1 — 2 ᠳ᠋ᠤᠭᠠᠷ ᠰᠠᠷ᠎ᠠ ᠳᠤ ᠹᠧᠩᠵᠧᠨ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ 39.4% ᠳᠤ ᠬᠦᠷᠴᠦ ᠪᠥᠬᠦ ᠬᠤᠲᠠ ᠳᠤ ᠨᠢᠭᠡᠳᠦᠭᠡᠷ ᠲᠤ ᠣᠷᠣᠪᠠ
ᠨᠡᠶᠢᠲᠡᠯᠡᠭᠰᠡᠨ ᠴᠠᠭ᠄
2022/3/31
     1 — 2 ᠳ᠋ᠤᠭᠠᠷ ᠰᠠᠷ᠎ᠠ ᠳᠤ᠂ ᠹᠧᠩᠵᠧᠨ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ 54 ᠠᠵᠤ  ᠦᠢᠯᠡᠳᠪᠦᠷᠢ ᠶᠢᠨ ᠠᠵᠤ ᠠᠬᠤᠶᠢᠯᠠᠯ ᠤᠨ ᠪᠡᠶᠡᠯᠡᠭᠦᠯᠦᠭᠰᠡᠨ ᠦᠢᠯᠡᠳᠬᠦᠨ ᠤ ᠪᠥᠬᠦ ᠥᠷᠲᠡᠭ ᠨᠢ 62.8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 47% ᠪᠠᠷ ᠨᠡᠮᠡᠭᠳᠡᠪᠡ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ 8 ᠶᠡᠭᠡ ᠭᠤᠤᠯᠯᠠᠬᠤ ᠠᠵᠢᠯ ᠲᠥᠷᠥᠯ ᠤᠨ ᠳᠣᠲᠣᠷ᠎ᠠ᠂ 6 ᠲᠥᠷᠥᠯ ᠤᠨ ᠠᠵᠢᠯ ᠲᠥᠷᠥᠯ ᠤᠨ ᠦᠢᠯᠡᠳᠬᠦᠨ  ᠤ ᠥᠷᠲᠡᠭ ᠤᠨ ᠨᠡᠮᠡᠭᠳᠡᠯ ᠤᠨ ᠬᠤᠷᠳᠤᠴᠠ ᠨᠢ ᠡᠶᠡᠷᠭᠦ ᠨᠡᠮᠡᠭᠳᠡᠯ ᠲᠠᠢ  ᠪᠠᠶᠢᠵᠤ᠂ ᠡᠭᠦᠨ ᠳᠤ᠂ ᠬᠢᠮᠢ ᠶᠢᠨ ᠠᠵᠤ ᠦᠢᠯᠡᠳᠪᠦᠷᠢ ᠶᠢᠨ ᠠᠵᠢᠯ ᠲᠥᠷᠥᠯ ᠤᠨ ᠰᠠᠨ ᠠᠶ ᠹᠦ᠋ ᠸᠠᠨ ᠬᠤᠤ ᠹᠯᠣᠷ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠶᠢᠨ ᠦᠢᠯᠡᠳᠬᠦᠨ ᠤ ᠦᠨ᠎ᠡ ᠶᠡᠭᠡ ᠪᠠᠷ ᠥᠰᠦᠭᠰᠡᠨ ᠤ ᠠᠬᠢᠭᠤᠯᠤᠯ ᠳᠣᠤᠷ᠎ᠠ ᠨᠡᠮᠡᠭᠳᠡᠯ ᠤᠨ ᠬᠡᠮᠵᠢᠶ᠎ᠡ ᠨᠢ ᠬᠠᠮᠤᠭ ᠤᠨ ᠢᠯᠡᠷᠬᠡᠶ ᠪᠠᠶᠢᠵᠤ᠂ ᠨᠡᠮᠡᠭᠳᠡᠯ ᠤᠨ ᠬᠤᠷᠳᠤᠴᠠ ᠨᠢ 146% ᠳᠤ ᠬᠦᠷᠴᠡᠶ᠃ ᠨᠡᠭᠦᠷᠡᠰᠦᠲᠥ᠋ᠷᠥᠭᠴᠢ ᠡᠳ᠋ ᠤᠨ ᠠᠵᠢᠯ ᠲᠥᠷᠥᠯ ᠤᠨ ᠬᠢᠨ ᠵᠢᠢ ᠮᠧᠩ ᠨᠡᠭᠦᠷᠡᠰᠦᠲᠥ᠋ᠷᠥᠭᠴᠢ ᠡᠳ᠋ ᠤᠨ ᠺᠣᠮᠫᠠᠨᠢ ᠶᠢᠨ ᠳᠠᠭᠠᠭᠤᠯᠭ᠎ᠠ ᠳᠣᠤᠷ᠎ᠠ᠂ ᠨᠡᠮᠡᠭᠳᠡᠯ ᠤᠨ ᠬᠤᠷᠳᠤᠴᠠ ᠨᠢ 82% ᠳᠤ ᠬᠦᠷᠴᠡᠶ︔ ᠴᠠᠬᠢᠯᠭᠠᠨ ᠬᠦᠴᠦᠨ ᠤ ᠠᠵᠢᠯ ᠲᠥᠷᠥᠯ ᠤᠨ ᠨᠡᠮᠡᠭᠳᠡᠯ ᠤᠨ ᠬᠤᠷᠳᠤᠴᠠ 69% ᠳᠤ ᠬᠦᠷᠴᠦ᠂ ᠴᠠᠬᠢᠯᠭᠠᠨ ᠤ ᠦᠨ᠎ᠡ ᠥᠰᠦᠭᠰᠡᠨ ᠠᠴᠠ ᠪᠣᠯᠵᠣ᠂ ᠢᠯᠴᠢ ᠶᠢᠨ ᠴᠠᠬᠢᠯᠭᠠᠨ ᠤ 3 ᠠᠵᠤ ᠠᠬᠤᠶᠢᠯᠠᠯ ᠤᠨ ᠨᠡᠮᠡᠭᠳᠡᠯ ᠤᠨ ᠬᠤᠷᠳᠤᠴᠠ ᠨᠢ ᠠᠳᠠᠯᠢ ᠪᠤᠰᠤ ᠬᠡᠮᠵᠢᠶ᠎ᠡ ᠪᠠᠷ ᠨᠡᠮᠡᠭᠳᠡᠵᠦ᠂ ᠵᠢᠩ ᠯᠦᠩ ᠢᠯᠴᠢ ᠬᠠᠩᠭᠠᠬᠤ ᠰᠢᠰᠲ᠋ᠧᠮ ᠤᠨ ᠠᠰᠢᠭᠯᠠᠯᠲᠠ ᠳᠤ ᠤᠷᠤᠭᠰᠠᠨ ᠠᠴᠠ ᠪᠣᠯᠵᠣ᠂ ᠦᠢᠯᠡᠳᠬᠦᠨ ᠤ ᠥᠷᠲᠡᠭ ᠤᠨ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ ᠨᠡᠮᠡᠭᠳᠡᠯ ᠤᠨ ᠬᠤᠷᠳᠤᠴᠠ ᠨᠢ 84% ᠳᠤ ᠬᠦᠷᠴᠡᠶ᠃                              ᠤᠷᠴᠢᠭᠤᠯᠤᠭᠴᠢ᠄ ᠬᠤᠩ ᠱᠦᠸᠧ                              ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠡᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2