ᠯᠢᠶᠠᠩᠴᠧᠩ ᠰᠢᠶᠠᠨ ᠤ ᠢᠲᠡᠭᠡᠮᠵᠢ ᠶᠢᠨ ᠬᠤᠯᠪᠣᠭᠠᠲᠤ ᠬᠤᠷᠰᠢᠶ᠎ᠠ 2022 ᠣᠨ ᠳᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠵᠢᠭᠡᠯᠡᠯᠭᠡ 1.5 ᠳ᠋ᠦᠩᠰᠢᠭᠤᠷ ᠲᠥᠭᠦᠷᠢᠭ ᠲᠠᠯᠪᠢᠬᠤ ᠪᠠᠷ ᠲᠥᠯᠥᠪᠯᠡᠵᠦ ᠪᠣᠶ
ᠨᠡᠶᠢᠲᠡᠯᠡᠭᠰᠡᠨ ᠴᠠᠭ᠄
2022/3/30
   ᠤᠢᠢᠷ᠎ᠠ ᠶᠢᠨ ᠵᠢᠯ ᠠᠴᠠ᠂ ᠯᠢᠶᠠᠩᠴᠧᠩ ᠰᠢᠶᠠᠨ ᠤ ᠬᠤᠯᠪᠣᠭᠠᠲᠤ ᠬᠤᠷᠰᠢᠶ᠎ᠠ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠠᠷᠢᠶᠠᠯᠠᠩ᠂ ᠬᠥᠳᠡᠭᠡ ᠲᠣᠰᠬᠤᠨ᠂ ᠲᠠᠷᠢᠶᠠᠴᠢᠨ ᠢ ᠳᠡᠮᠵᠢᠬᠦ ᠪᠠ ᠵᠢᠵᠢᠭ ᠪᠢᠴᠢᠯ ᠠᠵᠤ ᠦᠢᠯᠡᠰ ᠢ ᠳᠡᠮᠵᠢᠬᠦ ᠪᠠᠶᠢᠷᠢ ᠲᠣᠭᠲᠠᠭᠠᠯᠲᠠ ᠶᠢ ᠪᠠᠲᠤ ᠰᠠᠬᠢᠵᠤ᠂ ᠵᠠᠰᠠᠭ ᠤᠨ ᠣᠷᠳᠣᠨ ᠤ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢᠨ ᠲᠣᠭᠤᠷᠢᠨ ᠳᠤ᠂ ᠲᠤᠰ ᠪᠡᠶ᠎ᠡ ᠶᠢᠨ ᠦᠢᠯᠡᠴᠢᠯᠡᠭᠡᠨ ᠤ ᠬᠡᠪᠴᠢᠶ᠎ᠡ ᠲᠠᠢ ᠪᠠᠨ ᠤᠶᠠᠯᠳᠤᠭᠤᠯᠵᠤ᠂ ᠲᠠᠷᠢᠶᠠᠨ ᠭᠠᠵᠠᠷ ᠤᠨ ᠲᠥᠬᠦᠭᠡᠷᠦᠮᠵᠢ᠂ ᠦᠷ᠎ᠡ᠂ ᠬᠢᠮᠢ ᠶᠢᠨ ᠪᠤᠷᠳᠤᠭᠤᠷ᠂ ᠲᠠᠷᠢᠶᠠᠨ ᠡᠮ ᠵᠡᠷᠭᠡ ᠲᠠᠷᠢᠶᠠᠯᠡᠩ ᠦᠢᠯᠡᠳᠪᠦᠷᠢᠯᠡᠯ ᠤᠨ ᠬᠡᠷᠡᠭᠰᠡᠯ ᠤᠨ ᠡᠵᠡᠩᠨᠡᠯᠲᠡ ᠶᠢᠨ ᠭᠤᠣᠯ ᠴᠣᠭᠴᠠ ᠳᠤ ᠴᠢᠭᠯᠡᠭᠦᠯᠵᠦ᠂ ᠵᠢᠭᠡᠯᠡᠯᠭᠡ ᠲᠠᠯᠪᠢᠬᠤ ᠡᠷᠴᠢᠮ ᠢᠶᠠᠨ ᠴᠢᠩᠭᠠᠷᠠᠭᠤᠯᠪᠠ᠃ ᠰᠠᠨᠠᠭᠠᠴᠢᠯᠠᠭ᠎ᠠ ᠠᠴᠠ ᠪᠠᠨ ᠲᠠᠷᠢᠶᠠᠴᠢᠨ ᠡᠷᠦᠬᠡ ᠲᠠᠢ ᠵᠣᠯᠭᠠᠭᠤᠯᠵᠤ᠂  ᠭᠡᠷ ᠲᠤᠨᠢ ᠬᠦᠷᠴᠦ ᠬᠠᠷᠢᠴᠠᠭᠠᠨ ᠡᠷᠦᠬᠡ ᠶᠢᠨ ᠮᠡᠳᠡᠭᠡ ᠵᠠᠩᠭᠢ ᠶᠢ ᠴᠤᠭᠯᠠᠭᠤᠯᠬᠤ ᠪᠠ ᠲᠠᠰ ᠲᠣᠭᠲᠠᠭᠠᠨ ᠤᠷᠢᠳᠴᠢᠯᠠᠨ ᠢᠲᠡᠭᠡᠮᠵᠢ ᠣᠯᠭᠤᠬᠤ ᠠᠵᠢᠯ ᠢ ᠬᠢᠵᠣ᠂ ᠨᠡᠷᠡᠰ ᠤᠨ ᠲᠦᠷᠢᠮ ᠤᠨ ᠨᠠᠷᠢᠯᠢᠭ ᠣᠨᠣᠪᠴᠢᠲᠠᠢ ᠡᠵᠡᠩᠨᠡᠨ ᠪᠣᠷᠣᠯᠠᠭᠤᠯᠤᠯᠲᠠ ᠶᠢ ᠥᠷᠨᠢᠭᠦᠯᠵᠦ᠂ ᠲᠠᠷᠢᠶᠠᠴᠢᠨ ᠡᠷᠦᠬᠡ ᠶᠢᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠪᠠᠯᠠ ᠮᠥᠩᠭᠦ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠪᠠ᠃ 2022 ᠣᠨ ᠳᠤ᠂ ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠶᠢᠨ ᠬᠢᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠵᠢᠭᠡᠯᠡᠯᠭᠡ ᠶᠢ 1.5 ᠳ᠋ᠦᠩᠰᠢᠭᠤᠷ ᠲᠥᠭᠦᠷᠢᠭ ᠲᠠᠯᠪᠢᠬᠤ ᠪᠠᠷ ᠲᠥᠯᠥᠪᠯᠡᠵᠦ᠂ ᠣᠲᠣ ᠶᠠᠭ ᠲᠠᠷᠬᠠᠭᠠᠵᠤ ᠪᠣᠶ᠃                                                        ᠤᠷᠴᠢᠭᠤᠯᠤᠭᠴᠢ᠄ ᠬᠤᠩ ᠱᠦᠸᠧ                              ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2