ ᠲᠡᠭᠡᠭᠡᠪᠦᠷᠢᠯᠡᠬᠦ᠂ ᠬᠡᠷᠡᠭᠯᠡᠬᠦ ᠶᠢ ᠨᠢᠭᠡ ᠴᠣᠠᠠᠴᠠᠵᠢᠭᠤᠯᠥᠠᠠᠰᠠᠨ ᠠᠵᠤ ᠦᠶᠯᠡᠰ ᠤᠨ ᠬᠡᠯᠬᠢᠶ᠎ᠡ ᠶᠢ ᠬᠦᠴᠦᠯᠡᠨ ᠪᠠᠶᠢᠭᠤᠯᠤᠨ᠎ᠠ᠃ ᠰᠠᠨᠰᠢᠶᠠ᠂ ᠶᠤᠸᠠᠨ ᠵᠢᠩ ᠵᠡᠷᠭᠡ ᠤᠳᠤ ᠦᠶ᠎ᠡ ᠶᠢᠨ ᠡᠨᠧᠷᠭᠢ ᠶᠢᠨ ᠠᠵᠤ ᠦᠢᠯᠡᠰ ᠤᠨ ᠬᠦᠷᠢᠶᠡᠯᠡᠩ ᠢ ᠬᠦᠴᠦᠷᠬᠡᠭᠵᠢᠭᠦᠯᠵᠦ᠂ ᠰᠠᠯᠬᠢᠨ ᠤ ᠬᠦᠴᠦ ᠪᠠᠷ ᠴᠠᠬᠢᠯᠭᠠᠨ ᠭᠠᠷᠭᠠᠬᠤ ᠲᠤᠨᠤᠭ ᠲᠥᠬᠦᠭᠡᠷᠦᠮᠵᠢ ᠦᠢᠯᠡᠳᠬᠦ ᠠᠵᠤ ᠠᠬᠤᠶᠢᠯᠠᠯ ᠤᠨ ᠭᠤᠣᠯ ᠬᠤᠯᠬᠤᠪᠴᠢ᠂ ᠭᠡᠳᠤ ᠤᠷᠳᠤ ᠢᠯᠳᠠᠰᠦ᠂ ᠶᠡᠭᠡ ᠪᠠᠭᠲᠠᠭᠠᠮᠵᠢᠲᠤ ᠴᠠᠬᠢᠯᠭᠠᠨ ᠡᠭᠦᠰᠭᠡᠭᠦᠷ ᠵᠡᠷᠭᠡ ᠰᠢᠯᠢᠳᠡᠭ ᠦᠢᠯᠡᠳᠬᠦᠨ ᠢ ᠦᠷᠭᠡᠳᠭᠡᠨ ᠦᠢᠯᠡᠳᠪᠦᠷᠢᠯᠡᠬᠦ ᠶᠢ ᠨᠢ ᠲᠡᠮᠵᠢᠵᠤ᠂ ᠨᠡᠷᠡᠨ ᠤ ᠡᠨᠧᠷᠭᠢ ᠶᠢᠨ ᠨᠢᠮᠭᠡᠨ ᠪᠦᠷᠬᠦᠭᠦᠯᠲᠦ ᠳ᠋ᠢᠶᠠᠨ ᡂᠢ᠂ ᠲᠡᠷᠢᠭᠦᠨ ᠤ ᠠᠵᠢᠯᠯᠠᠭᠤᠯᠵᠤ ᠪᠠᠲᠤᠯᠠᠬᠤ ᠲᠥᠬᠦᠭᠡᠷᠦᠮᠵᠢ ᠵᠡᠷᠭᠡ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠡᠨᠧᠷᠭᠢ ᠶᠢᠨ ᠰᠤᠷᠪᠤᠯᠵᠢ ᠶᠢᠨ ᠲᠤᠨᠤᠭ ᠲᠥᠬᠦᠭᠡᠷᠦᠮᠵᠢ ᠦᠢᠯᠡᠳᠬᠦ ᠪᠦᠬᠦ ᠠᠵᠤ ᠦᠢᠯᠡᠰ ᠤᠨ ᠬᠡᠯᠬᠢᠶᠡᠨ ᠤ ᠬᠥᠭᠵᠢᠯᠲᠡ ᠶᠢ ᠲᠦᠯᠬᠢᠨ ᠠᠬᠢᠭᠤᠯᠤᠨ᠎ᠠ᠃   ᠲᠣᠭᠠᠴᠢᠯᠠᠭᠰᠠᠨ ᠠᠵᠤ ᠦᠶᠯᠡᠰ ᠤᠨ ᠰᠠᠭᠤᠷᠢᠨ ᠭᠠᠵᠠᠷ ᠢ ᠪᠠᠶᠢᠭᠤᠯᠤᠨ᠎ᠠ᠃ ᠪᠦᠬᠦ ᠤᠯᠤᠰ ᠤᠨ ᠨᠢᠭᠡ ᠴᠤᠭᠴᠠᠵᠢᠭᠰᠠᠨ ᠪᠣᠳᠣᠬᠤ ᠴᠢᠳᠠᠪᠦᠷᠢ ᠶᠢᠨ ᠰᠦᠯᠵᠢᠶᠡᠨ ᠤ ᠤᠯᠤᠰ ᠤᠨ ᠬᠦᠢᠰᠦ ᠴᠡᠭ ᠤᠨ ᠪᠦᠳᠦᠭᠡᠨ ᠪᠠᠶᠢᠭᠤᠯᠤᠯᠲᠠ ᠪᠠᠷ ᠠᠵᠠ ᠲᠣᠬᠢᠶᠠᠯ ᠪᠣᠯᠭᠠᠵᠤ᠂ ᠨᠢᠭᠡ ᠪᠦᠯᠦᠭ ︽ᠵᠡᠭᠦᠨ ᠤ ᠲᠤᠭ᠎ᠠ ᠪᠠᠷᠢᠮᠲᠠ ᠶᠢ ᠪᠠᠷᠠᠭᠤᠨ ᠳᠤ ᠪᠤᠳᠤᠬᠤ︾᠂ ︽ᠡᠮᠦᠨᠡᠲᠦ ᠶᠢᠨ ᠲᠤᠭ᠎ᠠ ᠪᠠᠷᠢᠮᠲᠠ ᠶᠢ ᠤᠮᠠᠷᠠᠲᠤ ᠳᠤ ᠪᠣᠳᠣᠬᠤ︾ ᠨᠡᠶᠢᠲᠡᠯᠢᠭ ᠵᠢᠱᠢᠶ᠎ᠡ ᠦᠵᠡᠭᠦᠯᠬᠦ ᠠᠬᠤᠢ ᠪᠠᠶᠢᠳᠠᠯ ᠪᠠ ᠬᠡᠷᠡᠭᠯᠡᠯᠲᠡ ᠶᠢ ᠪᠤᠢ ᠪᠣᠯᠭᠠᠬᠤ ᠶᠢ ᠠᠬᠢᠭᠤᠯᠵᠤ᠂ ᠲᠣᠭᠠᠴᠢᠯᠠᠭᠰᠠᠨ ᠠᠵᠤ ᠦᠢᠯᠡᠰ ᠤᠨ ᠦᠢᠯᠡᠳᠬᠦᠨ ᠤ ᠦᠷᠳᠡᠭ ᠢ 10 ᠳ᠋ᠦᠩᠰᠢᠭᠤᠷ ᠲᠥᠭᠦᠷᠢᠭ ᠳᠠᠪᠠᠭᠤᠯᠤᠨ᠎ᠠ᠃ ᠬᠤᠸᠠ ᠸᠧᠶ ᠶᠢᠨ ᠤᠮᠠᠷᠠᠲᠤ ᠶᠢᠨ ᠡᠬᠦᠯᠡᠨ ᠪᠤᠳᠤᠯᠳᠠ᠂ ᠠ ᠯᠢ ᠪᠠ ᠪᠠ ᠶᠢᠨ ᠠᠰᠢᠭᠯᠠᠯᠲᠠ ᠳᠤ ᠤᠷᠤᠭᠤᠯᠵᠦ ᠦᠷ᠎ᠡ ᠪᠦᠲᠦᠮᠵᠢ ᠭᠠᠷᠭᠠᠬᠤ ᠳᠤ ᠬᠦᠷᠬᠦ ᠶᠢ ᠨᠢ ᠠᠬᠢᠭᠤᠯᠤᠨ᠎ᠠ᠃ 5G ᠰᠠᠭᠤᠷᠢ ᠥᠷᠲᠡᠭᠡ ᠶᠢ 2100 ᠰᠢᠨ᠎ᠡ ᠪᠠᠷ ᠪᠠᠶᠢᠭᠤᠯᠵᠤ᠂ 5G ᠶᠢᠨ ᠮᠡᠷᠭᠡᠵᠢᠯ ᠤᠨ ᠬᠡᠷᠡᠭᠯᠡᠯᠲᠡ ᠶᠢ ᠲᠦᠷᠭᠡᠳᠬᠡᠨ ᠠᠬᠢᠭᠤᠯᠤᠨ᠎ᠠ᠃ ᠲᠣᠮᠣ ᠳ᠋ᠠᠶᠢᠲ᠋ᠠ ᠶᠢᠨ ᠭᠤᠤᠯᠯᠠᠬᠤ ᠠᠵᠤ ᠦᠶᠯᠡᠰ ᠢ ᠶᠡᠬᠡᠪᠡᠷ ᠬᠥᠭᠵᠢᠭᠦᠯᠵᠦ᠂ ᠳ᠋ᠠᠶᠢᠲ᠋ᠠ ᠴᠤᠭᠯᠠᠭᠤᠯᠬᠤ᠂ ᠤᠬᠢᠶᠠᠨ ᠴᠡᠪᠡᠷᠯᠡᠵᠦ ᠡᠳ᠋ᠰᠢᠭᠦᠯᠬᠦ᠂ ᠬᠠᠳᠠᠭᠠᠯᠠᠵᠤ ᠵᠠᠳᠠᠯᠬᠤ ᠵᠡᠷᠭᠡ ᠠᠵᠤ ᠠᠬᠤᠶᠢᠯᠠᠯ ᠢ ᠣᠷᠣᠭᠤᠯᠤᠨ ᠠᠪᠴᠢᠷᠠᠵᠤ ᠪᠣᠶᠢᠵᠢᠭᠤᠯᠤᠨ᠂ ᠳ᠋ᠠᠶᠢᠲ᠋ᠠ ᠶᠢᠨ ᠲᠥᠪ ᠤᠨ ᠰᠢᠰᠲ᠋ᠧᠮ ᠤᠨ ᠬᠤᠷᠠᠮᠠᠯ᠂ ᠠᠵᠢᠯᠯᠠᠭᠤᠯᠵᠤ ᠪᠠᠲᠤᠯᠠᠬᠤ ᠦᠢᠯᠡᠴᠢᠯᠡᠭᠡ ᠵᠡᠷᠭᠡ ᠬᠠᠮᠢᠶ᠎ᠠ ᠪᠥᠬᠦᠶ ᠠᠵᠤ ᠦᠶᠯᠡᠰ ᠢ ᠬᠤᠯᠪᠤᠭᠠᠯᠠᠨ ᠬᠥᠭᠵᠢᠭᠦᠯᠦᠨ᠎ᠡ᠃ ᠶᠡᠭᠡ ᠬᠡᠮᠵᠢᠶᠡᠨ ᠤ ᠬᠠᠳᠠᠭᠠᠯᠠᠬᠤ ᠲᠥᠬᠦᠭᠡᠷᠦᠮᠵᠢ᠂ ᠳᠡᠭᠡᠳᠦ ᠴᠢᠳᠠᠪᠬᠢᠳᠦ ᠺᠣᠮᠫᠢᠦ᠋ᠲ᠋ᠧᠷ ᠵᠡᠷᠭᠡ ᠲᠤᠨᠤᠭ ᠲᠥᠬᠦᠭᠡᠷᠦᠮᠵᠢ ᠦᠢᠯᠡᠳᠬᠦ ᠶᠢ ᠲᠥᠷᠭᠡᠳᠬᠡᠨ ᠬᠥᠭᠵᠢᠭᠦᠯᠵᠦ᠂ ᠢᠵᠢ ᠪᠦᠷᠢᠳᠦᠭᠰᠡᠨ ᠡᠯᠧᠺᠲᠷᠣᠨ ᠲᠤᠨᠤᠭ ᠰᠡᠯᠪᠢᠭᠡᠰᠦ ᠶᠢᠨ ᠠᠵᠤ ᠦᠢᠯᠡᠰ ᠤᠨ ᠴᠤᠭᠯᠠᠷᠠᠨ ᠬᠥᠭᠵᠢᠬᠦ ᠶᠢ ᠲᠦᠯᠬᠢᠨ ᠠᠬᠢᠭᠤᠯᠤᠨ᠎ᠠ᠃ ︽ᠡᠭᠦᠯᠡᠨ ᠦᠢᠯᠡᠴᠢᠯᠡᠭᠡ ᠶᠢ ᠰᠦᠪᠡᠭᠴᠢᠯᠡᠬᠦ ᠲᠣᠮᠣ ᠳ᠋ᠠᠶᠢᠲ᠋ᠠ ᠶᠢ ᠠᠰᠢᠭᠯᠠᠬᠤ ᠤᠶᠤᠨᠴᠢ ᠦᠭᠡᠷᠡᠴᠢᠯᠡᠯᠲᠡ ᠶᠢ ᠡᠷᠴᠢᠮᠯᠡᠬᠦ︾ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ︽ᠡᠨᠧᠷᠭᠢ ᠶᠢᠨ ᠠᠵᠢᠯ ᠲᠥᠷᠥᠯ ᠤᠨ ᠡᠭᠦᠯᠡᠨ ᠪᠤᠳᠤᠯᠲᠠ︾᠂ ᠤᠶᠤᠨᠯᠢᠭ ᠬᠦᠷᠢᠶᠡᠯᠡᠩ ᠲᠣᠭᠤᠷᠢᠭ᠂ ᠲᠣᠭᠠᠴᠢᠯᠠᠭᠰᠠᠨ ᠲᠡᠮᠦᠷᠯᠢᠭ ᠪᠣᠯᠪᠠᠰᠤᠷᠠᠭᠤᠯᠬᠤ ᠦᠶᠯᠡᠳᠪᠦᠷᠢ ᠶᠢᠨ ᠲᠠᠰᠤᠭ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠂ ᠲᠣᠭᠠᠴᠢᠯᠠᠭᠰᠠᠨ ᠮᠡᠷᠭᠡᠵᠢᠯ ᠢ ᠠᠰᠢᠭᠯᠠᠨ ᠪᠥᠬᠦ ᠲᠠᠯ᠎ᠠ᠂ ᠪᠥᠬᠦ ᠬᠠᠷᠠᠭᠠᠰᠤ᠂ ᠪᠥᠬᠦ ᠬᠡᠯᠬᠢᠶ᠎ᠡ ᠪᠠᠷ ᠪᠥᠬᠦ ᠡᠯᠧᠮᠧᠨ᠋ᠲ ᠤᠨ ᠦᠶᠯᠡᠳᠪᠦᠷᠢᠯᠡᠯ ᠤᠨ ᠨᠣᠷᠮ᠎ᠠ ᠶᠢ ᠳᠡᠭᠡᠭᠰᠢᠯᠡᠭᠦᠯᠦᠨ᠎ᠡ᠃ ᠰᠣᠶᠣᠯ ᠵᠢᠭᠤᠯᠴᠢᠯᠠᠯ ᠡᠷᠡᠭᠦᠯᠵᠢᠯ ᠰᠤᠪᠢᠯᠠᠯᠲᠠ ᠶᠢᠨ ᠰᠠᠭᠤᠷᠢᠨ ᠢ ᠪᠠᠶᠢᠭᠤᠯᠤᠨ᠎ᠠ᠃ ︽ᠲᠠᠯ᠎ᠠ ᠨᠤᠲᠤᠭ ᠤᠨ ᠣᠳᠣᠨ ᠣᠭᠲᠠᠷᠭᠤᠶ᠂ ᠬᠤᠪᠢᠰᠬᠠᠯᠲᠤ ᠰᠣᠶᠣᠯ᠂ ᠰᠡᠯᠡᠭᠦᠴᠡᠯ ᠰᠤᠪᠢᠯᠠᠯᠲᠠ᠂ ᠮᠥᠰᠥ ᠴᠠᠰᠤᠨ ᠤ ᠲᠠᠮᠢᠷ ᠤᠨ ᠬᠦᠳᠡᠯᠭᠡᠬᠡᠨ︾ ᠤ ᠵᠢᠭᠤᠯᠴᠢᠯᠠᠯ ᠤᠨ ᠡᠬᠢ ᠪᠠᠶᠠᠯᠢᠭ ᠢ ᠭᠦᠨᠵᠡᠭᠡᠢ ᠠᠭᠤᠳᠠᠯᠵᠤ᠂ ᠡᠮᠬᠢᠯᠡᠨ ᠨᠡᠶᠢᠯᠡᠭᠦᠯᠵᠦ ᠳᠠᠬᠢᠨ ᠨᠢᠭᠡᠳᠭᠡᠬᠦ ᠪᠠ ᠪᠦᠬᠦᠯᠢ ᠴᠣᠭᠴᠠ ᠶᠢᠨ ᠴᠢᠨᠠᠷᠲᠠᠶ ᠨᠡᠭᠡᠭᠡᠨ ᠬᠥᠭᠵᠢᠭᠦᠯᠬᠦ ᠶᠢ ᠲᠦᠷᠭᠡᠳᠬᠡᠵᠦ᠂ ︽ᠨᠢᠭᠡ ᠲᠦᠪ ᠬᠤᠶᠠᠷ ᠪᠦᠰᠡ ᠣᠯᠠᠨ ᠴᠡᠭ︾ ᠤᠨ ᠠᠵᠤ ᠦᠶᠯᠡᠰ ᠤᠨ ᠪᠠᠶᠢᠷᠢᠰᠢᠯ ᠢ ᠪᠦᠬᠦ ᠲᠠᠯ᠎ᠠ ᠪᠠᠷ ᠰᠢᠯᠢᠳᠡᠭᠵᠢᠭᠦᠯᠦᠨ᠎ᠡ᠃ ᠲᠥᠪ ᠬᠤᠲᠠ ᠶᠢᠨ ᠲᠣᠭᠤᠷᠢᠭ ᠤᠨ ᠵᠢᠭᠤᠯᠴᠢᠯᠠᠯ ᠤᠨ ᠶᠡᠷᠦᠩᠬᠡᠶᠢᠯᠡᠭᠰᠡᠨ ᠦᠶᠯᠡᠴᠢᠯᠡᠭᠡᠨ ᠤ ᠴᠢᠳᠠᠮᠵᠢ ᠶᠢ ᠶᠡᠬᠡᠪᠡᠷ ᠳᠡᠭᠡᠭᠰᠢᠯᠡᠭᠦᠯᠵᠦ᠂ 5A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠵᠦ᠂ ᠯᠢᠨ ᠬᠤ᠋ ᠶᠢᠨ ᠡᠷᠳᠡᠨ ᠤ ᠴᠠᠶᠢᠵᠠ ᠶᠢ ᠤᠯᠤᠰ ᠤᠨ ᠲᠠᠰ ᠤᠨ ᠵᠢᠭᠤᠯᠴᠢᠯᠠᠯ ᠤᠨ ᠠᠮᠠᠷᠠᠯᠲᠠ ᠶᠢᠨ ᠣᠷᠣᠨ ᠪᠤᠯᠭᠠᠨ ᠡᠭᠦᠳᠦᠨ ᠪᠠᠶᠢᠭᠤᠯᠬᠤ ᠶᠢ ᠳᠡᠮᠵᠢᠨ᠎ᠡ᠃ ᠬᠦᠳᠡᠭᠡ ᠠᠶᠢᠯ ᠤᠨ ᠵᠤᠭᠠᠴᠠᠯ᠂ ᠠᠷᠠᠳ ᠤᠨ ᠪᠠᠭᠤᠳᠠᠯ ᠤᠨ ᠵᠢᠭᠤᠯᠴᠢᠯᠠᠯ ᠤᠨ ᠬᠥᠭᠵᠢᠯᠲᠡ ᠶᠢ ᠲᠡᠳᠬᠦᠨ ᠳᠡᠮᠵᠢᠵᠦ᠂ ᠵᠢᠭᠤᠯᠴᠢᠯᠠᠯ ᠤᠨ ᠭᠤᠤᠯᠳᠠᠯᠭ᠎ᠠ ᠲᠠᠢ ᠲᠣᠰᠬᠤᠨ ᠤ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠤᠯᠠᠭᠠᠨᠬᠠᠳᠠ ᠭᠠᠯᠲᠤ ᠠᠭᠤᠯᠠ ᠶᠢᠨ ᠠᠷᠠᠳ ᠤᠨ ᠪᠠᠭᠤᠳᠠᠯ ᠢᠶᠠᠷ ᠲᠥᠯᠥᠭᠡᠯᠡᠭᠦᠯᠦᠭᠰᠡᠨ ᠠᠷᠠᠳ ᠤᠨ ᠪᠠᠭᠤᠳᠠᠯ ᠤᠨ ᠰᠦᠷᠦᠭᠵᠢᠯ ᠢ ᠪᠣᠶ ᠪᠣᠯᠭᠠᠨ᠎ᠠ᠃ ᠬᠤᠪᠢ ᠶᠢᠨ ᠮᠠᠰᠢᠨ ᠲᠡᠷᠭᠡ ᠭᠡᠷᠲᠦ ᠲᠡᠷᠭᠡ ᠶᠢᠨ ᠪᠠᠭᠤᠴᠠ ᠶᠢᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠬᠠᠲᠤᠨ ᠭᠤᠤᠯ ᠤᠨ ᠲᠣᠬᠤᠢ ᠬᠡᠰᠡᠭ ᠤᠨ ᠭᠤᠤᠯ ᠰᠡᠳᠦᠪᠲᠦ ᠠᠵᠢᠯᠯᠠᠭ᠎ᠠ ᠶᠢ ᠰᠠᠶᠢᠲᠤᠷ ᠡᠷᠬᠢᠯᠡᠨ᠎ᠡ᠃ ᠨᠡᠶᠢᠰᠯᠡᠯ ᠳᠤ ᠬᠠᠨᠳᠤᠭᠤᠯᠤᠭᠰᠠᠨ ᠮᠢᠩᠭᠠᠨ ᠬᠥᠮᠦᠨ ᠤ ᠰᠤᠳᠤᠯᠤᠨ ᠰᠤᠷᠤᠯᠴᠠᠬᠤ ᠠᠵᠢᠯᠯᠠᠭ᠎ᠠ ᠶᠢ ᠥᠷᠨᠢᠭᠦᠯᠦᠨ᠎ᠡ᠃ ᠤᠯᠠᠭᠠᠨ ᠭᠤᠸ᠎ᠠ ᠡᠷᠡᠬᠦᠯᠵᠢᠯ ᠰᠤᠪᠢᠯᠠᠯᠲᠠ ᠶᠢᠨ ᠬᠦᠷᠢᠶᠡᠯᠡᠩ᠂ ᠯᠢᠶᠠᠨ ᠳ᠋ᠧ ᠡᠷᠡᠬᠦᠯᠵᠢᠯ ᠰᠤᠪᠢᠯᠠᠯᠲᠠ ᠶᠢᠨ ᠡᠮᠨᠡᠯᠭᠡ ᠶᠢᠨ ᠬᠤᠷᠢᠶ᠎ᠠ ᠶᠢᠨ ᠶᠡᠷᠦᠩᠬᠡᠶᠢᠯᠡᠭᠰᠡᠨ ᠦᠶᠯᠡᠴᠢᠯᠡᠭᠡᠨ ᠤ ᠴᠢᠳᠠᠪᠤᠷᠢ ᠶᠢ ᠨᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃   ︵ᠲᠦᠷᠪᠡ︶ ᠬᠦᠴᠦᠨ ᠢᠶᠠᠨ ᠲᠥᠪᠯᠡᠷᠡᠭᠦᠯᠦᠨ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠲᠦᠯᠬᠢᠨ ᠠᠬᠢᠭᠤᠯᠤᠨ᠎ᠠ   ᠪᠣᠬᠢᠷᠲᠤᠯ ᠥᠬᠡᠶ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠬᠦ ᠰᠠᠭᠤᠷᠢᠨ ᠢ ᠪᠠᠶᠢᠭᠤᠯᠤᠨ᠎ᠠ᠃ ᠠᠮᠤ ᠪᠤᠳᠠᠭᠠᠨ ᠤ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠪᠠ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠲᠦᠷᠢᠮ ᠢ ᠨᠠᠶᠢᠳᠠᠪᠤᠷᠢᠵᠢᠭᠤᠯᠤᠨ᠂ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾ ᠶᠢ ᠲᠠᠰᠤ ᠬᠤᠷᠢᠭᠯᠠᠵᠤ᠂ ︽ᠠᠮᠤ ᠪᠤᠳᠠᠭᠠᠨ ᠤ ᠪᠤᠰᠤ ᠪᠣᠯᠭᠠᠬᠤ︾ ᠶᠢ ᠰᠡᠷᠭᠡᠶᠢᠯᠡᠨ ᠬᠤᠷᠢᠭᠯᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠲᠥᠯᠬᠢᠨ ᠠᠬᠢᠭᠤᠯᠵᠤ᠂ ᠠᠮᠤ ᠪᠤᠳᠠᠭᠠᠨ ᠤ ᠤᠨᠠᠯᠲᠠ ᠶᠢ 25 ᠳ᠋ᠦᠩᠰᠢᠭᠤᠷ ᠵᠢᠩ ᠠᠴᠠ ᠳᠡᠭᠡᠭᠰᠢ ᠬᠡᠮᠵᠢᠶᠡᠨ ᠳᠤ ᠲᠤᠭᠲᠠᠪᠤᠷᠢᠵᠢᠭᠤᠯᠤᠨ᠎ᠠ᠂ ᠰᠢᠷ᠎ᠠ ᠪᠤᠷᠴᠠᠭ᠂ ᠲᠤᠰᠤᠯᠢᠭ ᠲᠠᠷᠢᠮᠠᠯ ᠤᠨ ᠲᠠᠷᠢᠬᠤ ᠲᠠᠯᠠᠪᠠᠢ ᠶᠢ ᠥᠷᠭᠡᠳᠬᠡᠨ᠎ᠡ᠃ ︽ᠬᠤᠯᠢᠰᠢᠨ ᠢᠳᠡᠭᠡ︾ ᠶᠢᠨ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ︽ᠨᠤᠬᠠᠢ ᠶᠢᠨ ᠬᠤᠰᠢᠭᠤ ᠨᠣᠭᠤᠭ᠎ᠠ ᠲᠥᠮᠥᠰᠥ᠂ ᠠᠯᠠᠰᠢᠨ ᠦᠬᠡᠷ ᠠᠯᠠᠰᠢᠨ ᠬᠤᠨᠢ ᠰᠦ︾ ᠵᠡᠷᠭᠡ ᠵᠢᠷᠭᠤᠭᠠᠨ ᠶᠡᠭᠡ ᠳᠠᠪᠠᠭᠤᠯᠢᠭ ᠤᠨᠴᠠᠯᠢᠭᠳᠤ ᠠᠵᠤ ᠦᠶᠯᠡᠰ ᠢ ᠬᠥᠭᠵᠢᠭᠦᠯᠦᠨ ᠪᠤᠵᠠᠭᠠᠶᠢᠷᠠᠭᠤᠯᠤᠨ᠎ᠠ᠃ ᠨᠣᠬᠠᠶ ᠶᠢᠨ ᠬᠤᠰᠢᠭᠤ ᠳᠠᠷᠢᠬᠤ ᠲᠠᠯᠠᠪᠠᠶ ᠶᠢ 120 ᠲᠦᠮᠡᠨ ᠮᠥ ᠳᠤ ᠬᠦᠷᠦᠭᠦᠯᠵᠦ᠂ ᠲᠥᠮᠥᠰᠥ ᠲᠠᠷᠢᠬᠤ ᠲᠠᠯᠠᠪᠠᠢ ᠶᠢ 300 ᠲᠦᠮᠡᠨ ᠮᠦ ᠠᠴᠠ ᠳᠡᠭᠡᠭᠰᠢ ᠳᠤ ᠲᠣᠭᠲᠠᠪᠤᠷᠢᠵᠢᠭᠤᠯᠤᠨ᠎ᠠ᠃ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠤᠯᠤᠤᠪᠠᠩ᠂ ᠬᠤᠸᠠᠳᠧ ᠰᠢᠶᠠᠨ ᠤ ᠴᠠᠭᠠᠨ ᠨᠣᠭᠤᠭ᠎ᠠ᠂ ᠵᠢᠨᠢᠩ ᠲᠣᠭᠤᠷᠢᠭ ᠤᠨ ᠪᠥᠭᠡᠷᠡᠩᠬᠡᠢ ᠴᠠᠭᠠᠨ ᠨᠣᠭᠤᠭ᠎ᠠ᠂ ᠵᠦᠸᠧᠽᠢ ᠰᠢᠶᠠᠨ ᠤ ᠨᠣᠭᠤᠭᠠᠨ ᠴᠡᠴᠡᠭᠲᠦ ᠨᠣᠭᠤᠭ᠎ᠠ᠂ ᠱᠠᠩᠳᠤ ᠰᠢᠶᠠᠨ ᠤ ᠴᠣᠭᠤᠷ ᠨᠣᠭᠤᠭ᠎ᠠ᠂ ᠰᠢᠩ ᠾᠧ ᠰᠢᠶᠠᠨ ᠤ ᠪᠦᠸᠧᠼᠠᠶ ᠨᠣᠭᠤᠭ᠎ᠠ᠂ ᠯᠢᠶᠡᠩᠴᠧᠩ ᠰᠢᠶᠠᠨ ᠤ ᠰᠢᠨ᠎ᠡ ᠰᠣᠷᠭᠤᠭ ᠡᠷᠳᠡᠨᠢ ᠰᠢᠰᠢ᠂ ᠳᠥᠷᠪᠡᠳ ᠬᠤᠰᠢᠭᠤᠨ ᠤ ᠯᠠᠩᠭᠤᠸᠠ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠲᠦᠬᠦᠭᠡᠷᠦᠮᠵᠢᠲᠦ ᠢᠳᠡᠰᠢᠨ ᠨᠣᠭᠤᠭ᠎ᠠ ᠵᠡᠷᠭᠡ ᠶᠢᠰᠦᠨ ᠶᠡᠭᠡ ᠣᠨᠴᠠᠯᠢᠭᠲᠤ ᠬᠦᠢᠲᠡᠨ ᠰᠡᠷᠢᠭᠦᠨ ᠢᠳᠡᠰᠢᠨ ᠨᠣᠭᠤᠭ᠎ᠠ ᠶᠢᠨ ᠰᠠᠭᠤᠷᠢᠨ ᠭᠠᠵᠠᠷ ᠢ ᠪᠠᠬᠢᠵᠢᠭᠦᠯᠦᠨ ᠬᠥᠭᠵᠢᠭᠦᠯᠵᠦ᠂ ᠢᠳᠡᠰᠢᠨ ᠨᠣᠭᠤᠭ᠎ᠠ ᠶᠢᠨ ᠲᠠᠷᠢᠮᠠᠯ ᠤᠨ ᠲᠠᠯᠠᠪᠠᠢ ᠶᠢ 80 ᠲᠦᠮᠡᠨ ᠮᠥ ᠳᠤ ᠲᠣᠭᠲᠠᠪᠤᠷᠢᠵᠢᠭᠤᠯᠤᠨ᠎ᠠ᠃ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠦᠷ᠎ᠡ ᠶᠢᠨ ᠲᠥᠮᠥᠰᠥ ᠪᠣᠯᠣᠨ ᠳ᠋ᠦ᠋ ᠮᠧᠩ ᠠᠯᠠᠰᠢᠨ ᠬᠤᠨᠢᠨ ᠤ ᠦᠢᠯᠡᠳᠪᠦᠷᠢᠯᠡᠯ ᠤᠨ ᠰᠠᠭᠤᠷᠢᠨ ᠢ ᠪᠠᠶᠢᠭᠤᠯᠵᠤ᠂ ᠲᠥᠮᠥᠰᠥ ᠶᠢᠨ ᠤᠭ ᠦᠷ᠎ᠡ ᠶᠢᠨ ᠬᠠᠩᠭᠠᠯᠭ᠎ᠠ ᠶᠢᠨ ᠴᠢᠳᠠᠪᠤᠷᠢ ᠶᠢ 10 ᠳ᠋ᠦᠩᠰᠢᠭᠤᠷ ᠮᠥᠬᠦᠯᠢᠭ ᠲᠤ ᠬᠦᠷᠭᠡᠨ᠎ᠡ᠃ ᠯᠠᠨ ᠭᠡ ᠭᠡ ᠵᠡᠷᠭᠡ ᠰᠦᠨ ᠤ ᠪᠦᠲᠦᠭᠡᠭᠳᠡᠬᠦᠨ ᠪᠣᠯᠪᠠᠰᠤᠷᠠᠭᠤᠯᠬᠤ ᠠᠵᠤ ᠠᠬᠤᠶᠢᠯᠠᠯ ᠢ ᠪᠣᠶᠢᠵᠢᠭᠤᠯᠤᠨ ᠪᠤᠵᠠᠭᠠᠶᠢᠷᠠᠭᠤᠯᠵᠤ᠂ ᠲᠢᠶᠠᠨ ᠮᠦ ᠵᠡᠷᠭᠡ ᠠᠵᠤ ᠠᠬᠤᠶᠢᠯᠠᠯ ᠤᠨ ᠰᠲ᠋ᠣᠺ ᠤᠨ ᠵᠠᠬ᠎ᠠ ᠳᠡᠯᠭᠡᠭᠦᠷ ᠲᠤ ᠭᠠᠷᠬᠤ ᠶᠢ ᠳᠡᠮᠵᠢᠵᠦ᠂ ᠰᠦ᠂ ᠡᠭᠡᠳᠡᠭᠰᠡᠨ ᠰᠦ᠂ ᠵᠠᠶᠢᠷᠮᠠᠭ ᠵᠡᠷᠭᠡ ᠤᠨᠴᠠᠯᠢᠬᠳᠤ ᠪᠦᠲᠦᠭᠡᠭᠳᠡᠬᠦᠨ ᠤ ᠰᠠᠭᠤᠷᠢᠨ ᠢ ᠪᠥᠲᠥᠭᠡᠨ ᠪᠠᠶᠢᠭᠤᠯᠤᠨ᠎ᠠ᠃ ᠠᠯᠠᠰᠢᠨ ᠦᠬᠡᠷ ᠢ ᠳᠠᠬᠢᠨ ᠢᠶᠠᠷ ᠨᠡᠮᠡᠭᠳᠡᠭᠦᠯᠬᠦ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠮᠠᠯ ᠵᠢᠭᠦᠷᠲᠡᠨ ᠢ ᠨᠢᠲᠤᠯᠵᠤ ᠨᠠᠷᠢᠯᠢᠭ ᠡᠳ᠋ᠰᠢᠭᠦᠯᠬᠦ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ ᠲᠡᠭᠦᠯᠳᠡᠷᠵᠢᠭᠦᠯᠵᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠬᠦᠶᠲᠡᠨ ᠬᠡᠯᠬᠢᠶᠡᠲᠦ ᠪᠠᠷᠠᠭᠠᠨ ᠤ ᠭᠦᠶᠯᠭᠡᠭᠡᠨ ᠤ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ︽ᠴᠡᠪᠡᠷ ᠨᠣᠭᠤᠭ᠎ᠠ ᠶᠢ ᠪᠡᠭᠡᠵᠢᠩ ᠳᠤ ᠣᠷᠣᠭᠤᠯᠬᠤ︾ ᠶᠢ ᠲᠦᠯᠬᠢᠨ ᠠᠬᠢᠭᠤᠯᠵᠤ᠂ ᠨᠡᠶᠢᠰᠯᠡᠯ ᠳᠤ ᠦᠶᠯᠡᠴᠢᠯᠡᠬᠦ ︽ᠲᠥᠪ ᠲᠣᠭᠤᠭᠠᠨ ᠬᠡᠷ︾ ᠢ ᠪᠠᠶᠢᠭᠤᠯᠤᠨ᠎ᠠ᠃ ᠪᠣᠬᠢᠷᠲᠤᠯ ᠥᠬᠡᠶ᠂ ᠣᠷᠭᠠᠨᠢᠭ᠂ ᠭᠠᠵᠠᠷ ᠵᠦᠶ ᠶᠢᠨ ᠲᠡᠮᠳᠡᠭᠲᠦ ᠪᠦᠲᠦᠭᠡᠭᠳᠡᠬᠦᠨ ᠢ ᠶᠡᠬᠡᠪᠡᠷ ᠪᠤᠶᠢᠵᠢᠭᠤᠯᠵᠤ᠂ ︽ᠤᠤᠯ ᠠᠮᠲᠠᠲᠤ ᠤᠯᠠᠭᠠᠨᠴᠠᠪ︾ ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠢ ᠪᠥᠬᠦ ᠲᠠᠯ᠎ᠠ ᠪᠠᠷ ᠪᠣᠶ ᠪᠣᠯᠭᠠᠨ᠎ᠠ᠃   ᠬᠥᠳᠡᠭᠡ ᠲᠣᠰᠬᠤᠨ ᠢ ᠪᠦᠳᠦᠭᠡᠨ ᠪᠠᠶᠢᠭᠤᠯᠬᠤ ᠠᠵᠢᠯᠯᠠᠭ᠎ᠠ ᠶᠢ ᠬᠡᠷᠡᠭᠵᠢᠭᠦᠯᠦᠨ᠎ᠡ᠃ ᠠᠶᠢᠯ ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ ᠳᠠᠭᠤᠰᠬᠠᠨ᠂ ᠠᠶᠢᠯ ᠲᠣᠰᠬᠤᠨ ᠤ ᠪᠠᠶᠢᠷᠢᠰᠢᠯ ᠤᠨ ᠠᠩᠭᠢᠯᠠᠯ ᠢ ᠨᠠᠷᠢᠯᠢᠭ ᠣᠨᠣᠴᠠᠲᠠᠶ ᠪᠠᠷ ᠲᠣᠭᠲᠠᠭᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ 300 ᠺᠢᠯᠣᠮᠧᠲᠷ ᠠᠴᠠ ᠳᠡᠭᠡᠭᠰᠢ ᠰᠢᠨ᠎ᠡ ᠪᠠᠷ ᠪᠠᠶᠢᠭᠤᠯᠬᠤ ᠪᠣᠶᠤ ᠥᠭᠡᠷᠡᠴᠢᠯᠡᠨ ᠪᠠᠶᠢᠭᠤᠯᠤᠨ᠎ᠠ᠃ ᠬᠥᠳᠡᠭᠡ ᠲᠣᠰᠬᠤᠨ ᠮᠠᠯᠵᠢᠬᠤ ᠣᠷᠣᠨ ᠤ ᠬᠥᠮᠦᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠵᠠᠰᠠᠬᠤ ᠠᠵᠢᠯ ᠢ ᠭᠦᠨᠵᠡᠭᠡᠶ ᠥᠷᠨᠢᠭᠦᠯᠵᠦ᠂ ᠬᠥᠳᠡᠭᠡ ᠲᠣᠰᠬᠤᠨ ᠤ ᠨᠤᠷᠠᠩᠬᠠᠢ ᠬᠡᠷᠡᠮ ᠪᠠ ᠡᠪᠳᠡᠷᠬᠡᠶ ᠬᠠᠭᠤᠴᠢᠨ ᠬᠦᠷᠢᠶ᠎ᠡ ᠶᠢ ᠪᠦᠬᠦ ᠲᠠᠯ᠎ᠠ ᠪᠠᠷ ᠴᠡᠪᠡᠷᠯᠡᠵᠦ᠂ ᠬᠥᠳᠡᠭᠡ ᠲᠣᠰᠬᠤᠨ ᠤ ᠨᠣᠭᠤᠭᠠᠷᠠᠭᠤᠯᠤᠯᠲᠠ ᠭᠤᠶᠤᠵᠢᠭᠤᠯᠤᠯᠲᠠ ᠶᠢ ᠲᠦᠯᠬᠢᠨ ᠠᠬᠢᠭᠤᠯᠵᠤ᠂ ᠬᠤᠭ ᠨᠣᠪᠰᠢ ᠰᠢᠶᠳᠪᠦᠷᠢᠯᠡᠬᠦ 11 ᠦᠷᠳᠡᠭᠡ ᠶᠢ ᠰᠢᠨ᠎ᠡ ᠪᠠᠷ ᠪᠠᠶᠢᠭᠤᠯᠦᠨ᠂ ᠥᠪᠡᠷᠲᠡᠭᠡᠨ ᠵᠠᠰᠠᠬᠤ ᠣᠷᠣᠨ ᠤ ᠰᠣᠳᠣᠨ ᠵᠢᠱᠢᠶ᠎ᠡ ᠦᠵᠡᠭᠦᠯᠬᠦ 45 ᠲᠣᠰᠬᠤᠨ ᠢ ᠴᠣᠭᠴᠠᠯᠠᠨ ᠪᠠᠶᠢᠭᠤᠯᠤᠨ᠎ᠠ᠃ ᠬᠥᠳᠡᠭᠡ ᠲᠣᠰᠬᠤᠨ ᠤ ᠰᠤᠷᠭᠠᠨ ᠬᠥᠮᠦᠵᠢᠯ᠂ ᠡᠮ ᠡᠮᠨᠡᠯᠭᠡ᠂ ᠰᠣᠶᠣᠯ᠂ ᠨᠠᠰᠤᠵᠢᠯ ᠤᠨ ᠠᠰᠠᠷᠠᠮᠵᠢ ᠵᠡᠷᠭᠡ ᠤᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢ ᠲᠡᠭᠦᠯᠳᠡᠷᠵᠢᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠰᠤᠯᠠ ᠪᠠᠶᠢᠭ᠎ᠠ ᠭᠡᠷ ᠪᠠᠷᠢᠬᠤ ᠰᠠᠭᠤᠷᠢ ᠭᠠᠵᠠᠷ ᠪᠠ ᠰᠤᠯᠠ ᠪᠠᠶᠢᠭ᠎ᠠ ᠲᠠᠷᠢᠶᠠᠴᠢᠨ ᠤ ᠬᠡᠷ ᠪᠠᠶᠢᠰᠢᠩ ᠢ ᠴᠢᠯᠦᠭᠡᠲᠡᠢ ᠭᠦᠢᠯᠭᠡᠭᠡᠵᠦ ᠠᠰᠢᠭᠯᠠᠬᠤ ᠶᠢ ᠠᠬᠢᠭᠤᠯᠤᠨ᠎ᠠ   ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠦᠷᠭᠡᠳᠬᠡᠨ᠎ᠡ᠃ ︽ᠶᠠᠳᠠᠭᠤ ᠠᠴᠠ ᠠᠩᠬᠢᠵᠢᠷᠠᠭᠰᠠᠨ ᠴᠤ ᠬᠠᠷᠢᠭᠤᠴᠠᠯᠭ᠎ᠠ ᠪᠠᠨ ᠬᠠᠶᠠᠬᠤ ᠦᠭᠡᠢ᠂ ᠶᠠᠳᠠᠭᠤ ᠠᠴᠠ ᠠᠩᠬᠢᠵᠢᠷᠠᠭᠰᠠᠨ ᠴᠤ ᠲᠥᠷᠥ ᠶᠢᠨ ᠪᠣᠳᠣᠯᠭ᠎ᠠ ᠪᠠᠨ ᠲᠠᠰᠤᠯᠳᠠᠭᠤᠯᠬᠤ ᠦᠭᠡᠢ᠂ ᠶᠠᠳᠠᠭᠤ ᠠᠴᠠ ᠠᠩᠬᠢᠵᠢᠷᠠᠭᠰᠠᠨ ᠴᠤ ᠬᠠᠪᠰᠤᠷᠤᠨ ᠳᠡᠳᠬᠦᠬᠦ ᠪᠠᠨ ᠪᠤᠯᠢᠬᠤ ᠦᠭᠡᠢ᠂ ᠶᠠᠳᠠᠭᠤ ᠠᠴᠠ ᠠᠩᠬᠢᠵᠢᠷᠠᠭᠰᠠᠨ ᠴᠤ ᠬᠢᠨᠠᠯᠲᠠ ᠬᠠᠮᠢᠶᠠᠷᠤᠯᠲᠠ ᠪᠠᠨ ᠰᠤᠯᠠᠷᠠᠭᠤᠯᠬᠤ ᠦᠭᠡᠢ︾ ᠶᠢ ᠴᠢᠩᠭ᠎ᠠ ᠨᠠᠶᠢᠳᠠᠪᠤᠷᠢᠵᠢᠭᠤᠯᠵᠤ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠶ ᠪᠠᠶᠢᠳᠠᠯ ᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠶᠢ ᠦᠷᠭᠦᠯᠵᠢᠯᠡᠨ ᠴᠢᠩᠭᠠᠳᠬᠠᠵᠤ᠂ ᠣᠨᠳᠣᠤ ᠭᠠᠵᠠᠷ ᠲᠤ ᠨᠡᠭᠦᠯᠭᠡᠨ ᠶᠠᠳᠠᠭᠤ ᠶᠢ ᠲᠡᠳᠭᠦᠭᠰᠡᠨ ᠤ ᠳᠠᠷᠠᠭᠠᠬᠢ ᠦᠷᠭᠦᠯᠵᠢᠯᠡᠨ ᠲᠡᠳᠭᠦᠬᠦ ᠠᠵᠢᠯ ᠢ ᠰᠠᠶᠢᠲᠤᠷ ᠬᠢᠵᠦ᠂ ᠬᠡᠪᠴᠢᠶᠡᠵᠢᠭᠰᠡᠨ ᠴᠢᠨᠠᠷᠲᠠᠶ ᠳᠠᠬᠢᠨ ᠶᠠᠳᠠᠭᠤᠷᠠᠬᠤ ᠦᠵᠡᠭᠳᠡᠯ ᠭᠠᠷᠬᠤ ᠦᠭᠡᠢ ᠪᠠᠶᠢᠬᠤ ᠶᠢ ᠦᠨᠡᠨᠬᠦ ᠪᠠᠲᠤᠯᠠᠨ᠎ᠠ᠃ ᠪᠡᠭᠡᠵᠢᠩ ᠪᠠ ᠥᠪᠥᠷ ᠮᠣᠩᠭᠤᠯ ᠤᠨ ᠬᠠᠮᠵᠢᠯᠴᠠᠭ᠎ᠠ᠂ ᠴᠡᠭ ᠲᠣᠭᠲᠠᠭᠠᠨ ᠬᠠᠪᠰᠤᠷᠤᠨ ᠲᠡᠳᠬᠦᠬᠦ ᠪᠠ ︽ᠲᠦᠮᠡᠨ ᠠᠵᠤ ᠠᠬᠤᠶᠢᠯᠠᠯ ᠢᠶᠠᠷ ᠲᠦᠮᠡᠨ ᠲᠣᠰᠬᠤᠨ ᠢ ᠬᠦᠭᠵᠢᠭᠦᠯᠦᠨ ᠮᠠᠨᠳᠤᠭᠤᠯᠬᠤ︾ ᠠᠵᠢᠯᠯᠠᠭ᠎ᠠ ᠶᠢ ᠭᠦᠨᠵᠡᠭᠡᠶᠢᠷᠡᠭᠦᠯᠦᠨ᠎ᠡ᠃ ᠱᠠᠩᠳᠤ ᠰᠢᠶᠠᠨ᠂ ᠬᠤᠸᠠᠳᠧ ᠰᠢᠶᠠᠨ᠂ ᠳᠥᠷᠪᠡᠳ ᠬᠤᠰᠢᠭᠤ ᠵᠡᠷᠭᠡ ᠤᠯᠤᠰ ᠤᠨ ᠲᠠᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠤᠯᠳᠠᠯᠭ᠎ᠠ ᠲᠠᠢ ᠬᠠᠪᠰᠤᠷᠤᠨ ᠲᠡᠳᠬᠦᠬᠦ 3 ᠬᠤᠰᠢᠭᠤ ᠰᠢᠶᠠᠨ ᠢᠶᠠᠷ ᠭᠤᠣᠯᠳᠠᠯᠭ᠎ᠠ ᠪᠣᠯᠭᠠᠵᠤ᠂ ᠪᠦᠬᠦ ᠬᠤᠲᠠ  ᠳᠤ ᠨᠢᠭᠡ ᠪᠦᠯᠦᠭ ︽ᠳᠤᠲᠠᠭᠤᠳᠠᠯ ᠢ ᠨᠥᠬᠦᠪᠥᠷᠢᠯᠡᠬᠦ᠂ ᠬᠥᠭᠵᠢᠯᠲᠡ ᠶᠢ ᠠᠬᠢᠭᠤᠯᠬᠤ︾ ᠲᠥᠷᠥᠯ ᠵᠦᠶᠯ ᠢ ᠬᠡᠷᠡᠭᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠤᠭᠰᠠᠨ ᠦᠷ᠎ᠡ ᠪᠦᠲᠦᠭᠡᠯ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠤᠨ᠎ᠠ᠃   ︵ᠲᠠᠪᠤ︶ ᠬᠦᠴᠦᠨ ᠢᠶᠠᠨ ᠲᠥᠪᠯᠡᠷᠡᠭᠦᠯᠦᠨ ᠭᠠᠳᠠᠭᠠᠳᠤ ᠨᠡᠭᠡᠭᠡᠯᠲᠡ ᠬᠢᠬᠦ ᠬᠢᠷᠢ ᠲᠥᠪᠰᠢᠨ ᠢ ᠳᠡᠭᠡᠭᠰᠢᠯᠡᠭᠦᠯᠦᠨ᠎ᠡ   ᠪᠠᠷᠠᠭᠠᠨ ᠤ ᠭᠦᠢᠯᠭᠡᠭᠡᠨ ᠤ ᠬᠦᠢᠰᠦ ᠶᠢᠨ ᠰᠠᠭᠤᠷᠢᠨ ᠢ ᠪᠠᠶᠢᠭᠤᠯᠤᠨ᠎ᠠ᠃ ᠨᠡᠭᠡᠭᠡᠯᠲᠡ ᠶᠢᠨ ᠨᠡᠪᠲᠡᠷᠡᠬᠦ ᠵᠠᠮ ᠤᠨ ᠬᠦᠴᠦ ᠴᠢᠳᠠᠯ ᠢ ᠨᠡᠮᠡᠭᠳᠡᠭᠦᠯᠦᠨ᠎ᠡ᠃ ᠳᠤᠮᠳᠠᠳᠤ ᠧᠦ᠋ᠷᠣᠫᠠ ᠶᠢᠨ ᠵᠢᠰᠢᠶᠡᠨ ᠤ ᠭᠠᠯᠲᠦ ᠲᠡᠷᠭᠡ ᠶᠢᠨ ᠨᠡᠪᠲᠡᠷᠡᠬᠦ ᠵᠠᠮ ᠪᠠ ︽ᠤᠯᠠᠭᠠᠨᠴᠠᠪ — ᠤᠯᠠᠭᠠᠨᠪᠠᠭᠠᠲᠤᠷ — ᠤᠯᠠᠭᠠᠠᠦ᠋ᠳᠡ︾ ᠶᠢᠨ ᠨᠡᠪᠲᠡᠷᠡᠬᠦ ᠵᠠᠮ ᠤᠨ ᠦᠢᠯᠡᠴᠢᠯᠡᠭᠡᠨ ᠤ ᠴᠢᠳᠠᠮᠵᠢ ᠶᠢ ᠴᠢᠩᠭᠠᠷᠠᠭᠤᠯᠵᠤ᠂ 180 ᠴᠤᠪᠤᠭ᠎ᠠ ᠳᠤᠮᠳᠠᠳᠤ ᠧᠦ᠋ᠷᠣᠫᠠ ᠶᠢᠨ ᠵᠢᠰᠢᠶᠡᠨ ᠤ ᠭᠠᠯᠲᠤ ᠲᠡᠷᠭᠡ ᠶᠢ ᠨᠡᠪᠲᠡᠷᠡᠭᠦᠯᠬᠦ ᠪᠠᠷ ᠬᠦᠴᠦᠯᠡᠨ ᠴᠢᠷᠮᠠᠶᠢᠨ᠎ᠠ᠃ ᠵᠢᠨᠢᠩ — ᠡᠷᠢᠶᠡᠨ ᠤ ᠲᠡᠮᠦᠷ ᠵᠠᠮ ᠤᠨ ᠴᠢᠳᠠᠮᠵᠢ ᠶᠢ ᠥᠷᠭᠡᠳᠬᠡᠬᠦ ᠥᠭᠡᠷᠡᠴᠢᠯᠡᠯᠲᠡ᠂ ᠵᠢᠨᠢᠩ — ᠲᠦᠩᠯᠢᠶᠣᠣ ᠬᠦᠷᠬᠦ ᠲᠡᠮᠦᠷ ᠵᠠᠮ ᠤᠨ ᠴᠠᠬᠢᠯᠭᠠᠨᠵᠢᠭᠤᠯᠤᠯᠲᠠ ᠶᠢᠨ ᠥᠭᠡᠷᠡᠴᠢᠯᠡᠯᠲᠡ ᠪᠠ ᠤᠯᠤᠰ ᠤᠨ ᠵᠠᠮ ᠤᠨ 335᠂ ᠮᠤᠵᠢ ᠶᠢᠨ ᠵᠠᠮ ᠤᠨ 223 ᠵᠡᠷᠭᠡ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠠᠶᠠᠨᠴᠠᠭᠠᠨ — ᠶᠦᠩ ᠲᠠᠢ ᠭᠦᠩ ᠤᠨ ᠬᠤᠷᠳᠣᠨ ᠤ ᠵᠠᠰᠠᠮᠠᠯ ᠵᠠᠮ ᠤᠨ ᠠᠵᠢᠯ ᠢ ᠰᠡᠷᠭᠦᠭᠡᠬᠦ ᠶᠢ ᠠᠬᠢᠭᠤᠯᠵᠤ᠂ ᠵᠢᠨᠢᠩ — ᠳ᠋ᠠᠲ᠋ᠦ᠋ᠩ — ᠶᠤᠸᠠᠨᠫᠢᠩ ᠬᠤᠷᠳᠤᠨ ᠤ ᠲᠡᠮᠦᠷ ᠵᠠᠮ ᠤᠨ ᠪᠦᠬᠦ ᠱᠤᠭᠤᠮ ᠤᠨ ᠠᠵᠢᠯ ᠢ ᠡᠬᠢᠯᠡᠭᠦᠯᠦᠨ᠎ᠡ᠃ ᠨᠢᠰᠬᠡᠯ ᠤᠨ ᠪᠠᠭᠤᠳᠠᠯ ᠤᠨ ᠨᠢᠰᠦᠯᠲᠡ ᠶᠢᠨ ᠲᠣᠭᠤᠷᠢᠭ ᠢ ᠥᠷᠭᠡᠳᠬᠡᠨ ᠥᠭᠡᠷᠡᠴᠢᠯᠡᠵᠦ᠂ ᠠᠭᠠᠷ ᠠᠶᠠᠯᠠᠯ ᠤᠨ ᠪᠣᠭᠤᠮᠲᠠ ᠶᠢᠨ ᠨᠡᠭᠡᠭᠡᠯᠳᠡ ᠶᠢᠨ ᠶᠠᠪᠤᠴᠠ ᠶᠢ ᠲᠦᠷᠭᠡᠳᠬᠡᠨ᠎ᠡ᠃ ᠨᠡᠭᠡᠭᠡᠯᠳᠡ ᠶᠢᠨ ᠲᠠᠪᠴᠠᠩ ᠤᠨ ᠴᠢᠳᠠᠮᠵᠢ ᠶᠢ ᠳᠡᠭᠡᠭᠰᠢᠯᠡᠭᠦᠯᠦᠨ᠎ᠡ᠃ ᠳᠤᠮᠳᠠᠳᠤ ᠧᠦ᠋ᠷᠣᠫᠠ ᠶᠢᠨ ᠵᠢᠰᠢᠶᠡᠨ ᠤ ᠭᠠᠯᠲᠤ ᠲᠡᠷᠭᠡ ᠶᠢᠨ ᠲᠦᠪᠯᠡᠷᠡᠭᠦᠯᠦᠨ ᠲᠠᠷᠬᠠᠬᠤ ᠲᠦᠪ ᠢ ᠪᠥᠲᠥᠭᠡᠨ ᠪᠠᠶᠢᠭᠤᠯᠵᠤ᠂ ᠲᠡᠮᠦᠷ ᠵᠠᠮ ᠤᠨ ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠭᠠᠵᠠᠷ ︵ᠲᠠᠯᠠᠪᠤᠷ︶ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠳᠣᠯᠣᠳᠤᠭᠠᠷ ᠰᠤᠮᠤ ᠶᠢᠨ ᠭᠠᠶᠢᠯᠢ ᠪᠠᠲᠤᠯᠠᠬᠤ ᠪᠠᠷᠠᠭᠠᠨ ᠤ ᠭᠦᠶᠯᠭᠡᠭᠡᠨ ᠤ ᠲᠥᠪ ᠤᠨ ᠴᠢᠳᠠᠮᠵᠢ ᠶᠢ ᠲᠡᠭᠦᠯᠳᠡᠷᠵᠢᠭᠦᠯᠦᠨ᠎ᠡ᠃ ᠬᠢᠯᠢ ᠠᠯᠤᠰᠯᠠᠭᠰᠠᠨ ᠴᠠᠬᠢᠮ ᠬᠤᠳᠠᠯᠳᠤᠭᠠᠨ ᠤ ᠵᠢᠵᠢᠭᠯᠡᠨ ᠪᠣᠷᠣᠯᠠᠭᠤᠯᠬᠤ ᠭᠠᠳᠠᠭᠠᠳᠤ ᠠᠴᠠ ᠣᠷᠣᠭᠤᠯᠬᠤ ᠲᠤᠷᠰᠢᠯᠲᠠ ᠶᠢᠨ ᠴᠡᠭ᠂ ᠠᠭᠠᠷ ᠠᠶᠠᠯᠠᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠰᠠᠭᠤᠷᠢ ᠢᠵᠢ ᠪᠦᠷᠢᠳᠦᠭᠦᠯᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠮᠢᠶᠣᠣ ᠯᠢᠶᠠᠩ ᠪᠠᠷᠠᠭᠠᠨ ᠤ ᠭᠦᠶᠯᠭᠡᠭᠡᠨ ᠤ ᠬᠦᠷᠢᠶᠡᠯᠡᠩ ᠲᠣᠭᠤᠷᠢᠭ ᠤᠨ ᠳᠤᠮᠳᠠᠳᠤ ᠮᠣᠩᠭᠤᠯ ᠤᠨ ᠵᠢᠰᠢᠶᠡᠨ ᠤ ᠭᠠᠯᠲᠤ ᠲᠡᠷᠭᠡ ᠶᠢᠨ ᠰᠠᠭᠤᠷᠢᠨ᠂ ᠳᠤᠮᠳᠠᠳᠤ ᠣᠷᠣᠰ ᠮᠣᠩᠭᠤᠯ ᠤᠨ ᠬᠤᠷᠰᠢᠭᠰᠠᠨ ᠠᠵᠤ ᠦᠶᠯᠡᠰ ᠤᠨ ᠬᠦᠷᠢᠶᠡᠯᠡᠩ᠂ ᠭᠦᠢᠯᠭᠡᠭᠡᠨ ᠶᠡᠬᠡᠲᠠᠢ ᠲᠠᠸᠠᠷ ᠤᠨ ᠣᠯᠠᠨ ᠤᠯᠤᠰ ᠤᠨ ᠠᠷᠠᠯᠵᠢᠶ᠎ᠠ ᠶᠢᠨ ᠬᠠᠩᠭᠠᠯᠭ᠎ᠠ ᠶᠢᠨ ᠬᠡᠯᠬᠢᠶ᠎ᠡ ᠶᠢᠨ ᠲᠥᠪ ᠵᠡᠷᠭᠡ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠡᠷᠢᠶᠡᠨ ᠬᠤᠲᠠ ᠲᠠᠢ ᠬᠠᠮᠵᠢᠯᠴᠠᠨ ᠲᠡᠮᠦᠷ ᠵᠠᠮ ᠤᠨ ᠭᠤᠤᠯ ᠱᠤᠭᠤᠮ ᠢ ᠵᠣᠬᠢᠶᠠᠨ ᠪᠠᠶᠢᠭᠤᠯᠬᠤ᠂ ᠪᠣᠭᠤᠮᠲᠠ ᠪᠠᠷ ᠥᠩᠭᠡᠷᠡᠬᠦ ᠭᠠᠶᠢᠯᠢ ᠶᠢ ᠪᠠᠲᠤᠯᠠᠬᠤ᠂ ᠠᠷᠠᠯᠵᠢᠶ᠎ᠠ ᠪᠠᠷ ᠳ᠋ᠦᠩᠨᠡᠨ ᠪᠤᠳᠤᠬᠤ ᠵᠡᠷᠭᠡ ᠦᠶᠯᠡᠴᠢᠯᠡᠭᠡᠨ ᠤ ᠴᠢᠳᠠᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂ ︽ᠵᠠᠮ ᠥᠩᠭᠡᠷᠡᠬᠦ ᠠᠵᠤ ᠠᠬᠤᠶ︾ ᠶᠢ ︽ᠭᠠᠵᠠᠷᠳᠠᠭᠰᠠᠨ ᠠᠵᠤ ᠠᠬᠤᠶ︾ ᠳᠠᠰᠢ ᠬᠤᠪᠢᠷᠠᠭᠤᠯᠬᠤ ᠶᠢ ᠲᠦᠯᠬᠢᠨ ᠠᠬᠢᠭᠤᠯᠤᠨ᠎ᠠ᠃   ᠪᠦᠬᠦ ᠣᠷᠣᠨ ᠪᠦᠰᠡ ᠶᠢᠨ ᠨᠡᠭᠡᠭᠡᠯᠳᠡ ᠶᠢᠨ ᠪᠠᠶᠢᠷᠢᠰᠢᠯ ᠢ ᠪᠠᠶᠢᠭᠤᠯᠤᠨ᠎ᠠ᠃ ᠪᠡᠭᠡᠵᠢᠩ ᠲᠢᠶᠠᠨᠵᠢᠨ ᠡᡁᠧᠪᠸᠢ ᠶᠢᠨ ᠬᠠᠮᠵᠢᠯᠴᠠᠨ ᠬᠥᠭᠵᠢᠬᠦ ᠳᠤ ᠭᠦᠨᠵᠡᠭᠡᠢ ᠠᠭᠤᠰᠤᠯᠴᠠᠨ᠎ᠡ᠃ ᠪᠡᠭᠡᠵᠢᠩ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠤ ᠦᠶᠯᠡᠰ ᠤᠨ ᠬᠦᠷᠢᠶᠡᠯᠡᠩ ᠢ ᠲᠦᠷᠭᠡᠳᠬᠡᠨ ᠪᠠᠶᠢᠭᠤᠯᠵᠤ᠂ ᠪᠡᠭᠡᠵᠢᠩ ᠳᠤ ᠬᠠᠨᠳᠤᠭᠤᠯᠤᠭᠰᠠᠨ ᠡᠯ᠎ᠡ ᠠᠵᠢᠯ ᠲᠥᠷᠥᠯ ᠤᠨ ᠮᠡᠷᠭᠡᠵᠢᠯ ᠤᠨ ᠴᠢᠳᠠᠪᠤᠷᠢᠲᠠᠨ ᠤ ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢᠨ ᠢ ᠪᠠᠶᠢᠭᠤᠯᠤᠨ᠎ᠠ᠃ ︽ᠨᠠᠷᠠᠲᠤ ᠡᠮᠴᠢ ᠨᠠᠷᠠᠲᠤ ᠪᠠᠭᠰᠢ ᠳᠠᠭᠠᠭᠤᠯᠤᠨ ᠬᠥᠮᠦᠵᠢᠭᠦᠯᠬᠦ︾ ᠢᠨᠵᠧᠨᠧᠷᠢᠩ ᠢ ᠬᠡᠷᠡᠭᠵᠢᠭᠦᠯᠵᠦ᠂ ᠬᠤᠷᠢᠶᠠᠨ ᠳᠠᠷᠤᠭ᠎ᠠ ᠪᠠ ᠰᠤᠷᠭᠠᠭᠤᠯᠢ ᠶᠢᠨ ᠵᠠᠬᠢᠷᠤᠯ ᠲᠦᠷ ᠴᠠᠭ ᠲᠤᠰᠢᠶᠠᠯ ᠡᠭᠦᠷᠭᠡᠯᠡᠬᠦ᠂ ᠡᠮᠴᠢ ᠪᠠ ᠪᠠᠭᠰᠢ ᠶᠢ ᠲᠤᠮᠢᠯᠠᠭᠤᠯᠵᠦ ᠲᠤᠰᠠᠯᠠᠭᠤᠯᠬᠤ ᠵᠡᠷᠭᠡ ᠠᠷᠭ᠎ᠠ ᠮᠠᠶ᠋ᠢᠭ ᠢ ᠠᠪᠴᠤ᠂ ᠪᠡᠭᠡᠵᠢᠩ ᠤᠨ ᠰᠢᠯᠢᠳᠡᠭ ᠰᠤᠷᠭᠠᠨ ᠬᠥᠮᠦᠵᠢᠯ ᠡᠮᠴᠢᠯᠡᠭᠡᠨ ᠤ ᠡᠬᠢ ᠪᠠᠶᠠᠯᠢᠭ ᠢ ᠣᠷᠣᠭᠤᠯᠤᠨ ᠠᠪᠴᠢᠷᠠᠨ᠎ᠠ᠃ ᠬᠥᠬᠡᠬᠤᠲᠠ ᠪᠤᠭᠤᠲᠤ ᠤᠷᠳᠤᠰ ᠤᠯᠠᠭᠠᠨᠴᠠᠪ ᠤᠨ ᠨᠢᠭᠡ ᠴᠤᠭᠴᠠᠵᠢᠭᠤᠯᠤᠯᠲᠠ ᠶᠢᠨ ᠠᠬᠢᠴᠠ ᠶᠢ ᠲᠦᠷᠭᠡᠳᠬᠡᠨ᠎ᠡ᠃ ᠵᠠᠬ᠎ᠠ ᠳᠡᠯᠭᠡᠭᠦᠷ ᠤᠨ ᠳᠦᠷᠢᠮ ᠤᠨ ᠰᠢᠰᠲ᠋ᠧᠮ ᠤᠨ ︽ᠭᠤᠷᠪᠠᠨ ᠬᠠᠮᠲᠤ ᠭᠤᠷᠪᠠᠨ ᠬᠠᠷᠢᠯᠴᠠᠨ︾ ᠢᠨᠵᠧᠨᠧᠷᠢᠩ ᠢ ᠬᠡᠷᠡᠭᠵᠢᠭᠦᠯᠵᠦ᠂ ᠨᠢᠭᠡ ᠴᠠᠭ ᠤᠨ ᠠᠶᠠᠨᠴᠢᠳ ᠤᠨ ᠲᠦᠷᠭᠡᠨ ᠵᠥᠭᠡᠭᠡᠪᠦᠷᠢ ᠶᠢᠨ ᠲᠣᠭᠤᠷᠢᠭ ᠢ ᠪᠠᠶᠢᠭᠤᠯᠵᠤ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ᠂ ᠣᠶᠣᠨᠯᠢᠭ ᠬᠤᠲᠠ ᠶᠢᠨ ᠨᠢᠭᠡ ᠴᠤᠭᠴᠠᠵᠢᠭᠤᠯᠤᠭᠰᠠᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠬᠤᠲᠠ ᠶᠢᠨ ᠰᠦᠷᠦᠭᠵᠢᠯ ᠤᠨ ︽ᠪᠠᠷᠠᠭᠠᠨ ᠤ ᠭᠦᠶᠯᠭᠡᠭᠡᠨ ᠤ ᠬᠦᠶᠰᠦ︾ ︽ᠪᠣᠳᠣᠬᠤ ᠴᠢᠳᠠᠪᠤᠷᠢ ᠶᠢᠨ ᠬᠦᠶᠰᠦ︾ ᠪᠠ ︽ᠪᠣᠬᠢᠷᠳᠣᠯ ᠦᠭᠡᠢ ᠡᠨᠧᠷᠭᠢ ᠶᠢᠨ ᠪᠠᠲᠤᠯᠠᠭ᠎ᠠ ᠶᠢᠨ ᠰᠠᠭᠤᠷᠢᠨ︾ ᠢ ᠪᠠᠶᠢᠭᠤᠯᠤᠨ᠎ᠠ᠃ ᠤᠯᠠᠭᠠᠨᠴᠠᠪ ᠳ᠋ᠠᠲ᠋ᠦ᠋ᠩ ᠴᠢᠭᠤᠯᠤᠯᠲᠤ ᠬᠠᠭᠠᠯᠭ᠎ᠠ ᠶᠢᠨ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ᠃ ᠬᠠᠮᠲᠤᠷᠠᠯᠴᠠᠭᠠᠨ ᠤ ᠣᠷᠣᠨ ᠤ ᠪᠥᠲᠥᠭᠡᠨ ᠪᠠᠶᠢᠭᠤᠯᠤᠯᠲᠠ ᠵᠢᠴᠢ ᠲᠥᠷᠥᠯ ᠵᠦᠶᠯ ᠤᠨ ᠬᠡᠷᠡᠭᠵᠢᠭᠦᠯᠦᠯᠲᠡ ᠶᠢ ᠲᠦᠷᠭᠡᠳᠬᠡᠵᠦ᠂ ᠰᠣᠳᠣᠨ ᠵᠢᠭᠤᠯᠴᠢᠯᠠᠯ ᠤᠨ ᠵᠠᠮ ᠱᠤᠭᠤᠮ ᠢ ᠬᠠᠮᠲᠤᠪᠠᠷ ᠲᠥᠯᠥᠪᠵᠢᠭᠦᠯᠵᠦ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠬᠠᠮᠵᠢᠯᠴᠠᠭ᠎ᠠ ᠶᠢ ᠴᠢᠩᠭᠠᠳᠬᠠᠨ᠎ᠠ᠃   ︵ᠵᠢᠷᠭᠤᠭ᠎ᠠ︶ ᠬᠦᠴᠦᠨ ᠢᠶᠠᠨ ᠲᠥᠪᠯᠡᠷᠡᠭᠦᠯᠦᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠰᠢᠨ᠎ᠡ ᠶᠢ ᠡᠭᠦᠳᠬᠦ ᠶᠢ ᠠᠬᠢᠭᠤᠯᠤᠨ᠎ᠠ   ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ ᠲᠠᠬᠢᠨ ᠲᠡᠰ ᠳᠡᠪᠰᠢᠭᠦᠯᠦᠨ᠎ᠡ᠃ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠶᠢ ᠲᠦᠷᠭᠡᠳᠬᠡᠨ ᠠᠬᠢᠭᠤᠯᠵᠤ᠂ ︽ᠭᠠᠷ ᠤᠳᠠᠰᠦ ᠪᠠᠷ ᠭᠦᠢᠴᠡᠳᠭᠡᠬᠦ︾ ᠬᠡᠷᠡᠭᠯᠡᠭᠡᠨ ᠤ ᠬᠢᠷᠢ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠵᠦ᠂ ︽ᠲᠠᠪᠤ ᠶᠢ ᠬᠠᠰᠤᠵᠤ ᠨᠢᠭᠡ ᠶᠢ ᠰᠢᠯᠢᠳᠡᠭᠵᠢᠭᠦᠯᠬᠦ︾ ᠠᠵᠢᠯ ᠢ ᠭᠦᠨᠵᠡᠭᠡᠶ ᠥᠷᠨᠢᠭᠦᠯᠦᠨ᠂ ︽ᠨᠢᠭᠡ ᠯᠡ ᠲᠠᠮᠠᠭ᠎ᠠ ᠪᠠᠷ ᠬᠢᠨᠠᠨ ᠵᠥᠪᠰᠢᠶᠡᠷᠡᠬᠦ ᠶᠢ ᠬᠠᠮᠢᠶᠠᠷᠬᠤ︾ ᠶᠢ ᠬᠡᠷᠡᠭᠵᠢᠭᠦᠯᠵᠦ᠂ ᠮᠠᠲ᠋ᠧᠷᠢᠶᠠᠯ᠂ ᠶᠠᠪᠤᠴᠠ᠂ ᠴᠠᠭ ᠤᠨ ᠬᠢᠵᠠᠭᠠᠷᠯᠠᠯ ᠢ ᠪᠠᠭᠠᠰᠬᠠᠨ ᠬᠠᠰᠤᠭᠰᠠᠨ ᠨᠤᠷᠮ᠎ᠠ ᠶᠢ 20% ᠠᠴᠠ ᠳᠣᠣᠷ᠎ᠠ ᠦᠭᠡᠢ ᠪᠠᠶᠢᠯᠭᠠᠨ᠎ᠠ᠃ ︽ᠶᠡᠷᠦᠩᠬᠡᠶᠢᠯᠡᠭᠰᠡᠨ ᠨᠢᠭᠡ ᠴᠣᠩᠬᠤᠪᠴᠢ ᠪᠠᠷ ᠬᠦᠯᠢᠶᠡᠨ ᠠᠪᠴᠤ ᠰᠢᠶᠳᠪᠦᠷᠢᠯᠡᠬᠦ︾ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠨᠠᠩ ᠣᠯᠠᠨ ᠵᠦᠢᠯᠡᠰ ᠢ ︽ᠵᠣᠯᠭᠠᠬᠤ ᠥᠬᠡᠶ ᠪᠠᠷ ᠬᠢᠨᠠᠨ ᠵᠥᠪᠰᠢᠶᠡᠷᠡᠭᠦᠯᠬᠦ︾ ᠶᠢ ᠪᠡᠶᠡᠯᠡᠭᠦᠯᠦᠨ᠎ᠡ᠃ ︽ᠮᠤᠵᠢ ᠠᠯᠤᠰᠯᠠᠨ ᠨᠡᠶᠢᠳᠡᠮ ᠬᠦᠢᠴᠡᠳᠭᠡᠬᠦ︾ ᠵᠦᠢᠯᠡᠰ ᠪᠠ ᠬᠦᠷᠢᠶ᠎ᠡ ᠬᠡᠪᠴᠢᠶ᠎ᠡ ᠶᠢ ᠥᠷᠭᠡᠳᠬᠡᠨ᠎ᠡ᠃ 12345 ᠬᠠᠯᠠᠮᠰᠢᠯ ᠤᠲᠠᠰᠤ ᠪᠠ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠢᠨᠠᠯᠲᠠ ᠲᠠᠯᠪᠢᠬᠤ ᠲᠠᠪᠴᠠᠩ ᠶᠢ ︽ᠨᠢᠭᠡ ᠯᠡ ᠤᠲᠠᠰᠤ ᠪᠠᠷ ᠨᠡᠶᠢᠳᠡᠮ ᠨᠡᠪᠲᠡᠷᠡᠬᠦ︾ ᠶᠢ ᠬᠢᠨᠠᠮᠠᠭᠠᠢ ᠰᠢᠯᠢᠳᠡᠭᠵᠢᠭᠦᠯᠵᠦ᠂ ᠤᠯᠠᠨ ᠲᠦᠮᠡᠨ ᠤ ᠲᠤᠰᠬᠠᠭᠰᠠᠨ ᠶᠠᠪᠤᠳᠠᠯ ᠢ ᠰᠢᠶᠳᠪᠦᠷᠢᠯᠡᠬᠦ ᠬᠥᠮᠦᠨ ᠲᠠᠢ᠂ ᠠᠩᠬᠠᠷᠬᠤ ᠬᠥᠮᠦᠨ ᠲᠠᠢ ᠮᠥᠷᠲᠡᠭᠡᠨ ᠪᠦᠲᠦᠮᠵᠢᠲᠡᠢ ᠬᠢᠨᠠᠯᠲᠠ ᠲᠠᠯᠪᠢᠬᠤ ᠪᠠ ᠬᠢᠨᠠᠨ ᠬᠠᠮᠢᠶᠠᠷᠤᠨ᠎ᠠ᠃ ᠠᠵᠤ ᠠᠬᠤᠶᠢᠯᠠᠯ ᠤᠨ ᠪᠠᠯᠠ ᠣᠷᠣᠭᠤᠯᠤᠯᠲᠠ ᠶᠢᠨ ᠲᠥᠷᠥᠯ ᠵᠦᠶᠯ ᠤᠨ ᠣᠷᠣᠯᠠᠨ ᠭᠦᠶᠴᠡᠳᠬᠡᠬᠦ ᠬᠠᠪᠰᠤᠷᠤᠨ ᠭᠦᠶᠴᠡᠳᠬᠡᠬᠦ ᠲᠣᠭᠲᠠᠴᠠ ᠶᠢ ᠰᠢᠯᠢᠳᠡᠭᠵᠢᠭᠦᠯᠵᠦ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢ ᠪᠦᠷᠢᠨᠰᠢᠬᠦᠯᠦᠨ᠂ ︽ᠬᠤᠶᠠᠷ ᠢ ᠰᠤᠭᠤᠴᠢᠬᠤ᠂ ᠨᠢᠭᠡ ᠶᠢ ᠢᠯᠡ ᠪᠣᠯᠭᠠᠬᠤ︾ ᠪᠠ ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ ︾ ᠶᠢ ᠴᠢᠩᠭᠠᠳᠬᠠᠵᠤ᠂ ︽ᠬᠢᠨᠠᠯᠲᠠ ᠬᠠᠮᠢᠶᠠᠷᠤᠯᠲᠠ ᠶᠢ ᠬᠠᠷᠰᠢᠯᠠᠬᠤ ᠥᠬᠡᠶ᠂ ᠭᠠᠵᠠᠷ ᠪᠣᠯᠭᠠᠨ ᠳᠤ ᠦᠶᠯᠡᠴᠢᠯᠡᠭᠡ ᠲᠠᠢ ᠪᠠᠶᠢᠯᠭᠠᠬᠤ︾ ᠶᠢ ᠪᠡᠶᠡᠯᠡᠭᠦᠯᠦᠨ᠎ᠡ᠃   ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠤᠨ ᠬᠤᠷᠳᠤᠴᠠ ᠶᠢ ᠳᠠᠬᠢᠨ ᠨᠡᠮᠡᠭᠳᠡᠭᠦᠯᠦᠨ᠎ᠡ᠃ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠦᠨ᠎ᠡ᠃ ᠠᠵᠤ ᠠᠬᠤᠶᠢᠯᠠᠯ᠂ ᠮᠥᠩᠭᠦᠨ ᠭᠦᠢᠯᠭᠡᠭᠡᠨ ᠤ ᠬᠦᠷᠦᠩᠭᠡ ᠪᠠ ᠠᠷᠠᠳ ᠤᠨ ᠬᠦᠷᠦᠩᠭᠡ ᠶᠢ ᠬᠥᠲᠥᠯᠥᠨ ᠵᠢᠯᠣᠭᠤᠳᠴᠤ ᠪᠠᠶᠢᠭᠠᠳ ᠰᠢᠨᠵᠢᠯᠡᠬᠦ ᠤᠬᠠᠭᠠᠨ ᠤ ᠰᠤᠳᠤᠯᠭᠠᠨ ᠤ ᠣᠷᠣᠭᠤᠯᠤᠯᠲᠠ ᠶᠢ ᠨᠡᠮᠡᠭᠳᠡᠭᠦᠯᠵᠦ᠂ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠠ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ 50 ᠠᠴᠠ ᠳᠡᠭᠡᠭᠰᠢ ᠪᠤᠶᠢᠵᠢᠭᠤᠯᠤᠨ ᠬᠥᠭᠵᠢᠭᠦᠯᠦᠨ᠎ᠡ᠃ ᠠᠵᠤ ᠦᠶᠯᠡᠰ ᠤᠨ ᠬᠡᠯᠬᠢᠶ᠎ᠡ ᠶᠢ ᠴᠢᠩᠭ᠎ᠠ ᠪᠠᠷᠢᠵᠤ ᠰᠢᠨ᠎ᠡ ᠶᠢ ᠡᠭᠦᠳᠬᠦ ᠬᠡᠯᠬᠢᠶ᠎ᠡ ᠶᠢ ᠪᠠᠶᠢᠷᠢᠯᠠᠭᠤᠯᠵᠤ᠂ ᠲᠥᠮᠥᠰᠥᠨ ᠤ ᠦᠷ᠎ᠡ ᠶᠢᠨ ᠦᠶᠯᠡᠰ᠂ ᠠᠯᠠᠰᠢᠨ ᠬᠤᠨᠢᠨ ᠤ ᠡᠭᠦᠯᠳᠡᠷ ᠤᠨ ᠦᠶᠯᠡᠰ ᠪᠠ ᠪᠠᠯ ᠴᠢᠯᠠᠭᠤ ︵ᠠᠯᠺᠧᠨ︶ ᠶᠢᠨ ᠰᠢᠨ᠎ᠡ ᠮᠠᠲ᠋ᠧᠷᠢᠶᠠᠯ ᠵᠡᠷᠭᠡ 3 ᠰᠢᠨ᠎ᠡ ᠶᠢ ᠡᠭᠦᠳᠬᠦ ᠲᠥᠪ ᠤᠨ ᠪᠥᠲᠥᠭᠡᠨ ᠪᠠᠶᠢᠭᠤᠯᠤᠯᠲᠠ ᠶᠢ ᠳᠡᠮᠵᠢᠵᠦ᠂ ᠹᠯᠣᠷ ᠬᠢᠮᠢ ᠶᠢᠨ ᠠᠵᠤ ᠦᠢᠯᠡᠳᠪᠦᠷᠢ᠂ ᠠᠮᠢᠳᠤ ᠪᠤᠳᠠᠰ ᠡᠮ ᠡᠮᠨᠡᠯᠭᠡ ᠵᠡᠷᠭᠡ ᠠᠵᠤ ᠦᠢᠯᠡᠰ ᠤᠨ ᠳᠡᠭᠡᠳᠦ ᠳᠡᠰᠵᠢᠭᠰᠡᠨ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠲᠦᠷᠢᠮ ᠢ ᠭᠦᠨᠵᠡᠭᠡᠶ ᠬᠡᠷᠡᠭᠵᠢᠭᠦᠯᠵᠦ᠂ ᠬᠦᠶᠲᠡᠨ ᠰᠡᠷᠢᠭᠦᠨ ᠢᠳᠡᠰᠢᠨ ᠨᠣᠭᠤᠭ᠎ᠠ ᠶᠢᠨ ᠠᠺᠠᠳᠧᠮᠢᠴᠢ ᠲᠤᠰᠬᠠᠶ ᠮᠡᠷᠭᠡᠵᠢᠯᠲᠡᠨ ᠤ ᠠᠵᠢᠯ ᠤᠨ ᠥᠷᠲᠡᠭᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠦᠨ ᠬᠥᠲᠥᠯᠦᠨ ᠳᠠᠭᠠᠭᠤᠯᠬᠤ ᠦᠶᠯᠡᠳᠦᠯ ᠢ ᠪᠠᠳᠠᠷᠠᠭᠤᠯᠤᠨ᠎ᠠ᠃ ︽ᠭᠠᠷᠤᠳᠢ ᠶᠢ ᠤᠯᠠᠭᠠᠨᠴᠠᠪ ᠲᠤ ᠨᠤᠲᠤᠭᠰᠢᠭᠤᠯᠬᠤ︾ ᠴᠢᠳᠠᠪᠤᠷᠢᠲᠠᠨ ᠤ ᠢᠨᠵᠧᠨᠧᠷᠢᠩ ᠢ ᠬᠡᠷᠡᠭᠵᠢᠭᠦᠯᠵᠦ᠂ ᠴᠢᠳᠠᠪᠤᠷᠢᠲᠠᠨ ᠤ ᠥᠭᠡᠷᠡᠴᠢᠯᠡᠯᠲᠡ ᠶᠢᠨ ᠲᠤᠷᠰᠢᠯᠲᠠ ᠶᠢᠨ ᠬᠦᠷᠢᠶᠡᠯᠡᠩ ᠲᠣᠭᠤᠷᠢᠭ ᠢ ᠡᠬᠢᠯᠡᠭᠦᠯᠦᠨ ᠪᠠᠶᠢᠭᠤᠯᠵᠤ᠂ ᠡᠯ᠎ᠡ ᠲᠦᠷᠦᠯ ᠤᠨ ᠴᠢᠳᠠᠪᠤᠷᠢᠲᠠᠨ ᠤ ᠰᠢᠨ᠎ᠡ ᠡᠭᠦᠳᠦᠯᠲᠡ ᠪᠦᠲᠦᠭᠡᠯᠲᠡ ᠶᠢᠨ ᠳᠣᠲᠣᠭᠠᠳᠤ ᠶᠢᠨ ᠬᠥᠳᠡᠯᠭᠡᠬᠦ ᠬᠦᠴᠦᠨ ᠢ ᠬᠥᠭᠵᠢᠭᠡᠨ᠎ᠡ᠃    ᠵᠠᠬ᠎ᠠ ᠳᠡᠯᠭᠡᠭᠦᠷ ᠤᠨ ᠭᠤᠣᠯ ᠴᠣᠭᠴᠠ ᠶᠢ ᠳᠡᠮᠵᠢᠵᠦ ᠳᠠᠬᠢᠨ ᠬᠦᠴᠦ ᠢᠳᠡᠯᠡᠨ᠎ᠡ᠃ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠤᠯᠤᠰ ᠤᠨ ᠰᠢᠨ᠎ᠡ ᠲᠦᠷᠦ ᠶᠢᠨ ᠪᠤᠳᠤᠯᠭ᠎ᠠ ᠶᠢ ᠲᠡᠷᠡ ᠶᠣᠰᠣᠭᠠᠷ ᠨᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠬᠦᠴᠢᠷᠳᠡᠯ ᠢ ᠰᠢᠶᠳᠪᠦᠷᠢᠯᠡᠬᠦ ᠪᠠ ᠬᠥᠭᠵᠢᠭᠦᠯᠬᠦ ᠶᠢ ᠳᠡᠮᠵᠢᠨ᠎ᠡ᠃ ᠰᠢᠨ᠎ᠡ ᠬᠡᠯᠪᠡᠷᠢ ᠶᠢᠨ ᠮᠥᠩᠭᠦᠨ ᠭᠦᠶᠯᠭᠡᠭᠡᠨ ᠤ ᠠᠵᠤ ᠠᠬᠤᠶᠢᠯᠠᠯ ᠢ ᠢᠳᠡᠪᠬᠢᠲᠡᠶ ᠪᠠᠷ ᠣᠷᠣᠭᠤᠯᠵᠤ ᠢᠷᠡᠨ᠂ ᠮᠥᠩᠭᠦᠨ ᠭᠦᠶᠯᠭᠡᠭᠡᠨ ᠤ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠤᠨ᠎ᠠ᠃ ᠲᠥᠮᠥᠰᠥ ᠶᠢ ᠬᠤᠭᠤᠴᠠᠭᠠᠲᠤ ᠪᠠᠷᠠᠭᠠᠨ ᠤ ᠪᠦᠲᠦᠭᠡᠭᠳᠡᠬᠦᠨ ᠳᠤ ᠵᠢᠭᠰᠠᠭᠠᠬᠤ ᠶᠢ ᠠᠬᠢᠭᠤᠯᠵᠤ᠂ ᠮᠠᠨ ᠤ ᠬᠤᠲᠠ ᠳᠤ ᠪᠡᠯᠡᠨ ᠪᠠᠷᠠᠭᠠᠨ ᠤ ᠰᠢᠯᠵᠢᠭᠦᠯᠦᠨ ᠲᠤᠰᠢᠶᠠᠬᠤ ᠬᠥᠮᠥᠷᠭᠡ ᠪᠠᠶᠢᠭᠤᠯᠬᠤ ᠪᠠᠷ ᠴᠢᠷᠮᠠᠶᠢᠨ᠎ᠠ᠃ ᠠᠵᠤ ᠦᠶᠯᠡᠰ ᠤᠨ ᠬᠦᠷᠢᠶᠡᠯᠡᠩ ᠲᠣᠭᠤᠷᠢᠭ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠰᠤ ᠴᠠᠬᠢᠯᠭᠠᠨ ᠵᠠᠮ ᠲᠣᠤᠷ ᠵᠡᠷᠭᠡ ᠶᠢᠨ ᠳᠤᠲᠠᠭᠤᠳᠠᠯ ᠢ ᠲᠦᠷᠭᠡᠳᠬᠡᠨ ᠨᠥᠬᠦᠪᠥᠷᠢᠯᠡᠵᠦ᠂ ︽ᠦᠬᠦᠰᠢᠷᠡᠮᠡᠯ ᠠᠵᠤ ᠠᠬᠤᠶᠢᠯᠠᠯ︾ ᠢ ᠵᠠᠬ᠎ᠠ ᠳᠡᠯᠭᠡᠭᠦᠷᠴᠢᠯᠡᠨ ᠢᠯᠭᠠᠷᠠᠭᠤᠯᠤᠨ ᠭᠠᠷᠭᠠᠬᠤ ᠶᠢ ᠠᠬᠢᠭᠤᠯᠤᠨ᠂ ᠮᠥ ᠪᠦᠷᠢ ᠶᠢᠨ ᠤᠨᠠᠯᠲᠠ ᠶᠢ ᠬᠦᠴᠦᠯᠡᠨ ᠳᠡᠭᠡᠭᠰᠢᠯᠡᠭᠦᠯᠦᠨ᠎ᠡ᠃ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠦᠷᠢᠶᠡᠯᠡᠩ ᠲᠣᠭᠤᠷᠢᠭ᠂ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠴᠠᠬᠠᠷ ᠳᠡᠭᠡᠳᠦ ᠰᠢᠨ᠎ᠡ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠣᠶᠤᠨᠴᠢᠯᠠᠭᠰᠠᠨ ᠬᠦᠷᠢᠶᠡᠯᠡᠩ ᠲᠣᠭᠤᠷᠢᠭ ᠪᠠ ᠥᠪᠡᠷᠲᠡᠭᠡᠨ ᠵᠠᠰᠠᠬᠤ ᠣᠷᠣᠨ ᠤ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠶᠯᠡᠰ ᠤᠨ ᠨᠡᠭᠡᠭᠡᠯᠲᠡ ᠶᠢᠨ ᠲᠣᠭᠤᠷᠢᠭ ᠢ ᠡᠭᠦᠳᠦᠨ ᠪᠠᠶᠢᠭᠤᠯᠬᠤ ᠶᠢ ᠳᠡᠮᠵᠢᠨ᠎ᠡ᠃ ᠤᠯᠤᠰ ᠤᠨ ᠦᠮᠴᠢᠯᠡᠯᠲᠥ ᠠᠵᠤ ᠠᠬᠤᠶᠢᠯᠠᠯ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠭᠤᠷᠪᠠᠨ ᠵᠢᠯ ᠤᠨ ᠠᠵᠢᠯᠯᠠᠭᠠᠨ ᠤ ᠡᠭᠦᠷᠭᠡ ᠶᠢ ᠪᠡᠶᠡᠯᠡᠭᠦᠯᠦᠨ᠎ᠡ᠃   ︵ᠳᠣᠯᠤᠭ᠎ᠠ︶ ᠬᠦᠴᠦᠨ ᠢᠶᠠᠨ ᠲᠥᠪᠯᠡᠷᠡᠭᠦᠯᠦᠨ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠥᠷᠭᠦᠯᠵᠢᠯᠡᠨ ᠨᠡᠮᠡᠭᠳᠡᠭᠦᠯᠦᠨ᠎ᠡ   ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠦᠨ᠎ᠡ᠃ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ ᠪᠠ ᠲᠤᠰᠠᠯᠠᠬᠤ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠭᠤᠤᠯᠳᠠᠯᠭ᠎ᠠ ᠪᠣᠯᠬᠤ ᠬᠦᠮᠦᠰ ᠪᠠ ᠠᠵᠢᠯ ᠤᠯᠬᠤ ᠳᠤ ᠬᠦᠴᠢᠷᠲᠡᠶ ᠬᠥᠮᠦᠰ ᠲᠤ ᠠᠵᠢᠯ ᠣᠯᠭᠤᠬᠤ ᠶᠢ ᠲᠣᠪᠤᠶᠢᠮ᠎ᠠ ᠰᠠᠶᠢᠲᠤᠷ ᠠᠳᠬᠤᠵᠤ᠂ ︽ᠠᠵᠢᠯ ᠲᠠᠢ ᠬᠥᠮᠦᠨ ᠥᠬᠡᠶ ᠬᠡᠷ ᠪᠦᠯᠢ︾ ᠶᠢ ᠬᠥᠳᠡᠯᠦᠩᠭᠦᠶ ᠪᠠᠷ ᠴᠡᠪᠡᠷᠯᠡᠬᠦ ᠶᠢ ᠦᠨᠡᠨᠬᠦ ᠪᠠᠲᠤᠯᠠᠵᠤ᠂ ᠳᠡᠭᠡᠳᠦ ᠰᠤᠷᠭᠠᠭᠤᠯᠢ ᠲᠡᠭᠦᠰᠦᠭᠰᠡᠳ ᠤᠨ ᠬᠢᠯᠢ ᠬᠢᠵᠠᠭᠠᠷ ᠤᠨ ᠬᠤᠰᠢᠭᠤ ᠰᠢᠶᠠᠨ ᠪᠠ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠣᠴᠢᠵᠤ ᠠᠵᠢᠯ ᠣᠯᠵᠤ ᠠᠳᠠᠯ ᠦᠶᠯᠡᠰ ᠴᠣᠭᠴᠠᠯᠠᠬᠤ ᠶᠢ ᠨᠢ ᠵᠣᠷᠢᠭᠵᠢᠭᠤᠯᠤᠨ ᠬᠥᠲᠥᠯᠦᠨ ᠵᠢᠯᠣᠭᠤᠳᠤᠨ᠎ᠠ᠃ ᠪᠦᠬᠦ ᠤᠯᠤᠰ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠤᠯᠬᠤ ᠪᠠ ᠠᠳᠠᠯ ᠦᠢᠯᠡᠰ ᠴᠣᠭᠴᠠᠯᠠᠬᠤ ᠬᠦᠷᠢᠶᠡᠯᠡᠩ ᠭᠠᠵᠠᠷ ᠢ ᠢᠳᠡᠪᠬᠢᠲᠡᠶ ᠪᠠᠷ ᠭᠤᠶᠤᠴᠢᠯᠠᠨ ᠮᠡᠳᠡᠭᠦᠯᠦᠨ᠎ᠡ᠃ ᠬᠥᠯᠥᠰᠥᠨ ᠠᠵᠢᠯᠴᠢᠨ ᠤ ᠴᠠᠯᠢᠩ ᠢ ᠥᠷᠢᠲᠦᠵᠦ ᠪᠠᠶᠢᠭ᠎ᠠ ᠠᠰᠠᠭᠤᠳᠠᠯ ᠢ ᠬᠠᠤᠯᠢ ᠶᠣᠰᠣᠭᠠᠷ ᠵᠠᠰᠠᠨ᠎ᠠ᠃ ᠠᠳᠠᠯ ᠦᠶᠯᠡᠰ ᠴᠣᠭᠴᠠᠯᠠᠬᠤ ᠶᠢ ᠲᠡᠳᠬᠦᠨ ᠳᠡᠮᠵᠢᠬᠦ᠂ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠵᠡᠷᠭᠡ ᠦᠶᠯᠡᠴᠢᠯᠡᠭᠡ ᠶᠢ ᠨᠠᠷᠢᠯᠢᠭ ᠣᠨᠣᠴᠠᠲᠠᠶ ᠪᠠᠷ ᠰᠠᠶᠢᠲᠤᠷ ᠬᠢᠵᠦ᠂ ᠤᠷ᠎ᠠ ᠴᠢᠳᠠᠪᠤᠷᠢ ᠶᠢᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠣᠯᠠᠨ ᠠᠷᠭ᠎ᠠ ᠵᠠᠮ ᠢᠶᠠᠷ ᠠᠮᠢᠳᠤᠯᠢᠭ ᠢᠶᠠᠷ ᠠᠵᠢᠯ ᠣᠯᠭᠤᠬᠤ ᠶᠢ ᠳᠡᠮᠵᠢᠨ᠎ᠡ᠃   ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ︽ᠲᠠᠪᠤᠨ ᠬᠥᠮᠦᠵᠢᠯ ᠢ ᠵᠡᠷᠭᠡᠪᠡᠷ ᠠᠳᠬᠤᠬᠤ︾ ᠬᠥᠮᠥᠨ ᠬᠥᠮᠦᠵᠢᠭᠦᠯᠬᠦ ᠰᠢᠰᠲ᠋ᠧᠮ ᠢ ᠪᠦᠷᠢᠨᠰᠢᠬᠦᠯᠵᠦ᠂ ᠶᠣᠰᠣ ᠰᠤᠷᠲᠠᠬᠤᠨ ᠢᠶᠠᠷ ᠬᠥᠮᠥᠨ ᠬᠥᠮᠦᠵᠢᠭᠦᠯᠬᠦ ᠶᠢ ᠪᠠᠷᠢᠮᠲᠠᠯᠠᠵᠤ᠂ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠲᠥᠪ ᠶᠣᠰᠣ ᠶᠢ ᠰᠠᠬᠢᠵᠤ ᠰᠢᠨ᠎ᠡ ᠶᠢ ᠡᠭᠦᠳᠬᠦ ᠶᠢ ᠠᠬᠢᠭᠤᠯᠤᠨ᠎ᠠ᠃ ᠰᠤᠷᠭᠠᠨ ᠬᠥᠮᠦᠵᠢᠯ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠦᠬᠡᠳ ᠤᠨ ᠴᠡᠴᠡᠷᠯᠢᠭ ᠤᠨ ᠪᠦᠷᠬᠦᠴᠡ ᠶᠢᠨ ᠨᠤᠷᠮ᠎ᠠ ᠶᠢ 80% ᠠᠴᠠ ᠳᠡᠭᠡᠭᠰᠢ ᠳᠤ ᠲᠣᠭᠲᠠᠪᠤᠷᠢᠵᠢᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠪᠥᠭᠡᠳ ᠲᠡᠩᠴᠡᠭᠦᠷᠢᠲᠡᠶ ᠬᠥᠭᠵᠢᠯᠲᠡ ᠶᠢ ᠲᠦᠯᠬᠢᠨ ᠠᠬᠢᠭᠤᠯᠵᠤ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠥᠭᠵᠢᠯᠲᠡ ᠶᠢᠨ ᠬᠢᠷᠢ ᠲᠦᠪᠰᠢᠨ ᠢ ᠦᠷᠭᠦᠯᠵᠢᠯᠡᠨ ᠬᠥᠭᠵᠢᠭᠦᠯᠦᠨ᠎ᠡ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠵᠤ ᠦᠢᠯᠡᠰ ᠪᠠ ᠵᠢᠭᠠᠨ ᠰᠤᠷᠭᠠᠯᠲᠠ ᠶᠢᠨ ᠠᠭᠤᠰᠤᠯᠴᠠᠯ ᠢ ᠭᠦᠨᠵᠡᠭᠡᠶᠢᠷᠡᠭᠦᠯᠵᠦ᠂ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠤᠨ ᠬᠥᠭᠵᠢᠯᠲᠡ ᠶᠢ ᠲᠡᠮᠵᠢᠨ ᠵᠢᠷᠤᠮᠵᠢᠭᠤᠯᠤᠨ᠎ᠠ᠃ ︽ᠬᠤᠶᠠᠷ ᠢ ᠬᠦᠩᠭᠡᠷᠡᠭᠦᠯᠬᠦ︾ ᠦᠷ᠎ᠡ ᠪᠦᠲᠦᠭᠡᠯ ᠢ ᠪᠠᠬᠢᠵᠢᠭᠦᠯᠵᠦ᠂ ︽ᠰᠤᠷᠭᠠᠭᠤᠯᠢ ᠰᠣᠩᠭᠤᠬᠤ ᠠᠩᠬᠢ ᠰᠣᠩᠭᠤᠬᠤ᠂ ᠲᠦᠯᠦᠪᠦᠷᠢ ᠲᠠᠢ ᠪᠠᠷ ᠬᠢᠴᠢᠶᠡᠯ ᠨᠥᠬᠦᠬᠦ︾ ᠵᠡᠷᠭᠡ ᠰᠠᠮᠠᠭᠤᠨ ᠦᠵᠡᠭᠳᠡᠯ ᠢ ᠬᠦᠴᠦᠲᠡᠢ ᠴᠡᠭᠴᠡᠯᠡᠨ ᠵᠠᠰᠠᠨ᠎ᠠ᠃ ᠰᠢᠯᠢᠳᠡᠭ ᠰᠤᠷᠭᠠᠭᠤᠯᠢ ᠶᠢᠨ ᠵᠠᠬᠢᠷᠤᠯ ᠪᠠ ᠰᠢᠯᠢᠳᠡᠭ ᠪᠠᠭᠰᠢ ᠶᠢ ᠬᠥᠮᠦᠵᠢᠭᠦᠯᠦᠨ ᠤᠷᠮᠠᠰᠢᠭᠤᠯᠬᠤ ᠶᠢ ᠴᠢᠩᠭᠠᠳᠬᠠᠵᠤ᠂ ᠪᠠᠭᠰᠢ ᠶᠢᠨ ᠮᠣᠷᠠᠯ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠰᠤᠷᠤᠭᠴᠢᠳ ᠤᠨ ᠰᠡᠳᠬᠢᠴᠡ ᠶᠢᠨ ᠬᠠᠯᠠᠮᠵᠢᠯᠠᠯ ᠪᠠ ᠰᠤᠷᠭᠠᠭᠤᠯᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠨ᠎ᠠ᠃   ᠡᠷᠡᠭᠦᠯ ᠮᠡᠨᠳᠦ ᠶᠢᠨ ᠦᠶᠯᠡᠴᠢᠯᠡᠭᠡ ᠶᠢ ᠰᠢᠯᠢᠳᠡᠭᠵᠢᠭᠦᠯᠦᠨ᠎ᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠪᠠ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠦᠨᠳᠦᠰᠦᠨ ᠱᠠᠲᠤᠨ ᠤ ᠡᠮᠨᠡᠯᠭᠡ ᠶᠢᠨ ᠦᠢᠯᠡᠴᠢᠯᠡᠭᠡᠨ ᠤ ᠴᠢᠳᠠᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠪᠠ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮ ᠢ ᠲᠡᠭᠦᠯᠳᠡᠷᠵᠢᠭᠦᠯᠵᠦ᠂ ᠤᠯᠤᠰ ᠤᠨ ᠤᠳᠠᠭᠠᠨ ᠴᠢᠨᠠᠷᠲᠠᠶ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠵᠢᠱᠢᠶ᠎ᠡ ᠦᠵᠡᠭᠦᠯᠬᠦ ᠣᠷᠣᠨ ᠤ ᠪᠦᠳᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢ ᠬᠥᠭᠵᠢᠭᠦᠯᠦᠨ ᠮᠠᠨᠳᠤᠭᠤᠯᠬᠤ ᠴᠢᠬᠤᠯᠠ ᠶᠡᠭᠡ ᠢᠨᠵᠧᠨᠧᠷᠢᠩ ᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ ︽ᠨᠠᠰᠤᠲᠠᠶᠢᠴᠤᠳ ᠪᠠ ᠨᠢᠯᠬᠠᠰ︾ ᠤᠨ ᠠᠰᠠᠭᠤᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠭᠡᠷ ᠪᠦᠯᠢ ᠶᠢᠨ᠂ ᠨᠡᠶᠢᠭᠡᠮ ᠲᠣᠭᠤᠷᠢᠭ ᠤᠨ᠂ ᠪᠠᠶᠢᠭᠤᠯᠤᠮᠵᠢ ᠶᠢᠨ ᠨᠠᠰᠤᠵᠢᠯ ᠤᠨ ᠠᠰᠠᠷᠠᠮᠵᠢ ᠶᠢ ᠠᠬᠢᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠬᠠᠷᠢᠯᠴᠠᠨ ᠬᠠᠪᠰᠤᠷᠤᠯᠴᠠᠬᠤ ᠵᠣᠯ ᠵᠢᠷᠭᠠᠯ ᠤᠨ ᠬᠦᠷᠢᠶᠡᠯᠡᠩ ᠢ ᠦᠷᠭᠦᠯᠵᠢᠯᠡᠨ ᠬᠥᠭᠵᠢᠭᠦᠯᠵᠦ᠂ ᠵᠡᠭᠡᠯᠢ ᠭᠤᠳᠤᠮᠵᠢ ᠶᠢᠨ ᠳᠡᠰ ᠤᠨ ᠶᠡᠷᠦᠩᠬᠡᠶᠢᠯᠡᠭᠰᠡᠨ ᠨᠠᠰᠤᠵᠢᠯ ᠤᠨ ᠠᠰᠠᠷᠠᠮᠵᠢ ᠶᠢᠨ ᠦᠶᠯᠡᠴᠢᠯᠡᠭᠡᠨ ᠤ ᠲᠥᠪ ᠤᠨ ᠥᠪᠴᠢ ᠪᠦᠷᠬᠦᠯᠲᠡ ᠶᠢ ᠪᠡᠶᠡᠯᠡᠭᠦᠯᠦᠨ᠂ ᠬᠡᠤᠬᠡᠳ ᠰᠠᠭᠠᠲᠠᠭᠤᠯᠬᠤ ᠪᠠᠶᠢᠭᠤᠯᠤᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠦᠷᠡᠵᠢᠯ ᠤᠨ ᠰᠢᠨ᠎ᠡ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠠᠬᠢᠭᠤᠯᠤᠨ᠎ᠠ   ᠰᠣᠶᠣᠯ ᠲᠠᠮᠢᠷ ᠤᠨ ᠦᠢᠯᠡᠰ ᠢ ᠬᠥᠭᠵᠢᠭᠦᠯᠦᠨ᠎ᠡ᠃ ᠨᠣᠮ ᠤᠨ ᠰᠠᠩ᠂ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ᠂ ᠮᠦᠽᠧᠶ᠂ ᠰᠣᠶᠣᠯ ᠤᠨ ᠣᠷᠳᠣᠨ ᠵᠡᠷᠭᠡ ᠤᠯᠠᠨ ᠨᠡᠶᠢᠲᠡ ᠶᠢᠨ ᠰᠣᠶᠣᠯ ᠤᠨ ᠲᠥᠬᠦᠭᠡᠷᠦᠮᠵᠢ ᠶᠢ ᠪᠠᠷᠢᠮᠵᠢᠶ᠎ᠠ ᠳᠤ ᠬᠦᠷᠭᠡᠬᠦ ᠪᠦᠳᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠤᠯᠠᠭᠠᠨᠮᠥ᠋ᠴᠢᠷ ᠤᠨ ᠦᠶᠯᠡᠰ ᠤᠨ ᠬᠥᠭᠵᠢᠯᠲᠡ ᠶᠢ ᠳᠡᠮᠵᠢᠵᠦ᠂ ᠲᠠᠶᠢᠰᠠᠨ ᠤ ᠤᠷᠠᠯᠢᠭ ᠪᠠ ᠰᠣᠳᠣᠨ ᠵᠦᠴᠦᠭᠡ ᠶᠢᠨ ᠪᠦᠲᠦᠭᠡᠯ ᠢ ᠵᠣᠬᠢᠶᠠᠨ ᠪᠦᠲᠦᠭᠡᠬᠦ ᠶᠢ ᠥᠷᠨᠢᠭᠦᠯᠦᠨ᠎ᠡ᠃ ᠲᠡᠤᠬᠡ ᠶᠢᠨ ᠳᠤᠷᠠᠰᠬᠠᠯᠲᠤ ᠵᠦᠶᠯᠡᠰ ᠢ ᠬᠠᠮᠠᠭᠠᠯᠠᠬᠤ ᠠᠵᠢᠯ ᠢ ᠴᠢᠩᠭᠠᠳᠬᠠᠵᠤ᠂ ᠢᠦᠶ ᠮᠢᠨ ᠤ ᠰᠣᠶᠣᠯ ᠤᠨ ᠪᠠᠭᠤᠷᠢ ᠶᠢᠨ ᠡᠷᠳᠡᠮ ᠰᠢᠨᠵᠢᠯᠡᠭᠡᠨ ᠤ ᠰᠤᠳᠤᠯᠭᠠᠨ ᠪᠠ ᠦᠷ᠎ᠡ ᠪᠦᠲᠦᠭᠡᠯ ᠤᠨ ᠦᠵᠡᠭᠦᠯᠦᠯᠭᠡ ᠶᠢ ᠠᠬᠢᠭᠤᠯᠤᠨ᠂ ᠹᠧᠩᠵᠧᠨ᠂ ᠯᠢᠶᠠᠩᠴᠧᠩ ᠤᠨ ᠣᠷᠳᠣ ᠴᠠᠭᠠᠨ ᠬᠡᠷᠡᠮ ᠤᠨ ᠤᠯᠤᠰ ᠤᠨ ᠰᠣᠶᠣᠯ ᠤᠨ ᠴᠡᠴᠡᠷᠯᠢᠭ ᠤᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠤᠯᠠᠭᠠᠨᠬᠠᠳᠠ ᠭᠠᠯᠲᠤ ᠠᠭᠤᠯᠠ ᠶᠢᠨ ᠲᠠᠯ᠎ᠠ ᠨᠤᠲᠤᠭ᠂ ᠳᠥᠷᠪᠡᠳ ᠬᠤᠰᠢᠭᠤᠨ ᠤ ᠨᠣᠮᠣᠭᠠᠨ ᠠᠭᠤᠯᠠ ᠶᠢ ᠬᠠᠮᠠᠭᠠᠯᠠᠯᠲᠠ ᠶᠢᠨ ᠴᠢᠨᠠᠷᠲᠠᠶ ᠪᠠᠷ ᠨᠡᠭᠡᠭᠡᠨ ᠬᠥᠭᠵᠢᠭᠦᠯᠬᠦ ᠶᠢ ᠠᠬᠢᠭᠤᠯᠤᠨ᠎ᠠ᠃ ᠪᠥᠬᠦ ᠠᠷᠠᠳ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠪᠡᠶ᠎ᠡ ᠴᠢᠭᠢᠷᠠᠭᠵᠢᠭᠤᠯᠬᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠵᠤ᠂ ᠣᠯᠠᠨ ᠲᠦᠮᠡᠨ ᠤ ᠳᠡᠷᠭᠡᠳᠡᠬᠢ ︽ᠪᠡᠶ᠎ᠡ ᠴᠢᠭᠢᠷᠠᠭᠵᠢᠭᠤᠯᠬᠤ ᠲᠣᠭᠤᠷᠢᠭ︾ ᠶᠢ ᠦᠷᠭᠦᠯᠵᠢᠯᠡᠨ ᠲᠡᠭᠦᠯᠳᠡᠷᠵᠢᠭᠦᠯᠵᠦ᠂ ᠣᠯᠠᠨ ᠲᠦᠮᠡᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠥᠷᠥᠯ ᠲᠡᠮᠳᠡᠭ ᠢ ᠪᠣᠶ ᠪᠣᠯᠭᠠᠨ᠎ᠠ᠃    ᠨᠡᠶᠢᠭᠡᠮ ᠤᠨ ᠪᠠᠲᠤᠯᠠᠭ᠎ᠠ ᠶᠢ ᠬᠦᠴᠦᠷᠬᠡᠭᠵᠢᠭᠦᠯᠦᠨ᠎ᠡ᠃ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠵᠦ᠂ ᠨᠠᠰᠤᠵᠢᠯ ᠤᠨ ᠦᠨᠳᠦᠰᠦᠨ ᠳᠠᠭᠠᠳᠬᠠᠯ ᠳᠤ ᠣᠷᠣᠯᠴᠠᠬᠤ ᠨᠤᠷᠮ᠎ᠠ ᠶᠢ ᠳᠡᠭᠡᠭᠰᠢᠯᠡᠭᠦᠯᠦᠨ᠎ᠡ᠃ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠡᠭᠦᠳᠡᠨ ᠡᠮᠨᠡᠯᠭᠡ ᠶᠢᠨ ᠬᠠᠷᠢᠯᠴᠠᠨ ᠲᠤᠰᠠᠯᠠᠯᠴᠠᠬᠤ ᠪᠠᠲᠤᠯᠠᠭ᠎ᠠ ᠶᠢᠨ ᠲᠣᠭᠲᠠᠴᠠ ᠶᠢ ᠪᠦᠷᠢᠨᠰᠢᠭᠦᠯᠵᠦ᠂ ︽ᠢᠨᠲ᠋ᠧᠷ ᠰᠦᠯᠵᠢᠶ᠎ᠡ +ᠡᠮᠴᠢᠯᠡᠭᠡ ᠶᠢᠨ ᠳᠠᠭᠠᠳᠬᠠᠯ ᠤᠨ ᠦᠢᠯᠡᠴᠢᠯᠡᠭᠡ︾ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠮᠤᠵᠢ ᠠᠯᠤᠰᠯᠠᠨ ᠣᠨᠳᠣᠣ ᠭᠠᠵᠠᠷ ᠲᠤ ᠡᠮᠨᠡᠭᠦᠯᠦᠭᠰᠡᠨ ᠵᠠᠷᠤᠳᠠᠯ ᠢ ᠰᠢᠭᠤᠳ ᠳ᠋ᠦᠩᠨᠡᠨ ᠪᠤᠳᠤᠬᠤ ᠶᠢ ᠰᠢᠯᠢᠳᠡᠭᠵᠢᠭᠦᠯᠦᠨ᠎ᠡ᠃ ᠨᠡᠶᠢᠭᠡᠮ ᠤᠨ ᠠᠪᠤᠷᠠᠨ ᠲᠤᠰᠠᠯᠠᠬᠤ ᠲᠤᠭᠲᠠᠯᠴᠠᠭ᠎ᠠ ᠶᠢ ᠲᠡᠭᠦᠯᠳᠡᠷᠵᠢᠭᠦᠯᠵᠦ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠶ ᠬᠥᠮᠦᠰ᠂ ᠵᠡᠮᠳᠡᠭᠴᠦᠳ᠂ ᠥᠨᠥᠴᠢᠨ ᠬᠡᠤᠬᠡᠳ ᠵᠡᠷᠭᠡ ᠶᠢᠨ ᠠᠪᠤᠷᠠᠨ ᠲᠤᠰᠠᠯᠠᠬᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠨ᠎ᠠ᠃ 350 ᠢᠵᠢ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢ ᠪᠦᠳᠦᠭᠡᠨ ᠪᠠᠶᠢᠭᠤᠯᠵᠤ᠂ ᠬᠤᠳᠠ ᠪᠠᠯᠭᠠᠰᠤᠨ ᠤ ᠲᠦᠬᠦᠮ ᠪᠦᠳᠦᠴᠡᠳᠦ ᠣᠷᠣᠨ ᠰᠠᠭᠤᠴᠠ ᠶᠢᠨ ᠲᠤᠭᠤᠷᠢᠭ ᠲᠠᠬᠢ 1117 ᠢᠵᠢ ᠭᠡᠷ ᠪᠠᠶᠢᠰᠢᠩ᠂ ᠬᠠᠭᠤᠴᠢᠨ ᠰᠠᠭᠤᠭᠠᠯᠢ ᠲᠣᠭᠤᠷᠢᠭ ᠲᠠᠬᠢ 2357 ᠡᠷᠤᠭᠡ ᠶᠢ ᠰᠢᠨᠡᠳᠬᠡᠨ ᠥᠭᠡᠷᠡᠴᠢᠯᠡᠨ᠎ᠡ᠃ ᠬᠡᠷ ᠪᠠᠶᠢᠰᠢᠩ ᠭᠠᠵᠠᠷ ᠬᠥᠷᠥᠩᠭᠡ ᠶᠢᠨ ᠲᠡᠤᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠨ᠎ᠡ᠃   ᠲᠥᠯᠥᠭᠡᠯᠡᠭᠴᠢᠳ ᠡ︕ ᠡᠨᠡ ᠵᠢᠯ ᠪᠢᠳᠡ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ︽ᠣᠯᠠᠨ ᠲᠦᠮᠡᠨ ᠳᠤᠷᠠᠳᠴᠤ᠂ ᠣᠯᠠᠨ ᠢᠶᠠᠷ ᠢᠶᠠᠨ ᠲᠣᠭᠲᠠᠭᠠᠵᠤ᠂ ᠵᠠᠰᠠᠭ ᠤᠨ ᠣᠷᠳᠣᠨ ᠬᠢᠬᠦ︾ ᠣᠶᠢᠯᠠᠭᠠᠭᠳᠠᠬᠤᠨ ᠢᠶᠠᠷ᠂ ︽ᠬᠤᠲᠠ ᠶᠢᠨ ᠳᠠᠷᠤᠭ᠎ᠠ ᠳᠤ ᠳᠡᠪᠰᠢᠭᠦᠯᠬᠦ ᠦᠭᠡ︾ ᠠᠵᠢᠯᠯᠠᠭ᠎ᠠ ᠪᠠᠷ ᠬᠤᠷᠢᠶᠠᠨ ᠠᠪᠤᠭᠰᠠᠨ ᠰᠠᠨᠠᠯ ᠰᠠᠨᠠᠭᠤᠯᠭ᠎ᠠ  ᠲᠠᠢ ᠪᠠᠨ ᠤᠶᠠᠯᠳᠤᠭᠤᠯᠤᠨ᠂ ᠣᠯᠠᠨ ᠲᠦᠮᠡᠨ ᠳᠤ ᠲᠥᠷᠥᠭᠳᠡᠯ ᠲᠠᠢ ᠪᠣᠯᠭᠠᠬᠤ᠂ ᠨᠡᠶᠢᠳᠡᠮ ᠠᠰᠢᠭ ᠬᠦᠷᠲᠡᠭᠡᠬᠦ ᠶᠢ ᠳᠣᠪᠤᠶᠢᠯᠭᠠᠵᠤ᠂ ︽ᠠᠵᠢᠯ ᠤᠨ ᠪᠠᠶᠢᠷᠢ᠂ ᠰᠤᠷᠤᠯᠴᠠᠬᠤ ᠪᠠᠶᠢᠷᠢ᠂ ᠡᠪᠡᠳᠴᠢᠲᠡᠨ ᠤ ᠣᠷᠣ᠂ ᠲᠡᠷᠭᠡᠨ ᠵᠣᠭᠰᠣᠭᠠᠯ᠂ ᠵᠣᠷᠯᠣᠩ︾ ᠤᠨ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ ᠬᠡᠷᠡᠭᠵᠢᠭᠦᠯᠬᠦ ᠪᠠᠷ ᠲᠥᠯᠥᠪᠯᠡᠵᠦ ᠪᠠᠶᠢᠨ᠎ᠠ᠃ ᠨᠢᠭᠡ ᠳᠤ ︽ᠠᠵᠢᠯ ᠤᠨ ᠪᠠᠶᠢᠷᠢ︾ ᠶᠢᠨ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠃ ᠠᠵᠢᠯᠲᠠᠨ ᠡᠯᠰᠡᠬᠦ ᠠᠵᠢᠯᠯᠠᠭ᠎ᠠ ᠶᠢ 40 ᠲᠠᠯᠠᠪᠤᠷ ᠤᠳᠠᠭ᠎ᠠ ᠠᠴᠠ ᠳᠡᠭᠡᠭᠰᠢ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ 1 ᠲᠦᠮᠡᠨ ᠬᠥᠮᠦᠨ ᠤᠳᠠᠭ᠎ᠠ ᠠᠴᠠ ᠳᠡᠭᠡᠭᠰᠢ ᠵᠣᠬᠢᠶᠠᠨ ᠪᠠᠶᠢᠭᠤᠯᠤᠨ ᠥᠷᠨᠢᠭᠦᠯᠵᠦ᠂ 8500 ᠬᠥᠮᠦᠨ ᠳᠤ ᠰᠢᠨ᠎ᠡ ᠪᠠᠷ ᠠᠵᠢᠯ ᠣᠯᠭᠤᠬᠤ ᠶᠢ ᠪᠡᠶᠡᠯᠡᠭᠦᠯᠦᠨ᠎ᠡ᠃ ᠬᠤᠶᠠᠷ ᠲᠤ ︽ᠰᠤᠷᠤᠯᠴᠠᠬᠤ ᠪᠠᠶᠢᠷᠢ︾ ᠶᠢᠨ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ᠃ 9 ᠬᠡᠤᠬᠡᠳ ᠤᠨ ᠴᠡᠴᠡᠷᠯᠢᠭ ᠶᠢ ᠰᠢᠨ᠎ᠡ ᠪᠠᠷ ᠪᠠᠶᠢᠭᠤᠯᠬᠤ ᠪᠤᠶᠤ ᠦᠷᠭᠦᠯᠵᠢᠯᠡᠨ ᠪᠠᠶᠢᠭᠤᠯᠵᠤ᠂ ᠡᠭᠦᠨ ᠳᠤ 5 ᠬᠡᠤᠬᠡᠳ ᠤᠨ ᠴᠡᠴᠡᠷᠯᠢᠭ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠵᠤ᠂ 1800  ᠰᠤᠷᠤᠯᠴᠠᠬᠤ ᠪᠠᠶᠢᠷᠢ ᠶᠢ ᠰᠢᠨ᠎ᠡ ᠪᠠᠷ ᠨᠡᠮᠡᠭᠳᠡᠭᠦᠯᠦᠨ᠎ᠡ᠃ ᠪᠡᠭᠡᠵᠢᠩ ᠬᠤᠲᠠ ᠶᠢᠨ ᠳᠠᠭᠠᠭᠤᠯᠤᠭᠴᠢ ᠵᠠᠬᠢᠷᠤᠯ᠂ ᠳᠠᠭᠠᠭᠤᠯᠤᠭᠴᠢ ᠪᠠᠭᠰᠢ ᠶᠢ 50 ᠬᠥᠮᠦᠨ ᠤᠳᠠᠭ᠎ᠠ ᠲᠤᠬᠢᠯᠢᠭᠵᠢᠭᠤᠯᠤᠨ ᠣᠷᠣᠭᠤᠯᠤᠨ ᠠᠪᠴᠢᠷᠠᠵᠤ᠂ ᠨᠠᠷᠠᠲᠤ ᠰᠤᠷᠭᠠᠭᠤᠯᠢ ᠶᠢᠨ ᠵᠠᠬᠢᠷᠤᠯ ᠤᠨ ᠠᠵᠢᠯᠯᠠᠬᠤ ᠲᠠᠰᠤᠭ 5᠂ ᠨᠠᠷᠠᠲᠤ ᠪᠠᠭᠰᠢ ᠶᠢᠨ ᠠᠵᠢᠯᠯᠠᠬᠤ ᠲᠠᠰᠤᠭ 33 ᠪᠠᠶᠢᠭᠤᠯᠵᠤ᠂ ᠨᠢᠭᠡᠳᠦᠭᠡᠷ ᠹᠷᠣᠨᠲ ᠤᠨ ᠪᠠᠭᠰᠢ ᠶᠢ 5000 ᠬᠥᠮᠦᠨ ᠤᠳᠠᠭ᠎ᠠ ᠠᠴᠠ ᠳᠡᠭᠡᠭᠰᠢ ᠪᠣᠯᠪᠠᠰᠤᠷᠠᠭᠤᠯᠤᠨ᠎ᠠ᠃ ᠭᠤᠷᠪᠠ ᠳᠤ ︽ᠡᠪᠡᠳᠴᠢᠳᠡᠨ ᠤ ᠣᠷᠣ︾ ᠶᠢᠨ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠃ᠬᠤᠲᠠ ᠶᠢᠨ ᠲᠥᠪ ᠡᠮᠨᠡᠯᠭᠡ ᠶᠢᠨ ᠬᠤᠷᠢᠶ᠎ᠠ ᠶᠢ ᠤᠶᠤᠨᠯᠢᠭ ᠡᠮᠨᠡᠯᠭᠡ ᠶᠢᠨ ᠬᠤᠷᠢᠶ᠎ᠠ ᠪᠣᠯᠭᠠᠨ ᠪᠠᠶᠢᠭᠤᠯᠵᠤ᠂ ᠳᠤᠮᠳᠠᠳᠤ ᠶᠠᠫᠣᠨ ᠤ ᠨᠦᠬᠦᠷᠰᠡᠭ ᠡᠮᠨᠡᠯᠭᠡ ᠶᠢᠨ ᠬᠤᠷᠢᠶ᠎ᠡ ᠲᠠᠢ ᠡᠮᠨᠡᠯᠭᠡ ᠶᠢᠨ ᠬᠤᠯᠪᠣᠭᠠᠲᠤ ᠴᠣᠭᠴᠠ ᠪᠠᠶᠢᠭᠤᠯᠵᠤ᠂ ᠪᠡᠭᠡᠵᠢᠩ  ᠤᠨ ᠠᠨ ᠵᠧᠨ ᠡᠮᠨᠡᠯᠭᠡ ᠶᠢᠨ ᠬᠤᠷᠢᠶ᠎ᠠ ᠳᠤ ᠲᠦᠰᠢᠭᠯᠡᠨ᠂ ᠤᠯᠤᠰ ᠤᠨ ᠵᠢᠷᠦᠬᠡ ᠴᠢᠰᠤᠨ ᠰᠤᠳᠠᠯ ᠤᠨ ᠡᠪᠡᠳᠴᠢᠨ ᠤ ᠡᠮᠴᠢᠯᠡᠭᠡᠨ ᠤ ᠰᠤᠳᠤᠯᠭᠠᠨ ᠤ ᠬᠤᠪᠢᠶᠠᠷᠢ ᠲᠥᠪ ᠢ ᠪᠦᠲᠦᠭᠡᠨ ᠪᠠᠶᠢᠭᠤᠯᠤᠨ᠎ᠠ᠃ ᠬᠤᠲᠠ ᠶᠢᠨ ᠬᠤᠶᠠᠳᠤᠭᠠᠷ ᠡᠮᠨᠡᠯᠭᠡ ᠶᠢᠨ ᠬᠤᠷᠢᠶᠠᠨ ᠤ ᠰᠢᠨ᠎ᠡ ᠡᠮᠨᠡᠯᠭᠡ ᠶᠢᠨ ᠬᠤᠷᠢᠶᠠᠨ ᠤ ᠲᠣᠭᠤᠷᠢᠭ ᠢ ᠪᠠᠶᠢᠭᠤᠯᠵᠤ᠂ ᠡᠪᠡᠳᠴᠢᠲᠡᠨ ᠤ ᠣᠷᠣ ᠶᠢ 300 ᠰᠢᠨ᠎ᠡ ᠪᠠᠷ ᠨᠡᠮᠡᠭᠳᠡᠭᠦᠯᠦᠨ᠎ᠡ᠃ ᠡᠮᠨᠡᠬᠦ ᠪᠠ ᠰᠤᠪᠢᠯᠠᠬᠤ ᠶᠢ ᠤᠶᠠᠯᠳᠤᠭᠤᠯᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠬᠤᠶᠠᠳᠤᠭᠠᠷ ᠳᠡᠰ ᠠᠴᠠ ᠳᠡᠭᠡᠭᠰᠢᠬᠢ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠳᠤ ᠨᠠᠰᠤᠲᠠᠶᠢᠴᠤᠳ ᠤᠨ ᠠᠨᠠᠭᠠᠬᠤ ᠤᠬᠠᠭᠠᠨ ᠤ ᠰᠠᠯᠠᠭ᠎ᠠ ᠳᠣᠭᠢᠷᠠᠭᠤᠯᠬᠤ ᠬᠠᠷᠢᠴᠠᠯ ᠢ 50% ᠳᠤ ᠬᠦᠷᠦᠭᠦᠯᠦᠨ᠎ᠡ᠃ ᠲᠦᠷᠪᠡ ᠳᠤ ︽ᠲᠡᠷᠭᠡᠨ ᠵᠤᠭᠰᠤᠭᠠᠯ︾ ᠤᠨ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ᠃ ᠲᠡᠷᠭᠡᠨ ᠵᠣᠭᠰᠣᠭᠠᠯ ᠤᠨ ᠣᠶᠤᠨᠴᠢ ᠬᠠᠮᠢᠶᠠᠷᠤᠯᠲᠠ ᠶᠢ ᠲᠦᠯᠬᠢᠨ ᠠᠬᠢᠭᠤᠯᠵᠤ᠂ 9120 ᠲᠡᠷᠭᠡᠨ ᠵᠣᠭᠰᠣᠭᠠᠯ ᠤᠨ ᠪᠠᠶᠢᠷᠢ ᠶᠢ ᠰᠢᠨ᠎ᠡ ᠪᠠᠷ ᠨᠡᠮᠡᠭᠳᠡᠭᠦᠯᠦᠨ᠎ᠡ᠃ ᠤᠯᠠᠭᠠᠨᠬᠠᠳᠠ ᠭᠠᠯᠲᠤ ᠠᠭᠤᠯᠠ ᠶᠢᠨ ᠲᠠᠯ᠎ᠠ ᠨᠤᠲᠤᠭ ᠤᠨ ᠦᠵᠡᠮᠵᠢ ᠶᠢᠨ ᠣᠷᠣᠨ ᠳᠤ 2 ᠲᠣᠮᠣ ᠬᠡᠯᠪᠡᠷᠢ ᠶᠢᠨ ᠲᠡᠷᠭᠡᠨ ᠵᠣᠭᠰᠣᠭᠠᠯ ᠪᠠᠶᠢᠭᠤᠯᠤᠨ᠎ᠠ᠃ ᠲᠠᠪᠤ ᠳᠤ ︽ᠵᠣᠷᠯᠣᠩ︾ ᠤᠨ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠃ ᠣᠯᠠᠨ ᠲᠦᠮᠡᠨ ᠤ ᠬᠦᠰᠡᠯ ᠰᠠᠨᠠᠭ᠎ᠠ ᠶᠢ ᠭᠦᠶᠴᠡᠳ ᠬᠦᠨᠳᠦᠳᠬᠡᠵᠦ᠂ ᠮᠠᠯᠵᠢᠬᠤ ᠲᠠᠷᠢᠶᠠᠯᠠᠬᠤ ᠣᠷᠣᠨ ᠤ ︽ᠵᠣᠷᠯᠣᠩ ᠤᠨ ᠬᠤᠪᠢᠰᠬᠠᠯ︾ ᠢ ᠯᠠᠪᠳᠠᠭᠤᠨ ᠲᠣᠭᠲᠠᠭᠤᠨ ᠢᠶᠠᠷ ᠠᠬᠢᠭᠤᠯᠤᠨ᠎ᠠ᠃ ᠬᠤᠲᠠ ᠪᠠᠯᠭᠠᠰᠤᠨ ᠳᠤ ᠰᠢᠨ᠎ᠡ ᠪᠠᠷ 161 ᠨᠡᠶᠢᠲᠡ ᠶᠢᠨ ᠵᠣᠷᠯᠣᠩ ᠪᠠᠶᠢᠭᠤᠯᠤᠨ᠎ᠠ᠃ ᠵᠤᠭᠠᠴᠠᠯ ᠤᠨ ᠦᠵᠡᠮᠵᠢ ᠶᠢᠨ ᠣᠷᠣᠨ ᠤ ᠵᠣᠷᠯᠣᠩ ᠤᠨ ᠣᠷᠴᠢᠨ ᠲᠣᠭᠤᠷᠢᠨ ᠢ ᠪᠦᠬᠦ ᠲᠠᠯ᠎ᠠ ᠪᠠᠷ ᠰᠠᠶᠢᠵᠢᠷᠠᠭᠤᠯᠤᠨ᠎ᠠ᠃   ︵ᠨᠠᠢᠮᠠ︶ ᠬᠦᠴᠦᠨ ᠢᠶᠠᠨ ᠲᠥᠪᠯᠡᠷᠡᠭᠦᠯᠦᠨ ᠠᠮᠤᠭᠤᠯᠠᠩᠲᠤ ᠤᠯᠠᠭᠠᠨᠴᠠᠪ ᠢ ᠪᠦᠲᠦᠭᠡᠨ ᠪᠠᠶᠢᠭᠤᠯᠤᠨ᠎ᠠ  ᠨᠡᠶᠢᠭᠡᠮ ᠤᠨ ᠠᠮᠤᠷ ᠲᠦᠪᠰᠢᠨ ᠲᠣᠭᠲᠠᠭᠤᠨ ᠪᠠᠶᠢᠳᠠᠯ ᠢ ᠬᠠᠮᠠᠭᠠᠯᠠᠨ᠎ᠡ᠃ ᠠᠶᠤᠯᠭᠦᠶ ᠦᠢᠯᠡᠳᠪᠦᠷᠢᠯᠡᠯ ᠢ ᠲᠤᠰᠬᠠᠶ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢᠨ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠵᠦ᠂ ᠢᠳᠡᠭᠡᠨ ᠪᠠ ᠡᠮ ᠤᠨ ᠵᠦᠢᠯ ᠪᠣᠯᠤᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠵᠤ᠂ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠳᠠ ᠶᠢ ᠪᠦᠬᠦ ᠬᠦᠴᠦᠨ ᠢᠶᠠᠷ ᠢᠶᠠᠨ ᠡᠭᠦᠳᠦᠨ ᠪᠠᠶᠢᠭᠤᠯᠤᠨ᠎ᠠ᠃ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ ᠨᠥᠭᠡᠴᠡᠯᠡᠯᠲᠡ ᠶᠢ ᠴᠢᠩᠭᠠᠳᠬᠠᠵᠤ᠂ ᠣᠷᠣᠨ ᠪᠦᠰᠡ ᠶᠢᠨ ᠴᠢᠨᠠᠷᠲᠠᠶ ᠠᠪᠤᠷᠠᠨ ᠲᠤᠰᠠᠯᠠᠬᠤ ᠰᠠᠭᠤᠷᠢᠨ ᠢ ᠪᠠᠶᠢᠭᠤᠯᠵᠤ᠂ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ᠂ ᠭᠠᠵᠠᠷ ᠬᠥᠳᠡᠯᠦᠯᠲᠡ ᠠᠴᠠ ᠰᠡᠷᠭᠡᠶᠢᠯᠡᠨ ᠭᠠᠮᠰᠢᠭ ᠢ ᠪᠠᠭᠠᠰᠬᠠᠬᠤ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠨ᠎ᠠ᠃ ᠶᠡᠷᠦᠩᠬᠡᠶᠢᠯᠡᠭᠰᠡᠨ ᠵᠠᠰᠠᠯᠲᠠ ᠶᠢᠨ ᠸᠢᠳᠢᠣ᠋ ᠰᠦᠯᠵᠢᠶᠡᠨ ᠬᠤᠯᠪᠣᠭ᠎ᠠ᠂ ︽ᠤᠯᠠᠨ ᠲᠦᠮᠡᠨᠴᠢ ᠴᠢᠨᠠᠷᠲᠠᠢ ᠠᠮᠤᠷ ᠢ ᠬᠠᠮᠠᠭᠠᠯᠠᠬᠤ ᠰᠡᠷᠭᠡᠶᠢᠯᠡᠨ ᠡᠵᠡᠮᠳᠡᠬᠦ ᠢᠨᠵᠧᠨᠧᠷᠢᠩ︾ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ ᠢ ᠪᠠᠶᠢᠩᠭᠤᠵᠢᠭᠤᠯᠤᠨ ᠦᠷᠨᠢᠭᠦᠯᠵᠦ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠵᠡᠷᠭᠡ ᠬᠠᠤᠯᠢ ᠠᠴᠠ ᠵᠥᠷᠢᠴᠡᠭᠰᠡᠨ ᠡᠯ᠎ᠡ ᠲᠥᠷᠥᠯ ᠤᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠦᠭᠬᠦᠨ᠎ᠡ᠃   ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠪᠦᠬᠦ ᠤᠯᠤᠰ ᠤᠨ ᠪᠣᠯᠪᠠᠰᠤᠨ ᠬᠤᠲᠠ ᠶᠢ ᠪᠦᠲᠦᠭᠡᠨ ᠪᠠᠶᠢᠭᠤᠯᠬᠤ ᠠᠵᠢᠯ ᠢ ᠦᠷᠭᠦᠯᠵᠢᠯᠡᠨ ᠠᠬᠢᠭᠤᠯᠤᠨ᠎ᠠ᠃ ᠣᠶᠣᠨᠯᠢᠭ ᠬᠤᠳᠠ ᠶᠢᠨ ᠪᠦᠳᠦᠭᠡᠨ ᠪᠠᠶᠢᠭᠤᠯᠤᠯᠲᠠ ᠶᠢᠨ ᠬᠡᠷᠡᠭᠯᠡᠯᠲᠡ ᠶᠢ ᠭᠦᠨᠵᠡᠭᠡᠶᠢᠷᠡᠭᠦᠯᠵᠦ᠂ ᠨᠡᠶᠢᠭᠡᠮ ᠤᠨ ᠵᠠᠰᠠᠯᠲᠠ ᠶᠢᠨ ︽ᠨᠢᠭᠡ ᠰᠦᠯᠵᠢᠶ᠎ᠡ ᠪᠠᠷ ᠨᠢᠭᠡᠳᠦᠯᠲᠡᠶ ᠬᠠᠮᠢᠶᠠᠷᠬᠤ︾ ᠠᠵᠢᠯ ᠢ ᠡᠬᠢᠯᠡᠭᠦᠯᠦᠨ᠎ᠡ᠃ ᠵᠢᠨᠢᠩ ᠲᠣᠭᠤᠷᠢᠭ ᠤᠨ ᠤᠷᠤᠭ ᠬᠤᠷᠢᠮ ᠤᠨ ᠵᠠᠩᠰᠢᠯ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠢ ᠲᠦᠯᠬᠢᠨ ᠠᠬᠢᠭᠤᠯᠤᠨ᠎ᠠ᠃ ᠬᠦᠨᠳᠦᠲᠡᠢ ᠠᠴᠢᠯᠠᠵᠤ ᠳᠥᠭᠦᠮ ᠣᠷᠣᠰᠢᠭᠤᠯᠬᠤ ᠠᠷᠠᠳ ᠤᠨ ᠰᠢᠨ᠎ᠡ ᠰᠤᠷᠲᠠᠯ ᠢ ᠰᠠᠨᠠᠭᠠᠴᠢᠯᠠᠵᠤ᠂ 2 ᠬᠤᠰᠢᠭᠤ ᠰᠢᠶᠠᠨ ᠤ ᠣᠷᠣᠰᠢᠭᠤᠯᠭ᠎ᠠ ᠶᠢᠨ ᠭᠠᠵᠠᠷ ᠢ ᠪᠠᠶᠢᠭᠤᠯᠤᠨ᠎ᠠ᠃ ᠰᠢᠨ᠎ᠡ ᠴᠠᠭ ᠦᠶ᠎ᠡ ᠶᠢᠨ ︽ᠹᠧᠩ ᠴᠢᠶᠣᠣ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠲᠣᠣᠷᠵᠢᠭᠤᠯᠤᠭᠰᠠᠨ ᠬᠠᠮᠢᠶᠠᠷᠤᠯᠲᠠ ᠦᠢᠯᠡᠴᠢᠯᠡᠭᠡ ᠶᠢ ᠴᠢᠩᠭᠠᠳᠬᠠᠵᠤ᠂ ᠵᠥᠷᠢᠴᠡᠯ ᠵᠢᠭᠤᠷᠠᠯᠳᠤᠭᠠᠨ ᠢ ᠤᠯᠠᠨ ᠡᠰᠢᠵᠢᠭᠦᠯᠦᠨ ᠰᠢᠢᠳᠪᠦᠷᠢᠯᠡᠬᠦ᠂ ᠬᠤᠯᠪᠣᠭᠠᠯᠠᠨ ᠬᠥᠳᠡᠯᠦᠯᠴᠡᠵᠦ ᠰᠢᠢᠳᠪᠦᠷᠢᠯᠡᠬᠦ ᠲᠣᠭᠲᠠᠴᠠ ᠶᠢ ᠪᠦᠷᠢᠨᠰᠢᠬᠦᠯᠵᠦ᠂ ᠵᠠᠬᠢᠳᠠᠯ ᠰᠣᠷᠪᠣᠯᠵᠢᠯᠠᠭ᠎ᠠ ᠶᠢᠨ ᠳᠠᠷᠤᠭᠳᠠᠮᠠᠯ ᠬᠡᠷᠡᠭ ᠪᠣᠯᠤᠨ ᠳᠣᠪᠣᠶᠢᠮ᠎ᠠ ᠠᠰᠠᠭᠤᠳᠠᠯ ᠢ ᠰᠢᠢᠳᠪᠦᠷᠢᠯᠡᠬᠦ ᠪᠣᠭᠤᠮᠲᠠ ᠰᠢᠪᠲᠤᠯᠬᠤ ᠶᠢ ᠦᠷᠭᠦᠯᠵᠢᠯᠡᠨ ᠠᠬᠢᠭᠤᠯᠤᠨ᠎ᠠ᠃ ︽ᠲᠠᠪᠤᠨ ᠲᠠᠯ᠎ᠠ ᠬᠠᠮᠲᠤᠷᠠᠨ ᠬᠥᠳᠡᠯᠦᠯᠴᠡᠬᠦ︾ ᠶᠢ ᠪᠠᠷᠢᠮᠲᠠᠯᠠᠵᠤ᠂ ᠨᠡᠶᠢᠭᠡᠮ ᠲᠣᠭᠤᠷᠢᠭ ᠤᠨ ᠬᠠᠮᠢᠶᠠᠷᠤᠯᠲᠠ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃   ᠨᠡᠶᠢᠭᠡᠮ ᠤᠨ ᠪᠦᠯᠬᠦᠮᠳᠡᠯ ᠡᠶ᠎ᠡ ᠵᠣᠬᠢᠴᠠᠯ ᠢ ᠠᠬᠢᠭᠤᠯᠤᠨ᠎ᠠ᠃ ︽ᠲᠠᠯ᠎ᠠ ᠨᠤᠲᠤᠭ ᠤᠨ ᠡᠵᠢ︾ ᠳᠦᠬᠢᠮ᠎ᠠ ᠶᠢᠨ ᠠᠷᠠᠳ ᠤᠨ ᠵᠢᠱᠢᠶᠡᠴᠢ ᠶᠢᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠶ ᠪᠥᠭᠡᠳ ᠤᠳᠠᠭᠠᠨ ᠳᠠᠭᠠᠭᠠᠮᠠᠭᠠᠶ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠦᠷᠭᠦᠯᠵᠢᠯᠡᠨ ᠪᠠᠲᠤᠳᠬᠠᠨ᠎ᠠ᠃ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠳᠡᠮᠵᠢᠵᠦ᠂ ︽ᠬᠤᠶᠠᠷ ᠢ ᠬᠦᠷᠢᠶᠡᠯᠡᠬᠦ ᠵᠢᠱᠢᠶᠡᠴᠢ ᠬᠤᠲᠠ︾ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠠᠮᠢᠶᠠᠷᠤᠯᠲᠠ ᠦᠶᠯᠡᠴᠢᠯᠡᠭᠡᠨ ᠤ ᠲᠤᠭᠲᠠᠯᠴᠠᠭ᠎ᠠ ᠶᠢ ᠪᠦᠷᠢᠨᠰᠢᠬᠦᠯᠦᠨ᠂ ᠴᠡᠷᠢᠭ ᠪᠠ ᠵᠠᠰᠠᠭ᠂ ᠴᠡᠷᠢᠭ ᠪᠠ ᠠᠷᠠᠳ ᠤᠨ ᠪᠦᠯᠬᠦᠮᠳᠡᠯ ᠢ ᠦᠨᠡᠨᠬᠦ ᠴᠢᠩᠭᠠᠳᠬᠠᠨ᠎ᠠ᠃ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠵᠡᠮᠳᠡᠭᠴᠦᠳ ᠤᠨ ᠬᠤᠯᠪᠣᠭᠠᠲᠤ ᠬᠤᠷᠠᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠵᠡᠷᠭᠡ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠨᠡᠩ ᠰᠠᠶᠢᠲᠤᠷ ᠪᠠᠳᠠᠷᠠᠭᠤᠯᠬᠤ ᠶᠢ ᠨᠢ ᠲᠡᠮᠵᠢᠨ᠎ᠠ᠃ᠲᠦᠷᠪᠡ᠂ ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ ᠦᠢᠯᠡᠴᠢᠯᠡᠭᠡᠨ ᠤ ᠮᠠᠶ᠋ᠢᠭ ᠤᠨ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠤᠨ᠎ᠠ   ᠵᠠᠰᠠᠭ ᠤᠨ ᠣᠷᠳᠣᠨ ᠤ ᠡᠮᠦᠨᠡᠬᠢ ︽ᠠᠷᠠᠳ ᠲᠦᠮᠡᠨ︾ ᠭᠡᠬᠦ ᠬᠤᠶᠠᠷ ᠦᠰᠦᠭ ᠢ ᠢᠮᠠᠭᠲᠠ ᠪᠠᠲᠤ ᠴᠡᠭᠡᠵᠢᠯᠡᠵᠦ ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠴᠢᠷᠮᠠᠶᠢᠨ ᠦᠢᠯᠡᠳᠦᠯᠭᠡᠵᠢᠭᠦᠯᠵᠦ᠂ ᠵᠠᠰᠠᠭ ᠤᠨ ᠶᠠᠪᠤᠳᠠᠯ ᠤᠨ ᠴᠢᠨᠠᠷ ᠴᠢᠨᠰᠠᠭ᠎ᠠ ᠦᠷ᠎ᠡ ᠠᠰᠢᠭ ᠢ ᠦᠷᠭᠦᠯᠵᠢᠯᠡᠨ ᠳᠡᠭᠡᠭᠰᠢᠯᠡᠭᠦᠯᠵᠦ᠂ ᠠᠷᠠᠳ ᠲᠦᠮᠡᠨ ᠳᠤ ᠦᠢᠯᠡᠴᠢᠯᠡᠬᠦ᠂ ᠠᠷᠠᠳ ᠲᠦᠮᠡᠨ ᠳᠤ ᠬᠠᠷᠢᠭᠤᠴᠠᠬᠤ᠂ ᠠᠷᠠᠳ ᠲᠦᠮᠡᠨ ᠤ ᠬᠢᠨᠠᠯᠲᠠ ᠶᠢ ᠬᠦᠯᠢᠶᠡᠬᠦ᠂ ᠠᠷᠠᠳ ᠲᠦᠮᠡᠨ ᠢ ᠰᠡᠳᠬᠢᠯ ᠬᠠᠨᠤᠮᠵᠢᠲᠠᠢ ᠪᠠᠶᠢᠯᠭᠠᠬᠤ ᠶᠢ ᠪᠡᠶᠡᠯᠡᠭᠦᠯᠦᠨ᠎ᠡ᠃   ᠤᠯᠤᠰ ᠲᠦᠷᠦ ᠶᠢᠨ ᠦᠨᠡᠨᠴᠢ ᠰᠢᠳᠤᠷᠭᠤ ᠶᠢ ᠲᠡᠷᠢᠭᠦᠨ ᠴᠢᠬᠤᠯᠠ ᠵᠠᠩ ᠴᠢᠨᠠᠷ ᠪᠣᠯᠭᠠᠨ᠎ᠠ᠃ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠭᠦᠨᠵᠡᠭᠡᠶᠢᠷᠡᠭᠦᠯᠦᠨ ᠥᠷᠭᠡᠳᠬᠡᠵᠦ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠭᠦᠢᠴᠡᠳᠬᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ︽ᠬᠤᠶᠠᠷ ᠢ ᠲᠣᠭᠲᠠᠭᠠᠬᠤ︾ ᠶᠢ ᠦᠨᠡᠨᠴᠢ ᠪᠠᠷ ᠬᠠᠮᠠᠭᠠᠯᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠦᠨ᠎ᠡ᠃ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ︽ᠤᠯᠤᠰ ᠤᠨ ᠶᠡᠭᠡ ᠶᠠᠪᠤᠳᠠᠯ︾ ᠢ ᠢᠮᠠᠭᠲᠠ ᠴᠡᠭᠡᠵᠢᠨ ᠳᠡᠭᠡᠨ ᠪᠤᠳᠤᠵᠤ᠂ ᠲᠥᠪ ᠬᠤᠷᠢᠶ᠎ᠠ ᠂ ᠥᠪᠡᠷᠲᠡᠭᠡᠨ ᠵᠠᠰᠠᠬᠤ ᠣᠷᠣᠨ ᠤ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠᠷ ᠪᠠᠷᠢᠮᠵᠢᠶᠠᠯᠠᠨ ᠬᠠᠷᠭᠤᠭᠤᠯᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠬᠡᠯᠪᠡᠶᠢᠯᠭᠡᠬᠦ ᠥᠬᠡᠶ᠂ ᠬᠤᠪᠢᠷᠠᠭᠤᠯᠬᠤ ᠥᠬᠡᠶ᠂ ᠦᠭᠡᠷᠡᠳᠦᠭᠦᠯᠬᠦ ᠦᠭᠡᠢ ᠪᠠᠷ ᠰᠠᠶᠢᠲᠤᠷ ᠠᠳᠬᠤᠨ᠎ᠠ᠃   ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠪᠠᠷᠢᠮᠵᠢᠶ᠎ᠠ ᠪᠣᠯᠭᠠᠨ᠎ᠠ᠃ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ︽ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠬᠥᠲᠥᠯᠪᠦᠷᠢ ︵2021 — 2025 ᠣᠨ︶︾ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠦᠯᠲᠠ ᠶᠢ ᠦᠷᠭᠦᠯᠵᠢᠯᠡᠨ ᠥᠷᠨᠢᠭᠦᠯᠵᠦ᠂ ᠬᠠᠤᠯᠢᠵᠢᠯ ᠤᠨ ᠰᠡᠳᠬᠢᠬᠦᠢ᠂ ᠬᠠᠤᠯᠢᠵᠢᠯ ᠤᠨ ᠠᠷᠭ᠎ᠠ ᠬᠡᠯᠪᠡᠷᠢ ᠪᠠᠷ ᠠᠵᠢᠯ ᠢᠶᠠᠨ ᠠᠬᠢᠭᠤᠯᠬᠤ ᠴᠢᠳᠠᠪᠤᠷᠢ ᠶᠢ ᠦᠨᠡᠨᠬᠦ ᠳᠡᠭᠡᠭᠰᠢᠯᠡᠭᠦᠯᠵᠦ᠂ ᠵᠠᠰᠠᠭ ᠵᠠᠬᠢᠷᠭᠠᠨ ᠤ ᠠᠵᠢᠯᠯᠠᠭ᠎ᠠ ᠳᠤ ᠪᠠᠨ ᠢᠮᠠᠭᠲᠠ ᠬᠠᠤᠯᠢᠵᠢᠯ ᠤᠨ ᠬᠡᠷᠡᠯ ᠭᠢᠯᠪᠠᠭ᠎ᠠ ᠶᠢ ᠰᠠᠴᠤᠷᠠᠭᠤᠯᠤᠨ᠎ᠠ᠃ ᠵᠠᠰᠠᠭ ᠵᠠᠬᠢᠷᠭᠠᠨ ᠤ ᠴᠢᠬᠤᠯᠠ ᠶᠡᠭᠡ ᠰᠢᠶᠳᠪᠦᠷᠢᠲᠦ ᠪᠤᠳᠤᠯᠭ᠎ᠠ ᠲᠣᠭᠲᠠᠭᠠᠬᠤ ᠶᠠᠪᠤᠴᠠ ᠶᠢ ᠵᠢᠷᠤᠮᠵᠢᠭᠤᠯᠵᠤ᠂ ᠭᠤᠣᠯᠳᠠᠯᠭ᠎ᠠ ᠲᠠᠢ ᠴᠠᠷᠠᠭᠠᠨ ᠳᠠᠬᠢ ᠵᠠᠰᠠᠭ ᠤᠨ ᠣᠷᠳᠣᠨ ᠤ ᠬᠠᠤᠯᠢ ᠲᠣᠭᠲᠠᠭᠠᠬᠤ ᠠᠵᠢᠯ ᠢ ᠰᠠᠶᠢᠲᠤᠷ ᠠᠳᠬᠤᠵᠤ᠂ ᠵᠠᠰᠠᠭ ᠤᠨ ᠣᠷᠳᠣᠨ ᠤ ᠲᠦᠷᠢᠮ ᠲᠣᠭᠲᠠᠭᠠᠯ ᠪᠠ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠬᠥᠳᠡᠯᠦᠩᠭᠦᠶ ᠪᠠᠷ ᠲᠢᠭᠯᠡᠵᠦ ᠴᠡᠪᠡᠷᠯᠡᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠲᠥᠯᠥᠭᠡᠯᠡᠭᠴᠢᠳ ᠤᠨ ᠰᠠᠨᠠᠭᠤᠯᠭ᠎ᠠ ᠪᠠ ᠭᠡᠰᠢᠭᠦᠳ ᠤᠨ ᠳᠤᠷᠠᠳᠤᠯᠭ᠎ᠠ ᠶᠢ ᠴᠢᠨᠠᠷ ᠰᠠᠶᠢᠲᠠᠶ ᠰᠢᠶᠳᠪᠦᠷᠢᠯᠡᠵᠦ᠂ ᠨᠡᠶᠢᠭᠡᠮ ᠤᠨ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠬᠢᠨᠠᠨ ᠪᠤᠳᠤᠬᠤ ᠬᠢᠨᠠᠯᠲᠠ ᠶᠢ ᠴᠢᠩᠭᠠᠳᠬᠠᠨ᠎ᠠ᠃   ᠦᠨᠡᠨ ᠬᠦ ᠠᠳᠬᠤᠵᠤ ᠪᠣᠳᠠᠲᠠᠶ ᠪᠠᠷ ᠠᠵᠢᠯᠯᠠᠬᠤ ᠶᠢ ᠢᠯᠡ ᠲᠣᠳᠣ ᠳᠡᠪᠢᠰᠬᠡᠷ ᠦᠡᠭᠭᠡ ᠪᠣᠯᠭᠠᠨ᠎ᠠ᠃ ᠲᠥᠪ ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠬᠡᠷᠡᠭᠵᠢᠭᠦᠯᠵᠦ᠂ ᠵᠠᠰᠠᠭ ᠤᠨ ᠠᠵᠢᠯ ᠤᠨ ᠬᠢᠷᠢ ᠪᠦᠲᠦᠮᠵᠢ ᠶᠢᠨ ᠲᠤᠬᠠᠶ ᠵᠥᠪ ᠦᠵᠡᠯᠲᠡ ᠶᠢ ᠪᠠᠲᠤ ᠪᠠᠬᠢ ᠪᠤᠢ ᠪᠣᠯᠭᠠᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠴᠢᠩᠭ᠎ᠠ ᠴᠡᠭᠡᠷᠯᠡᠵᠦ᠂ ᠪᠣᠳᠠᠲᠠᠶ ᠠᠷᠭ᠎ᠠ ᠭᠠᠷᠭᠠᠵᠤ᠂ ᠪᠤᠳᠠᠳᠤ ᠠᠵᠢᠯ ᠬᠢᠵᠦ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠨ᠂ ᠠᠵᠢᠯ ᠬᠢᠵᠦ ᠦᠢᠯᠡᠰ ᠪᠣᠰᠬᠠᠬᠤ᠂ ᠬᠦᠭᠵᠢᠯᠲᠡ ᠶᠢᠨ ᠪᠣᠳᠠᠲᠤ ᠠᠮᠵᠢᠯᠲᠠ ᠪᠠᠷ ᠪᠠᠭᠠᠲᠤᠷᠴᠤᠳ ᠢ ᠦᠨᠡᠯᠡᠨ᠎ᠡ᠃ ᠡᠭᠦᠷᠭᠡ ᠶᠢ ᠳᠦᠷᠦᠯ ᠵᠦᠢᠯᠵᠢᠭᠦᠯᠬᠦ᠂ ᠳᠦᠷᠦᠯ ᠵᠦᠢᠯ ᠢ ᠨᠠᠷᠢᠨ ᠳᠠᠩᠰᠠᠵᠢᠭᠤᠯᠬᠤ᠂ ᠨᠠᠷᠢᠨ ᠳᠠᠩᠰᠠ ᠶᠢ ᠪᠣᠳᠠᠲᠠᠶᠢᠵᠢᠭᠤᠯᠬᠤ ᠶᠢ ᠪᠠᠷᠢᠮᠲᠠᠯᠠᠵᠤ᠂ ᠬᠥᠮᠦᠨ᠂ ᠠᠵᠢᠯ ᠤᠨ ᠪᠠᠶᠢᠷᠢ᠂ ᠬᠠᠷᠢᠭᠤᠴᠠᠯᠭ᠎ᠠ᠂ ᠴᠠᠭ ᠲᠣᠭᠲᠠᠭᠠᠵᠤ᠂ ᠶᠠᠪᠤᠳᠠᠯ ᠪᠦᠬᠦᠨ ᠢ ᠠᠳᠬᠤᠬᠤ ᠬᠥᠮᠦᠨ ᠲᠠᠢ᠂ ᠶᠠᠪᠤᠳᠠᠯ ᠪᠦᠬᠦᠨ ᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ᠃ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠦᠭᠰᠡᠨ ᠦᠷ᠎ᠡ ᠪᠦᠲᠦᠭᠡᠯ ᠢ ᠭᠦᠨᠵᠡᠭᠡᠶᠢᠷᠡᠭᠦᠯᠦᠨ ᠥᠷᠭᠡᠳᠬᠡᠵᠦ᠂ ᠺᠠᠳ᠋ᠷᠴᠤᠳ ᠢ ᠤᠶᠤᠨ ᠴᠢᠳᠠᠯ ᠢᠶᠠᠨ ᠲᠥᠪᠯᠡᠷᠡᠭᠦᠯᠦᠨ ᠨᠠᠶᠢᠳᠠᠪᠤᠷᠢᠵᠢᠭᠤᠯᠤᠯᠲᠠ ᠶᠢ ᠠᠳᠬᠤᠬᠤ ᠪᠣᠯᠭᠠᠨ᠎ᠡ᠃   ᠲᠥᠯᠥᠭᠡᠯᠡᠭᠴᠢᠳ ᠡ︕ ᠲᠡᠦᠬᠡ ᠳᠤ ᠬᠠᠮᠤᠭ ᠤᠨ ᠰᠠᠶᠢᠨ ᠬᠦᠨᠳᠦᠳᠬᠡᠯ ᠳᠡᠪᠰᠢᠭᠦᠯᠬᠦ ᠪᠣᠯ ᠳᠠᠷᠤᠢ ᠰᠢᠨ᠎ᠡ ᠲᠡᠦᠬᠡ ᠶᠢ ᠪᠢᠴᠢᠭᠯᠡᠬᠦ ᠶᠠᠪᠤᠳᠠᠯ ᠪᠣᠯᠤᠨ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠲᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠦᠷᠭᠦᠯᠵᠢᠯᠡᠨ ᠲᠡᠮᠡᠴᠡᠵᠦ᠂ ᠡᠷᠡᠯᠬᠡᠭᠯᠡᠨ ᠤᠷᠤᠭᠰᠢᠯᠠᠵᠤ᠂ ᠣᠳᠣᠬᠢᠴᠢᠯᠠᠭᠰᠠᠨ ᠤᠯᠠᠭᠠᠨᠴᠠᠪ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠦ᠂ ᠰᠢᠯᠢᠳᠡᠭ ᠬᠢᠷᠢ ᠪᠦᠲᠦᠮᠵᠢ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠶ᠎ᠠ︕
 
ᠢᠷᠡᠯᠲᠡ᠄ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2