ᠴᠢ ᠹᠧᠢ ᠶᠦᠨ ᠡᠩ ᠤᠨ ᠨᠠᠮ ᠤᠨ ᠭᠡᠰᠢᠭᠦᠨ ᠤ ᠬᠤᠪᠢ ᠪᠠᠷ ᠥᠪᠡᠷ ᠤᠨ ᠪᠠᠶᠢᠭ᠎ᠠ ᠨᠠᠮ ᠤᠨ ᠡᠭᠦᠷ ᠤᠨ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠳᠤ ᠣᠷᠤᠯᠴᠠᠬᠤ ᠳᠠᠭᠠᠨ ᠴᠢᠬᠤᠯᠠᠴᠢᠯᠠᠭᠰᠠᠨ ᠨᠢ ᠤᠯᠤᠰ ᠲᠦᠷᠦ ᠶᠢᠨ ᠬᠠᠷᠢᠭᠤᠴᠠᠯᠭ᠎ᠠ ᠪᠠᠨ ᠴᠢᠩᠭᠠᠳᠬᠠᠵᠤ ᠴᠢᠳᠠᠪᠤᠷᠢ ᠪᠠᠨ ᠦᠨᠡᠨᠬᠦ ᠳᠡᠭᠡᠭᠰᠢᠯᠡᠭᠦᠯᠵᠦ ᠰᠤᠷᠲᠠᠯ ᠢᠶᠠᠨ ᠦᠷᠭᠦᠯᠵᠢᠯᠡᠨ ᠰᠠᠶᠢᠵᠢᠷᠠᠭᠤᠯᠵᠤ ᠴᠢᠨᠠᠷ ᠰᠠᠶᠢᠲᠠᠢ ᠬᠥᠭᠵᠢᠯᠲᠡ ᠳᠤ ᠪᠦᠬᠦ ᠲᠠᠯ᠎ᠠ ᠪᠠᠷ ᠦᠢᠯᠡᠴᠢᠯᠡᠬᠦ ᠶᠠᠪᠤᠴᠠ ᠳᠤ ᠵᠢᠱᠢᠶ᠎ᠡ ᠦᠵᠡᠭᠦᠯᠵᠤ ᠬᠡᠪ ᠳᠠᠭᠤᠷᠢᠶᠠᠯ ᠪᠣᠯᠬᠤ ᠪᠠᠷ ᠴᠢᠷᠮᠠᠶᠢᠬᠤ ᠬᠡᠷᠡᠭᠲᠡᠢ
ᠨᠡᠶᠢᠲᠡᠯᠡᠭᠰᠡᠨ ᠴᠠᠭ᠄
2022/3/30
    3 ᠰᠠᠷ᠎ᠠ ᠶᠢᠨ 28 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠧᠢ ᠶᠦᠨ ᠡᠩ ᠤᠨ ᠨᠠᠮ ᠤᠨ ᠭᠡᠰᠢᠭᠦᠨ ᠤ ᠬᠤᠪᠢ ᠪᠠᠷ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠤᠨ ᠪᠠᠶᠢᠭᠤᠯᠭ᠎ᠠ ᠶᠢᠨ ᠨᠢᠭᠡᠳᠦᠭᠡᠷ ᠨᠠᠮ ᠤᠨ ᠡᠭᠦᠷ ᠤᠨ 2021 ᠣᠨ ᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠳᠤ ᠣᠷᠣᠯᠴᠠᠵᠤ᠂ ᠨᠠᠮ ᠤᠨ ᠡᠭᠦᠷ ᠤᠨ ᠨᠠᠮ ᠤᠨ ᠭᠡᠰᠢᠭᠦᠳ ᠲᠠᠢ ᠬᠠᠮᠲᠤ ᠰᠤᠷᠤᠯᠴᠠᠨ ᠶᠠᠷᠢᠯᠴᠠᠵᠤ᠂ ᠣᠯᠣᠯᠲᠠ ᠲᠥᠷᠥᠭᠳᠡᠯ ᠢᠶᠠᠨ ᠰᠣᠯᠢᠯᠴᠠᠨ᠂ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠭᠥᠷᠳᠡᠪᠡ᠃ ᠲᠡᠷᠡ᠂ ᠤᠯᠤᠰ ᠲᠦᠷᠦ ᠶᠢᠨ ᠬᠠᠷᠢᠭᠤᠴᠠᠯᠭ᠎ᠠ ᠪᠠᠨ ᠴᠢᠩᠭᠠᠳᠬᠠᠵᠤ᠂ ᠴᠢᠳᠠᠪᠤᠷᠢ ᠪᠠᠨ ᠦᠨᠡᠨᠬᠦ ᠳᠡᠭᠡᠭᠰᠢᠯᠡᠭᠦᠯᠵᠦ᠂ ᠰᠤᠷᠲᠠᠯ ᠢᠶᠠᠨ ᠦᠷᠭᠦᠯᠵᠢᠯᠡᠨ ᠰᠠᠶᠢᠵᠢᠷᠠᠭᠤᠯᠵᠤ᠂ ᠴᠢᠨᠠᠷ ᠰᠠᠶᠢᠲᠠᠢ ᠬᠥᠭᠵᠢᠯᠲᠡ ᠳᠤ ᠪᠦᠬᠦ ᠲᠠᠯ᠎ᠠ ᠪᠠᠷ ᠦᠢᠯᠡᠴᠢᠯᠡᠬᠦ ᠶᠠᠪᠤᠴᠠ ᠳᠤ ᠵᠢᠱᠢᠶ᠎ᠡ ᠦᠵᠡᠭᠦᠯᠵᠤ ᠬᠡᠪ ᠳᠠᠭᠤᠷᠢᠶᠠᠯ ᠪᠣᠯᠬᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠳᠡᠭᠡᠷ᠎ᠡ᠂ ᠨᠠᠮ ᠤᠨ ᠡᠭᠦᠷ ᠤᠨ ᠬᠠᠷᠢᠭᠤᠴᠠᠯᠭᠠᠲᠠᠨ ᠨᠥᠬᠦᠳ ᠨᠠᠮ ᠤᠨ ᠡᠭᠦᠷ ᠤᠨ ᠭᠡᠰᠢᠭᠦᠳ ᠤᠨ ᠬᠤᠷᠠᠯ ᠢ ᠲᠥᠯᠥᠭᠡᠯᠡᠨ 2021 ᠣᠨ ᠤ ᠠᠵᠢᠯ ᠤᠨ ᠪᠠᠶᠢᠳᠠᠯ ᠢ ᠮᠡᠳᠡᠭᠦᠯᠵᠦ᠂ ᠨᠠᠮ ᠤᠨ ᠡᠭᠦᠷ ᠤᠨ ᠭᠡᠰᠢᠭᠦᠳ ᠤᠨ ᠬᠤᠷᠠᠯ ᠤᠨ ᠠᠰᠠᠭᠤᠳᠠᠯ ᠢ ᠪᠠᠶᠢᠴᠠᠭᠠᠨ ᠦᠵᠡᠭᠰᠡᠨ ᠪᠠᠶᠢᠳᠠᠯ ᠢ ᠮᠡᠳᠡᠭᠳᠡᠪᠡ᠃ ᠨᠠᠮ ᠤᠨ ᠡᠭᠦᠷ ᠤᠨ ᠤᠳᠤᠷᠢᠳᠬᠤ ᠪᠠᠭ ᠤᠨ ᠪᠦᠷᠢᠯᠳᠦᠭᠦᠨ ᠨᠢᠭᠡᠳ ᠨᠢᠭᠡ ᠪᠠᠷ ᠶᠠᠷᠢᠶ᠎ᠠ ᠲᠠᠯᠪᠢᠵᠤ᠂ ᠲᠤᠰ ᠪᠡᠶ᠎ᠡ ᠶᠢᠨ ᠠᠵᠢᠯ ᠲᠠᠢ ᠪᠠᠨ ᠤᠶᠠᠯᠳᠤᠭᠤᠯᠤᠨ ᠲᠠᠨᠢᠯᠲᠠ᠂ ᠣᠶᠢᠯᠠᠭᠠᠯᠲᠠ᠂ ᠲᠥᠯᠥᠪᠯᠡᠭᠡ ᠪᠠᠨ ᠶᠠᠷᠢᠵᠤ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠲᠥᠪ ᠴᠢᠩᠭ᠎ᠠ ᠨᠠᠷᠢᠨ ᠬᠢᠨᠠᠮᠠᠭᠠᠢ ᠥᠷᠨᠢᠭᠦᠯᠪᠡ᠃     ᠤᠯᠠᠨ ᠤ ᠶᠠᠷᠢᠶ᠎ᠠ ᠶᠢ ᠨᠠᠷᠢᠨ ᠬᠢᠨᠠᠮᠠᠭᠠᠢ ᠰᠣᠨᠣᠰᠤᠭᠰᠠᠨ ᠤ ᠳᠠᠷᠠᠭ᠎ᠠ᠂ ᠴᠢ ᠹᠧᠢ ᠶᠦᠨ᠂ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠪᠣᠯ ᠵᠠᠰᠠᠭ ᠤᠨ ᠣᠷᠳᠣᠨ ᠤ ᠠᠵᠢᠯᠯᠠᠭᠠᠨ ᠤ ᠬᠦᠢᠰᠦ ᠮᠥᠨ᠂  ᠳᠡᠭᠡᠷ᠎ᠡ ᠳᠤᠤᠷᠡᠬᠢ ᠶᠢ ᠵᠤᠯᠭᠠᠯᠳᠤᠭᠤᠯᠤᠨ ᠵᠠᠯᠭᠠᠯᠳᠤᠭᠤᠯᠵᠤ᠂ ᠡᠯ᠎ᠡ ᠲᠠᠯ᠎ᠠ ᠶᠢᠨ ᠬᠢᠨ ᠢ ᠵᠣᠬᠢᠴᠠᠭᠤᠯᠬᠤ ᠳᠤ ᠬᠠᠷᠢᠭᠤᠴᠠᠯᠭ᠎ᠠ ᠬᠦᠨᠳᠦ ᠶᠤᠮ᠃ ᠭᠤᠣᠯᠳᠠᠯᠭ᠎ᠠ ᠶᠢᠨ ᠲᠣᠭᠤᠷᠢᠨ ᠳᠤ᠂ ᠶᠡᠭᠡ ᠲᠠᠯ᠎ᠠ ᠳᠤ ᠦᠢᠯᠡᠴᠢᠯᠡᠵᠦ᠂ ︽ᠭᠤᠷᠪᠠ ᠳᠤ ᠦᠢᠯᠡᠴᠢᠯᠡᠬᠦ︾ ᠠᠵᠢᠯ ᠤᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠥᠨᠳᠥᠷ ᠪᠠᠷᠢᠮᠵᠢᠶ᠎ᠠ ᠪᠠᠷ᠂ ᠴᠢᠨᠠᠷ ᠰᠠᠶᠢᠲᠠᠢ᠂ ᠥᠨᠳᠥᠷ ᠦᠷ᠎ᠡ ᠪᠦᠲᠦᠮᠵᠢᠲᠡᠢ ᠪᠠᠷ ᠠᠬᠢᠭᠤᠯᠵᠤ᠂ ᠪᠦᠬᠦ ᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠤᠶᠤᠨ ᠤᠬᠠᠭᠠᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠵᠢᠭᠠᠵᠤ ᠭᠠᠷᠭᠠᠪᠠ᠃     ᠴᠢ ᠹᠧᠢ ᠶᠦᠨ ᠨᠠᠮ ᠤᠨ ᠭᠡᠰᠢᠭᠦᠨ ᠺᠠᠳ᠋ᠷᠴᠤᠳ ᠢ ᠨᠠᠮᠴᠢ ᠴᠢᠨᠠᠷ ᠤᠨ ᠪᠣᠯᠪᠠᠰᠤᠷᠠᠯ ᠢᠶᠠᠨ ᠴᠢᠩᠭᠠᠳᠬᠠᠵᠤ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ ᠭᠡᠵᠦ ᠵᠣᠷᠢᠭᠵᠢᠭᠤᠯᠪᠠ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠦᠢᠯᠡᠳᠦᠯᠭᠡᠵᠢᠭᠦᠯᠵᠦ᠂ ᠰᠢᠨ᠎ᠡ ᠴᠠᠭ ᠦᠶ᠎ᠡ ᠶᠢᠨ ᠤᠯᠠᠨ ᠲᠦᠮᠡᠨᠴᠢ ᠱᠤᠭᠤᠮ ᠢᠶᠠᠷ ᠰᠠᠶᠢᠲᠤᠷ ᠵᠠᠮᠨᠠᠵᠤ᠂ ᠰᠠᠨᠠᠭᠠᠴᠢᠯᠠᠭ᠎ᠠ ᠠᠴᠠ ᠪᠠᠨ ᠦᠨᠳᠦᠰᠦᠨ ᠱᠠᠲᠤᠨ ᠳᠤ ᠬᠦᠷᠴᠦ᠂ ᠠᠷᠠᠳ ᠤᠨ ᠳᠠᠭᠤᠨ ᠠᠷᠠᠳ ᠤᠨ ᠪᠠᠶᠢᠳᠠᠯ ᠢ ᠰᠣᠨᠣᠰᠴᠤ᠂ ᠤᠯᠠᠨ ᠲᠦᠮᠡᠨ ᠤ ᠠᠩᠬᠠᠷᠴᠤ ᠪᠠᠶᠢᠭ᠎ᠠ ᠪᠠᠴᠢᠮ ᠬᠦᠴᠢᠷ ᠵᠣᠪᠠᠭᠤᠷᠢ ᠲᠠᠢ ᠠᠰᠠᠭᠤᠳᠠᠯ ᠢ ᠦᠨᠡᠨᠬᠦ ᠰᠠᠶᠢᠲᠤᠷ ᠰᠢᠢᠳᠪᠦᠷᠢᠯᠡᠵᠦ᠂ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ᠃ ᠬᠤᠷᠢᠭ᠎ᠠ ᠱᠤᠭᠤᠮ ᠤᠨ ᠤᠬᠠᠮᠰᠠᠷ᠂ ᠤᠯᠠᠭᠠᠨ ᠱᠤᠭᠤᠮ ᠤᠨ ᠤᠬᠠᠮᠰᠠᠷ ᠢ ᠪᠠᠲᠤ ᠪᠤᠢ ᠪᠣᠯᠭᠠᠵᠤ᠂ ᠰᠠᠬᠢᠯᠭ᠎ᠠ ᠪᠠᠲᠤ ᠪᠠ ᠶᠣᠰᠣ ᠳᠦᠷᠢᠮ ᠢ ᠢᠮᠠᠭᠲᠠ ᠲᠡᠷᠢᠭᠦᠨ ᠳᠤ ᠲᠠᠯᠪᠢᠵᠤ᠂ ᠢᠮᠠᠭᠲᠠ ᠪᠢᠰᠢᠷᠡᠨ ᠵᠢᠷᠦᠬᠡᠰᠢᠶᠡᠬᠦ᠂ ᠭᠠᠭᠴᠠᠭᠠᠷ ᠪᠠᠶᠢᠬᠤ ᠳᠠᠭᠠᠨ ᠬᠢᠴᠢᠶᠡᠩᠭᠦᠢ ᠪᠠᠶᠢᠵᠤ᠂ ᠤᠭ ᠴᠢᠨᠠᠷ ᠢᠶᠠᠨ ᠡᠭᠦᠷᠢᠳᠡ ᠬᠠᠳᠠᠭᠠᠯᠠᠬᠤ ᠬᠡᠷᠡᠭᠲᠡᠢ᠃ ᠤᠨᠤᠯ ᠤᠨ ᠰᠤᠷᠤᠯᠴᠠᠯᠭ᠎ᠠ ᠶᠢ ᠴᠢᠩᠭᠠᠳᠬᠠᠵᠤ᠂ ᠰᠤᠷᠤᠯᠴᠠᠬᠤ ᠬᠠᠷᠠᠯᠲᠠ ᠪᠠᠨ ᠲᠣᠳᠣᠷᠬᠠᠶᠢᠯᠠᠵᠤ᠂ ᠰᠤᠷᠤᠯᠴᠠᠬᠤ ᠠᠷᠭ᠎ᠠ ᠪᠠᠨ ᠰᠠᠶᠢᠵᠢᠷᠠᠭᠤᠯᠵᠤ᠂ ᠰᠤᠷᠤᠯᠴᠠᠬᠤ ᠠᠷᠭ᠎ᠠ ᠵᠠᠮ ᠢᠶᠠᠨ ᠥᠷᠭᠡᠳᠬᠡᠵᠦ᠂ ᠤᠨᠤᠯ ᠤᠨ ᠪᠣᠯᠪᠠᠰᠤᠷᠠᠯ᠂ ᠤᠯᠤᠰ ᠲᠦᠷᠦ ᠶᠢᠨ ᠪᠣᠯᠪᠠᠰᠤᠷᠠᠯ᠂ ᠲᠤᠰᠬᠠᠢ ᠮᠡᠷᠭᠡᠵᠢᠯ ᠤᠨ ᠪᠣᠯᠪᠠᠰᠤᠷᠠᠯ ᠢᠶᠠᠨ ᠳᠡᠭᠡᠭᠰᠢᠯᠡᠭᠦᠯᠵᠦ᠂ ᠰᠤᠷᠤᠯᠴᠠᠯᠭ᠎ᠠ ᠪᠠᠷ ᠪᠡᠶ᠎ᠡ ᠪᠠᠨ ᠵᠠᠰᠠᠵᠤ᠂ ᠰᠤᠷᠤᠯᠴᠠᠯᠭ᠎ᠠ ᠪᠠᠷ ᠴᠢᠳᠠᠪᠤᠷᠢ ᠪᠠᠨ ᠨᠡᠮᠡᠭᠳᠡᠭᠦᠯᠵᠦ᠂ ᠰᠤᠷᠤᠯᠴᠠᠯᠭ᠎ᠠ ᠪᠠᠷ ᠦᠢᠯᠡᠳᠦᠯᠭᠡᠵᠢᠭᠦᠯᠦᠯᠲᠡ ᠶᠢ ᠠᠬᠢᠭᠤᠯᠵᠤ᠂ ᠠᠵᠢᠯ ᠢᠶᠠᠨ ᠠᠬᠢᠭᠤᠯᠬᠤ ᠳᠤ ᠴᠠᠭᠠᠷᠠᠭᠰᠠᠨ᠂ ᠤᠯᠠᠨ ᠲᠠᠯ᠎ᠠ ᠶᠢᠨ ᠴᠢᠳᠠᠪᠤᠷᠢᠲᠠᠨ ᠪᠣᠯᠬᠤ ᠪᠠᠷ ᠴᠢᠷᠮᠠᠶᠢᠬᠤ ᠬᠡᠷᠡᠭᠲᠡᠢ᠃ ᠦᠨᠡᠨᠬᠦ ᠠᠳᠬᠤᠨ ᠪᠣᠳᠠᠲᠠᠢ ᠠᠵᠢᠯᠯᠠᠵᠤ᠂ ᠰᠡᠳᠬᠢᠯ ᠰᠠᠨᠠᠭ᠎ᠠ ᠪᠠᠨ ᠲᠥᠪ ᠪᠣᠯᠭᠠᠵᠤ᠂ ᠵᠥᠪ ᠣᠨᠣᠪᠴᠢᠲᠠᠢ ᠠᠵᠢᠯ ᠤᠨ ᠠᠮᠵᠢᠯᠲᠠ ᠶᠢᠨ ᠦᠵᠡᠯᠲᠡ ᠶᠢ ᠪᠤᠢ ᠪᠣᠯᠭᠠᠵᠤ᠂ ︽ᠬᠢᠷ ᠪᠦᠲᠦᠮᠵᠢ ᠶᠢᠨ ᠬᠠᠭᠤᠳᠠᠰᠤ︾᠂ ︽ᠳᠤᠬᠢᠶᠠᠨ ᠳ᠋ᠧᠩ︾᠂ ︽ᠳᠠᠷᠤᠶᠢᠬᠠᠨ ᠭᠦᠢᠴᠡᠳᠬᠡᠬᠦ︾ ᠤᠬᠠᠮᠰᠠᠷ ᠢᠶᠠᠨ ᠳᠠᠰᠤᠷᠠᠯᠳᠠ ᠦᠭᠡᠢ ᠳᠡᠭᠡᠭᠰᠢᠯᠡᠭᠦᠯᠵᠦ᠂ ᠵᠠᠷᠯᠢᠭ ᠢ ᠰᠣᠨᠣᠰᠤᠮᠠᠭᠴᠠ ᠬᠥᠳᠡᠯᠵᠦ᠂ ᠵᠠᠷᠯᠢᠭ ᠢ ᠰᠣᠨᠣᠰᠤᠮᠠᠭᠴᠠ ᠬᠡᠷᠡᠭᠵᠢᠭᠦᠯᠵᠦ᠂ ᠤᠯᠠᠭᠠᠨᠴᠠᠪ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠬᠦᠨᠳᠦ ᠡᠭᠦᠷᠭᠡ ᠶᠢ ᠡᠭᠦᠷᠭᠡᠯᠡᠵᠦ ᠳᠡᠶᠢᠯᠬᠦ ᠴᠠᠭ ᠦᠶ᠎ᠡ ᠶᠢᠨ ᠰᠢᠨ᠎ᠡ ᠬᠥᠮᠥᠨ ᠪᠣᠯᠬᠤ ᠪᠠᠷ ᠴᠢᠷᠮᠠᠶᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃ ︵ᠪᠠᠢ ᠴᠢᠶᠦ᠋ᠩ ᠰᠡᠭᠦᠳᠡᠷᠯᠡᠪᠡ︶
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2