ᠬᠠᠤᠯᠢ ᠪᠤᠰᠤ ᠵᠠᠭᠤᠴᠢ ᠪᠤᠶᠤ ᠬᠤᠪᠢ ᠬᠥᠮᠥᠨ ᠤ ᠬᠠᠤᠯᠢ ᠲᠣᠭᠲᠠᠭᠠᠯ ᠢ ᠵᠥᠷᠢᠴᠡᠨ ᠣᠷᠣᠯᠠᠨ ᠭᠦᠢᠴᠡᠳᠬᠡᠬᠦ ᠲᠤᠬᠠᠶᠢᠯᠠᠭᠰᠠᠨ ᠠᠵᠢᠯ ᠥᠷᠨᠢᠭᠦᠯᠵᠦ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠡᠪᠳᠡᠬᠦ ᠶᠢ ᠡᠷᠡᠰ ᠬᠤᠷᠢᠭᠯᠠᠬᠤ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2022/3/30
     ᠠᠵᠤ ᠠᠬᠤᠶᠢᠯᠠᠯ ᠳᠤ ᠠᠰᠢᠭᠲᠠᠢ ᠠᠷᠠᠳ ᠲᠤ ᠳᠥᠭᠦᠮ ᠦᠵᠡᠭᠦᠯᠬᠦ ᠡᠷᠬᠡ ᠲᠡᠭᠰᠢ ᠲᠥᠪ ᠭᠤᠣᠯᠴᠢ ᠥᠨᠳᠥᠷ ᠪᠦᠲᠦᠮᠵᠢᠲᠡᠶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠴᠢᠨ ᠲᠣᠭᠤᠷᠢᠨ ᠢ ᠪᠤᠶ ᠪᠣᠯᠭᠠᠵᠤ᠂ ᠥᠷᠭᠡᠨ ᠤᠯᠠᠨ ᠠᠵᠤ ᠠᠬᠤᠶᠢᠯᠠᠯ ᠪᠠ ᠤᠯᠠᠨ ᠲᠦᠮᠡᠨ ᠤ ᠳᠤᠰ ᠪᠡᠶ᠎ᠡ ᠶᠢᠨ ᠠᠰᠢᠭ ᠲᠤᠰᠠ ᠶᠢ ᠬᠠᠮᠠᠭᠠᠯᠠᠵᠤ᠂ ᠪᠦᠬᠦ ᠬᠤᠳᠠ ᠶᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠬᠦᠴᠦᠨ ᠨᠡᠮᠡᠷᠢᠯᠡᠬᠦ ᠶᠢᠨ ᠲᠥᠯᠥᠭᠡ  ᠂ ᠲᠢᠩᠬᠢᠮ ᠳᠤ ᠰᠠᠭᠤᠭ᠎ᠠ ᠰᠠᠯᠠᠭ᠎ᠠ ᠮᠥᠴᠢᠷ ᠪᠤᠶᠤ ᠬᠡᠷᠡᠭ ᠬᠦᠢᠴᠡᠳᠭᠡᠬᠦ ᠴᠣᠩᠬᠤᠪᠴᠢ ᠶᠢᠨ ᠠᠵᠢᠯᠲᠠᠨ ᠤ ᠭᠠᠳᠠᠨᠠᠬᠢ ᠲᠠᠢ ᠰᠥᠯᠪᠡᠭᠡᠯᠳᠦᠬᠦ᠂ ︽ᠵᠠᠭᠤᠴᠢ ᠪᠠᠶᠢᠭᠤᠯᠤᠮᠵᠢ︾ ᠶᠢᠨ ᠬᠠᠤᠯᠢ ᠲᠣᠭᠲᠠᠭᠠᠯ ᠢ ᠵᠥᠷᠢᠴᠡᠨ ᠰᠦᠢᠳᠬᠡᠯ ᠬᠤᠷᠢᠶᠠᠵᠤ ᠤᠯᠠᠨ ᠲᠦᠮᠡᠨ ᠳᠤ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠢ ᠣᠷᠣᠯᠠᠨ ᠭᠦᠢᠴᠡᠳᠬᠡᠵᠦ ᠥᠭᠬᠦ ᠵᠡᠷᠭᠡ ᠬᠠᠤᠯᠢ ᠪᠤᠰᠤ ᠪᠠᠷ ᠠᠰᠢᠭ ᠬᠤᠨᠵᠢᠬᠤ᠂ ᠡᠷᠬᠡ ᠪᠠᠨ ᠠᠰᠢᠭᠯᠠᠨ ᠬᠤᠪᠢ ᠶᠢᠨ ᠠᠰᠢᠭ ᠬᠥᠭᠡᠭᠡᠴᠡᠯᠳᠦᠬᠦ ᠲᠠᠯ᠎ᠠ ᠶᠢᠨ ᠢᠯᠵᠠᠷᠠᠯ ᠤᠨ ᠠᠰᠠᠭᠤᠳᠠᠯ ᠤᠳ ᠢ ᠡᠷᠡᠰ ᠡᠰᠡᠷᠭᠦᠴᠡᠨ ᠬᠤᠷᠢᠭᠯᠠᠬᠤ ᠪᠠ ᠪᠠᠶᠢᠴᠠᠭᠠᠨ ᠰᠢᠢᠳᠪᠦᠷᠢᠯᠡᠨ᠎ᠡ᠃ ᠤᠳᠤ ᠳᠣᠣᠷᠠᠬᠢ ᠮᠡᠲᠦ ᠵᠠᠷᠯᠠᠶ᠎ᠠ᠄     1. ᠪᠦᠬᠦ ᠬᠤᠲᠠ ᠶᠢᠨ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ ᠴᠣᠩᠬᠤᠪᠴᠢ ᠠᠴᠠ ᠪᠤᠶ ᠪᠦᠬᠦᠢ ᠦᠢᠯᠡᠴᠢᠯᠡᠭᠡᠨ ᠤ ᠡᠲᠡᠭᠡᠳ ᠲᠤ ᠴᠥᠮ ᠡᠷᠬᠡ ᠲᠡᠭᠰᠢ ᠲᠥᠪ ᠭᠤᠣᠯᠴᠢ᠂ ᠴᠢᠨᠠᠷ ᠰᠠᠶᠢᠲᠠᠢ ᠥᠨᠳᠥᠷ ᠪᠦᠲᠦᠮᠵᠢᠲᠡᠶ᠂ ᠵᠥᠷᠢᠶ᠎ᠡ ᠦᠭᠡᠢ ᠦᠢᠯᠡᠴᠢᠯᠡᠭᠡ ᠬᠠᠩᠭᠠᠨ᠎ᠠ᠃ ᠲᠠ ᠬᠡᠷᠪᠡ ᠬᠡᠷᠡᠭᠴᠡᠭᠡ ᠲᠠᠢ ᠪᠣᠯ ᠂ ᠡᠯ᠎ᠡ ᠱᠠᠲᠤᠨ ᠤ ᠶᠡᠭᠡ ᠲᠢᠩᠬᠢᠮ ᠳᠤ ᠴᠥᠮ ᠲᠤᠰᠬᠠᠢ ᠪᠠᠶᠢᠭᠤᠯᠤᠮᠵᠢ ᠪᠠ ᠠᠵᠢᠯᠲᠠᠨ ᠲᠠᠨ ᠳᠤ ᠰᠦᠢᠳᠬᠡᠯ ᠬᠤᠷᠢᠶᠠᠬᠤ ᠦᠭᠡᠢ ᠪᠠᠷ ᠣᠷᠣᠯᠠᠨ ᠭᠦᠢᠴᠡᠳᠬᠡᠬᠦ ᠪᠠ ᠬᠠᠪᠰᠤᠷᠤᠨ ᠭᠦᠢᠴᠡᠳᠬᠡᠬᠦ ᠦᠢᠯᠡᠴᠢᠯᠡᠭᠡ ᠬᠠᠩᠭᠠᠵᠤ᠂ ᠲᠢᠩᠬᠢᠮ ᠳᠤ ᠰᠠᠭᠤᠭ᠎ᠠ ᠰᠠᠯᠠᠭ᠎ᠠ ᠮᠥᠴᠢᠷ ᠵᠢᠴᠢ ᠴᠣᠩᠬᠤᠪᠴᠢ ᠶᠢᠨ ᠬᠢᠨ ᠣᠨᠴᠠ ᠲᠣᠭᠲᠠᠭᠰᠠᠨ ᠠᠵᠢᠯᠲᠠᠨ ᠪᠤᠶᠤ ︽ᠵᠠᠭᠤᠴᠢ ᠪᠠᠶᠢᠭᠤᠯᠤᠮᠵᠢ︾ ᠳᠤ ᠨᠠᠶᠢᠳᠠᠬᠤ᠂ ᠵᠢᠭᠠᠨ ᠲᠣᠭᠲᠠᠭᠠᠬᠤ ᠪᠤᠶᠤ ᠬᠡᠯᠪᠡᠷᠢ ᠶᠢ ᠨᠢ ᠥᠭᠡᠷᠡᠲᠦᠭᠦᠯᠦᠨ ᠵᠢᠭᠠᠨ ᠲᠣᠭᠲᠠᠭᠠᠵᠤ ᠣᠷᠣᠯᠠᠨ ᠭᠦᠢᠴᠡᠳᠬᠡᠬᠦ ᠦᠢᠯᠡᠴᠢᠯᠡᠭᠡ ᠬᠢᠯᠭᠡᠬᠦ ᠦᠭᠡᠢ᠃ ᠬᠠᠤᠯᠢ ᠪᠤᠰᠤ ᠬᠤᠪᠢ ᠬᠥᠮᠥᠨ ᠪᠤᠶᠤ ︽ᠵᠠᠭᠤᠴᠢ ᠪᠠᠶᠢᠭᠤᠯᠤᠮᠵᠢ︾ ᠶᠢᠨ ᠬᠤᠳᠠᠯ ᠬᠠᠭᠤᠷᠮᠠᠭ ᠠᠮᠠᠯᠠᠯᠲᠠ ᠶᠢ ᠠᠮᠠᠷᠬᠠᠨ ᠢᠲᠡᠭᠡᠵᠦ ᠪᠣᠯᠬᠤ ᠦᠭᠡᠢ᠂ ᠮᠡᠬᠡᠯᠡᠭᠳᠡᠬᠦ ᠠᠴᠠ ᠵᠠᠶᠢᠯᠠᠰᠬᠢᠬᠦ ᠬᠡᠷᠡᠭᠲᠡᠢ᠃     2. ᠪᠥᠬᠦ ᠬᠤᠲᠠ ᠶᠢᠨ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠠᠴᠠ ︽ᠠᠩᠬ᠎ᠠ ᠠᠰᠠᠭᠤᠬᠤ ᠳᠤ ᠬᠠᠷᠢᠭᠤᠴᠠᠬᠤ︾ ︽ᠨᠢᠭᠡ ᠯᠡ ᠤᠳᠠᠭ᠎ᠠ ᠳᠤ ᠮᠡᠳᠡᠭᠳᠡᠬᠦ︾ ︽ᠬᠤᠭᠤᠴᠠᠭ᠎ᠠ ᠬᠢᠵᠠᠭᠠᠷᠯᠠᠨ ᠰᠢᠢᠳᠪᠦᠷᠢᠯᠡᠵᠦ ᠳᠠᠭᠤᠰᠬᠠᠬᠤ︾ ᠵᠡᠷᠭᠡ ᠳᠦᠷᠢᠮ ᠤᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠲᠤᠰᠬᠠᠢ ᠮᠡᠷᠭᠡᠵᠢᠯ ᠤᠨ ᠠᠵᠢᠯᠲᠠᠨ ᠲᠣᠬᠢᠷᠠᠭᠤᠯᠤᠨ ᠲᠠᠨ ᠳᠤ ᠠᠰᠠᠭᠤᠨ ᠯᠠᠪᠯᠠᠨ ᠬᠦᠢᠴᠡᠳᠭᠡᠬᠦ  ᠵᠢᠯᠤᠭᠤᠳᠤᠮᠵᠢ ᠬᠠᠩᠭᠠᠵᠤ᠂ ᠲᠠᠨ ᠤ ᠭᠤᠶᠤᠴᠢᠯᠠᠭᠰᠠᠨ ᠵᠦᠢᠯᠡᠰ ᠤᠨ ᠶᠣᠰᠣᠭᠠᠷ ᠴᠠᠭ ᠲᠤᠬᠠᠢ ᠳᠤᠨᠢ ᠰᠢᠢᠳᠪᠦᠷᠢᠯᠡᠵᠦ ᠳᠠᠭᠤᠰᠬᠠᠬᠤ ᠶᠢ ᠭᠦᠢᠴᠡᠳ ᠪᠠᠲᠤᠯᠠᠨ᠎ᠠ᠃     3. ᠪᠦᠬᠦ ᠬᠤᠲᠠ ᠶᠢᠨ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ ᠬᠡᠷᠡᠭ ᠬᠦᠢᠴᠡᠳᠭᠡᠬᠦ ᠴᠣᠩᠬᠤᠪᠴᠢ ᠳᠤ ᠴᠥᠮ ᠰᠠᠬᠢᠯᠭ᠎ᠠ ᠪᠠᠲᠤ ᠪᠠᠶᠢᠴᠠᠭᠠᠬᠤ᠂ ᠵᠠᠬᠢᠳᠠᠯ ᠰᠣᠷᠪᠤᠯᠵᠢᠯᠠᠭ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠳᠤ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠪᠠ ᠵᠠᠭᠠᠯᠳᠤᠬᠤ ᠬᠤᠶᠠᠷ ᠬᠡᠮᠵᠢᠯᠳᠦ  ᠺᠤᠳ᠋ ᠲᠠᠯᠪᠢᠵᠤ᠂ ᠡᠰᠡᠬᠦᠯ᠎ᠡ ︽ᠤᠴᠢᠷ ᠶᠠᠪᠤᠳᠠᠯ ᠪᠦᠲᠦᠭᠡᠵᠦ ᠳᠡᠶᠢᠯᠬᠦ ᠦᠭᠡᠢ ᠶᠢ ᠲᠤᠰᠬᠠᠬᠤ︾ ᠴᠣᠩᠬᠤᠪᠴᠢ᠂ ᠢᠯᠡᠴᠢᠯᠡᠨ ᠮᠡᠳᠡᠭᠦᠯᠬᠦ ᠬᠠᠶᠢᠷᠴᠠᠭ ᠲᠣᠬᠢᠷᠠᠭᠤᠯᠵᠤ᠂ ᠬᠡᠷᠪᠡ ᠲᠠ ᠤᠯᠠᠭᠠᠨᠴᠠᠪ ᠣᠷᠣᠨ ᠳᠤ ᠡᠯ᠎ᠡ ᠲᠥᠷᠥᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠬᠠᠶᠢᠯᠠᠭᠰᠠᠨ ᠠᠵᠢᠯ ᠢ ᠭᠦᠢᠴᠡᠳᠬᠡᠬᠦ ᠳᠤ ︽ᠤᠴᠢᠷ ᠶᠠᠪᠤᠳᠠᠯ ᠭᠦᠢᠴᠡᠳᠬᠡᠬᠦ ᠳᠤ ᠬᠦᠴᠢᠷ︾ ︽ᠤᠴᠢᠷ ᠶᠠᠪᠤᠳᠠᠯ ᠭᠦᠢᠴᠡᠳᠬᠡᠬᠦ ᠳᠤ ᠤᠳᠠᠭᠠᠨ︾ ︽ᠤᠴᠢᠷ ᠶᠠᠪᠤᠳᠠᠯ ᠭᠦᠢᠴᠡᠳᠬᠡᠬᠦ ᠳᠤ ᠶᠠᠷᠰᠢᠭ ᠲᠦᠪᠡᠭᠳᠡᠢ︾ ︽ᠳᠤᠷ᠎ᠠ ᠪᠠᠷ ᠢᠶᠠᠨ ᠰᠦᠢᠳᠬᠡᠯ ᠬᠤᠷᠢᠶᠠᠬᠤ︾ ᠵᠢᠴᠢ ︽ᠵᠠᠪᠰᠠᠷ ᠤᠨ ᠬᠦᠮᠦᠨ︾ ︽ᠬᠠᠤᠯᠢ ᠪᠤᠰᠤ ᠵᠠᠭᠤᠴᠢ︾ ᠠᠴᠠ ᠰᠢᠭᠤᠳ ᠪᠤᠶᠤ ᠬᠡᠯᠪᠡᠷᠢ ᠶᠢ ᠨᠢ ᠥᠭᠡᠷᠡᠲᠦᠭᠦᠯᠦᠨ ᠰᠦᠢᠳᠬᠡᠯ ᠬᠤᠷᠢᠶᠠᠬᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠪᠠᠶᠢᠳᠠᠯ ᠳᠤ ᠲᠣᠬᠢᠶᠠᠯᠳᠤᠪᠠᠯ᠂ ᠴᠠᠭ ᠲᠤᠬᠠᠢ ᠳᠤᠨᠢ ᠲᠤᠬᠠᠢ ᠶᠢᠨ ᠲᠠᠯᠠᠪᠠᠶ᠂ ᠰᠦᠯᠵᠢᠶᠡᠨ ᠳᠡᠭᠡᠷ᠎ᠡ ᠲᠤᠰᠬᠠᠬᠤ ᠪᠤᠶᠤ ᠤᠲᠠᠰᠤ ᠪᠠᠷ ᠢᠯᠡᠴᠢᠯᠡᠨ ᠮᠡᠳᠡᠭᠦᠯᠦᠭᠡᠷᠡᠢ᠃ ᠢᠯᠡᠴᠢᠯᠡᠨ ᠮᠡᠳᠡᠭᠦᠯᠬᠦ ᠤᠲᠠᠰᠤ᠄ 19997788573᠂ 13150820009     4. ᠬᠡᠷᠪᠡ ᠴᠣᠩᠬᠤᠪᠴᠢ ᠶᠢᠨ ᠠᠵᠢᠯᠲᠠᠨ ᠭᠥᠯᠢᠶᠡᠨ ᠠᠪᠴᠤ ᠰᠢᠢᠳᠪᠦᠷᠢᠯᠡᠬᠦ ᠴᠣᠩᠬᠤᠪᠴᠢ ᠶᠢ ᠲᠣᠭᠤᠷᠢᠨ ᠭᠠᠷᠴᠤ᠂ ᠲᠡᠳᠡᠨ ᠤ ᠠᠰᠢᠭ ᠲᠤᠰᠠ ᠶᠢᠨ ᠬᠠᠮᠢᠶ᠎ᠠ ᠪᠦᠬᠦᠢ ᠵᠠᠭᠤᠴᠢ ᠪᠠᠶᠢᠭᠤᠯᠤᠮᠵᠢ ᠪᠤᠶᠤ ᠬᠤᠪᠢ ᠬᠥᠮᠥᠨ ᠢ ᠬᠠᠪᠰᠤᠷᠤᠨ ᠠᠷᠤ ᠳᠡᠪᠴᠡᠩ ᠢᠶᠠᠷ ︽ᠳᠠᠷᠠᠭᠠᠯᠠᠯ ᠤᠨ ᠳᠤᠮᠳᠠᠭᠤᠷ ᠤᠷᠤᠵᠤ︾ ᠰᠢᠢᠳᠪᠦᠷᠢᠯᠡᠬᠦ ᠳᠤ ᠭᠦᠷᠪᠡᠯ᠂ ᠭᠠᠴᠢᠬᠤ᠂ ᠰᠡᠮ ᠳᠣᠬᠢᠬᠤ᠂ ᠲᠠᠨᠢᠯᠴᠠᠭᠤᠯᠬᠤ᠂ ᠵᠢᠭᠠᠨ ᠲᠣᠭᠲᠠᠭᠠᠬᠤ ᠵᠡᠷᠭᠡ ᠠᠷᠭ᠎ᠠ ᠮᠠᠶ᠋ᠢᠭ ᠢᠶᠠᠷ ᠠᠰᠢᠭ ᠲᠤᠰᠠ ᠶᠢᠨ ᠬᠤᠯᠪᠣᠭ᠎ᠠ ᠲᠠᠢ ᠵᠠᠭᠤᠴᠢ ᠪᠠᠶᠢᠭᠤᠯᠤᠮᠵᠢ ᠪᠤᠶᠤ ᠬᠤᠪᠢ ᠬᠥᠮᠥᠨ ᠢ ᠬᠠᠪᠰᠤᠷᠤᠨ ᠲᠥᠯᠥᠪᠦᠷᠢ ᠲᠠᠢ ᠪᠠᠷ ᠣᠷᠣᠯᠠᠨ ᠭᠦᠢᠴᠡᠳᠬᠡᠬᠦ ᠪᠤᠶᠤ ᠲᠤᠬᠠᠶᠢᠯᠠᠭᠰᠠᠨ ᠠᠵᠢᠯ ᠢ ᠳᠠᠭᠠᠭᠠᠨ ᠠᠪᠬᠤ᠂ ᠲᠣᠭᠲᠠᠭᠠᠯ ᠠᠴᠠ ᠵᠥᠷᠢᠴᠡᠨ ᠠᠵᠢᠯᠯᠠᠬᠤ ᠵᠡᠷᠭᠡ ᠦᠶᠯᠡ ᠠᠵᠢᠯᠯᠠᠭ᠎ᠠ ᠬᠢᠪᠡᠯ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠠᠯᠠᠭ᠎ᠠ ᠮᠥᠴᠢᠷ ᠲᠤ ᠢᠯᠡᠴᠢᠯᠡᠨ ᠮᠡᠳᠡᠭᠦᠯᠬᠦ ᠪᠤᠯᠪᠠᠤ᠃     ᠢᠯᠡᠴᠢᠯᠡᠨ ᠮᠡᠳᠡᠭᠦᠯᠬᠦ ᠬᠠᠶ᠋ᠢᠭ᠄ ᠤᠯᠠᠭᠠᠨᠴᠠᠪ ᠬᠤᠲᠠ ᠶᠢᠨ ᠵᠢᠨᠢᠩ ᠲᠣᠭᠤᠷᠢᠭ ᠤᠨ ᠴᠠᠬᠠᠷ ᠵᠡᠭᠦᠨ ᠵᠡᠭᠡᠯᠢ ᠶᠢᠨ 7 ᠳ᠋ᠤᠭᠠᠷ ᠨᠣᠮᠧᠷ ᠤᠯᠠᠭᠠᠨᠴᠠᠪ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠵᠠᠬᠢᠳᠠᠯ ᠰᠣᠷᠪᠤᠯᠵᠢᠯᠠᠭ᠎ᠠ ᠶᠢᠨ ᠲᠠᠰᠤᠭ     ᠢᠯᠡᠴᠢᠯᠡᠨ ᠮᠡᠳᠡᠭᠦᠯᠬᠦ ᠤᠲᠠᠰᠤ᠄ 0474 ︱ 12388     ᠰᠦᠯᠵᠢᠶ᠎ᠡ ᠪᠠᠷ ᠢᠯᠡᠴᠢᠯᠡᠨ ᠮᠡᠳᠡᠬᠦᠯᠬᠦ ᠬᠠᠶ᠋ᠢᠭ᠄ http://neimeng.12388.gov.cn/wlcbs/    ᠨᠡᠶᠢᠭᠡᠮ ᠤᠨ ᠡᠯ᠎ᠡ ᠡᠲᠡᠭᠡᠳ᠂ ᠥᠷᠭᠡᠨ ᠤᠯᠠᠨ ᠠᠷᠠᠳ ᠲᠦᠮᠡᠨ ᠤ ᠮᠠᠨ ᠤ ᠠᠵᠢᠯ ᠳᠤ ᠬᠢᠨᠠᠯᠲᠠ ᠲᠠᠯᠪᠢᠬᠤ ᠶᠢᠨ ᠬᠠᠮᠲᠤ ᠡᠷᠬᠢᠮ ᠨᠠᠨᠳᠢᠨ ᠰᠠᠨᠠᠯ ᠳᠤᠷᠠᠳᠬᠤ ᠶᠢ ᠪᠠᠶᠠᠷᠯᠠᠨ ᠤᠭᠲᠤᠵᠤ᠂ ᠪᠢᠳᠡ ᠭᠠᠷ ᠬᠤᠯᠪᠣᠯᠴᠠᠨ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠠᠶᠢᠭᠠᠳ ᠰᠤᠷᠲᠠᠯ ᠴᠢᠬᠡᠴᠢ ᠣᠪᠣᠷ ᠲᠥᠪ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠴᠢᠨ ᠲᠣᠭᠤᠷᠢᠨ ᠢ ᠪᠤᠢ ᠪᠣᠯᠭᠠᠵᠤ᠂ ᠪᠦᠬᠦ ᠬᠤᠳᠠ ᠶᠢᠨ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠳᠤ ᠬᠦᠴᠦᠨ ᠨᠡᠮᠡᠷᠢᠯᠡᠶ᠎ᠡ᠃                    ᠤᠯᠠᠭᠠᠨᠴᠠᠪ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ                                          2022 ᠣᠨ ᠤ 2 ᠰᠠᠷ᠎ᠠ ᠶᠢᠨ 11 ᠤ ᠡᠳᠦᠷ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2