1 — 3 ᠰᠠᠷ᠎ᠠ ᠳᠤ᠂ ᠵᠢᠨᠢᠩ ᠲᠣᠭᠤᠷᠢᠭ ᠤᠨ ᠬᠤᠲᠠ ᠪᠠᠯᠭᠠᠰᠤᠨ ᠤ ᠰᠢᠨ᠎ᠡ ᠪᠠᠷ ᠠᠵᠢᠯ ᠣᠯᠤᠭᠰᠠᠨ | ᠬᠥᠮᠦᠨ ᠤ ᠲᠤᠭ᠎ᠠ 3024 ᠪᠣᠯᠵᠣ᠂ ᠬᠤᠲᠠ ᠪᠠᠯᠭᠠᠰᠤᠨ ᠤ ᠠᠵᠢᠯ ᠠᠯᠳᠠᠭᠰᠠᠨ 2245 ᠬᠥᠮᠦᠨ ᠳᠤ ᠳᠠᠬᠢᠨ | ᠠᠵᠢᠯ ᠣᠯᠭᠤᠵᠤ᠂ ᠠᠵᠢᠯ ᠤᠯᠬᠤ ᠳᠤ ᠬᠦᠴᠢᠷᠲᠡᠶ 311 ᠬᠥᠮᠦᠨ ᠳᠤ ᠠᠵᠢᠯ ᠣᠯᠭᠤᠵᠤ᠂ ᠬᠤᠲᠠ ᠪᠠᠯᠭᠠᠰᠤᠨ ᠤ | ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 4.5% ᠶᠢᠨ ᠳᠣᠲᠣᠷ᠎ᠠ ᠬᠢᠵᠠᠭᠠᠷᠯᠠᠪᠠ᠃ ᠮᠡᠷᠭᠡᠵᠢᠯ | ᠴᠢᠳᠠᠪᠤᠷᠢ ᠶᠢᠨ ᠪᠣᠯᠪᠠᠰᠤᠷᠠᠯ ᠤᠨ ᠠᠩᠭᠢ ᠶᠢ 22 ᠬᠤᠭᠤᠴᠠᠭ᠎ᠠ ᠥᠷᠨᠢᠭᠦᠯᠵᠦ᠂ 1081 ᠬᠥᠮᠦᠨ ᠳᠤ ᠪᠣᠯᠪᠠᠰᠤᠷᠠᠯ | ᠬᠦᠷᠲᠡᠭᠡᠪᠡ᠃ ᠰᠦᠯᠵᠢᠶ᠎ᠡ ᠪᠠᠷ ᠠᠳᠠᠯ ᠦᠢᠯᠡᠰ ᠴᠣᠭᠴᠠᠯᠠᠬᠤ ᠪᠣᠯᠪᠠᠰᠤᠷᠠᠯ ᠤᠨ ᠠᠩᠭᠢ ᠶᠢ 9 ᠬᠤᠭᠤᠴᠠᠭ᠎ᠠ | ᠥᠷᠨᠢᠭᠦᠯᠵᠦ᠂ 247 ᠬᠥᠮᠦᠨ ᠳᠤ ᠪᠣᠯᠪᠠᠰᠤᠷᠠᠯ ᠬᠦᠷᠲᠡᠭᠡᠪᠡ᠃ ᠠᠵᠢᠯ ᠠᠯᠳᠠᠯᠲᠠ ᠶᠢᠨ ᠳᠠᠭᠠᠳᠬᠠᠯ ᠤᠨ ᠣᠷᠣᠯᠭ᠎ᠠ | ᠨᠡᠶᠢᠲᠡ 130 ᠭᠠᠷᠤᠶ ᠲᠦᠮᠡᠨ ᠲᠥᠭᠦᠷᠢᠭ ᠲᠤ ᠬᠦᠷᠴᠦ᠂ 204 ᠠᠵᠢᠯ ᠠᠯᠳᠠᠭᠰᠠᠨ ᠠᠵᠢᠯᠲᠠᠨ ᠢ ᠭᠥᠯᠢᠶᠡᠨ | ᠠᠪᠴᠤ᠂ ᠨᠡᠶᠢᠲᠡ 3000 ᠭᠠᠷᠤᠶ ᠬᠥᠮᠦᠨ ᠤᠳᠠᠭ᠎ᠠ ᠳᠤ 524.12 ᠲᠦᠮᠡᠨ ᠲᠥᠭᠦᠷᠢᠭ ᠤᠨ ᠠᠵᠢᠯ | ᠠᠯᠳᠠᠯᠲᠠ ᠶᠢᠨ ᠳᠠᠭᠠᠳᠬᠠᠯ ᠤᠨ ᠮᠥᠩᠭᠦ ᠲᠠᠷᠬᠠᠭᠠᠵᠤ᠂ 170 ᠬᠥᠮᠦᠨ ᠤᠳᠠᠭ᠎ᠠ ᠳᠤ 26.47 ᠲᠦᠮᠡᠨ | ᠲᠥᠭᠦᠷᠢᠭ ᠤᠨ ᠠᠵᠢᠯ ᠠᠯᠳᠠᠯᠲᠠ ᠶᠢᠨ ᠨᠥᠬᠦᠪᠥᠷᠢ ᠮᠥᠩᠭᠦ ᠣᠯᠭᠤᠪᠠ᠃ ᠠᠵᠢᠯ ᠲᠠᠢ ᠬᠥᠮᠦᠨ ᠥᠬᠡᠶ ᠬᠡᠷ ᠪᠦᠯᠢ | 1 ᠡᠷᠦᠬᠡ ᠪᠠᠶᠢᠵᠤ᠂ 1 ᠬᠥᠮᠦᠨ ᠢ ᠲᠥᠪᠬᠢᠨᠡᠭᠦᠯᠵᠦ᠂ ᠠᠵᠢᠯ ᠲᠠᠢ ᠬᠥᠮᠦᠨ ᠥᠬᠡᠶ ᠬᠡᠷ ᠪᠦᠯᠢ ᠶᠢ ᠴᠠᠭ ᠲᠤᠬᠠᠢ | ᠳᠤᠨᠢ ᠠᠷᠢᠯᠭᠠᠬᠤ ᠬᠠᠷᠠᠯᠲᠠ ᠶᠢ ᠪᠡᠶᠡᠯᠡᠭᠦᠯᠪᠡ᠃ | | | ᠤᠷᠴᠢᠭᠤᠯᠤᠭᠴᠢ᠄ ᠬᠤᠩ ᠱᠦᠸᠧ | ᠬᠢᠨᠠᠭᠴᠢ᠄ ᠠᠷᠢᠭᠤᠨ |