— ᠤᠯᠠᠭᠠᠨᠴᠠᠪ ᠬᠤᠳᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠢ ᠰᠤᠷᠪᠤᠯᠵᠢᠯᠠᠭᠰᠠᠨ ᠨᠢ | | ᠣᠶᠢᠷ᠎ᠠ ᠳᠤ᠂ ᠶᠡᠷᠦᠩᠬᠡᠢ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠤ ᠥᠪᠥᠷ | ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠳᠤ ᠣᠷᠤᠯᠴᠠᠬᠤ ᠦᠶ᠎ᠡ ᠶᠢᠨ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠤᠯᠠᠭᠠᠨᠴᠠᠪ ᠬᠤᠳᠠ ᠬᠡᠷᠬᠢᠨ ᠭᠦᠨᠵᠡᠭᠡᠢ ᠳᠤᠭᠤᠰᠢᠯᠠᠭᠤᠯᠤᠨ ᠨᠠᠶᠢᠳᠠᠪᠤᠷᠢᠵᠢᠭᠤᠯᠬᠤ | ᠲᠤᠬᠠᠢ ᠰᠤᠷᠪᠤᠯᠵᠢᠯᠠᠭᠴᠢ ᠤᠯᠠᠭᠠᠨᠴᠠᠪ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠢ | ᠰᠤᠷᠪᠤᠯᠵᠢᠯᠠᠪᠠ᠃ | ︽ᠶᠡᠷᠦᠩᠬᠡᠢ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠤ ᠥᠪᠥᠷ ᠮᠣᠩᠭᠤᠯ ᠤᠨ | ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠤᠯᠴᠠᠬᠤ ᠦᠶ᠎ᠡ ᠶᠢᠨ ᠴᠢᠬᠤᠯᠠ ᠶᠠᠷᠢᠶ᠎ᠠ᠂ ᠠᠯᠤᠰ | ᠬᠡᠳᠦ ᠶᠢᠨ ᠤᠳᠬ᠎ᠠ ᠰᠠᠨᠠᠭ᠎ᠠ ᠲᠠᠢ᠂ ᠬᠠᠷᠠᠭᠠᠰᠤ ᠥᠷᠭᠡᠨ᠂ ᠦᠵᠡᠯ ᠰᠠᠨᠠᠭ᠎ᠠ ᠭᠦᠨ᠂ ᠠᠭᠤᠯᠤᠭᠳᠠᠬᠤᠨ ᠡᠯᠪᠡᠭ | ᠪᠠᠶᠠᠯᠢᠭ᠂ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠬᠥᠪᠡᠭᠦᠳ ᠥᠬᠢᠳ ᠲᠤ ᠭᠦᠨ ᠵᠤᠵᠠᠭᠠᠨ ᠬᠠᠶᠢᠷ᠎ᠠ | ᠰᠡᠳᠬᠢᠯᠭᠡ ᠲᠠᠢ᠂ ᠥᠪᠥᠷ ᠮᠣᠩᠭᠤᠯ ᠤᠨ ᠬᠥᠭᠵᠢᠯᠲᠡ ᠳᠤ ᠴᠢᠩ ᠰᠡᠳᠬᠢᠯ ᠤᠨ ᠨᠠᠶᠢᠳᠠᠯᠭ᠎ᠠ ᠲᠠᠯᠪᠢᠵᠤ᠂ ᠮᠠᠨ ᠤ | ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠰᠢᠨ᠎ᠡ ᠠᠶᠠᠨ ᠢ ᠡᠬᠢᠯᠡᠭᠦᠯᠬᠦ᠂ ᠰᠢᠨ᠎ᠡ ᠴᠠᠭ ᠦᠶ᠎ᠡ ᠶᠢᠨ | ᠠᠶᠠᠨ ᠵᠠᠮ ᠢ ᠰᠠᠶᠢᠲᠤᠷ ᠬᠢᠬᠦ ᠶᠢ ᠬᠥᠲᠥᠯᠥᠨ ᠳᠠᠭᠠᠭᠤᠯᠬᠤ ᠦᠨᠳᠦᠰᠦᠨ ᠵᠢᠷᠤᠮᠯᠠᠯ ᠪᠠ ᠠᠵᠢᠯᠯᠠᠭᠠᠨ ᠤ ᠵᠦᠭᠯᠡᠭᠦᠷ | ᠮᠥᠨ︾ ᠭᠡᠵᠡᠢ᠃ ᠰᠦᠢ ᠸᠧᠢ ᠵᠢᠶᠦ᠋ᠨ ᠢᠯᠡᠷᠬᠡᠶᠢᠯᠡᠬᠦ ᠳᠡᠭᠡᠨ᠂ ᠤᠯᠠᠭᠠᠨᠴᠠᠪ ᠬᠤᠲᠠ ᠶᠡᠷᠦᠩᠬᠡᠢ ᠱᠦᠵᠢ ᠰᠢ ᠶᠢᠨ | ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠳᠣᠭᠤᠰᠢᠯᠠᠭᠤᠯᠬᠤ ᠶᠢ | ᠣᠳᠣᠬᠠᠨ ᠤ ᠬᠠᠮᠤᠭ ᠤᠨ ᠴᠢᠬᠤᠯᠠ ᠤᠯᠤᠰ ᠲᠥᠷᠥ ᠶᠢᠨ ᠡᠭᠦᠷᠭᠡ ᠪᠠᠨ ᠪᠣᠯᠭᠠᠵᠤ᠂ ᠲᠡᠷᠡ ᠬᠡᠪ ᠢᠶᠠᠷ ᠨᠢ | ᠰᠤᠷᠤᠯᠴᠠᠵᠤ᠂ ᠠᠭᠤᠰᠤᠯᠴᠠᠭᠤᠯᠤᠨ ᠨᠡᠪᠲᠡᠷᠡᠲᠡᠯ᠎ᠡ ᠰᠤᠷᠤᠯᠴᠠᠵᠤ᠂ ᠪᠣᠳᠠᠲᠠᠢ ᠲᠠᠢ ᠤᠶᠠᠯᠳᠤᠭᠤᠯᠤᠨ ᠰᠤᠷᠤᠯᠴᠠᠵᠤ᠂ | ᠶᠠᠷᠢᠶᠠᠨ ᠤ ᠵᠣᠷᠢᠭ ᠰᠠᠨᠠᠭ᠎ᠠ ᠶᠢ ᠦᠨᠡᠨᠬᠦ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ | ᠬᠥᠳᠡᠯᠭᠡᠭᠦ ᠬᠦᠴᠦᠨ ᠪᠣᠯᠭᠠᠨ ᠬᠤᠪᠢᠷᠠᠭᠤᠯᠵᠤ᠂ ︽ᠬᠤᠶᠠᠷ ᠬᠠᠯᠬᠠᠪᠴᠢ︾ ︽ᠬᠤᠶᠠᠷ ᠰᠠᠭᠤᠷᠢᠨ ᠭᠠᠵᠠᠷ︾ ︽ | ᠨᠢᠭᠡ ᠪᠠᠬᠢᠯᠡᠯᠲᠡ︾ ᠶᠢᠨ ᠵᠢᠱᠢᠶ᠎ᠡ ᠦᠵᠡᠭᠦᠯᠬᠦ ᠣᠷᠣᠨ ᠢ ᠬᠦᠴᠦᠯᠡᠨ ᠪᠠᠶᠢᠭᠤᠯᠵᠤ᠂ ᠡᠬᠡ ᠤᠯᠤᠰ ᠤᠨ | ᠤᠮᠠᠷᠠᠲᠤ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠪᠦᠲᠦᠭᠡᠨ ᠪᠠᠶᠢᠭᠤᠯᠬᠤ ᠳᠤ ᠤᠯᠠᠭᠠᠨᠴᠠᠪ ᠤᠨ | ᠬᠠᠷᠢᠭᠤᠴᠠᠯᠭ᠎ᠠ ᠶᠢ ᠡᠭᠦᠷᠭᠡᠯᠡᠵᠦ᠂ ᠤᠯᠠᠭᠠᠨᠴᠠᠪ ᠤᠨ ᠬᠦᠴᠦᠨ ᠴᠢᠳᠠᠯ ᠢ ᠡᠷᠭᠦᠬᠦ ᠬᠡᠷᠡᠭᠲᠡᠢ ᠭᠡᠵᠦ ᠵᠢᠭᠠᠵᠤ ᠭᠠᠷᠭᠠᠪᠠ | ᠃ | ︽ᠲᠠᠪᠤᠨ ᠵᠠᠪᠠᠯ ᠦᠩᠭᠡᠷᠡᠬᠦ ᠵᠠᠮ︾ ᠤᠨ ᠰᠢᠨᠵᠢᠯᠡᠬᠦ ᠤᠬᠠᠭᠠᠨᠴᠢ ᠠᠭᠤᠯᠤᠭᠳᠠᠬᠤᠨ ᠢ ᠭᠦᠨᠵᠡᠭᠡᠢ | ᠣᠶᠢᠯᠠᠭᠠᠵᠤ᠂ ︽ᠬᠤᠶᠠᠷ ᠢ ᠲᠣᠭᠲᠠᠭᠠᠬᠤ︾ ᠶᠢ ᠦᠨᠡᠨᠴᠢ ᠪᠠᠷ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ | ᠡᠷᠡᠰ ᠪᠡᠶᠡᠯᠡᠭᠦᠯᠬᠦ ᠬᠡᠷᠡᠭᠲᠡᠢ᠃ ᠲᠣᠰ ᠤᠳᠠᠭᠠᠨ ᠤ ᠪᠥᠬᠦ ᠤᠯᠤᠰ ᠤᠨ ᠬᠤᠶᠠᠷ ᠬᠤᠷᠠᠯ ᠤᠨ ᠥᠪᠥᠷ ᠮᠣᠩᠭᠤᠯ ᠤᠨ | ᠲᠥᠯᠥᠭᠡᠯᠡᠭᠴᠢᠳ ᠤᠨ ᠪᠦᠯᠬᠦᠮ ᠬᠢᠨᠠᠨ ᠵᠦᠪᠯᠡᠬᠦ ᠦᠶ᠎ᠡ ᠳᠤ᠂ ᠶᠡᠷᠦᠩᠬᠡᠢ ᠱᠦᠵᠢ ᠰᠢ ᠶᠢᠨ ᠫᠢᠩ ᠠᠩᠬ᠎ᠠ ᠤᠳᠠᠭ᠎ᠠ | ︽ᠲᠠᠪᠤᠨ ᠵᠠᠪᠠᠯ ᠦᠩᠭᠡᠷᠡᠬᠦ ᠵᠠᠮ︾ ᠭᠡᠬᠦ ᠴᠢᠬᠤᠯᠠ ᠥᠭᠦᠯᠡᠯᠲᠡ ᠶᠢ ᠳᠤᠷᠠᠳᠤᠨ ᠭᠠᠷᠭᠠᠪᠠ᠃ ᠡᠨᠡᠬᠦ ︽ᠲᠠᠪᠤᠨ | ᠵᠠᠪᠠᠯ ᠦᠩᠭᠡᠷᠡᠬᠦ ᠵᠠᠮ︾ ᠨᠢ ᠬᠠᠷᠢᠯᠴᠠᠨ ᠨᠥᠬᠦᠴᠡᠯᠳᠦᠵᠦ᠂ ᠨᠢᠭᠡᠨ ᠰᠢᠰᠲ᠋ᠧᠮ ᠲᠠᠢ ᠣᠷᠭᠠᠨᠢᠭ ᠪᠦᠬᠦᠯᠢ ᠴᠣᠭᠴᠠ | ᠪᠠᠶᠢᠵᠤ᠂ ᠨᠠᠮ ᠤᠨ ᠲᠦᠷᠦ ᠪᠠᠷᠢᠬᠤ ᠵᠢᠮ᠎ᠡ ᠶᠣᠰᠣ᠂ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠯᠲᠠ ᠶᠢᠨ ᠵᠢᠮ᠎ᠡ | ᠶᠣᠰᠣ᠂ ᠬᠥᠮᠥᠨ ᠲᠥᠷᠥᠯᠬᠢᠲᠡᠨ ᠤ ᠨᠡᠶᠢᠭᠡᠮ ᠤᠨ ᠬᠥᠭᠵᠢᠯᠲᠡ ᠶᠢᠨ ᠵᠢᠮ᠎ᠡ ᠶᠣᠰᠣᠨ ᠤ ᠲᠤᠬᠠᠢ ᠰᠢᠨᠵᠢᠯᠡᠬᠦ | ᠤᠬᠠᠭᠠᠨᠴᠢ ᠲᠠᠨᠢᠯᠲᠠ ᠪᠠᠶᠢᠵᠤ᠂ ᠠᠭᠤᠤ ᠶᠡᠭᠡ ᠰᠡᠷᠭᠦᠨ ᠮᠠᠨᠳᠤᠯᠲᠠ ᠲᠡᠰᠢ ᠤᠷᠤᠭᠰᠢᠯᠠᠬᠤ ᠤᠳᠤᠷᠢᠳᠬᠤ | ᠭᠤᠣᠯᠯᠠᠭᠴᠢ᠂ ᠬᠥᠭᠵᠢᠯᠲᠡ ᠶᠢᠨ ᠵᠠᠮ᠂ ᠬᠦᠴᠦᠨ ᠴᠢᠳᠠᠯ ᠤᠨ ᠡᠬᠢ ᠰᠤᠷᠪᠤᠯᠵᠢ᠂ ᠬᠥᠲᠥᠯᠥᠨ ᠳᠠᠭᠠᠭᠤᠯᠬᠤ | ᠣᠶᠢᠯᠠᠭᠠᠭᠳᠠᠬᠤᠨ ᠪᠠ ᠬᠦᠴᠦᠷᠬᠡᠭ ᠶᠡᠭᠡ ᠲᠤᠯᠭᠠᠭᠤᠷᠢᠯᠠᠯ ᠢ ᠲᠣᠳᠣᠷᠬᠠᠶᠢᠯᠠᠵᠠᠢ᠃ ᠰᠢᠯᠭᠠᠯᠲᠠ ᠳᠤ ᠣᠷᠤᠯᠴᠠᠬᠤ | ᠰᠢᠨ᠎ᠡ ᠵᠠᠮ ᠳᠡᠭᠡᠷ᠎ᠡ᠂ ᠪᠢᠳᠡ ᠡᠷᠬᠡᠪᠰᠢ ︽ᠲᠠᠪᠤᠨ ᠵᠠᠪᠠᠯ ᠦᠩᠭᠡᠷᠡᠬᠦ ᠵᠠᠮ︾ ᠤᠨ ᠠᠭᠤᠯᠤᠭᠳᠠᠬᠤᠨ | ᠣᠶᠢᠯᠠᠭᠠᠭᠳᠠᠬᠤᠨ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠵᠤ᠂ ᠤᠯᠤᠰ ᠲᠥᠷᠥ ᠶᠢᠨ | ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ | ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ︽ᠬᠤᠶᠠᠷ ᠢ ᠲᠣᠭᠲᠠᠭᠠᠬᠤ︾ ᠶᠢ ᠦᠨᠡᠨᠴᠢ ᠰᠢᠳᠤᠷᠭᠤ ᠪᠠᠷ | ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠢᠮᠠᠭᠲᠠ ︽ᠤᠯᠤᠰ ᠤᠨ ᠶᠡᠭᠡ ᠳᠠᠯ᠎ᠠ︾ | ᠳᠤ ᠠᠩᠬᠠᠷᠤᠯ ᠢᠶᠠᠨ ᠲᠥᠪᠯᠡᠷᠡᠭᠦᠯᠵᠦ᠂ ᠶᠠᠮᠠᠷᠪᠠ ᠠᠰᠠᠭᠤᠳᠠᠯ ᠢ ᠦᠵᠡᠬᠦ᠂ ᠶᠠᠮᠠᠷᠪᠠ ᠰᠢᠢᠳᠪᠦᠷᠢᠲᠦ ᠪᠣᠳᠣᠯᠭ᠎ᠠ | ᠲᠣᠭᠲᠠᠭᠠᠬᠤ᠂ ᠶᠠᠮᠠᠷᠪᠠ ᠠᠵᠢᠯ ᠢ ᠠᠳᠬᠤᠬᠤ ᠳᠤ ᠴᠥᠮ ᠶᠡᠷᠦᠩᠬᠡᠢ ᠱᠦᠵᠢ ᠲᠠᠢ ᠨᠢᠭᠡᠳᠦᠯᠲᠡᠢ ᠪᠠᠶᠢᠵᠤ᠂ ᠨᠠᠮ ᠤᠨ | ᠲᠥᠪ ᠬᠤᠷᠢᠶᠠᠨ ᠤ ᠵᠢᠯᠣᠭᠤᠳᠤᠯᠭ᠎ᠠ ᠶᠢ ᠲᠠᠭᠠᠵᠤ᠂ ᠨᠥᠬᠦᠴᠡᠯ ᠳᠤᠷᠠᠳᠬᠤ ᠦᠭᠡᠢ᠂ ᠥᠭᠡᠷᠡᠲᠦᠭᠦᠯᠬᠦ ᠦᠭᠡᠢ᠂ | ᠰᠣᠩᠭᠤᠯᠲᠠ ᠬᠢᠬᠦ ᠦᠭᠡᠢ ᠪᠠᠶᠢᠵᠤ᠂ ᠡᠷᠡᠰ ᠭᠤᠶᠢᠪᠢᠰᠢ ᠦᠭᠡᠢ ᠪᠠᠷ ᠶᠡᠷᠦᠩᠬᠡᠢ ᠱᠦᠵᠢ ᠰᠢ ᠶᠢᠨ ᠫᠢᠩ ᠤᠨ | ᠵᠢᠭᠠᠭᠰᠠᠨ ᠴᠢᠭᠯᠡᠯ ᠢᠶᠠᠷ ᠡᠷᠡᠮᠡᠬᠡᠶᠢᠯᠡᠨ ᠤᠷᠤᠭᠰᠢᠯᠠᠬᠤ ᠬᠡᠷᠡᠭᠲᠡᠢ᠃ | ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠣᠯ ᠰᠢᠵᠢᠮ ᠢ ᠭᠦᠨᠵᠡᠭᠡᠢ ᠣᠶᠢᠯᠠᠭᠠᠵᠤ᠂ | ᠦᠨᠳᠦᠰᠦᠲᠡᠨ ᠤ ᠠᠵᠢᠯ ᠢ ᠪᠦᠬᠦ ᠲᠠᠯ᠎ᠠ ᠪᠠᠷ ᠴᠢᠩᠭᠠᠳᠬᠠᠨ ᠰᠠᠶᠢᠵᠢᠷᠠᠭᠤᠯᠤᠨ᠎ᠠ᠃ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠡᠨᠡᠬᠦ ᠭᠤᠣᠯ ᠰᠢᠵᠢᠮ ᠢ ᠪᠠᠲᠤ ᠡᠵᠡᠮᠳᠡᠵᠦ᠂ | ᠨᠢᠳᠦᠨ ᠳᠤ ᠦᠵᠡᠭᠳᠡᠵᠦ ᠭᠠᠷ ᠲᠤ ᠪᠠᠷᠢᠭᠳᠠᠮ᠎ᠠ ᠠᠵᠢᠯ ᠢ ᠬᠢᠬᠦ ᠪᠠᠷ ᠪᠠᠷᠠᠬᠤ ᠦᠭᠡᠢ ᠪᠠᠰᠠ ︽ᠴᠢᠮᠡᠭᠡ ᠠᠨᠢᠷ ᠦᠭᠡᠢ | ᠦᠵᠡᠭᠳᠡᠬᠦ ᠦᠬᠡᠢ︾ ᠶᠠᠪᠤᠳᠠᠯ ᠢ ᠬᠢᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ | ᠣᠷᠣᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ | ᠠᠭᠤᠰᠤᠯᠴᠠᠯ ᠢ ᠠᠬᠢᠭᠤᠯᠬᠤ ᠬᠡᠷᠡᠭᠲᠡᠢ᠃ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠳᠠ ᠶᠢᠨ | ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠴᠤᠭᠴᠠᠯᠠᠬᠤ ᠠᠵᠢᠯ ᠢ ᠡᠷᠡᠰ ᠭᠤᠶᠢᠪᠢᠰᠢ ᠦᠭᠡᠢ ᠠᠬᠢᠭᠤᠯᠵᠤ᠂ ︽ | ᠨᠠᠢᠮᠠ ᠶᠢ ᠠᠬᠢᠭᠤᠯᠬᠤ +︾ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠡᠭᠦᠳᠦᠨ ᠴᠤᠭᠴᠠᠯᠠᠬᠤ | ᠠᠭᠤᠯᠭ᠎ᠠ ᠶᠢ ᠨᠠᠷᠢᠯᠢᠭᠵᠢᠭᠤᠯᠤᠨ᠂ ᠡᠭᠦᠳᠦᠨ ᠴᠤᠭᠴᠠᠯᠠᠬᠤ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠵᠤ᠂ | ᠦᠨᠳᠦᠰᠦᠲᠡᠨ ᠤ ᠪᠦᠯᠬᠦᠮᠳᠡᠯ ᠳᠠᠪᠰᠢᠯᠳᠠ ᠶᠢᠨ ᠵᠢᠱᠢᠶ᠎ᠡ ᠦᠵᠡᠭᠦᠯᠬᠦ ᠡᠭᠦᠳᠦᠨ ᠴᠤᠭᠴᠠᠯᠠᠬᠤ ᠦᠷ᠎ᠡ ᠪᠦᠲᠦᠭᠡᠯ ᠢ | ᠳᠠᠰᠤᠷᠠᠯᠳᠠ ᠦᠭᠡᠢ ᠪᠠᠬᠢᠵᠢᠭᠦᠯᠦᠨ ᠳᠡᠭᠡᠭᠰᠢᠯᠡᠭᠦᠯᠬᠦ ᠬᠡᠷᠡᠭᠲᠡᠢ︔ ᠤᠯᠠᠨ ᠨᠡᠶᠢᠲᠡ ᠶᠢᠨ ᠦᠢᠯᠡᠴᠢᠯᠡᠭᠡᠨ ᠤ | ᠳᠤᠲᠠᠭᠤᠳᠠᠯ ᠢ ᠨᠥᠬᠦᠪᠦᠷᠢᠯᠡᠬᠦ ᠶᠢ ᠪᠣᠳᠣᠯᠬᠢᠯᠠᠵᠤ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ | ᠪᠦᠬᠦ ᠲᠠᠯ᠎ᠠ ᠪᠠᠷ ᠴᠢᠩᠭᠠᠳᠬᠠᠵᠤ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠦᠨᠳᠦᠰᠦᠲᠡᠨ ᠨᠦᠭᠦᠳ ᠤᠨ | ᠣᠳᠣᠬᠢᠴᠢᠯᠠᠭᠰᠠᠨ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤᠪᠠᠷ ᠡᠳ᠋ᠯᠡᠬᠦ ᠶᠢ ᠠᠬᠢᠭᠤᠯᠵᠤ᠂ | ᠦᠨᠳᠦᠰᠦᠲᠡᠨ ᠨᠦᠭᠦᠳ ᠤᠨ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ | ᠠᠮᠢᠳᠤᠷᠠᠯ ᠤᠨ ᠬᠡᠷᠡᠭᠴᠡᠭᠡ ᠶᠢ ᠲᠠᠰᠤᠷᠠᠯᠳᠠ ᠦᠭᠡᠢ ᠬᠠᠩᠭᠠᠬᠤ ᠬᠡᠷᠡᠭᠲᠡᠢ︔ ᠰᠤᠷᠭᠠᠨ ᠬᠥᠮᠦᠵᠢᠯ ᠢ ︽ | ᠪᠦᠲᠦᠮᠵᠢᠲᠡᠢ︾ ᠪᠠᠶᠢᠯᠭᠠᠬᠤ ᠶᠢ ᠢᠮᠠᠭᠲᠠ ᠪᠡᠶᠡᠯᠡᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠬᠥᠮᠦᠵᠢᠯ ᠢ ᠭᠦᠨᠵᠡᠭᠡᠶᠢᠷᠡᠭᠦᠯᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠢ ᠬᠥᠲᠥᠯᠥᠨ ᠵᠢᠯᠤᠭᠤᠳᠴᠤ | ᠪᠠᠶᠢᠭᠠᠳ ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ ᠬᠠᠮᠲᠤ ᠶᠢᠨ | ᠴᠣᠭᠴᠠ ᠶᠢᠨ ᠣᠶᠢᠯᠠᠭᠠᠭᠳᠠᠬᠤᠨ ᠢ ᠪᠤᠢ ᠪᠣᠯᠭᠠᠬᠤ ᠬᠡᠷᠡᠭᠲᠡᠢ᠃ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠱᠠᠭᠠᠷᠳᠠᠯᠭ᠎ᠠ ᠶᠢ ᠭᠦᠨᠵᠡᠭᠡᠢ ᠡᠵᠡᠮᠳᠡᠵᠦ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠯ ᠲᠠᠢ ᠲᠣᠭᠲᠠᠭᠤᠨ | ᠪᠠᠶᠢᠳᠠᠯ ᠢ ᠦᠷᠭᠦᠯᠵᠢᠯᠡᠨ ᠲᠦᠯᠬᠢᠨ ᠠᠬᠢᠭᠤᠯᠤᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠰᠡᠷᠭᠡᠶᠢᠯᠡᠯᠲᠡ ᠶᠢᠨ ᠱᠤᠭᠤᠮ ᠢ ᠡᠷᠡᠰ ᠪᠠᠲᠤ ᠪᠠᠶᠢᠭᠤᠯᠵᠤ᠂ ᠰᠢᠨᠵᠢᠯᠡᠬᠦ ᠤᠬᠠᠭᠠᠨᠴᠢ ᠪᠠᠷ ᠨᠠᠷᠢᠯᠢᠭ ᠣᠨᠣᠴᠠᠲᠠᠢ ᠪᠠᠷ | ᠰᠡᠷᠭᠡᠶᠢᠯᠡᠨ ᠡᠵᠡᠮᠳᠡᠬᠦ ᠬᠢᠷᠢ ᠲᠦᠪᠰᠢᠨ ᠢ ᠳᠡᠭᠡᠭᠰᠢᠯᠡᠭᠦᠯᠦᠨ᠂ ︽ᠲᠣᠣᠷᠵᠢᠭᠤᠯᠤᠭᠰᠠᠨ︾ ᠬᠠᠮᠢᠶᠠᠷᠤᠯᠲᠠ᠂ ︽ | ᠲᠠᠯᠠᠪᠤᠷ ᠭᠠᠵᠠᠷ ᠤᠨ ᠺᠤᠳ᠋︾ ᠢ ᠬᠡᠷᠡᠭᠯᠡᠬᠦ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ︽ᠬᠥᠮᠥᠨ — ᠪᠣᠳᠠᠰ — | ᠣᠷᠴᠢᠨ ᠠᠬᠤᠢ︾ ᠶᠢ ᠬᠠᠮᠲᠤ ᠳᠤᠨᠢ ᠰᠡᠷᠭᠡᠶᠢᠯᠡᠬᠦ ᠶᠢ ᠪᠠᠷᠢᠮᠲᠠᠯᠠᠨ᠂ ᠤᠯᠠᠨ ᠭᠠᠵᠠᠷ ᠲᠤ ᠬᠥᠨᠳᠡᠭᠳᠡᠬᠦ ᠶᠢ ᠬᠢᠨᠠᠨ | ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠴᠢᠩᠭᠠᠷᠠᠭᠤᠯᠵᠤ᠂ ᠬᠠᠮᠤᠭ ᠤᠨ ᠪᠠᠭ᠎ᠠ ᠦᠨ᠎ᠡ | ᠦᠷᠳᠡᠭ ᠢᠶᠠᠷ ᠬᠠᠮᠤᠭ ᠤᠨ ᠶᠡᠭᠡ ᠰᠡᠷᠭᠡᠶᠢᠯᠡᠨ ᠡᠵᠡᠮᠳᠡᠬᠦ ᠦᠷ᠎ᠡ ᠪᠦᠲᠦᠮᠵᠢ ᠤᠯᠬᠤ ᠶᠢ ᠴᠢᠷᠮᠠᠶᠢᠨ ᠪᠡᠶᠡᠯᠡᠭᠦᠯᠵᠦ᠂ | ᠬᠢᠵᠢᠭ ᠤᠨ ᠪᠠᠶᠢᠳᠠᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠬᠦ ᠨᠥᠯᠥᠭᠡ ᠶᠢ ᠬᠠᠮᠤᠭ ᠤᠨ ᠶᠡᠭᠡ | ᠬᠡᠮᠵᠢᠶ᠎ᠡ ᠪᠠᠷ ᠪᠠᠭᠠᠰᠬᠠᠨ᠎ᠠ᠃ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠠᠶᠢᠲᠤᠷ | ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ ᠠᠵᠤ ᠠᠬᠤᠢ ᠶᠢᠨ ᠲᠣᠭᠲᠠᠭᠤᠨ ᠢᠶᠠᠷ ᠳᠡᠭᠡᠭᠰᠢᠯᠡᠬᠦ ᠰᠠᠶᠢᠨ | ᠪᠠᠶᠢᠳᠠᠯ ᠢ ᠪᠦᠬᠦ ᠬᠦᠴᠦᠨ ᠢᠶᠠᠷ ᠢᠶᠠᠨ ᠲᠣᠭᠲᠠᠪᠤᠷᠢᠵᠢᠭᠤᠯᠵᠤ᠂ ᠲᠠᠷᠢᠶᠠᠯᠠᠩ ᠤᠨ ᠴᠠᠭ ᠢ ᠠᠮᠵᠢᠨ ᠬᠠᠪᠤᠷ ᠤᠨ | ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠰᠠᠶᠢᠲᠤᠷ ᠬᠢᠵᠦ᠂ ᠠᠮᠤ ᠪᠤᠳᠠᠭ᠎ᠠ ᠪᠠ ᠲᠠᠷᠢᠶᠠᠯᠠᠩ ᠤᠨ ᠡᠯᠪᠡᠭ | ᠬᠤᠷᠢᠶᠠᠯᠲᠠ ᠶᠢᠨ ᠰᠠᠭᠤᠷᠢ ᠶᠢ ᠪᠠᠲᠤᠳᠬᠠᠨ᠂ ᠠᠵᠤ ᠠᠬᠤᠢ ᠶᠢᠨ ᠠᠵᠢᠯᠯᠠᠭᠠᠨ ᠤ ᠲᠤᠬᠠᠢ ᠵᠠᠳᠠᠯᠤᠨ ᠰᠤᠳᠤᠯᠵᠤ | ᠮᠠᠭᠠᠳᠯᠠᠬᠤ ᠪᠠ ᠮᠥᠷᠳᠡᠨ ᠲᠣᠬᠢᠷᠠᠭᠤᠯᠬᠤ ᠶᠢ ᠴᠢᠩᠭᠠᠳᠬᠠᠵᠤ᠂ ᠲᠦᠷᠦᠯ ᠵᠦᠢᠯ ᠢ ᠦᠷᠭᠦᠯᠵᠢᠯᠡᠨ ᠬᠦᠴᠦᠯᠡᠨ | ᠠᠳᠬᠤᠵᠤ᠂ ᠠᠵᠤ ᠦᠢᠯᠡᠰ ᠢ ᠬᠥᠭᠵᠢᠭᠦᠯᠦᠨ᠂ ᠪᠡᠯᠡ ᠣᠷᠣᠭᠤᠯᠤᠯᠲᠠ ᠶᠢ ᠥᠷᠭᠡᠳᠬᠡᠵᠦ᠂ ᠬᠡᠷᠡᠭᠯᠡᠭᠡ ᠶᠢ | ᠠᠬᠢᠭᠤᠯᠤᠨ᠂ ᠣᠷᠴᠢᠨ ᠠᠬᠤᠢ ᠶᠢ ᠰᠢᠯᠢᠳᠡᠭᠵᠢᠭᠦᠯᠵᠦ᠂ ᠰᠡᠳᠬᠢᠯ ᠲᠠᠯᠪᠢᠵᠤ ᠬᠠᠶᠢᠷ᠎ᠠ ᠰᠡᠳᠬᠢᠯᠭᠡ ᠪᠠᠷ ᠢᠶᠠᠨ ᠠᠵᠤ | ᠠᠬᠤᠶᠢᠯᠠᠯ ᠢ ᠬᠠᠪᠰᠤᠷᠤᠨ ᠬᠦᠴᠢᠷ ᠠᠰᠠᠭᠤᠳᠠᠯ ᠢ ᠰᠢᠢᠳᠪᠦᠷᠢᠯᠡᠨ᠂ ᠪᠡᠷᠬᠡ ᠪᠣᠭᠤᠮᠲᠠ ᠶᠢ ᠲᠤᠭᠤᠯᠵᠤ᠂ | ᠦᠢᠯᠡᠳᠪᠦᠷᠢᠯᠡᠯ ᠠᠮᠢᠳᠤᠷᠠᠯ ᠤᠨ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠬᠤ ᠶᠢ ᠪᠠᠲᠤᠯᠠᠵᠤ᠂ ᠠᠵᠤ | ᠠᠬᠤᠢ ᠶᠢᠨ ᠠᠵᠢᠯᠯᠠᠭᠠᠨ ᠤ ᠯᠠᠪᠳᠠᠭᠤᠨ ᠢᠶᠠᠷ ᠬᠤᠯᠠ ᠠᠶᠠᠯᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ | ︽ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠳᠠ ᠣᠷᠭᠢᠯ ᠳᠤ ᠬᠦᠷᠬᠦ᠂ ᠨᠡᠭᠦᠷᠡᠰᠦᠲᠥ᠋ᠷᠥᠭᠴᠢ ᠶᠢ | ᠰᠠᠭᠠᠷᠮᠠᠭᠵᠢᠭᠤᠯᠬᠤ︾ ᠪᠠᠶᠢᠷᠢᠯᠠᠭᠤᠯᠤᠯᠲᠠ ᠶᠢ ᠭᠦᠨᠵᠡᠭᠡᠢ ᠣᠶᠢᠯᠠᠭᠠᠵᠤ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ | ᠵᠠᠮ ᠢᠶᠠᠷ ᠭᠤᠶᠢᠪᠢᠰᠢ ᠦᠭᠡᠢ ᠰᠠᠶᠢᠲᠤᠷ ᠵᠠᠮᠨᠠᠨ᠎ᠠ᠃ ᠶᠡᠷᠦᠩᠬᠡᠢ ᠱᠦᠵᠢ ᠰᠢ ᠶᠢᠨ ᠫᠢᠩ ᠤᠨ ︽ᠰᠢᠰᠲ᠋ᠧᠮ ᠤᠨ | ᠦᠵᠡᠯᠲᠡ ᠪᠠᠨ ᠴᠢᠩᠭᠠᠳᠬᠠᠵᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ᠂ ᠠᠯᠬᠤᠮ | ᠠᠯᠬᠤᠮ ᠢᠶᠠᠷ ᠪᠡᠶᠡᠯᠡᠭᠦᠯᠬᠦ ᠶᠢ ᠪᠠᠷᠢᠮᠲᠠᠯᠠᠨ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠳᠠ ᠶᠢ ᠪᠠᠭᠠᠰᠬᠠᠬᠤ᠂ | ᠪᠣᠬᠢᠷᠳᠤᠯ ᠢ ᠪᠠᠭᠠᠰᠬᠠᠬᠤ᠂ ᠪᠤᠬᠢᠷᠳᠤᠯ ᠦᠬᠡᠢ ᠪᠠᠶᠢᠬᠤ ᠶᠢ ᠥᠷᠭᠡᠳᠬᠡᠬᠦ᠂ ᠵᠣᠬᠢᠴᠠᠯᠳᠤᠭᠤᠯᠤᠨ ᠠᠬᠢᠭᠤᠯᠬᠤ ᠶᠢ | ᠨᠡᠮᠡᠭᠳᠡᠬᠦᠯᠬᠦ︾ ᠴᠢᠬᠤᠯᠠ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠪᠠᠶᠢᠯᠳᠤᠬᠤ ᠪᠣᠳᠣᠯᠭ᠎ᠠ ᠶᠢᠨ ᠲᠣᠭᠲᠠᠯ | ᠬᠦᠴᠦᠨ ᠢ ᠪᠠᠲᠤᠯᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠨ᠂ ︽ | ᠭᠤᠷᠪᠠᠨ ᠨᠢᠭᠡ ᠪᠦᠯᠦᠭ︾᠂ ︽ᠲᠠᠪᠤᠨ ᠣᠳᠣᠬᠢᠴᠢᠯᠠᠯᠲᠠ ᠶᠢᠨ ᠥᠭᠡᠷᠡᠴᠢᠯᠡᠯᠲᠡ︾ ᠪᠠᠷ ᠬᠥᠲᠥᠯᠥᠮᠵᠢ ᠪᠣᠯᠭᠠᠵᠤ᠂ | ︽ᠬᠤᠶᠠᠷ ᠶᠡᠬᠡᠳᠡᠢ︾ ᠲᠦᠷᠦᠯ ᠵᠦᠢᠯ ᠤᠨ ᠳᠣᠣᠷ᠎ᠠ ᠲᠦᠪᠰᠢᠨ ᠢᠶᠠᠷ ᠰᠣᠬᠤᠷ ᠪᠠᠯᠠᠢ ᠪᠠᠷ ᠬᠥᠭᠵᠢᠬᠦ ᠪᠠ ᠤᠳᠤ ᠶᠢᠨ | ᠪᠠᠶᠢᠭ᠎ᠠ ︽ᠬᠤᠶᠠᠷ ᠶᠡᠬᠡᠳᠡᠢ︾ ᠦᠢᠯᠡᠳᠪᠦᠷᠢᠯᠡᠯ ᠤᠨ ᠴᠢᠳᠠᠪᠤᠷᠢ ᠶᠢ ᠰᠣᠬᠤᠷ ᠪᠠᠯᠠᠢ ᠪᠠᠷ ᠡᠮᠬᠢ ᠵᠠᠮᠪᠠᠷᠠᠭ᠎ᠠ | ᠦᠭᠡᠢ ᠪᠠᠷ ᠥᠷᠭᠡᠳᠬᠡᠬᠦ ᠶᠢ ᠡᠷᠡᠰ ᠬᠤᠷᠢᠭᠯᠠᠵᠤ᠂ ᠤᠯᠠᠮᠵᠢᠯᠠᠯᠲᠤ ᠠᠵᠤ ᠦᠢᠯᠡᠰ ᠤᠨ ︽ᠨᠡᠭᠦᠷᠡᠰᠦᠲᠥ᠋ᠷᠥᠭᠴᠢ | ᠪᠠᠭ᠎ᠠ ᠭᠠᠳᠠᠭᠰᠢᠯᠠᠭᠤᠯᠬᠤ ᠶᠢ ᠲᠡᠰ ᠳᠡᠪᠰᠢᠭᠦᠯᠬᠦ + ᠤᠷᠴᠢᠯᠵᠢᠭᠤᠯᠤᠨ ᠠᠰᠢᠭᠯᠠᠬᠤ + ᠪᠣᠬᠢᠷᠳᠤᠯ ᠦᠭᠡᠢ ᠪᠠᠷ | ᠣᠷᠣᠯᠠᠭᠤᠯᠬᠤ︾ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠠᠬᠢᠭᠤᠯᠬᠤ ᠬᠡᠷᠡᠭᠲᠡᠢ︔ ᠰᠠᠯᠬᠢ᠂ ᠨᠠᠷᠠᠨ ᠤ ᠬᠡᠷᠡᠯ | ᠵᠡᠷᠭᠡ ᠰᠢᠨ᠎ᠡ ᠡᠨᠧᠷᠭᠢ ᠶᠢᠨ ᠳᠠᠪᠠᠭᠤᠯᠢᠭ ᠢ ᠦᠷᠭᠦᠯᠵᠢᠯᠡᠨ ᠶᠡᠬᠡᠰᠬᠡᠵᠦ᠂ ᠰᠢᠨ᠎ᠡ ᠡᠨᠧᠷᠭᠢ ᠶᠢᠨ ᠳᠡᠭᠡᠳᠦ ᠳᠣᠣᠷᠠᠳᠤ | ᠤᠷᠤᠰᠬᠠᠯ ᠤᠨ ᠠᠵᠤ ᠦᠢᠯᠡᠰ ᠢ ᠴᠢᠨᠠᠷ ᠰᠠᠶᠢᠲᠠᠢ ᠴᠣᠭᠴᠠᠯᠠᠨ ᠪᠠᠶᠢᠭᠤᠯᠤᠨ᠎ᠡ᠃ ᠳᠠᠭ᠎ᠠ ᠶᠢᠨ ᠨᠠᠭᠤᠷ ᠤᠨ | ᠤᠰᠤᠨ ᠤ ᠠᠮᠢ ᠠᠬᠤᠢ ᠶᠢᠨ ᠵᠠᠰᠠᠯᠲᠠ᠂ ᠴᠠᠭᠠᠨᠨᠠᠭᠤᠷ ᠤᠨ ᠠᠮᠢ ᠠᠬᠤᠢ ᠶᠢᠨ ᠬᠠᠮᠠᠭᠠᠯᠠᠯᠲᠠ ᠪᠠ ᠰᠡᠷᠭᠦᠭᠡᠯᠲᠡ ᠶᠢ | ᠦᠷᠭᠦᠯᠵᠢᠯᠡᠨ ᠰᠠᠶᠢᠲᠤᠷ ᠠᠳᠬᠤᠵᠤ᠂ ᠠᠮᠢ ᠠᠬᠤᠢ ᠣᠷᠴᠢᠨ ᠲᠣᠭᠤᠷᠢᠨ ᠤ ᠵᠠᠰᠠᠯᠲᠠ ᠶᠢᠨ ᠰᠢᠰᠲ᠋ᠧᠮᠵᠢ ᠶᠢ | ᠪᠦᠷᠢᠨᠰᠢᠭᠦᠯᠵᠦ᠂ ᠤᠯᠠᠭᠠᠨᠴᠠᠪ ᠤᠨ ᠪᠣᠬᠢᠷᠳᠤᠯ ᠦᠭᠡᠢ ︽ᠬᠥᠷᠥᠩᠭᠡ︾ ᠶᠢ ᠨᠠᠩ ᠡᠯᠪᠡᠭ ᠳᠡᠯᠪᠡᠭ ᠪᠣᠯᠭᠠᠨ᠎ᠠ᠃ | ᠨᠠᠮ ᠢ ᠴᠢᠩᠭ᠎ᠠ ᠬᠠᠮᠢᠶᠠᠷᠴᠤ ᠴᠢᠩᠭ᠎ᠠ ᠵᠠᠰᠠᠬᠤ ᠰᠢᠨ᠎ᠡ ᠱᠠᠭᠠᠷᠳᠠᠯᠭ᠎ᠠ ᠶᠢ ᠭᠦᠨᠵᠡᠭᠡᠢ ᠲᠠᠨᠢᠵᠤ᠂ ᠰᠠᠶᠢᠨ ᠢ ᠨᠢ | ᠪᠠᠳᠠᠷᠠᠭᠤᠯᠬᠤ ᠳᠤᠮᠳᠠ ᠰᠠᠶᠢᠨ ᠰᠠᠶᠢᠬᠠᠨ ᠬᠥᠭᠵᠢᠯᠲᠡ ᠶᠢᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ᠃ | ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠵᠠᠭᠤᠨ ᠵᠢᠯ ᠤᠨ ᠨᠠᠮ ᠤᠨ | ᠲᠡᠦᠬᠡ ᠠᠴᠠ ᠤᠶᠤᠨ ᠤᠬᠠᠭᠠᠨ ᠪᠠ ᠬᠦᠴᠦᠨ ᠴᠢᠳᠠᠯ ᠢ ᠲᠠᠰᠤᠷᠠᠯᠲᠠ ᠦᠭᠡᠢ ᠰᠢᠩᠭᠡᠬᠡᠨ ᠠᠪᠴᠤ᠂ ᠨᠠᠮ ᠤᠨ | ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠲᠤᠳᠬᠠᠨ ᠥᠷᠭᠡᠳᠬᠡᠵᠦ᠂ ︽ | ᠴᠢᠩᠭ᠎ᠠ︾ ᠭᠡᠬᠦ ᠭᠤᠣᠯ ᠬᠦᠭ ᠠᠶᠠᠰ ᠢ ᠢᠮᠠᠭᠲᠠ ᠪᠠᠷᠢᠮᠲᠠᠯᠠᠵᠤ᠂ ᠨᠠᠮ ᠢ ᠬᠠᠮᠢᠶᠠᠷᠴᠤ ᠨᠠᠮ ᠢ ᠵᠠᠰᠠᠬᠤ ᠡᠯ᠎ᠡ | ᠵᠦᠢᠯ ᠤᠨ ᠠᠵᠢᠯ ᠢ ᠭᠦᠨᠵᠡᠭᠡᠢ ᠠᠬᠢᠭᠤᠯᠵᠤ᠂ ᠢᠯᠵᠠᠷᠠᠬᠤ ᠠᠴᠠ ᠵᠢᠷᠦᠬᠡᠰᠢᠶᠡᠬᠦ ᠢᠯᠵᠠᠷᠠᠵᠤ ᠪᠣᠯᠬᠤ ᠦᠭᠡᠢ | ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠣᠭᠴᠠᠵᠢᠭᠤᠯᠤᠨ ᠠᠬᠢᠭᠤᠯᠵᠤ᠂ ᠤᠯᠠᠭᠠᠨᠴᠠᠪ ᠬᠤᠲᠠ ᠶᠢᠨ | ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠥᠷᠭᠡᠨ ᠤᠯᠠᠨ ᠨᠠᠮ ᠤᠨ ᠭᠡᠰᠢᠭᠦᠨ ᠤ ᠴᠢᠨᠠᠷ | ᠬᠤᠪᠢᠷᠠᠬᠤ ᠦᠭᠡᠢ᠂ ᠥᠩᠭᠡ ᠬᠤᠪᠢᠷᠠᠬᠤ ᠦᠭᠡᠢ᠂ ᠦᠨᠦᠷ ᠠᠮᠲᠠ ᠬᠤᠪᠢᠷᠠᠬᠤ ᠦᠭᠡᠢ ᠪᠠᠶᠢᠬᠤ ᠶᠢ ᠪᠠᠲᠤᠯᠠᠬᠤ | ᠬᠡᠷᠡᠭᠲᠡᠢ᠃ ︽ᠬᠠᠷᠢᠭᠤᠴᠠᠯᠭ᠎ᠠ ᠡᠭᠦᠷᠭᠡᠯᠡᠨ ᠠᠵᠢᠯ ᠬᠢᠵᠦ᠂ ᠦᠨᠡᠨᠬᠦ ᠠᠳᠬᠤᠵᠤ ᠪᠣᠳᠠᠲᠠᠢ ᠠᠵᠢᠯᠯᠠᠬᠤ︾ ᠰᠢᠯᠢᠳᠡᠭ | ᠰᠤᠷᠲᠠᠯ ᠢ ᠢᠮᠠᠭᠲᠠ ᠪᠠᠳᠠᠷᠠᠭᠤᠯᠵᠤ᠂ ︽ᠠᠯᠵᠠᠭᠤ ᠬᠤᠶᠢᠷᠭᠤ ᠰᠤᠯᠠ᠂ ᠲᠦᠯᠬᠢᠬᠦ ᠬᠤᠶᠢᠰᠢᠯᠠᠭᠤᠯᠬᠤ ᠰᠠᠭᠠᠳᠠᠬᠤ᠂ | ᠬᠡᠪᠰᠢᠮᠡᠯ ᠰᠠᠮᠠᠭᠤᠨ ᠬᠦᠪᠰᠦᠮᠡᠯ︾ ᠢ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠪᠦᠬᠦ | ᠬᠤᠳᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠳᠤ ︽ᠢᠯᠡ ᠲᠣᠳᠣ ᠠᠳᠠᠯᠢᠳᠬᠠᠬᠤ︾ | ᠲᠡᠷᠢᠭᠦᠨ ᠤ ᠬᠢ ᠶᠢ ᠡᠭᠦᠳᠴᠦ ᠰᠢᠯᠢᠳᠡᠭ ᠪᠣᠯᠬᠤ ᠪᠠᠷ ᠴᠢᠷᠮᠠᠶᠢᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ︽ | ᠶᠠᠪᠤᠳᠠᠯ ᠪᠦᠬᠦᠨ ᠢ ᠳᠠᠷᠤᠶᠢᠬᠠᠨ ᠭᠦᠢᠴᠡᠳᠬᠡᠵᠦ᠂ ᠬᠥᠮᠥᠨ ᠪᠦᠬᠦᠨ ᠬᠠᠳᠠᠭᠠᠰᠤ ᠬᠠᠳᠠᠬᠤ᠂ ᠬᠥᠮᠥᠨ ᠪᠦᠬᠦᠨ | ᠵᠣᠷᠢᠭᠲᠠᠢ ᠪᠠᠷ ᠡᠭᠦᠷᠭᠡᠯᠡᠬᠦ︾ ᠶᠢ ᠤᠯᠠᠭᠠᠨᠴᠠᠪ ᠤᠨ ᠨᠠᠮ ᠤᠨ ᠭᠡᠰᠢᠭᠦᠨ ᠺᠠᠳ᠋ᠷᠴᠤᠳ ᠤᠨ ᠢᠯᠡ ᠲᠣᠳᠣ ᠲᠡᠮᠳᠡᠭ | ᠪᠣᠯᠭᠠᠵᠤ᠂ ᠬᠥᠭᠵᠢᠯᠲᠡ ᠶᠢᠨ ᠰᠢᠨ᠎ᠡ ᠳᠠᠪᠠᠭᠤᠯᠢᠭ ᠢ ᠲᠠᠰᠤᠷᠠᠯᠲᠠ ᠦᠭᠡᠢ ᠡᠭᠦᠳᠴᠦ᠂ ᠬᠥᠭᠵᠢᠯᠲᠡ ᠶᠢᠨ ᠰᠢᠨ᠎ᠡ | ᠪᠠᠶᠢᠳᠠᠯ ᠢ ᠡᠭᠦᠳᠴᠦ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ | ᠬᠤᠷᠠᠯᠳᠤᠬᠤ ᠶᠢ ᠤᠭᠲᠤᠶᠡ᠃ | | ᠵᠤᠬᠢᠶᠠᠭᠴᠢ᠄ ᠬᠤᠸᠠᠩ ᠹᠦ᠋ ᠮᠸᠢ ᠰᠢᠶᠠᠨ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ |