3 ᠳ᠋ᠤᠭᠠᠷ ᠰᠠᠷ᠎ᠠ ᠶᠢᠨ 25 ᠤ ᠡᠳᠦᠷ ᠤᠨ ᠦᠳᠡ ᠶᠢᠨ ᠬᠤᠶᠢᠨ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ | ᠬᠤᠯᠪᠣᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠰᠣᠨᠢᠨ ᠮᠡᠳᠡᠭᠡ ᠨᠡᠶᠢᠲᠡᠯᠡᠬᠦ ᠬᠤᠷᠠᠯ ᠢ | ᠬᠤᠷᠠᠯᠳᠤᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ ᠨᠠᠷᠢᠯᠢᠭ | ᠣᠨᠣᠴᠠᠲᠠᠢ᠂ ᠴᠥᠬᠦᠷᠡᠰᠢ ᠦᠭᠡᠢ ᠰᠠᠶᠢᠲᠤᠷ ᠠᠳᠬᠤᠵᠤ ᠪᠠᠶᠢᠭ᠎ᠠ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠪᠠ᠃ | ᠣᠯᠠᠨ ᠢᠶᠠᠷ ᠢᠶᠠᠨ ᠦᠵᠡᠵᠡᠭᠡᠶ᠎ᠡ ︱ | ᠣᠳᠣᠬᠠᠨ ᠳᠤ ᠪᠦᠬᠦ ᠤᠯᠤᠰ ᠤᠨ ᠬᠢᠵᠢᠭ ᠤᠨ ᠪᠠᠶᠢᠳᠠᠯ ᠰᠢᠪᠲᠤᠯᠤᠯᠲᠠ ᠶᠢᠨ ᠱᠠᠲᠤᠨ ᠳᠤ ᠣᠷᠣᠪᠠ | 3 ᠳ᠋ᠤᠭᠠᠷ ᠰᠠᠷ᠎ᠠ ᠶᠢᠨ 1 ᠤ ᠡᠳᠦᠷ ᠠᠴᠠ 24 ᠤ ᠡᠳᠦᠷ ᠪᠣᠯᠲᠠᠯ᠎ᠠ᠂ ᠪᠥᠬᠦ ᠤᠯᠤᠰ ᠤᠨ ᠲᠤᠬᠠᠢ ᠶᠢᠨ | ᠭᠠᠵᠠᠷ ᠤᠨ ᠬᠠᠯᠳᠠᠪᠤᠷᠢᠯᠠᠭᠳᠠᠭᠴᠢᠳ ᠤᠨ ᠲᠤᠭ᠎ᠠ ᠨᠡᠶᠢᠲᠡ 56000 ᠶᠢ ᠳᠠᠪᠠᠵᠤ᠂ 28 ᠮᠤᠵᠢ ᠶᠢ ᠬᠠᠮᠤᠷᠪᠠ᠃ | ᠡᠭᠦᠨ ᠳᠤ ᠭᠢᠷᠢᠨ ᠮᠤᠵᠢ ᠶᠢᠨ ᠬᠢᠵᠢᠭ ᠤᠨ ᠪᠠᠶᠢᠳᠠᠯ ᠮᠥᠨ ᠬᠦ ᠬᠦᠨᠳᠦ ᠨᠣᠴᠢᠲᠠᠢ ᠪᠠᠶᠢᠳᠠᠯ ᠳᠤ ᠪᠠᠶᠢᠭᠰᠠᠭᠠᠷ | ᠂ 3 ᠳ᠋ᠤᠭᠠᠷ ᠰᠠᠷ᠎ᠠ ᠶᠢᠨ 1 ︱ 24 ᠤ ᠡᠳᠦᠷ ᠪᠣᠯᠲᠠᠯ᠎ᠠ᠂ ᠬᠠᠯᠳᠠᠪᠤᠷᠢᠯᠠᠭᠳᠠᠭᠴᠢᠳ ᠤᠨ ᠲᠤᠭ᠎ᠠ ᠨᠡᠶᠢᠲᠡ | 29000 ᠶᠢ ᠳᠠᠪᠠᠵᠤ᠂ ᠡᠳᠦᠷ ᠪᠦᠷᠢ ᠶᠢᠨ ᠰᠢᠨ᠎ᠡ ᠪᠠᠷ ᠨᠡᠮᠡᠭᠳᠡᠭᠰᠡᠨ ᠬᠥᠮᠥᠨ ᠤ ᠲᠤᠭ᠎ᠠ 1000 ᠶᠢ ᠳᠠᠪᠠᠭᠰᠠᠨ | ᠪᠠᠶᠢᠳᠠᠯ ᠬᠡᠳᠦᠨ ᠡᠳᠦᠷ ᠦᠷᠭᠦᠯᠵᠢᠯᠡᠵᠦ᠂ ᠭᠢᠷᠢᠨ ᠬᠤᠲᠠ ᠪᠣᠯᠣᠨ ᠴᠠᠩᠴᠦ᠋ᠨ ᠬᠤᠲᠠ ᠶᠢᠨ ᠬᠢᠵᠢᠭ ᠤᠨ ᠪᠠᠶᠢᠳᠠᠯ | ᠦᠷᠭᠦᠯᠵᠢᠯᠡᠨ ᠬᠦᠨᠳᠦᠷᠡᠬᠦ ᠱᠠᠲᠤᠨ ᠳᠤ ᠣᠷᠣᠰᠢᠵᠤ ᠪᠠᠶᠢᠨ᠎ᠠ᠃ | ᠱᠠᠩᠬᠠᠢ ᠬᠤᠲᠠ᠂ ᠾᠧᠪᠧᠢ ᠮᠤᠵᠢ᠂ ᠹᠦᠵᠢᠶᠠᠨ ᠮᠤᠵᠢ᠂ ᠯᠢᠶᠣᠤᠨᠢᠩ ᠮᠤᠵᠢ ᠶᠢᠨ ᠬᠢᠵᠢᠭ ᠤᠨ ᠪᠠᠶᠢᠳᠠᠯ | ᠣᠷᠴᠢᠮᠬᠠᠨ ᠳᠤ ᠲᠦᠷᠭᠡᠨ ᠢᠶᠠᠷ ᠨᠡᠮᠡᠭᠳᠡᠵᠦ᠂ ᠬᠢᠵᠢᠭ ᠤᠨ ᠪᠠᠶᠢᠳᠠᠯ ᠡᠭᠦᠰᠦᠭᠰᠡᠨ ᠭᠠᠵᠠᠷ ᠤᠨ ᠨᠡᠶᠢᠭᠡᠮ | ᠲᠣᠭᠤᠷᠢᠭ ᠲᠤ ᠳᠡᠯᠭᠡᠷᠡᠬᠦ ᠲᠦᠭᠰᠢᠭᠦᠷᠢ ᠦᠷᠭᠦᠯᠵᠢᠯᠡᠨ ᠣᠷᠣᠰᠢᠵᠤ ᠪᠠᠶᠢᠨ᠎ᠠ᠃ | ᠱᠠᠨᠳᠦ᠋ᠩ ᠮᠤᠵᠢ ᠶᠢᠨ ᠴᠢᠩᠳᠣᠣ᠂ ᠸᠧᠢ ᠬᠠᠢ᠂ ᠽᠢ ᠪᠥᠸᠧ᠂ ᠭᠤᠸᠠᠩᠳᠦ᠋ᠩ ᠮᠤᠵᠢ ᠶᠢᠨ ᠱᠧᠨᠵᠧᠨ᠂ | ᠳ᠋ᠦᠩ ᠭᠤᠸᠠᠨ ᠵᠡᠷᠭᠡ ᠭᠠᠵᠠᠷ ᠬᠢᠵᠢᠭ ᠤᠨ ᠪᠠᠶᠢᠳᠠᠯ ᠢ ᠠᠩᠬ᠎ᠠ ᠠᠯᠬᠤᠮ ᠡᠵᠡᠮᠳᠡᠵᠡᠢ᠃ | ᠪᠡᠭᠡᠵᠢᠩ ᠬᠤᠲᠠ᠂ ᠴᠦᠩᠴᠢᠩ ᠬᠤᠲᠠ᠂ ᠵᠧᠵᠢᠶᠠᠩ ᠮᠤᠵᠢ ᠵᠡᠷᠭᠡ ᠭᠠᠵᠠᠷ ᠤᠨ ᠬᠢᠵᠢᠭ ᠤᠨ ᠪᠠᠶᠢᠳᠠᠯ | ᠲᠣᠭᠲᠠᠭᠤᠨ ᠪᠣᠯᠵᠤ ᠪᠠᠶᠢᠨ᠎ᠠ᠃ | ᠶᠡᠷᠦᠩᠬᠡᠶᠢᠯᠡᠪᠡᠯ᠂ ᠣᠳᠣᠬᠠᠨ ᠳᠤ ᠪᠦᠬᠦ ᠤᠯᠤᠰ ᠤᠨ ᠬᠢᠵᠢᠭ ᠤᠨ ᠪᠠᠶᠢᠳᠠᠯ ᠰᠢᠪᠲᠤᠯᠤᠯᠲᠠ ᠶᠢᠨ ᠱᠠᠲᠤᠨ ᠳᠤ | ᠣᠷᠣᠰᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠮᠥᠨ ᠬᠦ ᠬᠦᠨᠳᠦ ᠬᠡᠴᠡᠭᠦᠦ ᠪᠥᠭᠡᠳ ᠨᠠᠷᠢᠨ | ᠪᠤᠳᠤᠯᠢᠶᠠᠨᠲᠠᠢ ᠪᠠᠶᠢᠨ᠎ᠠ᠃ | ᠰᠢᠨ᠎ᠡ ᠲᠢᠲᠢᠮᠯᠢᠭ ᠠᠭᠤᠰᠬᠢᠨ ᠤ ᠦᠷᠪᠢᠰᠦᠯ ᠨᠢ ︽ᠶᠡᠭᠡ ᠲᠠᠭᠰᠢᠭᠤᠷ︾ ᠪᠢᠰᠢ | ᠬᠥᠮᠥᠰ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠲᠠᠷᠢᠭᠤᠯᠤᠭᠰᠠᠨ ᠬᠠᠷᠢᠴᠠᠯ ᠤᠯᠠᠮ | ᠥᠨᠳᠥᠷᠵᠢᠬᠦ ᠶᠢ ᠳᠠᠭᠠᠯᠳᠤᠨ᠂ ᠬᠥᠮᠥᠰ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠢᠷᠦ᠋ᠰ ᠤᠨ | ᠡᠭᠡᠯᠢᠯᠡᠭᠡ ᠶᠢᠨ ᠴᠢᠳᠠᠪᠤᠷᠢ ᠲᠠᠰᠤᠷᠠᠯᠲᠠ ᠦᠭᠡᠢ ᠳᠡᠭᠡᠭᠰᠢᠯᠡᠵᠦ ᠪᠠᠶᠢᠨ᠎ᠠ᠃ ᠡᠭᠦᠨ ᠤ ᠳᠡᠭᠡᠷ᠎ᠡ ᠣᠮᠢᠺᠷᠣᠨ | ᠣᠨᠳᠣᠣᠰᠢᠭᠰᠠᠨ ᠬᠤᠣᠷᠲᠤ ᠸᠢᠷᠦ᠋ᠰ ᠤᠨ ᠲᠣᠰ ᠪᠡᠶ᠎ᠡ ᠶᠢᠨ ᠡᠪᠡᠳᠴᠢᠯᠡᠭᠦᠯᠬᠦ ᠴᠢᠨᠠᠷ ᠨᠢ ᠪᠤᠰᠤᠳ ᠬᠤᠣᠷᠲᠤ | ᠸᠢᠷᠦ᠋ᠰ ᠤᠨ ᠬᠢᠷᠢ ᠴᠢᠩᠭ᠎ᠠ ᠪᠢᠰᠢ ᠪᠣᠯᠬᠤᠷ ᠬᠠᠯᠳᠠᠪᠤᠷᠢᠯᠠᠭᠳᠠᠭᠴᠢᠳ ᠤᠨ ᠡᠮᠴᠢᠯᠡᠭᠡᠨ ᠤ ᠬᠦᠨᠳᠦ ᠨᠣᠴᠢᠲᠠᠢ | ᠴᠢᠨᠠᠷ ᠢ ᠵᠠᠭᠤᠨ ᠬᠥᠮᠥᠨ ᠪᠦᠷᠢ ᠶᠢᠨ ᠡᠪᠡᠳᠴᠢᠯᠡᠬᠦ ᠬᠥᠮᠥᠨ ᠤ ᠲᠣᠭᠠᠨ ᠤ ᠬᠠᠷᠢᠴᠠᠯ ᠢᠶᠠᠷ ᠪᠦᠷᠢᠳᠬᠡᠭᠰᠡᠨ ᠶᠢ | ᠦᠵᠡᠪᠡᠯ᠂ ᠦᠨᠡᠬᠡᠷ ᠵᠣᠬᠢᠬᠤ ᠬᠡᠮᠵᠢᠶ᠎ᠡ ᠪᠠᠷ ᠪᠠᠭᠤᠷᠠᠭᠰᠠᠨ ᠪᠠᠶᠢᠨ᠎ᠠ᠃ ᠣᠮᠢᠺᠷᠣᠨ ᠬᠤᠣᠷᠲᠤ ᠸᠢᠷᠦ᠋ᠰ ᠨᠢ ᠲᠠᠷᠬᠠᠬᠤ | ᠬᠤᠷᠳᠤᠴᠠ ᠨᠢ ᠲᠦᠷᠭᠡᠨ᠂ ᠬᠠᠯᠳᠠᠪᠤᠷᠢᠯᠠᠬᠤ ᠬᠥᠮᠥᠨ ᠤ ᠲᠤᠭ᠎ᠠ ᠨᠢ ᠣᠯᠠᠨ᠂ ᠬᠢᠵᠢᠭ ᠤᠨ ᠪᠠᠶᠢᠳᠠᠯ ᠠᠴᠠ | ᠪᠣᠯᠤᠭᠰᠠᠨ ᠦᠬᠦᠯ ᠤᠨ ᠶᠡᠷᠦᠩᠬᠡᠢ ᠲᠤᠭ᠎ᠠ ᠵᠢᠴᠢ ᠨᠡᠶᠢᠭᠡᠮ ᠤᠨ ᠬᠤᠣᠷ ᠬᠥᠨᠥᠭᠡᠯ ᠪᠠ ᠨᠥᠯᠥᠭᠡ ᠨᠢ ᠡᠭᠦᠨ ᠠᠴᠠ | ᠪᠣᠯᠵᠤ ᠬᠥᠩᠭᠡᠷᠡᠭᠰᠡᠨ ᠦᠭᠡᠢ ᠶᠤᠮ᠃ | ᠵᠠᠷᠢᠮ ᠰᠤᠳᠤᠯᠭᠠᠨ ᠳᠤ ᠬᠤᠯᠪᠣᠭᠳᠠᠯ ᠪᠦᠬᠦᠢ ᠤᠯᠤᠰ ᠤᠨ 2021 ᠣᠨ ᠤ 8 ︱ 10 ᠳ᠋ᠤᠭᠠᠷ ᠰᠠᠷ᠎ᠠ | ᠪᠣᠯᠣᠨ 11 ᠳ᠋ᠦ᠋ᠭᠡᠷ ᠰᠠᠷ᠎ᠠ ᠠᠴᠠ ᠡᠨᠡ ᠵᠢᠯ ᠤᠨ 1 ᠳ᠋ᠦ᠋ᠭᠡᠷ ᠰᠠᠷ᠎ᠠ ᠪᠣᠯᠲᠠᠯᠠᠬᠢ ᠬᠤᠶᠠᠷ ᠬᠤᠭᠤᠴᠠᠭᠠᠨ ᠳᠠᠬᠢ | ᠡᠪᠡᠳᠴᠢᠨ ᠢᠶᠠᠷ ᠦᠬᠦᠭᠰᠡᠨ ᠨᠣᠷᠮ᠎ᠠ ᠪᠠ ᠦᠬᠦᠭᠰᠡᠨ ᠨᠣᠷᠮ᠎ᠠ ᠶᠢ ᠬᠠᠷᠢᠴᠠᠭᠤᠯᠤᠨ ᠵᠠᠳᠠᠯᠵᠤ᠂ ᠲᠦᠷᠦᠭᠦᠸ ᠭᠤᠷᠪᠠᠨ | ᠰᠠᠷ᠎ᠠ ᠳᠤ ᠳ᠋ᠧᠯᠲᠨ ᠬᠤᠣᠷᠲᠤ ᠸᠢᠷᠦ᠋ᠰ ᠳᠡᠯᠭᠡᠷᠡᠬᠦ ᠪᠠᠷ ᠭᠤᠣᠯᠯᠠᠵᠤ᠂ ᠰᠡᠭᠦᠯ ᠤᠨ ᠭᠤᠷᠪᠠᠨ ᠰᠠᠷ᠎ᠠ ᠳᠤ ᠤᠮᠢᠺᠷᠤᠨ | ᠬᠤᠣᠷᠲᠤ ᠸᠢᠷᠦ᠋ᠰ ᠳᠡᠯᠭᠡᠷᠡᠬᠦ ᠪᠠᠷ ᠭᠤᠣᠯᠯᠠᠭᠰᠠᠨ ᠶᠤᠮ᠃ ᠣᠮᠢᠺᠷᠣᠨ ᠬᠤᠣᠷᠲᠤ ᠸᠢᠷᠦ᠋ᠰ ᠳᠡᠯᠭᠡᠷᠡᠵᠦ ᠪᠠᠶᠢᠭᠰᠠᠨ | ᠬᠤᠭᠤᠴᠠᠭᠠᠨ ᠳᠠᠬᠢ ᠡᠪᠡᠳᠴᠢᠨ ᠢᠶᠠᠷ ᠦᠬᠦᠭᠰᠡᠨ ᠨᠣᠷᠮ᠎ᠠ ᠨᠢ ᠦᠨᠡᠨ ᠬᠦ ᠪᠠᠭᠤᠷᠠᠭᠰᠠᠨ ᠪᠣᠯᠪᠠᠴᠤ ᠠᠳᠠᠯᠢ | ᠬᠤᠭᠤᠴᠠᠭᠠᠨ ᠤ ᠬᠢᠵᠢᠭ ᠤᠨ ᠪᠠᠶᠢᠳᠠᠯ ᠠᠴᠠ ᠪᠣᠯᠵᠤ ᠦᠬᠦᠭᠰᠡᠨ ᠪᠥᠬᠦ ᠲᠤᠭ᠎ᠠ ᠪᠤᠶᠤ ᠦᠬᠦᠭᠰᠡᠨ ᠨᠣᠷᠮ᠎ᠠ ᠨᠢ | ᠬᠠᠷᠢᠨ ᠳ᠋ᠧᠯᠲ᠋ᠠ ᠬᠤᠣᠷᠲᠤ ᠸᠢᠷᠦ᠋ᠰ ᠳᠡᠯᠭᠡᠷᠡᠵᠦ ᠪᠠᠶᠢᠭᠰᠠᠨ ᠠᠳᠠᠯᠢ ᠬᠤᠭᠤᠴᠠᠭᠠᠨ ᠤ ᠦᠬᠦᠭᠰᠡᠨ ᠲᠤᠭ᠎ᠠ ᠠᠴᠠ | ᠥᠨᠳᠥᠷ ᠪᠠᠶᠢᠳᠠᠭ᠃ ᠡᠨᠡ ᠨᠢ ᠣᠮᠢᠺᠷᠣᠨ ᠬᠤᠣᠷᠲᠤ ᠸᠢᠷᠦ᠋ᠰ ᠤᠨ ᠨᠢᠭᠡ ᠤᠯᠤᠰ ᠲᠤ ᠤᠴᠠᠷᠠᠭᠤᠯᠬᠤ ᠬᠤᠣᠷ | ᠬᠥᠨᠥᠭᠡᠯ ᠨᠢ ᠶᠡᠷᠦᠩᠬᠡᠢ ᠳᠤ ᠪᠠᠨ ᠪᠠᠭᠠᠰᠤᠭᠰᠠᠨ ᠦᠭᠡᠢ ᠭᠡᠳᠡᠭ ᠢ ᠬᠠᠷᠠᠭᠤᠯᠵᠤ ᠪᠠᠶᠢᠨ᠎ᠠ᠃ 2 ᠳ᠋ᠤᠭᠠᠷ ᠰᠠᠷ᠎ᠠ ᠶᠢᠨ | ᠳᠤᠮᠳᠠᠴᠢ ᠠᠴᠠ ᠨᠠᠭᠠᠰᠢ᠂ ᠮᠠᠨ ᠤ ᠤᠯᠤᠰ ᠤᠨ ᠰᠢᠶᠠᠩᠭᠠᠩ ᠳᠤ ᠢᠯᠡᠷᠡᠭᠰᠡᠨ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠢᠶᠠᠷ ᠦᠬᠦᠭᠰᠡᠳ ᠤᠨ ᠵᠢᠱᠢᠶ᠎ᠡ ᠬᠠᠮᠤᠭ ᠤᠨ ᠥᠨᠳᠥᠷ ᠲᠤ ᠪᠠᠨ ᠡᠳᠦᠷ ᠪᠦᠷᠢ 300 ᠰᠢᠬᠠᠮ ᠪᠠᠶᠢᠵᠤ᠂ | ᠣᠳᠣᠬᠠᠨ ᠳᠤ ᠮᠥᠨ ᠯᠡ ᠡᠳᠦᠷ ᠪᠦᠷᠢ 200 ᠣᠷᠴᠢᠮ ᠪᠠᠶᠢᠭᠰᠠᠭᠠᠷ᠃ ᠡᠨᠡ ᠨᠢ ᠣᠮᠢᠺᠷᠣᠨ ᠬᠤᠣᠷᠲᠤ ᠸᠢᠷᠦ᠋ᠰ | ᠲᠠᠷᠬᠠᠭᠰᠠᠨ ᠤ ᠬᠤᠣᠷ ᠬᠥᠨᠥᠭᠡᠯ ᠨᠢ ᠮᠥᠨ ᠬᠦ ᠬᠦᠨᠳᠦ ᠨᠣᠴᠢᠲᠠᠢ ᠪᠠᠶᠢᠵᠤ᠂ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠨᠢ ︽ᠶᠡᠭᠡ ᠲᠠᠭᠰᠢᠭᠤᠷ︾ ᠪᠢᠰᠢ ᠭᠡᠰᠡᠨ ᠢ ᠢᠯᠡᠷᠬᠡᠶᠢᠯᠡᠵᠦ ᠪᠠᠶᠢᠨ᠎ᠠ᠃ | ᠮᠠᠨ ᠤ ᠤᠯᠤᠰ ᠪᠣᠯ ᠬᠥᠮᠥᠨ ᠠᠮᠠ ᠶᠢᠨ ᠶᠡᠭᠡ ᠤᠯᠤᠰ ᠮᠥᠨ᠂ ᠲᠤᠶᠢᠯ ᠤᠨ ᠪᠠᠭ᠎ᠠ ᠡᠪᠡᠳᠴᠢᠯᠡᠬᠦ ᠨᠤᠷᠮ᠎ᠠ | ᠪᠤᠶᠤ ᠦᠬᠦᠬᠦ ᠨᠤᠷᠮ᠎ᠠ ᠶᠢ 14 ᠳ᠋ᠦᠩᠰᠢᠭᠤᠷ ᠬᠥᠮᠥᠨ ᠠᠮᠠ ᠶᠢᠨ ᠸᠢᠷᠦ᠋ᠰ ᠲᠤᠭ᠎ᠠ ᠪᠠᠷ ᠦᠷᠡᠵᠢᠭᠦᠯᠪᠡᠯ᠂ | ᠬᠠᠷᠢᠴᠠᠯᠠᠰᠢ ᠦᠭᠡᠢ ᠲᠤᠭ᠎ᠠ ᠨᠢ ᠮᠠᠰᠢ ᠶᠡᠭᠡ ᠪᠣᠯᠴᠢᠬᠠᠬᠤ ᠶᠤᠮ᠃ ᠭᠠᠭᠴᠠ ᠬᠦ ᠬᠥᠳᠡᠯᠦᠩᠭᠦᠢ ᠪᠠᠷ ᠲᠡᠭ ᠪᠣᠯᠭᠠᠪᠠᠯ | ᠰᠠᠶ᠋ᠢ ᠬᠢᠵᠢᠭ ᠤᠨ ᠪᠠᠶᠢᠳᠠᠯ ᠤᠨ ᠳᠠᠯᠳᠠ ᠬᠡᠮ ᠢ ᠠᠷᠢᠯᠭᠠᠵᠤ᠂ ᠶᠡᠭᠡ ᠬᠡᠪᠴᠢᠶᠡᠨ ᠤ ᠬᠥᠮᠥᠰ ᠤᠨ | ᠬᠠᠯᠳᠠᠪᠤᠷᠢᠯᠠᠯ ᠠᠴᠠ ᠪᠣᠯᠵᠤ ᠮᠡᠳᠡᠬᠦ ᠡᠮᠴᠢᠯᠡᠭᠡᠨ ᠤ ᠡᠬᠢ ᠪᠠᠶᠠᠯᠢᠭ ᠢ ᠰᠢᠬᠠᠨ ᠰᠣᠯᠢᠬᠤ ᠠᠴᠠ ᠵᠠᠶᠢᠯᠠᠰᠬᠢᠵᠦ᠂ ᠶᠡᠭᠡ | ᠬᠡᠮᠵᠢᠶᠡᠨ ᠤ ᠨᠠᠰᠤᠲᠠᠶᠢᠴᠤᠳ ᠪᠤᠶᠤ ᠰᠠᠭᠤᠷᠢ ᠡᠪᠡᠳᠴᠢᠲᠡᠨ ᠵᠡᠷᠭᠡ ᠡᠭᠦᠰᠴᠦ ᠮᠡᠳᠡᠬᠦ ᠦᠬᠦᠯ ᠠᠴᠠ ᠰᠡᠷᠭᠡᠶᠢᠯᠡᠵᠦ | ᠴᠢᠳᠠᠨ᠎ᠠ᠃ | ᠠᠨᠲ᠋ᠢᠭᠧᠡ ᠤ ᠪᠠᠶᠢᠴᠠᠭᠠᠯᠲᠠ ᠪᠠᠷ 48 ᠴᠠᠭ ᠤᠨ ᠪᠥᠭᠡᠮ ᠬᠦᠴᠢᠯ ᠤᠨ ᠪᠠᠶᠢᠴᠠᠭᠠᠯᠲᠠ ᠶᠢ ᠣᠷᠣᠯᠠᠭᠤᠯᠵᠤ | ᠪᠣᠯᠬᠤ ᠦᠭᠡᠢ | ᠠᠨᠲ᠋ᠢᠭᠧᠡ ᠤ ᠪᠠᠶᠢᠴᠠᠭᠠᠯᠲᠠ ᠪᠣᠯ ᠸᠢᠷᠦ᠋ᠰ ᠤᠨ ᠪᠥᠭᠡᠮ ᠬᠦᠴᠢᠯ ᠢ ᠪᠠᠶᠢᠴᠠᠭᠠᠬᠤ ᠶᠢᠨ ᠴᠢᠬᠤᠯᠠ ᠨᠢᠭᠡᠨ | ᠨᠥᠬᠦᠪᠦᠷᠢ ᠪᠠᠶᠢᠵᠤ᠂ ᠣᠨᠴᠠᠭᠠᠶᠢᠯᠠᠨ ᠤᠮᠢᠺᠷᠤᠨ ᠮᠡᠲᠦ ᠶᠢᠨ ᠶᠡᠭᠡ ᠬᠡᠪᠴᠢᠶ᠎ᠡ ᠪᠠᠷ ᠲᠦᠷᠭᠡᠨ ᠲᠠᠷᠬᠠᠭᠰᠠᠨ | ᠡᠪᠡᠳᠴᠢᠨ ᠤ ᠪᠠᠶᠢᠳᠠᠯ ᠳᠣᠣᠷ᠎ᠠ᠂ ᠪᠥᠭᠡᠮ ᠬᠦᠴᠢᠯ ᠢ ᠪᠠᠶᠢᠴᠠᠭᠠᠬᠤ ᠴᠢᠳᠠᠪᠤᠷᠢ ᠬᠦᠷᠦᠯᠴᠡᠬᠦ ᠦᠭᠡᠢ ᠦᠶ᠎ᠡ ᠳᠤ᠂ | ᠠᠨᠲ᠋ᠢᠭᠧᠡ ᠢ ᠪᠠᠶᠢᠴᠠᠭᠠᠬᠤ ᠪᠣᠯ ᠲᠤᠶᠢᠯ ᠤᠨ ᠴᠢᠬᠤᠯᠠ ᠨᠥᠬᠦᠪᠦᠷᠢ ᠪᠣᠯᠣᠨ᠎ᠠ᠃ ᠭᠡᠪᠡᠴᠦ ᠠᠨᠲ᠋ᠢᠭᠧᠡ ᠤ | ᠪᠠᠶᠢᠴᠠᠭᠠᠯᠲᠠ ᠶᠢ ᠪᠢᠳᠡ ᠮᠥᠨ ᠯᠡ ᠬᠠᠮᠢᠶᠠᠷᠤᠭᠳᠠᠨ ᠡᠵᠡᠮᠳᠡᠭᠳᠡᠵᠦ ᠪᠠᠶᠢᠭ᠎ᠠ ᠬᠥᠮᠥᠰ᠂ ᠲᠤᠰᠠᠭᠠᠷᠯᠠᠭᠳᠠᠵᠤ ᠪᠠᠶᠢᠭ᠎ᠠ | ᠬᠥᠮᠥᠰ᠂ ᠨᠢᠭᠲᠠ ᠣᠶᠢᠷᠠᠲᠤᠭᠰᠠᠳ ᠳᠡᠭᠡᠷ᠎ᠡ ᠬᠢᠵᠠᠭᠠᠷᠯᠠᠵᠤ᠂ ᠡᠩ ᠤᠨ ᠠᠷᠠᠳ ᠲᠤ ᠠᠨᠲ᠋ᠢᠭᠧᠡ ᠤ ᠪᠠᠶᠢᠴᠠᠭᠠᠯᠲᠠ | ᠬᠢᠬᠦ ᠶᠢ ᠰᠠᠨᠠᠭᠤᠯᠬᠤ ᠦᠭᠡᠢ᠃ | ᠠᠨᠲ᠋ᠢᠭᠧᠡ ᠤ ᠪᠠᠶᠢᠴᠠᠭᠠᠯᠲᠠ ᠪᠠᠷ ᠡᠪᠡᠳᠴᠢᠨ ᠢ ᠠᠷᠢᠯᠭᠠᠬᠤ ᠣᠨᠣᠰᠢᠯᠠᠯᠲᠠ ᠪᠣᠯᠭᠠᠵᠤ ᠪᠣᠯᠬᠤ ᠦᠭᠡᠢ᠂ 48 | ᠴᠠᠭ ᠤᠨ ᠪᠥᠭᠡᠮ ᠬᠦᠴᠢᠯ ᠤᠨ ᠪᠠᠶᠢᠴᠠᠭᠠᠯᠲᠠ ᠶᠢ ᠣᠷᠣᠯᠠᠭᠤᠯᠵᠤ ᠪᠠᠰᠠ ᠪᠣᠯᠬᠤ ᠦᠭᠡᠢ᠃ ᠤᠴᠢᠷ ᠨᠢ ᠠᠨᠲ᠋ᠢᠭᠧᠡ ᠢ | ᠰᠢᠯᠭᠠᠨ ᠪᠠᠶᠢᠴᠠᠭᠠᠬᠤ ᠨᠢ ᠵᠣᠬᠢᠬᠤ ᠬᠡᠮᠵᠢᠶᠡᠨ ᠤ ᠬᠠᠭᠤᠷᠮᠠᠭ ᠠᠷᠭ᠎ᠠ ᠴᠢᠨᠠᠷ ᠪᠠ ᠬᠠᠭᠤᠷᠮᠠᠭ ᠪᠢᠯᠢᠭ ᠴᠢᠨᠠᠷ | ᠣᠷᠣᠰᠢᠵᠤ᠂ ᠠᠨᠲ᠋ᠢᠭᠧᠡ ᠤ ᠪᠠᠶᠢᠴᠠᠭᠠᠯᠲᠠ ᠠᠷᠭ᠎ᠠ ᠴᠢᠨᠠᠷ ᠲᠠᠢ ᠪᠠᠶᠢᠳᠠᠯ ᠳᠣᠣᠷ᠎ᠠ᠂ ᠡᠴᠦᠰ ᠲᠤ ᠨᠢ ᠪᠠᠰᠠ ᠪᠥᠭᠡᠮ | ᠬᠦᠴᠢᠯ ᠢ ᠨᠢ ᠪᠠᠶᠢᠴᠠᠭᠠᠬᠤ ᠴᠢᠬᠤᠯᠠᠲᠠᠢ᠃ ᠭᠡᠪᠡᠴᠦ ᠪᠠᠶᠢᠴᠠᠭᠠᠯᠲᠠ ᠠᠷᠭ᠎ᠠ ᠴᠢᠨᠠᠷ ᠲᠠᠢ ᠪᠠᠶᠢᠳᠠᠯ ᠳᠣᠣᠷ᠎ᠠ᠂ ᠪᠢᠳᠡ | ᠴᠠᠭ ᠲᠤᠬᠠᠢ ᠳᠤ ᠨᠢ ᠬᠠᠮᠢᠶᠠᠷᠤᠨ ᠡᠵᠡᠮᠳᠡᠵᠦ᠂ ᠤᠯᠠᠮ ᠨᠢᠭᠡ ᠠᠯᠬᠤᠮ ᠲᠠᠷᠬᠠᠭᠠᠬᠤ ᠠᠶᠤᠯ ᠲᠦᠭᠰᠢᠭᠦᠷᠢ ᠠᠴᠠ | ᠵᠠᠶᠢᠯᠠᠰᠬᠢᠵᠦ ᠴᠢᠳᠠᠨ᠎ᠠ᠃ | ︽ᠴᠠᠭ ᠪᠠ ᠣᠷᠣᠨ ᠵᠠᠢ ᠶᠢᠨ ᠳᠠᠭᠠᠯᠳᠤᠭᠴᠢ︾ ᠶᠢ ᠰᠢᠭᠰᠢᠨ ᠪᠠᠶᠢᠴᠠᠭᠠᠪᠠᠯ ᠳᠠᠯᠳᠠ | ᠬᠠᠯᠳᠠᠪᠤᠷᠢᠯᠠᠭᠳᠠᠭᠴᠢᠳ ᠢ ᠬᠠᠮᠤᠭ ᠤᠨ ᠶᠡᠭᠡ ᠬᠡᠮᠵᠢᠶ᠎ᠡ ᠪᠠᠷ ᠢᠯᠡᠷᠡᠭᠦᠯᠵᠦ ᠪᠣᠯᠣᠨ᠎ᠠ | ︽ᠴᠠᠭ ᠪᠠ ᠣᠷᠣᠨ ᠵᠠᠢ ᠶᠢᠨ ᠳᠠᠭᠠᠯᠳᠤᠭᠴᠢᠳ︾ ᠢ ᠵᠠᠷᠢᠮ ᠳᠤ ᠪᠠᠨ ︽ᠴᠠᠭ ᠪᠠ ᠣᠷᠣᠨ ᠵᠠᠢ | ᠣᠭᠲᠠᠯᠤᠯᠴᠠᠭᠰᠠᠳ︾ ᠭᠡᠳᠡᠭ᠂ ᠶᠡᠷᠦ ᠳᠤ ᠪᠠᠨ 14 ᠡᠳᠦᠷ ᠤᠨ ᠳᠣᠲᠣᠷ᠎ᠠ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠲᠣᠳᠣᠯᠠᠭᠳᠠᠭᠰᠠᠨ ᠡᠪᠡᠳᠴᠢᠲᠡᠨ ᠲᠠᠢ ᠠᠳᠠᠯᠢ ᠴᠠᠭ ᠪᠠ ᠣᠷᠣᠨ ᠵᠠᠢ ᠳᠤ ᠬᠡᠰᠡᠭ ᠬᠤᠭᠤᠴᠠᠭ᠎ᠠ | ᠬᠠᠮᠲᠤ ᠪᠠᠶᠢᠭᠰᠠᠨ ᠬᠥᠮᠥᠨ ᠢ ᠵᠢᠭᠠᠨ᠎ᠠ᠃ ︽ᠴᠠᠭ ᠪᠠ ᠣᠷᠣᠨ ᠵᠠᠢ ᠶᠢᠨ ᠳᠠᠭᠠᠯᠳᠤᠭᠴᠢ︾ ᠶᠢ ᠰᠢᠭᠰᠢᠨ | ᠪᠠᠶᠢᠴᠠᠭᠠᠪᠠᠯ ᠳᠠᠯᠳᠠ ᠬᠠᠯᠳᠠᠪᠤᠷᠢᠯᠠᠭᠳᠠᠭᠴᠢᠳ ᠢ ᠬᠠᠮᠤᠭ ᠤᠨ ᠶᠡᠭᠡ ᠬᠡᠮᠵᠢᠶ᠎ᠡ ᠪᠠᠷ ᠢᠯᠡᠷᠡᠭᠦᠯᠵᠦ᠂ ︽ᠴᠠᠭ ᠪᠠ | ᠣᠷᠣᠨ ᠵᠠᠢ ᠳᠠᠪᠬᠤᠴᠠᠭᠰᠠᠨ︾ ᠠᠴᠠ ᠪᠣᠯᠵᠤ ᠬᠠᠯᠳᠠᠪᠤᠷᠢᠯᠠᠭᠳᠠᠵᠤ ᠮᠡᠳᠡᠬᠦ ᠬᠥᠮᠥᠰ ᠢ ᠭᠤᠣᠯᠳᠠᠯᠭ᠎ᠠ ᠲᠠᠢ ᠵᠢᠭᠰᠠᠭᠠᠨ | ᠪᠠᠶᠢᠴᠠᠭᠠᠯᠲᠠ ᠳᠤ ᠣᠷᠣᠭᠤᠯᠵᠤ᠂ ᠡᠷᠲᠡᠬᠡᠨ ᠢᠯᠡᠷᠡᠭᠦᠯᠬᠦ ᠪᠠ ᠰᠡᠷᠭᠡᠶᠢᠯᠡᠨ ᠡᠵᠡᠮᠳᠡᠬᠦ ᠪᠣᠭᠤᠮᠲᠠ ᠶᠢ ᠤᠷᠤᠭᠰᠢ | ᠰᠢᠯᠵᠢᠭᠦᠯᠬᠦ ᠶᠢ ᠪᠡᠶᠡᠯᠡᠭᠦᠯᠵᠦ ᠳᠡᠶᠢᠯᠦᠨ᠎ᠡ᠃ ᠶᠡᠷᠦ ᠳᠤ ᠪᠠᠨ ᠨᠢᠭᠡᠨᠲᠡ ᠲᠣᠭᠲᠠᠭᠰᠠᠨ ᠴᠠᠭ ᠪᠠ ᠣᠷᠣᠨ ᠵᠠᠢ ᠶᠢᠨ | ᠳᠠᠭᠠᠯᠳᠤᠭᠴᠢ ᠶᠢ ᠤᠯᠠᠮ ᠨᠢᠭᠡ ᠠᠯᠬᠤᠮ ᠵᠢᠭᠰᠠᠭᠠᠨ ᠪᠠᠶᠢᠴᠠᠭᠠᠵᠤ᠂ ᠴᠠᠭ ᠪᠠ ᠣᠷᠣᠨ ᠵᠠᠢ ᠶᠢᠨ ᠳᠠᠭᠠᠯᠳᠤᠭᠴᠢ ᠶᠢᠨ | ᠠᠷᠭ᠎ᠠ ᠮᠠᠶ᠋ᠢᠭ᠂ ᠪᠣᠳᠠᠲᠠᠢ ᠴᠠᠭ ᠪᠠ ᠪᠣᠳᠠᠲᠠᠢ ᠵᠠᠢ ᠶᠢ ᠲᠣᠳᠣᠷᠬᠠᠶᠢᠯᠠᠵᠤ᠂ ᠬᠠᠯᠳᠠᠪᠤᠷᠢᠯᠠᠬᠤ ᠲᠦᠭᠰᠢᠭᠦᠷᠢ ᠶᠢ | ᠰᠤᠳᠤᠯᠤᠨ ᠮᠠᠭᠠᠳᠯᠠᠳᠠᠭ᠃ ᠬᠡᠷᠪᠡ ᠵᠢᠭᠰᠠᠭᠠᠨ ᠪᠠᠶᠢᠴᠠᠭᠠᠬᠤ ᠳᠤ ᠨᠢᠭᠡᠨᠲᠡ ᠲᠣᠳᠣᠷᠬᠠᠢ ᠪᠣᠯᠤᠭᠰᠠᠨ ᠪᠥᠭᠡᠳ | ᠨᠢᠭᠲᠠ ᠣᠶᠢᠷᠠᠲᠤᠭᠰᠠᠳ ᠪᠢᠰᠢ ᠮᠥᠷᠲᠡᠭᠡᠨ ᠳᠠᠮ ᠨᠢᠭᠲᠠ ᠣᠶᠢᠷᠠᠲᠤᠭᠰᠠᠳ ᠴᠦ ᠪᠢᠰᠢ ᠶᠤᠮ ᠪᠣᠯ ᠳᠠᠷᠤᠢ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠳᠤ ᠨᠡᠷᠪᠡᠭᠳᠡᠬᠦ ᠲᠦᠭᠰᠢᠭᠦᠷᠢ ᠦᠭᠡᠢ ᠶᠤᠮ᠃ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠣᠳᠠᠲᠠᠢ ᠶᠠᠪᠤᠴᠠ ᠳᠤ᠂ ᠣᠬᠤᠷᠬᠠᠨ ᠬᠤᠭᠤᠴᠠᠭᠠᠨ ᠤ ᠳᠣᠲᠣᠷ᠎ᠠ ᠶᠡᠭᠡ ᠬᠡᠮᠵᠢᠶᠡᠨ ᠤ ᠴᠠᠭ | ᠪᠠ ᠣᠷᠣᠨ ᠵᠠᠢ ᠶᠢᠨ ᠳᠠᠭᠠᠯᠳᠤᠭᠴᠢ ᠶᠢ ᠢᠯᠡᠷᠡᠭᠦᠯᠵᠦ᠂ ᠴᠠᠭ ᠪᠠ ᠣᠷᠣᠨ ᠵᠠᠢ ᠶᠢᠨ ᠳᠠᠭᠠᠯᠳᠤᠭᠴᠢ ᠪᠣᠯᠭᠠᠨ ᠢ ᠴᠠᠭ | ᠲᠤᠬᠠᠢ ᠳᠤ ᠨᠢ ᠵᠢᠭᠰᠠᠭᠠᠨ ᠪᠠᠶᠢᠴᠠᠭᠠᠬᠤ ᠶᠢᠨ ᠠᠷᠭ᠎ᠠ ᠦᠭᠡᠢ ᠪᠠᠶᠢᠳᠠᠭ᠃ ᠲᠦᠭᠰᠢᠭᠦᠷᠢ ᠶᠢ ᠵᠢᠭᠰᠠᠭᠠᠨ | ᠪᠠᠶᠢᠴᠠᠭᠠᠬᠤ ᠶᠢ ᠪᠡᠶᠡᠯᠡᠭᠦᠯᠦᠭᠰᠡᠨ ᠦᠭᠡᠢ ᠴᠠᠭ ᠪᠠ ᠣᠷᠣᠨ ᠵᠠᠢ ᠶᠢᠨ ᠳᠠᠭᠠᠯᠳᠤᠭᠴᠢ ᠶᠢ ᠰᠡᠷᠭᠡᠶᠢᠯᠡᠨ ᠡᠵᠡᠮᠳᠡᠬᠦ | ᠱᠠᠭᠠᠷᠳᠠᠯᠭ᠎ᠠ ᠶᠣᠰᠣᠭᠠᠷ᠂ ᠭᠡᠷ ᠲᠤ ᠨᠢ ᠲᠤᠰᠠᠭᠠᠷᠯᠠᠭᠤᠯᠬᠤ ᠪᠤᠶᠤ ᠲᠣᠭᠲᠠᠭᠠᠭᠰᠠᠨ ᠭᠠᠵᠠᠷ ᠲᠤ ᠲᠤᠰᠠᠭᠠᠷᠯᠠᠭᠤᠯᠵᠤ᠂ | ᠵᠢᠭᠰᠠᠭᠠᠨ ᠪᠠᠶᠢᠴᠠᠭᠠᠬᠤ ᠶᠢ ᠳᠠᠭᠤᠰᠲᠠᠯ᠎ᠠ᠂ ᠡᠰᠡᠬᠦᠯ᠎ᠡ ᠴᠠᠭ ᠪᠠ ᠣᠷᠣᠨ ᠵᠠᠢ ᠶᠢᠨ ᠳᠠᠭᠠᠯᠳᠤᠭᠰᠠᠨ ᠪᠠᠶᠢᠳᠠᠯ ᠢ | ᠬᠦᠴᠦᠨ ᠦᠭᠡᠢ ᠪᠣᠯᠭᠠᠲᠠᠯ᠎ᠠ ᠲᠤᠰᠠᠭᠠᠷᠯᠠᠭᠤᠯᠤᠨᠠ᠃ | 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠸᠠᠺᠼᠢᠨ ᠲᠠᠷᠢᠬᠤ ᠡᠷᠡᠭᠦᠯ ᠪᠤᠰᠤ ᠲᠤᠰᠬᠠᠯ ᠡᠭᠦᠰᠬᠦ ᠨᠣᠷᠮ᠎ᠠ ᠨᠢ ᠪᠤᠰᠤᠳ ᠨᠠᠰᠤᠨ ᠤ ᠬᠢ ᠠᠴᠠ ᠳᠣᠣᠷ᠎ᠠ | ᠨᠠᠰᠤᠲᠠᠶᠢᠴᠤᠳ ᠪᠣᠯ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢ ᠤᠷᠢᠳ ᠢᠶᠠᠷ ᠲᠠᠷᠢᠬᠤ | ᠬᠥᠮᠥᠰ ᠤᠨ ᠨᠢᠭᠡ ᠪᠣᠯᠣᠨ᠎ᠠ᠃ ᠣᠳᠣᠬᠠᠨ ᠳᠤ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠨᠠᠰᠤᠨ ᠤ ᠳᠣᠣᠷᠠᠳᠤ | ᠬᠢᠵᠠᠭᠠᠷ ᠤᠨ ᠲᠤᠬᠠᠢ ᠱᠠᠭᠠᠷᠳᠠᠯᠭ᠎ᠠ ᠲᠠᠢ᠂ ᠨᠠᠰᠤᠨ ᠤ ᠳᠡᠭᠡᠳᠦ ᠬᠢᠵᠠᠭᠠᠷ ᠤᠨ ᠲᠤᠬᠠᠢ ᠲᠣᠭᠲᠠᠭᠠᠯ ᠦᠭᠡᠢ᠂ 3 | ᠨᠠᠰᠤᠨ ᠠᠴᠠ ᠳᠡᠭᠡᠭᠰᠢᠬᠢ ᠬᠥᠮᠥᠰ ᠪᠦᠷ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠢ ᠴᠥᠮ ᠲᠠᠷᠢᠭᠤᠯᠵᠤ ᠪᠣᠯᠣᠨ᠎ᠠ | ᠃ | ᠣᠳᠣᠬᠠᠨ ᠳᠤ ᠮᠠᠨ ᠤ ᠤᠯᠤᠰ ᠤᠨ 60 ᠨᠠᠰᠤ ᠵᠢᠴᠢ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ 2. | 64 ᠳ᠋ᠦᠩᠰᠢᠭᠤᠷ ᠢ ᠳᠠᠪᠠᠵᠤ᠂ ᠡᠭᠦᠨ ᠤ ᠳᠣᠲᠣᠷ᠎ᠠ 2.12 ᠳ᠋ᠦᠩᠰᠢᠭᠤᠷ ᠭᠠᠷᠤᠢ ᠨᠠᠰᠤᠲᠠᠶᠢᠴᠤᠳ ᠨᠢᠭᠡᠨᠲᠡ | ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠢ ᠪᠥᠬᠦᠨ ᠢ ᠲᠠᠷᠢᠭᠤᠯᠪᠠ᠃ ᠣᠳᠣᠬᠠᠨ ᠤ ᠮᠠᠨ ᠤ ᠬᠢᠨᠠᠨ ᠰᠢᠨᠵᠢᠯᠡᠭᠰᠡᠨ | ᠳ᠋ᠦᠩ ᠠᠴᠠ ᠦᠵᠡᠪᠡᠯ᠂ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠤᠨ ᠡᠷᠡᠭᠦᠯ ᠪᠤᠰᠤ ᠲᠤᠰᠬᠠᠯ ᠭᠠᠷᠬᠤ | ᠨᠣᠷᠮ᠎ᠠ ᠨᠢ ᠪᠤᠰᠤᠳ ᠨᠠᠰᠤᠨ ᠤ ᠱᠠᠲᠤᠨ᠍ ᠤ ᠡᠷᠡᠭᠦᠯ ᠪᠤᠰᠤ ᠲᠤᠰᠬᠠᠯ ᠭᠠᠷᠬᠤ ᠨᠣᠷᠮ᠎ᠠ ᠠᠴᠠ ᠳᠣᠣᠷ᠎ᠠ ᠪᠠᠶᠢᠨ᠎ᠠ᠃ | ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠢ ᠪᠥᠬᠦᠨ ᠢ ᠲᠠᠷᠢᠭᠤᠯᠤᠭᠰᠠᠨ ᠬᠥᠮᠥᠨ ᠤ ᠲᠤᠭ᠎ᠠ ᠤᠯᠤᠰ ᠤᠨ | ᠪᠥᠬᠦ ᠬᠥᠮᠥᠨ ᠠᠮᠠ ᠶᠢᠨ 88.01% ᠶᠢ ᠡᠵᠡᠯᠡᠪᠡ | 3 ᠳ᠋ᠤᠭᠠᠷ ᠰᠠᠷ᠎ᠠ ᠶᠢᠨ 24 ᠤ ᠡᠳᠦᠷ ᠪᠣᠯᠲᠠᠯ᠎ᠠ᠂ ᠪᠥᠬᠦ ᠤᠯᠤᠰ ᠲᠤ ᠨᠡᠶᠢᠲᠡ 32 ᠳ᠋ᠦᠩᠰᠢᠭᠤᠷ 4359. | 9 ᠲᠦᠮᠡᠨ ᠤᠳᠠᠭᠠᠨ ᠤ ᠲᠠᠷᠢᠯᠭ᠎ᠠ ᠬᠢᠵᠦ᠂ ᠸᠠᠺᠼᠢᠨ ᠲᠠᠷᠢᠭᠤᠯᠤᠭᠰᠠᠨ ᠪᠥᠬᠦ ᠬᠥᠮᠥᠨ ᠤ ᠲᠤᠭ᠎ᠠ 12 | ᠳ᠋ᠦᠩᠰᠢᠭᠤᠷ 7554.1 ᠲᠦᠮᠡ ᠳᠤ ᠬᠦᠷᠴᠦ᠂ ᠬᠠᠮᠤᠷᠤᠭᠰᠠᠨ ᠬᠥᠮᠥᠨ ᠤ ᠲᠤᠭ᠎ᠠ ᠨᠢ ᠤᠯᠤᠰ ᠤᠨ ᠪᠥᠬᠦ | ᠬᠥᠮᠥᠨ ᠠᠮᠠ ᠶᠢᠨ 90.47% ᠶᠢ ᠡᠵᠡᠯᠡᠵᠦ᠂ ᠨᠢᠭᠡᠨᠲᠡ 12 ᠳ᠋ᠦᠩᠰᠢᠭᠤᠷ 4077.7 ᠲᠦᠮᠡᠨ ᠬᠥᠮᠥᠨ ᠪᠥᠬᠦ | ᠲᠠᠷᠢᠯᠭ᠎ᠠ ᠶᠢ ᠲᠠᠷᠢᠭᠤᠯᠵᠤ᠂ ᠪᠥᠬᠦ ᠲᠠᠷᠢᠯᠭ᠎ᠠ ᠶᠢ ᠲᠠᠷᠢᠭᠤᠯᠤᠭᠰᠠᠨ ᠬᠥᠮᠥᠨ ᠤ ᠲᠤᠭ᠎ᠠ ᠨᠢ ᠤᠯᠤᠰ ᠤᠨ ᠪᠥᠬᠦ | ᠬᠥᠮᠥᠨ ᠠᠮᠠ ᠶᠢᠨ 88.01% ᠶᠢ ᠡᠵᠡᠯᠡᠪᠡ᠃ 6 ᠳ᠋ᠦᠩᠰᠢᠭᠤᠷ 7127 ᠲᠦᠮᠡᠨ ᠬᠥᠮᠥᠨ ᠡᠭᠡᠯᠢᠯᠡᠭᠡ | ᠴᠢᠩᠭᠠᠳᠬᠠᠬᠤ ᠲᠠᠷᠢᠯᠭ᠎ᠠ ᠲᠠᠷᠢᠭᠤᠯᠵᠤ᠂ ᠡᠭᠦᠨ ᠳᠤ 1219.1 ᠲᠦᠮᠡᠨ ᠬᠥᠮᠥᠨ ᠬᠡᠯᠬᠢᠶᠡᠮᠡᠯ ᠡᠭᠡᠯᠢᠯᠡᠭᠡ | ᠴᠢᠩᠭᠠᠳᠬᠠᠬᠤ ᠲᠠᠷᠢᠯᠭ᠎ᠠ ᠲᠠᠷᠢᠭᠤᠯᠪᠠ᠃ | |