ᠰᠢᠩ ᠾᠧ ᠰᠢᠶᠠᠨ ᠤ 1 — 2 ᠳ᠋ᠤᠭᠠᠷ ᠰᠠᠷ᠎ᠠ ᠶᠢᠨ ᠠᠵᠤ ᠠᠬᠤᠶ ᠶᠢᠨ ᠶᠡᠷᠦᠩᠬᠡᠶ ᠠᠵᠢᠯᠯᠠᠭᠠᠨ ᠤ ᠪᠠᠶᠢᠳᠠᠯ
ᠨᠡᠶᠢᠲᠡᠯᠡᠭᠰᠡᠨ ᠴᠠᠭ᠄
2022/3/30
     ᠠᠩᠬ᠎ᠠ ᠠᠯᠬᠤᠮ ᠤᠨ ᠲᠤᠭᠠᠴᠠᠭ᠎ᠠ ᠬᠢᠵᠤ ᠬᠠᠷᠢᠭᠤ ᠲᠤᠰᠬᠠᠭᠰᠠᠨ ᠪᠦᠷᠢᠳᠬᠡᠯ ᠢ ᠦᠨᠳᠦᠰᠦᠯᠡᠪᠡᠯ᠂ 1 — 2 ᠰᠠᠷ᠎ᠠ ᠳᠤ ᠰᠢᠩ ᠾᠧ ᠰᠢᠶᠠᠨ ᠤ ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ ︵GDP︶ 62697 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 30.5% ᠪᠠᠷ ᠨᠡᠮᠡᠭᠳᠡᠨ᠂ ᠠᠵᠤ ᠠᠬᠤᠶ ᠶᠢᠨ ᠠᠵᠢᠯᠯᠠᠭᠠᠨ ᠳᠤ ᠲᠦᠷᠭᠡᠨ ᠬᠥᠭᠵᠢᠬᠦ ᠬᠠᠨᠳᠤᠰᠢ ᠢᠯᠡᠷᠡᠵᠡᠶ᠃ ᠡᠭᠦᠨ ᠳᠤ᠄ ᠨᠢᠭᠡᠳᠦᠭᠡᠷ ᠠᠵᠤ ᠦᠢᠯᠡᠰ ᠤᠨ ᠨᠡᠮᠡᠭᠳᠡᠯ ᠤᠨ ᠥᠷᠲᠡᠭ 2977 ᠲᠦᠮᠡᠨ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 2.5% ᠪᠠᠷ ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠤᠨ ᠥᠷᠲᠡᠭ 41048 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 46.6% ᠪᠠᠷ ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠤᠨ ᠥᠷᠲᠡᠭ 18672 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9% ᠪᠠᠷ ᠨᠡᠮᠡᠭᠳᠡᠨ᠂ ᠠᠵᠤ ᠠᠬᠤᠶ ᠶᠡᠷᠦᠩᠬᠡᠶ ᠳᠡᠭᠡᠨ ᠲᠦᠷᠭᠡᠨ ᠬᠥᠭᠵᠢᠬᠦ ᠬᠠᠨᠳᠤᠰᠢ ᠲᠠᠢ ᠪᠣᠯᠪᠠ᠃                                              ᠤᠷᠴᠢᠭᠤᠯᠤᠭᠴᠢ᠄ ᠬᠤᠩ ᠱᠦᠸᠧ                              ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2