ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠬᠦ ᠲᠤᠬᠠᠶ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ  ᠬᠡᠷᠡᠭᠵᠢᠭᠦᠯᠬᠦ ᠰᠠᠨᠠᠯ
ᠨᠡᠶᠢᠲᠡᠯᠡᠭᠰᠡᠨ ᠴᠠᠭ᠄
2022/3/4
     ᠤᠯᠠᠭᠠᠨᠴᠠᠪ ᠵᠠᠰᠠᠭ ᠲᠠᠷᠬᠠᠭᠠᠭᠰᠠᠨ ﹇2022﹈ 8 ᠳ᠋ᠤᠭᠠᠷ ᠲᠣᠭᠠᠲᠤ     ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠬᠦ ᠲᠤᠬᠠᠶ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ  ᠬᠡᠷᠡᠭᠵᠢᠭᠦᠯᠬᠦ ᠰᠠᠨᠠᠯᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠵᠥᠪᠯᠡᠯ᠂ ᠠᠯᠪᠠᠨ ᠬᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ ᠠᠵᠢᠯ ᠦᠶᠯᠡᠰ ᠤᠨ ᠨᠢᠭᠡᠴᠢ ᠳᠤ᠄      ︽ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠬᠦ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︵ᠲᠥᠪ ᠲᠠᠷᠬᠠᠭᠠᠭᠰᠠᠨ ﹇2018﹈ 34 ᠳ᠋ᠦ᠋ᠭᠡᠷ ᠲᠣᠭᠠᠲᠤ︶᠂ ︽ᠲᠥᠰᠦᠪ ᠤᠨ ᠬᠠᠮᠢᠶᠠᠷᠤᠯᠲᠠ ᠶᠢᠨ ᠲᠦᠷᠢᠮ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︵ᠲᠥᠷᠥ ᠲᠠᠷᠬᠠᠭᠠᠭᠰᠠᠨ ﹇2021﹈ 5 ᠳ᠋ᠤᠭᠠᠷ ᠲᠣᠭᠠᠲᠤ︶ ᠪᠠ ︽ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠰᠠᠨᠠᠯ︾ ︵ᠥᠪᠥᠷ ᠡᠳ᠋ ᠤᠨ ᠵᠠᠰᠠᠭ ᠬᠢᠨᠠᠯᠲᠠ ﹇2019﹈ 1343 ᠳ᠋ᠤᠭᠠᠷ ᠲᠣᠭᠠᠲᠤ︶ ᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠪᠥᠬᠦ ᠲᠠᠯ᠎ᠠ ᠶᠢᠨ᠂ ᠪᠥᠬᠦ ᠶᠠᠪᠤᠴᠠ ᠶᠢᠨ᠂ ᠪᠦᠬᠦᠨ ᠢ ᠬᠠᠮᠤᠷᠤᠭᠰᠠᠨ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠵᠤ ᠂ ᠡᠳ᠋ ᠤᠨ ᠵᠠᠰᠠᠭ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠦᠷ᠎ᠡ ᠪᠦᠲᠦᠮᠵᠢ ᠪᠠ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠂ ᠵᠠᠰᠠᠭ ᠤᠨ ᠣᠷᠳᠣᠨ ᠤ ᠨᠡᠶᠢᠲᠡ ᠳᠤ ᠢᠲᠡᠭᠡᠭᠦᠯᠬᠦ ᠬᠦᠴᠦᠨ ᠪᠠ ᠭᠦᠶᠴᠡᠳᠬᠡᠬᠦ ᠬᠦᠴᠦᠨ ᠢ ᠨᠡᠮᠡᠭᠳᠡᠭᠦᠯᠬᠦ ᠶᠢᠨ ᠲᠥᠯᠥᠭᠡ᠂ ᠡᠳᠦᠭᠡ ᠮᠠᠨ ᠤ ᠬᠤᠲᠠ ᠶᠢᠨ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠠᠵᠢᠯ ᠢ ᠪᠥᠬᠦ ᠲᠠᠯ᠎ᠠ ᠪᠠᠷ ᠬᠡᠷᠡᠭᠵᠢᠭᠦᠯᠬᠦ ᠲᠤᠬᠠᠶ ᠳᠣᠤᠷᠠᠬᠢ ᠮᠡᠲᠦ ᠬᠡᠷᠡᠭᠵᠢᠭᠦᠯᠬᠦ ᠰᠠᠨᠠᠯ ᠢ ᠳᠤᠷᠠᠳᠪᠠ᠃      ᠨᠢᠭᠡ᠂ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠴᠢᠩᠭᠠᠳᠬᠠᠬᠤ ᠶᠢᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠭᠦᠨᠵᠡᠭᠡᠢ ᠲᠠᠨᠢᠨ᠎ᠠ      ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠬᠦ ᠪᠣᠯ ᠵᠠᠰᠠᠭ ᠤᠨ ᠣᠷᠳᠣᠨ ᠤ ᠵᠠᠰᠠᠯᠲᠠ ᠪᠠ ᠲᠥᠰᠦᠪ ᠤᠨ ᠬᠠᠮᠢᠶᠠᠷᠤᠯᠲᠠ ᠶᠢᠨ ᠭᠦᠨᠵᠡᠭᠡᠶ ᠬᠤᠪᠢᠰᠤᠯᠲᠠ ᠮᠥᠨ᠂ ᠣᠳᠣᠬᠠᠨ ᠤ ᠡᠳ᠋ ᠤᠨ ᠵᠠᠰᠠᠭ ᠭᠠᠶᠢᠯᠢ ᠶᠢᠨ ᠬᠦᠷᠢᠶᠡᠨ ᠳᠠᠬᠢ ᠥᠭᠡᠷᠡᠴᠢᠯᠡᠯᠲᠡ ᠶᠢᠨ ᠴᠢᠬᠤᠯᠠ ᠠᠭᠤᠯᠭ᠎ᠠ ᠮᠥᠨ᠃ 2017 ᠣᠨ ᠳᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠬᠡᠯ ᠳᠤ ︽ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠬᠦ︾ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠳᠤᠷᠠᠳᠴᠠᠢ᠃ 2018 ᠣᠨ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠪᠣᠯᠤᠨ ᠲᠦᠷᠦ ᠶᠢᠨ ᠶᠠᠪᠤᠳᠠᠯ ᠤᠨ ᠬᠤᠷᠢᠶ᠎ᠡ ︽ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠬᠦ ᠲᠤᠬᠠᠢ ᠰᠠᠨᠠᠯ︾ ᠢ ᠳᠠᠷᠤᠮᠠᠯᠯᠠᠨ ᠲᠠᠷᠬᠠᠭᠠᠵᠤ᠂ 3 — 5 ᠵᠢᠯ ᠤᠨ ᠬᠤᠭᠤᠴᠠᠭᠠᠨ ᠳᠤ ᠪᠦᠬᠦ ᠲᠠᠯ᠎ᠠ ᠶᠢᠨ᠂ ᠪᠦᠬᠦ ᠶᠠᠪᠤᠴᠠ ᠶᠢᠨ᠂ ᠪᠦᠬᠦᠨ ᠢ ᠬᠠᠮᠤᠷᠤᠭᠰᠠᠨ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠰᠢᠰᠲ᠋ᠧᠮ ᠢ ᠦᠨᠳᠦᠰᠦᠨ ᠳᠡᠭᠡᠨ ᠪᠠᠶᠢᠭᠤᠯᠵᠤ᠂ ᠲᠥᠰᠦᠪ ᠪᠣᠯᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠨᠢᠭᠡ ᠴᠤᠬᠴᠠᠵᠢᠭᠤᠯᠬᠤ ᠶᠢ ᠪᠡᠶᠡᠯᠡᠭᠦᠯᠬᠦ ᠪᠠᠷ ᠴᠢᠷᠮᠠᠶᠢᠬᠤ ᠬᠡᠷᠡᠭᠲᠡᠢ ᠭᠡᠵᠦ ᠱᠠᠭᠠᠷᠳᠠᠪᠠ᠃ 2019 ᠣᠨ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ︽ᠲᠥᠰᠦᠪ ᠤᠨ ᠠᠵᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠬᠦ ᠲᠤᠬᠠᠶ ᠬᠡᠷᠡᠭᠵᠢᠭᠦᠯᠬᠦ ᠰᠠᠨᠠᠯ︾ ᠢ ᠳᠠᠷᠤᠮᠠᠯᠯᠠᠨ ᠲᠠᠷᠬᠠᠭᠠᠵᠤ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠪᠠ ᠬᠤᠰᠢᠭᠤ ᠰᠢᠶᠠᠨ ︵ᠬᠤᠲᠠ᠂ ᠲᠣᠭᠤᠷᠢᠭ︶ ᠨᠢ ᠲᠣᠰ ᠲᠣᠰ 2020 ᠣᠨ ᠤ ᠰᠡᠭᠦᠯᠴᠢ᠂ 2021 ᠣᠨ ᠤ ᠰᠡᠭᠦᠯᠴᠢ ᠪᠠ 2022 ᠣᠨ ᠤ ᠰᠡᠭᠦᠯᠴᠢ ᠪᠠᠷ ᠳᠡᠭᠡᠷᠡᠬᠢ ᠶᠡᠷᠦᠩᠬᠡᠶ ᠬᠠᠷᠠᠯᠲᠠ ᠶᠢ ᠦᠨᠳᠦᠰᠦᠨ ᠳᠡᠭᠡᠨ ᠪᠡᠶᠡᠯᠡᠭᠦᠯᠦᠨ᠎ᠡ ᠭᠡᠵᠦ ᠲᠣᠳᠣᠷᠬᠠᠶ ᠲᠣᠭᠲᠠᠭᠠᠪᠠ᠃      ᠮᠠᠨ ᠤ ᠬᠤᠲᠠ ᠶᠢᠨ ᠡᠳ᠋ ᠤᠨ ᠵᠠᠰᠠᠭ ᠤᠨ ᠵᠠᠷᠤᠯᠭ᠎ᠠ ᠶᠢᠨ ᠬᠡᠪᠴᠢᠶ᠎ᠡ ᠲᠠᠰᠤᠷᠠᠯᠲᠠ ᠦᠭᠡᠢ ᠥᠷᠭᠡᠳᠬᠦ ᠶᠢ ᠳᠠᠭᠠᠯᠳᠤᠨ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠡᠳᠦᠷ ᠢᠷᠡᠬᠦᠶ᠎ᠡ ᠲᠣᠪᠤᠶᠢᠮ᠎ᠠ ᠪᠣᠯᠵᠤ᠂ ᠲᠥᠰᠦᠪ ᠤᠨ ᠦᠷ᠎ᠡ ᠪᠦᠲᠦᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠦᠨᠡᠨ ᠬᠦ ᠳᠡᠭᠡᠭᠰᠢᠯᠡᠭᠦᠯᠵᠦ᠂ ᠮᠠᠨ ᠤ ᠬᠤᠲᠠ ᠶᠢᠨ ᠠᠵᠤ ᠠᠬᠤᠶ ᠨᠡᠶᠢᠭᠡᠮ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠨᠡᠩ ᠰᠠᠶᠢᠲᠤᠷ ᠠᠬᠢᠭᠤᠯᠬᠤ ᠶᠠᠪᠤᠳᠠᠯ ᠲᠤᠯᠭᠠᠮ ᠱᠠᠭᠠᠷᠳᠠᠭᠳᠠᠵᠤ ᠪᠠᠶᠢᠨ᠎ᠠ᠃      ᠬᠤᠶᠠᠷ᠂ ᠪᠦᠬᠦ ᠲᠠᠯ᠎ᠠ ᠶᠢ ᠬᠠᠮᠤᠷᠬᠤ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ      ᠲᠥᠰᠦᠪ ᠤᠨ ᠦᠷ᠎ᠡ ᠪᠦᠲᠦᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠬᠦ ᠱᠠᠭᠠᠷᠳᠠᠯᠭ᠎ᠠ ᠶᠣᠰᠣᠭᠠᠷ᠂ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠬᠡᠷᠡᠭᠵᠢᠭᠦᠯᠬᠦ ᠡᠲᠡᠭᠡᠳ ᠢ ᠲᠥᠷᠥᠯ ᠵᠦᠢᠯ ᠤᠨ ᠵᠠᠷᠤᠯᠭ᠎ᠠ ᠪᠠᠷ ᠭᠤᠣᠯ ᠪᠣᠯᠭᠠᠵᠤ ᠪᠠᠶᠢᠭᠰᠠᠨ ᠠᠴᠠ ᠨᠢ ᠲᠥᠷᠥ ᠶᠢᠨ ᠪᠣᠳᠣᠯᠭ᠎ᠠ᠂ ᠰᠠᠯᠠᠭ᠎ᠠ ᠮᠥᠴᠢᠷ ᠤᠨ ᠪᠦᠬᠦᠯᠢ ᠴᠣᠭᠴᠠ ᠶᠢᠨ ᠠᠮᠵᠢᠯᠲᠠ ᠪᠦᠲᠦᠮᠵᠢ ᠵᠦᠭ ᠥᠷᠭᠡᠳᠬᠡᠵᠦ᠂ ᠰᠢᠯᠵᠢᠭᠦᠯᠦᠨ ᠥᠭᠬᠦ ᠪᠠᠷ ᠭᠤᠣᠯ ᠪᠣᠯᠭᠠᠵᠤ ᠪᠠᠶᠢᠭᠰᠠᠨ ᠠᠴᠠ ᠪᠠᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠠᠵᠢᠯᠯᠠᠭᠠᠨ ᠤ ᠶᠡᠷᠦᠩᠬᠡᠶᠢᠯᠡᠭᠰᠡᠨ ᠠᠮᠵᠢᠯᠲᠠ ᠪᠦᠲᠦᠮᠵᠢ ᠵᠦᠭ ᠥᠷᠭᠡᠳᠬᠡᠵᠦ᠂ ᠬᠠᠮᠢᠶᠠᠷᠤᠯᠲᠠ ᠶᠢᠨ ᠬᠡᠪᠴᠢᠶ᠎ᠡ ᠪᠠᠨ ᠡᠩ ᠤᠨ ᠣᠯᠠᠨ ᠨᠡᠶᠢᠲᠡ ᠶᠢᠨ ᠲᠥᠰᠦᠪ ᠠᠴᠠ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦᠨ ᠤ ᠲᠥᠰᠦᠪ᠂ ᠤᠯᠤᠰ ᠤᠨ ᠥᠮᠴᠢᠯᠡᠯ ᠤᠨ ᠬᠥᠷᠥᠩᠭᠡ ᠶᠢᠨ ᠡᠵᠡᠩᠨᠡᠯᠲᠡ ᠶᠢᠨ ᠲᠥᠰᠦᠪ᠂ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠲᠥᠰᠦᠪ ᠵᠦᠭ ᠥᠷᠭᠡᠳᠬᠡᠬᠦ ᠶᠢᠨ ᠬᠠᠮᠲᠤ ᠡᠳ᠋ ᠤᠨ ᠵᠠᠰᠠᠭ ᠤᠨ ᠪᠡᠯᠡ ᠮᠥᠩᠭᠦ ᠳᠤ ᠬᠤᠯᠪᠣᠭᠳᠠᠭᠰᠠᠨ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ᠂ ᠵᠠᠰᠠᠭ ᠤᠨ ᠣᠷᠳᠣᠨ ᠬᠢᠭᠡᠳ ᠨᠡᠶᠢᠭᠡᠮ ᠤᠨ ᠬᠦᠷᠦᠩᠭᠡ ᠶᠢᠨ ᠬᠠᠮᠲᠤᠷᠠᠯᠴᠠᠭ᠎ᠠ ︵PPP︶᠂ ᠵᠠᠰᠠᠭ ᠤᠨ ᠣᠷᠳᠣᠨ ᠤ ᠥᠷᠢ ᠥᠭᠴᠡᠭᠡᠨ ᠤ ᠵᠦᠢᠯᠡᠰ ᠵᠡᠷᠭᠡ ᠲᠠᠯ᠎ᠠ ᠳᠤ ᠬᠦᠷᠲᠡᠯ᠎ᠡ ᠤᠷᠲᠤᠳᠬᠠᠵᠤ᠂ ᠭᠤᠯᠳᠤ ᠪᠠᠷ ᠬᠤᠲᠠ᠂ ᠰᠢᠶᠠᠨ ᠤ ᠬᠤᠶᠠᠷ ᠱᠠᠲᠤᠨ ᠤ ᠵᠠᠰᠠᠭ ᠤᠨ ᠣᠷᠳᠣᠨ ᠳᠤ ᠨᠡᠪᠲᠡᠷᠡᠭᠰᠡᠨ᠂ ᠬᠥᠨᠳᠡᠯᠡᠨ ᠢᠶᠠᠷ ᠪᠤᠢ ᠪᠦᠬᠦᠢ ᠰᠠᠯᠠᠭ᠎ᠠ ᠮᠥᠴᠢᠷ᠂ ᠨᠢᠭᠡᠴᠢ ᠶᠢ ᠬᠠᠮᠤᠷᠤᠭᠰᠠᠨ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠰᠢᠰᠲ᠋ᠧᠮ ᠢ ᠪᠦᠷᠢᠯᠳᠦᠭᠦᠯᠦᠨ᠎ᠡ᠃      ︵ᠨᠢᠭᠡ︶ ᠲᠥᠷᠥ ᠶᠢᠨ ᠪᠣᠳᠣᠯᠭ᠎ᠠ ᠪᠠ ᠲᠥᠷᠥᠯ ᠵᠦᠶᠯ ᠤᠨ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠲᠦᠷᠦ ᠶᠢᠨ ᠪᠤᠳᠤᠯᠭ᠎ᠠ ᠪᠠ ᠲᠥᠷᠥᠯ ᠵᠦᠶᠯ ᠢ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠳᠤ ᠪᠦᠬᠦ ᠲᠠᠯ᠎ᠠ ᠪᠠᠷ ᠣᠷᠣᠭᠤᠯᠤᠨ᠎ᠠ᠃ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠣᠭᠲᠠᠭᠠᠭᠰᠠᠨ ᠴᠢᠬᠤᠯᠠ ᠶᠡᠭᠡ ᠲᠥᠷᠥ ᠶᠢᠨ ᠪᠣᠳᠣᠯᠭ᠎ᠠ ᠪᠠ ᠲᠥᠷᠥᠯ ᠵᠦᠶᠯ ᠢᠶᠠᠷ ᠭᠤᠤᠯᠳᠠᠯᠭ᠎ᠠ ᠪᠣᠯᠭᠠᠵᠤ᠂ ᠳᠤᠮᠳᠠ ᠬᠤᠭᠤᠴᠠᠭᠠᠨ ᠤ ᠡᠳ᠋ ᠤᠨ ᠵᠠᠰᠠᠭ ᠤᠨ ᠲᠥᠯᠥᠪᠵᠢᠭᠦᠯᠭᠡ ᠪᠠ ᠣᠨ ᠤ ᠲᠥᠰᠦᠪ ᠢ ᠨᠠᠶᠢᠷᠠᠭᠤᠯᠤᠨ ᠵᠣᠬᠢᠶᠠᠭᠰᠠᠨ ᠵᠢᠴᠢ ᠬᠡᠷᠡᠭᠵᠢᠭᠦᠯᠦᠭᠰᠡᠨ ᠪᠠᠶᠢᠳᠠᠯ ᠲᠠᠢ ᠤᠶᠠᠯᠳᠤᠭᠤᠯᠤᠨ᠂ ᠲᠤᠭ᠎ᠠ ᠬᠡᠮᠵᠢᠶ᠎ᠡ᠂ ᠶᠠᠰᠤ ᠴᠢᠨᠠᠷ᠂ ᠬᠦᠴᠦᠨ ᠲᠠᠢ ᠬᠤᠭᠤᠴᠠᠭ᠎ᠠ᠂ ᠥᠪᠡᠷ ᠤᠨ ᠥᠷᠲᠡᠭ᠂ ᠦᠷ᠎ᠡ ᠠᠰᠢᠭ ᠵᠡᠷᠭᠡ ᠲᠠᠯ᠎ᠠ ᠪᠠᠷ ᠲᠥᠷᠥ ᠶᠢᠨ ᠪᠣᠳᠣᠯᠭ᠎ᠠ ᠶᠢᠨ ᠬᠠᠷᠠᠯᠲᠠ ᠶᠢ ᠪᠡᠶᠡᠯᠡᠭᠦᠯᠦᠭᠰᠡᠨ ᠬᠡᠮᠵᠢᠶ᠎ᠡ ᠵᠢᠴᠢ ᠲᠥᠷᠥᠯ ᠵᠦᠶᠯ ᠤᠨ ᠪᠠᠯᠠ ᠮᠥᠩᠭᠦ ᠶᠢᠨ ᠭᠠᠷᠭᠠᠯᠲᠠ ᠪᠠ ᠦᠷ᠎ᠡ ᠪᠦᠲᠦᠮᠵᠢ ᠶᠢ ᠶᠡᠷᠦᠩᠬᠡᠶᠢᠯᠡᠨ ᠬᠡᠮᠵᠢᠨ᠎ᠡ᠃ ᠴᠢᠬᠤᠯᠠ ᠶᠡᠭᠡ ᠲᠥᠷᠥ ᠶᠢᠨ ᠪᠣᠳᠣᠯᠭ᠎ᠠ ᠪᠠ ᠲᠥᠷᠥᠯ ᠵᠦᠶᠯ ᠳᠤ ᠪᠥᠬᠦ ᠶᠠᠪᠤᠴᠠ ᠶᠢ ᠮᠥᠷᠳᠡᠨ ᠦᠨᠡᠯᠡᠨ ᠵᠢᠱᠢᠵᠦ ᠦᠷ᠎ᠡ ᠪᠦᠲᠦᠮᠵᠢ ᠶᠢ ᠨᠢ ᠠᠰᠠᠭᠤᠬᠤ ᠶᠢ ᠬᠡᠷᠡᠭᠵᠢᠭᠦᠯᠦᠨ᠎ᠡ᠃ ᠲᠥᠷᠥ ᠶᠢᠨ ᠪᠣᠳᠣᠯᠭ᠎ᠠ ᠪᠠ ᠲᠥᠷᠥᠯ ᠵᠦᠶᠯ ᠢ ᠬᠥᠳᠡᠯᠦᠩᠭᠦᠶ ᠪᠠᠷ ᠳᠣᠭᠢᠷᠠᠭᠤᠯᠬᠤ ᠲᠣᠭᠲᠠᠴᠠ ᠶᠢ ᠪᠠᠶᠢᠭᠤᠯᠵᠤ᠂ ᠠᠵᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠦᠷ᠎ᠡ ᠳ᠋ᠦᠩ ᠢ ᠲᠥᠷᠥ ᠶᠢᠨ ᠪᠣᠳᠣᠯᠭ᠎ᠠ ᠪᠠ ᠲᠥᠷᠥᠯ ᠵᠦᠶᠯ ᠢ  ᠴᠡᠪᠡᠷᠯᠡᠨ ᠠᠷᠢᠯᠭᠠᠬᠤ᠂ ᠪᠤᠴᠠᠭᠠᠨ ᠭᠠᠷᠭᠠᠬᠤ ᠶᠢᠨ ᠴᠢᠬᠤᠯᠠ ᠦᠨᠳᠦᠰᠦᠯᠡᠯ ᠪᠣᠯᠭᠠᠨ᠎ᠠ᠃      ︵ᠬᠤᠶᠠᠷ︶ ᠰᠠᠯᠠᠭ᠎ᠠ ᠮᠥᠴᠢᠷ ᠪᠠ ᠨᠢᠭᠡᠴᠢ ᠶᠢᠨ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠰᠠᠯᠠᠭ᠎ᠠ ᠮᠥᠴᠢᠷ ᠪᠠ ᠨᠢᠭᠡᠴᠢ ᠶᠢᠨ ᠲᠥᠰᠦᠪ ᠢ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠳᠤ ᠪᠦᠬᠦ ᠲᠠᠯ᠎ᠠ ᠪᠠᠷ ᠣᠷᠣᠭᠤᠯᠤᠨ᠎ᠠ᠃ ᠰᠠᠯᠠᠭ᠎ᠠ ᠮᠥᠴᠢᠷ ᠪᠣᠯᠤᠨ ᠨᠢᠭᠡᠴᠢ ᠶᠢᠨ ᠡᠭᠦᠷᠭᠡ ᠬᠠᠷᠢᠭᠤᠴᠠᠯᠭ᠎ᠠ᠂ ᠠᠵᠢᠯ ᠲᠥᠷᠥᠯ ᠤᠨ ᠬᠥᠭᠵᠢᠯᠲᠡ ᠶᠢᠨ ᠲᠥᠯᠥᠪᠵᠢᠭᠦᠯᠭᠡ ᠶᠢᠨ ᠲᠣᠭᠤᠷᠢᠨ ᠳᠤ᠂ ᠲᠥᠰᠦᠪ ᠤᠨ ᠪᠠᠯᠠ ᠮᠥᠩᠭᠦ ᠶᠢᠨ ᠬᠠᠮᠢᠶᠠᠷᠤᠯᠲᠠ ᠪᠠᠷ ᠭᠤᠤᠯ ᠰᠢᠵᠢᠮ ᠪᠣᠯᠭᠠᠵᠤ᠂ ᠡᠳ᠋ ᠬᠥᠷᠥᠩᠭᠡ ᠪᠠ ᠲᠤᠬᠠᠶᠢᠯᠠᠭᠰᠠᠨ ᠠᠵᠢᠯ ᠤᠨ ᠠᠵᠢᠯᠯᠠᠭ᠎ᠠ ᠶᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠠᠵᠢᠯᠯᠠᠭᠠᠨ ᠤ ᠥᠪᠡᠷ ᠤᠨ ᠥᠷᠲᠡᠭ᠂ ᠬᠠᠮᠢᠶᠠᠷᠤᠯᠲᠠ ᠶᠢᠨ ᠦᠷ᠎ᠡ ᠪᠦᠲᠦᠮᠵᠢ᠂ ᠡᠭᠦᠷᠭᠡ ᠲᠤᠰᠢᠶᠠᠯ ᠢᠶᠠᠨ ᠭᠦᠶᠴᠡᠳᠬᠡᠬᠦ ᠬᠦᠴᠦᠨ ᠴᠢᠳᠠᠪᠤᠷᠢ᠂ ᠨᠡᠶᠢᠭᠡᠮ ᠤᠨ ᠨᠥᠯᠥᠭᠡᠯᠡᠯ᠂ ᠦᠷᠭᠦᠯᠵᠢᠯᠡᠬᠦᠶᠢᠴᠡ ᠬᠥᠭᠵᠢᠯᠲᠡ᠂ ᠦᠶᠯᠡᠴᠢᠯᠡᠬᠦ ᠡᠲᠡᠭᠡᠳ ᠤᠨ ᠬᠠᠨᠤᠮᠵᠢ ᠶᠢᠨ ᠬᠡᠮᠵᠢᠶ᠎ᠡ ᠵᠡᠷᠭᠡ ᠲᠠᠯ᠎ᠠ ᠪᠠᠷ ᠪᠦᠬᠦᠯᠢ ᠴᠣᠭᠴᠠ ᠶᠢᠨ ᠠᠵᠢᠯ ᠤᠨ ᠠᠮᠵᠢᠯᠲᠠ ᠪᠦᠲᠦᠮᠵᠢ ᠶᠢᠨ ᠬᠠᠷᠠᠯᠲᠠ ᠶᠢ ᠨᠠᠶᠢᠷᠠᠭᠤᠯᠤᠨ ᠵᠣᠬᠢᠶᠠᠵᠤ᠂ ᠦᠨᠡᠯᠡᠬᠦ ᠭᠦᠶᠴᠡᠳᠬᠡᠯ ᠲᠤᠭ᠎ᠠ ᠪᠠ ᠪᠠᠷᠢᠮᠵᠢᠶ᠎ᠠ ᠶᠢ ᠲᠣᠭᠲᠠᠭᠠᠨ᠂ ᠣᠨ ᠤ ᠠᠵᠢᠯ ᠤᠨ ᠠᠮᠵᠢᠯᠲᠠ ᠪᠦᠲᠦᠮᠵᠢ ᠶᠢ ᠦᠨᠡᠯᠡᠵᠦ᠂ ᠰᠠᠯᠠᠭ᠎ᠠ ᠮᠥᠴᠢᠷ ᠪᠠ ᠨᠢᠭᠡᠴᠢ ᠶᠢᠨ ᠪᠦᠬᠦᠯᠢ ᠴᠣᠭᠴᠠ ᠵᠢᠴᠢ ᠭᠤᠤᠯᠯᠠᠬᠤ ᠲᠤᠬᠠᠶᠢᠯᠠᠭᠰᠠᠨ ᠠᠵᠢᠯ ᠢ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠬᠡᠮᠵᠢᠵᠦ᠂ ᠰᠢᠯᠭᠠᠨ᠎ᠠ᠃ ᠰᠠᠯᠠᠭ᠎ᠠ ᠮᠥᠴᠢᠷ ᠨᠢᠭᠡᠴᠢ ᠶᠢᠨ ᠪᠦᠬᠦᠯᠢ ᠴᠣᠭᠴᠠ ᠶᠢᠨ ᠠᠮᠵᠢᠯᠲᠠ ᠪᠦᠲᠦᠮᠵᠢ ᠶᠢᠨ ᠮᠡᠳᠡᠭᠦᠯᠦᠯᠲᠡ ᠶᠢᠨ ᠲᠦᠷᠢᠮ ᠢ ᠠᠯᠬᠤᠮ ᠠᠯᠬᠤᠮ ᠢᠶᠠᠷ ᠪᠠᠶᠢᠭᠤᠯᠵᠤ᠂ ᠪᠦᠬᠦᠯᠢ ᠴᠣᠭᠴᠠ ᠶᠢᠨ ᠠᠮᠵᠢᠯᠲᠠ ᠪᠦᠲᠦᠮᠵᠢ ᠶᠢᠨ ᠬᠠᠷᠠᠯᠲᠠ ᠪᠠ ᠦᠨᠡᠯᠡᠭᠰᠡᠨ ᠦᠷ᠎ᠡ ᠳ᠋ᠦᠩ ᠢ ᠠᠳᠠᠯᠢ ᠱᠠᠲᠤᠨ ᠤ ᠵᠠᠰᠠᠭ ᠤᠨ ᠣᠷᠳᠣᠨ ᠪᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠮᠡᠳᠡᠭᠦᠯᠵᠦ᠂ ᠰᠠᠯᠠᠭ᠎ᠠ ᠮᠥᠴᠢᠷ ᠪᠠ ᠨᠢᠭᠡᠴᠢ ᠶᠢᠨ ᠪᠦᠬᠦᠯᠢ ᠴᠣᠭᠴᠠ ᠶᠢᠨ ᠠᠮᠵᠢᠯᠲᠠ ᠪᠦᠲᠦᠮᠵᠢ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢ ᠠᠬᠢᠭᠤᠯᠤᠨ᠎ᠠ᠃      ︵ᠭᠤᠷᠪᠠ︶ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠠᠵᠢᠯᠯᠠᠭᠠᠨ ᠤ ᠶᠡᠷᠦᠩᠬᠡᠶᠢᠯᠡᠭᠰᠡᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠡᠯ᠎ᠡ ᠱᠠᠲᠤᠨ ᠤ ᠵᠠᠰᠠᠭ ᠤᠨ ᠣᠷᠳᠣᠨ ᠤ ᠲᠥᠰᠦᠪ ᠢ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠳᠤ ᠪᠦᠬᠦ ᠲᠠᠯ᠎ᠠ ᠪᠠᠷ ᠣᠷᠣᠭᠤᠯᠤᠨ᠎ᠠ᠃ ᠠᠮᠵᠢᠯᠲᠠ ᠪᠦᠲᠦᠮᠵᠢ ᠶᠢᠨ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠴᠢᠬᠤᠯᠠ ᠪᠠᠶᠢᠷᠢᠯᠠᠭᠤᠯᠤᠯᠲᠠ ᠪᠠ ᠭᠤᠤᠯ ᠡᠭᠦᠷᠭᠡ ᠲᠠᠢ ᠨᠢᠭᠲᠠ ᠤᠶᠠᠯᠳᠤᠭᠤᠯᠤᠨ ᠣᠨ ᠤ ᠣᠷᠣᠯᠭ᠎ᠠ ᠵᠠᠷᠤᠯᠭ᠎ᠠ ᠶᠢᠨ ᠲᠥᠰᠦᠪ ᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ᠡᠳ᠋ ᠤᠨ ᠬᠦᠴᠦᠨ ᠢᠶᠠᠨ ᠲᠥᠪᠯᠡᠷᠡᠭᠦᠯᠦᠨ ᠶᠡᠭᠡ ᠶᠠᠪᠤᠳᠠᠯ ᠪᠦᠲᠦᠭᠡᠵᠦ᠂ ᠠᠷᠠᠳ ᠤᠨ ᠠᠮᠢᠳᠤᠷᠠᠯ ᠤᠨ ᠬᠢᠷᠢ ᠲᠦᠪᠰᠢᠨ ᠢ ᠪᠠᠲᠤᠯᠠᠨ ᠰᠠᠶᠢᠵᠢᠷᠠᠭᠤᠯᠬᠤ  ᠪᠠᠨ ᠲᠠᠰᠤᠷᠠᠯᠲᠠ ᠥᠬᠡᠶ ᠳᠡᠭᠡᠭᠰᠢᠯᠡᠭᠦᠯᠦᠨ᠂ ᠡᠳ᠋ ᠤᠨ ᠵᠠᠰᠠᠭ ᠤᠨ ᠡᠬᠢ ᠪᠠᠶᠠᠯᠢᠭ ᠤᠨ ᠥᠨᠳᠥᠷ ᠪᠦᠲᠦᠮᠵᠢᠲᠡᠶ ᠲᠣᠬᠢᠷᠠᠭᠤᠯᠤᠯᠲᠠ ᠶᠢ ᠦᠨᠡᠨ ᠬᠦ ᠪᠠᠲᠤᠯᠠᠵᠤ᠂ ᠡᠳ᠋ ᠤᠨ ᠵᠠᠰᠠᠭ ᠤᠨ ᠦᠷᠭᠦᠯᠵᠢᠯᠡᠬᠦ ᠴᠢᠨᠠᠷ ᠢ ᠴᠢᠩᠭᠠᠷᠠᠭᠤᠯᠤᠨ᠎ᠠ᠃ ᠬᠤᠰᠢᠭᠤ ᠰᠢᠶᠠᠨ ᠬᠤᠲᠠ ᠲᠣᠭᠤᠷᠢᠭ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠠᠵᠢᠯᠯᠠᠭᠠᠨ ᠤ ᠶᠡᠷᠦᠩᠬᠡᠶᠢᠯᠡᠭᠰᠡᠨ ᠠᠮᠵᠢᠯᠲᠠ ᠪᠦᠲᠦᠮᠵᠢ ᠶᠢᠨ ᠦᠨᠡᠯᠡᠯᠲᠡ ᠶᠢ ᠴᠠᠭ ᠲᠤ ᠨᠢ ᠳᠣᠭᠢᠷᠠᠭᠤᠯᠤᠨ ᠥᠷᠨᠢᠭᠦᠯᠵᠦ᠂ ᠬᠤᠰᠢᠭᠤ ᠰᠢᠶᠠᠨ ᠤ ᠵᠠᠰᠠᠭ ᠤᠨ ᠣᠷᠳᠣᠨ ᠢ ᠬᠥᠲᠥᠯᠦᠨ ᠵᠢᠯᠣᠭᠤᠳᠴᠤ ᠪᠠᠶᠢᠭᠠᠳ ᠴᠢᠨᠠᠷ ᠰᠠᠶᠢᠲᠠᠶ ᠬᠥᠭᠵᠢᠯᠲᠡ ᠶᠢᠨ ᠲᠣᠭᠤᠷᠢᠨ ᠳᠤ ᠣᠷᠣᠯᠭ᠎ᠠ ᠶᠢᠨ ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠵᠦ᠂ ᠣᠯᠠᠨ ᠨᠡᠶᠢᠲᠡ ᠶᠢᠨ ᠦᠶᠯᠡᠴᠢᠯᠡᠭᠡᠨ ᠤ ᠬᠠᠩᠭᠠᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠂ ᠡᠳ᠋ ᠤᠨ ᠵᠠᠰᠠᠭ ᠤᠨ ᠠᠵᠢᠯᠯᠠᠭᠠᠨ ᠤ ᠶᠡᠷᠦᠩᠬᠡᠶᠢᠯᠡᠭᠰᠡᠨ ᠠᠮᠵᠢᠯᠲᠠ ᠪᠦᠲᠦᠮᠵᠢ ᠶᠢ ᠳᠡᠭᠡᠭᠰᠢᠯᠡᠭᠦᠯᠦᠨ᠎ᠡ᠃      ᠭᠤᠷᠪᠠ᠂ ᠪᠦᠬᠦ ᠶᠠᠪᠤᠴᠠ ᠶᠢᠨ ᠲᠥᠰᠦᠪ ᠤᠨ ᠠᠮᠵᠢᠯᠲᠠ ᠪᠦᠲᠦᠮᠵᠢ ᠶᠢ ᠨᠠᠷᠢᠯᠢᠭ ᠣᠨᠣᠴᠠᠲᠠᠶ ᠪᠠᠷ ᠡᠵᠡᠮᠳᠡᠬᠦ ᠲᠣᠭᠲᠠᠴᠠ ᠶᠢ ᠪᠠᠶᠢᠭᠤᠯᠤᠨ᠎ᠠ      ᠠᠮᠵᠢᠯᠲᠠ ᠪᠦᠲᠦᠮᠵᠢ ᠶᠢᠨ ᠣᠶᠢᠯᠠᠭᠠᠭᠳᠠᠬᠤᠨ ᠪᠠ ᠠᠷᠭ᠎ᠠ ᠶᠢ ᠲᠥᠰᠦᠪ ᠤᠨ ᠬᠠᠮᠢᠶᠠᠷᠤᠯᠲᠠ ᠶᠢᠨ ᠪᠥᠬᠦ ᠶᠠᠪᠤᠴᠠ ᠳᠤ ᠭᠦᠨᠵᠡᠭᠡᠶ ᠠᠭᠤᠰᠬᠠᠨ ᠣᠷᠣᠭᠤᠯᠵᠤ᠂ ᠬᠡᠷᠡᠭ ᠤᠨ ᠡᠮᠦᠨᠡᠬᠢ ᠪᠠ ᠬᠡᠷᠡᠭ ᠤᠨ ᠳᠤᠮᠳᠠᠬᠢ ᠪᠠ ᠬᠡᠷᠡᠭ ᠤᠨ ᠳᠠᠷᠠᠭᠠᠬᠢ ︽ᠲᠥᠰᠦᠪ ᠤᠨ ᠠᠮᠵᠢᠯᠲᠠ ᠪᠦᠲᠦᠮᠵᠢ ᠶᠢ ᠨᠠᠷᠢᠯᠢᠭ ᠣᠨᠣᠴᠠᠲᠠᠶ ᠪᠠᠷ ᠡᠵᠡᠮᠳᠡᠬᠦ︾ ᠪᠢᠲᠡᠭᠦᠦ ᠴᠠᠭᠠᠷᠢᠭ ᠤᠨ ᠰᠢᠰᠲ᠋ᠧᠮ ᠢ ᠪᠠᠶᠢᠭᠤᠯᠵᠤ᠂ ᠲᠥᠰᠦᠪ ᠬᠢᠭᠡᠳ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠨᠢᠭᠡ ᠴᠤᠭᠴᠠᠵᠢᠭᠤᠯᠤᠨ ᠠᠵᠢᠯᠯᠠᠭᠤᠯᠬᠤ ᠶᠢ ᠪᠡᠶᠡᠯᠡᠭᠦᠯᠦᠨ᠎ᠡ᠃      ︵ᠨᠢᠭᠡ︶ ᠲᠥᠷᠥ ᠶᠢᠨ ᠪᠣᠳᠣᠯᠭ᠎ᠠ ᠪᠠ ᠲᠥᠷᠥᠯ ᠵᠦᠶᠯ ᠤᠨ ᠬᠡᠷᠡᠭ ᠤᠨ ᠡᠮᠦᠨᠡᠬᠢ ᠠᠵᠢᠯ ᠤᠨ ᠠᠮᠵᠢᠯᠲᠠ ᠪᠦᠲᠦᠮᠵᠢ ᠶᠢ ᠦᠨᠡᠯᠡᠨ ᠵᠢᠱᠢᠬᠦ ᠲᠣᠭᠲᠠᠴᠠ ᠶᠢ ᠪᠠᠶᠢᠭᠤᠯᠤᠨ᠎ᠠ᠃ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠨᠦᠭᠦᠳ ᠲᠥᠰᠦᠪ ᠢ ᠬᠢᠨᠠᠨ ᠲᠣᠭᠲᠠᠭᠠᠬᠤ᠂ ᠲᠥᠷᠥᠯ ᠵᠦᠶᠯ ᠢ ᠬᠢᠨᠠᠨ ᠵᠥᠪᠰᠢᠶᠡᠷᠡᠬᠦ ᠵᠡᠷᠭᠡ ᠠᠵᠢᠯ ᠲᠠᠢ ᠤᠶᠠᠯᠳᠤᠭᠤᠯᠤᠨ᠂ ᠰᠢᠨ᠎ᠡ ᠪᠠᠷ ᠨᠡᠶᠢᠲᠡᠯᠡᠭᠰᠡᠨ ᠲᠥᠷᠥ ᠶᠢᠨ ᠪᠣᠳᠣᠯᠭ᠎ᠠ ᠵᠢᠴᠢ ᠰᠢᠨ᠎ᠡ ᠪᠠᠷ ᠨᠡᠮᠡᠭᠳᠡᠭᠰᠡᠨ ᠲᠥᠷᠥᠯ ᠵᠦᠶᠯ ᠳᠤ ᠬᠡᠷᠡᠭ ᠤᠨ ᠡᠮᠦᠨᠡᠬᠢ ᠠᠵᠢᠯ ᠤᠨ ᠠᠮᠵᠢᠯᠲᠠ ᠪᠦᠲᠦᠮᠵᠢ ᠶᠢᠨ ᠦᠨᠡᠯᠡᠨ ᠵᠢᠱᠢᠯᠲᠡ ᠶᠢ ᠥᠷᠨᠢᠭᠦᠯᠦᠨ᠎ᠡ᠃ ᠪᠠᠯᠠ ᠣᠷᠣᠭᠤᠯᠤᠯᠲᠠ ᠶᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠦᠨᠳᠦᠰᠦᠨ ᠪᠥᠲᠥᠭᠡᠨ ᠪᠠᠶᠢᠭᠤᠯᠤᠯᠲᠠ ᠶᠢᠨ ᠪᠠᠯᠠ ᠣᠷᠣᠭᠤᠯᠤᠯᠲᠠ ᠶᠢᠨ ᠠᠵᠢᠯ ᠤᠨ ᠠᠮᠵᠢᠯᠲᠠ ᠪᠦᠲᠦᠮᠵᠢ ᠶᠢ ᠦᠨᠡᠯᠡᠨ ᠵᠢᠱᠢᠬᠦ ᠶᠢ ᠥᠷᠨᠢᠭᠦᠯᠵᠦ᠂ ᠲᠥᠷᠥ ᠶᠢᠨ ᠪᠣᠳᠣᠯᠭ᠎ᠠ ᠲᠣᠭᠲᠠᠭᠠᠬᠤ ᠰᠠᠯᠠᠭ᠎ᠠ ᠮᠥᠴᠢᠷ ᠨᠢ ᠲᠥᠷᠥ ᠶᠢᠨ ᠪᠣᠳᠣᠯᠭ᠎ᠠ ᠶᠢᠨ ᠬᠡᠷᠡᠭ ᠤᠨ ᠡᠮᠦᠨᠡᠬᠢ ᠠᠵᠢᠯ ᠤᠨ ᠠᠮᠵᠢᠯᠲᠠ ᠪᠦᠲᠦᠮᠵᠢ ᠶᠢ ᠨᠤᠲᠠᠯᠠᠨ ᠦᠨᠡᠯᠡᠨ ᠵᠢᠱᠢᠬᠦ ᠶᠢ ᠥᠷᠨᠢᠭᠦᠯᠵᠦ᠂ ᠦᠨᠡᠯᠡᠨ ᠵᠢᠱᠢᠭᠰᠡᠨ ᠦᠷ᠎ᠡ ᠳ᠋ᠦᠩ ᠢ ᠲᠥᠰᠦᠪ ᠭᠤᠶᠤᠴᠢᠯᠠᠬᠤ ᠶᠢᠨ ᠵᠠᠪᠠᠯ ᠪᠦᠷᠢᠯᠳᠦᠭᠦᠯᠬᠦ ᠴᠢᠬᠤᠯᠠ ᠨᠥᠬᠦᠴᠡᠯ ᠪᠣᠯᠭᠠᠨ᠎ᠡ᠃ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠰᠢᠨ᠎ᠡ ᠪᠠᠷ ᠨᠡᠮᠡᠭᠳᠡᠭᠰᠡᠨ ᠴᠢᠬᠤᠯᠠ ᠶᠡᠭᠡ ᠲᠥᠷᠥ ᠶᠢᠨ ᠪᠣᠳᠣᠯᠭ᠎ᠠ ᠪᠠ ᠲᠥᠷᠥᠯ ᠵᠦᠶᠯ ᠳᠤ ᠲᠥᠰᠦᠪ ᠤᠨ ᠬᠢᠨᠠᠨ ᠬᠠᠷᠭᠤᠭᠤᠯᠤᠯᠲᠠ ᠶᠢ ᠴᠢᠩᠭᠠᠳᠬᠠᠵᠤ᠂ ᠴᠢᠬᠤᠯᠠ ᠲᠠᠢ ᠦᠶ᠎ᠡ ᠳᠤ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠶᠢ ᠵᠣᠬᠢᠶᠠᠨ ᠪᠠᠶᠢᠭᠤᠯᠤᠨ ᠬᠡᠷᠡᠭ ᠤᠨ ᠡᠮᠦᠨᠡᠬᠢ ᠠᠵᠢᠯ ᠤᠨ ᠠᠮᠵᠢᠯᠲᠠ ᠪᠦᠲᠦᠮᠵᠢ ᠶᠢ ᠦᠨᠡᠯᠡᠨ ᠵᠢᠱᠢᠬᠦ ᠶᠢ ᠪᠡᠶ᠎ᠡ ᠪᠠᠨ ᠳᠠᠭᠠᠭᠠᠨ ᠥᠷᠨᠢᠭᠦᠯᠵᠦ᠂ ᠬᠢᠨᠠᠨ ᠬᠠᠷᠭᠤᠭᠤᠯᠤᠭᠰᠠᠨ᠂ ᠦᠨᠡᠯᠡᠨ ᠵᠢᠱᠢᠭᠰᠡᠨ ᠦᠷ᠎ᠡ ᠳ᠋ᠦᠩ ᠢ ᠲᠥᠰᠦᠪ ᠤᠨ ᠲᠣᠬᠢᠷᠠᠭᠤᠯᠤᠯᠲᠠ ᠶᠢᠨ ᠴᠢᠬᠤᠯᠠ ᠦᠨᠳᠦᠰᠦᠯᠡᠯ ᠪᠣᠯᠭᠠᠨ᠎ᠠ᠃ ᠡᠳ᠋ ᠤᠨ ᠵᠠᠰᠠᠭ ᠤᠨ ᠡᠬᠢ ᠪᠠᠶᠠᠯᠢᠭ ᠤᠨ ᠲᠤᠬᠢᠷᠠᠭᠤᠯᠤᠯᠳᠠ ᠶᠢᠨ ᠰᠢᠨᠵᠢᠯᠡᠬᠦ ᠤᠬᠠᠭᠠᠨᠴᠢ ᠴᠢᠨᠠᠷ ᠪᠠ ᠨᠠᠷᠢᠯᠢᠭ ᠣᠨᠣᠪᠴᠢᠲᠤ ᠴᠢᠨᠠᠷ ᠢ ᠡᠬᠢ ᠡᠭᠦᠰᠦᠯ ᠠᠴᠠ ᠨᠢ ᠳᠡᠭᠡᠭᠰᠢᠯᠡᠭᠦᠯᠵᠦ᠂ ᠲᠥᠰᠦᠪ ᠢ ᠭᠦᠢᠴᠡᠳᠬᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠪᠡᠯᠡ ᠮᠥᠩᠭᠦ ᠶᠢᠨ ᠰᠤᠯᠠ ᠲᠠᠯᠪᠢᠭᠳᠠᠵᠤ ᠳᠠᠷᠤᠭᠳᠠᠬᠤ ᠶᠢ ᠰᠡᠷᠭᠡᠶᠢᠯᠡᠨ ᠡᠵᠡᠮᠳᠡᠨ᠎ᠡ᠃      ︵ᠬᠤᠶᠠᠷ︶ ᠲᠥᠰᠦᠪ ᠤᠨ ᠠᠮᠵᠢᠯᠲᠠ ᠪᠦᠲᠦᠮᠵᠢ ᠶᠢᠨ ᠬᠠᠷᠠᠯᠲᠠᠲᠤ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ᠃ ︽ᠬᠡᠨ ᠪᠡᠯᠡ ᠮᠥᠩᠭᠦ ᠭᠤᠶᠤᠴᠢᠯᠠᠪᠠᠯ᠂ ᠲᠡᠷᠡ ᠬᠠᠷᠠᠯᠲᠠ ᠲᠣᠭᠲᠠᠭᠠᠬᠤ︾ ᠵᠠᠷᠴᠢᠮ ᠤᠨ ᠶᠣᠰᠣᠭᠠᠷ᠂ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠨᠦᠭᠦᠳ ᠲᠥᠰᠦᠪ ᠨᠠᠶᠢᠷᠠᠭᠤᠯᠤᠨ ᠵᠣᠬᠢᠶᠠᠬᠤ ᠲᠠᠭᠠᠨ᠂ ᠲᠥᠷᠥ ᠶᠢᠨ ᠪᠤᠳᠤᠯᠭ᠎ᠠ᠂ ᠲᠥᠷᠥᠯ ᠵᠦᠢᠯ᠂ ᠰᠠᠯᠠᠭ᠎ᠠ ᠮᠥᠴᠢᠷ ᠪᠣᠯᠤᠨ ᠨᠢᠭᠡᠴᠢ ᠶᠢᠨ ᠪᠦᠬᠦᠯᠢ ᠴᠣᠭᠴᠠ ᠶᠢᠨ ᠠᠮᠵᠢᠯᠲᠠ ᠪᠦᠲᠦᠮᠵᠢ ᠶᠢᠨ ᠬᠠᠷᠠᠯᠲᠠ ᠶᠢ ᠵᠡᠷᠭᠡ ᠳᠤ ᠨᠢ ᠪᠠᠶᠢᠷᠢᠯᠠᠭᠤᠯᠵᠤ᠂ ᠠᠮᠵᠢᠯᠲᠠ ᠪᠦᠲᠦᠮᠵᠢ ᠶᠢᠨ ᠬᠠᠷᠠᠯᠲᠠ ᠶᠢᠨ ᠪᠠᠶᠢᠷᠢᠯᠠᠭᠤᠯᠤᠯᠲᠠ ᠶᠢ ᠲᠥᠷᠥᠯ ᠵᠦᠢᠯ ᠢ ᠬᠥᠮᠥᠷᠭᠡ ᠳᠤ ᠣᠷᠣᠭᠤᠯᠬᠤ ᠵᠢᠴᠢ ᠣᠨ ᠤ ᠲᠥᠰᠦᠪ ᠭᠤᠶᠤᠴᠢᠯᠠᠬᠤ ᠪᠠ ᠡᠳ᠋ ᠤᠨ ᠵᠠᠰᠠᠭ ᠤᠨ ᠳᠤᠮᠳᠠ ᠬᠤᠭᠤᠴᠠᠭᠠᠨ ᠤ ᠲᠥᠯᠥᠪᠵᠢᠭᠦᠯᠭᠡ ᠶᠢᠨ ᠤᠷᠢᠳᠠᠴᠢ ᠨᠥᠬᠦᠴᠡᠯ ᠪᠣᠯᠭᠠᠨ᠎ᠠ᠃ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠲᠥᠷᠥ ᠶᠢᠨ ᠪᠣᠳᠣᠯᠭ᠎ᠠ ᠪᠠ ᠲᠥᠷᠥᠯ ᠵᠦᠢᠯ ᠤᠨ ᠲᠥᠰᠦᠪ᠂ ᠰᠠᠯᠠᠭ᠎ᠠ ᠮᠥᠴᠢᠷ ᠪᠠ ᠨᠢᠭᠡᠴᠢ ᠶᠢᠨ ᠲᠥᠰᠦᠪ ᠵᠢᠴᠢ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠠᠵᠢᠯᠯᠠᠭᠠᠨ ᠤ ᠨᠡᠶᠢᠲᠡᠴᠢ ᠴᠢᠨᠠᠷᠲᠠᠶ ᠠᠮᠵᠢᠯᠲᠠ ᠪᠦᠲᠦᠮᠵᠢ ᠶᠢᠨ ᠭᠦᠢᠴᠡᠳᠬᠡᠯ ᠲᠤᠭ᠎ᠠ ᠶᠢᠨ ᠪᠣᠷᠣ ᠲᠥᠯᠥᠪ ᠢ ᠪᠠᠶᠢᠭᠤᠯᠵᠤ᠂ ᠲᠥᠰᠦᠪ ᠢ ᠭᠦᠢᠴᠡᠳᠬᠡᠬᠦ ᠦᠷ᠎ᠡ ᠪᠦᠲᠦᠮᠵᠢ ᠶᠢ ᠬᠠᠷᠠᠯᠲᠠᠵᠢᠭᠤᠯᠬᠤ ᠪᠠ ᠳᠦᠷᠢᠮᠵᠢᠭᠦᠯᠬᠦ ᠶᠢ ᠳᠡᠭᠡᠭᠰᠢᠯᠡᠭᠦᠯᠵᠦ᠂ ᠲᠥᠰᠦᠪ ᠢ ᠨᠠᠷᠢᠯᠢᠭ᠂ ᠪᠣᠳᠠᠲᠠᠢ᠂ ᠣᠨᠣᠪᠴᠢᠲᠠᠢ ᠨᠠᠶᠢᠷᠠᠭᠤᠯᠬᠤ ᠶᠢ ᠦᠨᠡᠨ ᠬᠦ ᠪᠠᠲᠤᠯᠠᠵᠤ᠂ ᠲᠥᠰᠦᠪ ᠢ ᠨᠠᠶᠢᠷᠠᠭᠤᠯᠤᠨ ᠬᠢᠨᠠᠬᠤ ᠠᠵᠢᠯ ᠲᠠᠢ ᠤᠶᠠᠯᠳᠤᠭᠤᠯᠤᠨ᠂ ᠠᠮᠵᠢᠯᠲᠠ ᠪᠦᠲᠦᠮᠵᠢ ᠶᠢᠨ ᠬᠠᠷᠠᠯᠲᠠ ᠶᠢ ᠬᠢᠨᠠᠨ ᠬᠠᠷᠭᠤᠭᠤᠯᠬᠤ ᠶᠢ ᠴᠢᠩᠭᠠᠳᠬᠠᠵᠤ᠂ ᠬᠤᠯᠪᠣᠭᠳᠠᠯ ᠪᠦᠬᠦᠢ ᠱᠠᠭᠠᠷᠳᠠᠯᠭ᠎ᠠ ᠳᠤ ᠨᠡᠶᠢᠴᠡᠬᠦ ᠦᠭᠡᠢ ᠪᠠᠶᠢᠪᠠᠯ᠂ ᠳᠠᠷᠠᠭᠠᠴᠢ ᠶᠢᠨ ᠠᠯᠬᠤᠮ ᠤᠨ ᠲᠥᠰᠦᠪ ᠢ ᠨᠠᠶᠢᠷᠠᠭᠤᠯᠤᠨ ᠬᠢᠨᠠᠬᠤ ᠶᠠᠪᠤᠴᠠ ᠳᠤ ᠣᠷᠣᠭᠤᠯᠵᠤ ᠪᠣᠯᠬᠤ ᠦᠭᠡᠢ᠂ ᠠᠮᠵᠢᠯᠲᠠ ᠪᠦᠲᠦᠮᠵᠢ ᠶᠢᠨ ᠬᠠᠷᠠᠯᠲᠠ ᠪᠣᠯᠤᠨ ᠲᠥᠰᠦᠪ ᠢ ᠨᠠᠶᠢᠷᠠᠭᠤᠯᠤᠨ ᠮᠡᠳᠡᠭᠦᠯᠬᠦ ︽ᠵᠡᠷᠭᠡ ᠪᠠᠷ ᠮᠡᠳᠡᠭᠦᠯᠬᠦ᠂ ᠵᠡᠷᠭᠡ ᠪᠠᠷ ᠬᠢᠨᠠᠨ ᠶᠠᠷᠢᠯᠴᠠᠬᠤ᠂ ᠵᠡᠷᠭᠡ ᠪᠠᠷ ᠴᠤᠬᠤᠯᠠᠪᠤᠷᠢᠯᠠᠬᠤ᠂ ᠵᠡᠷᠭᠡ ᠪᠠᠷ ᠢᠯᠡ ᠪᠣᠯᠭᠠᠬᠤ︾ ᠶᠢ ᠪᠡᠶᠡᠯᠡᠭᠦᠯᠦᠨ᠎ᠡ᠃      ︵ᠭᠤᠷᠪᠠ︶ ᠲᠥᠰᠦᠪ ᠤᠨ ᠠᠮᠵᠢᠯᠲᠠ ᠪᠦᠲᠦᠮᠵᠢ ᠶᠢᠨ ᠠᠵᠢᠯᠯᠠᠭᠠᠨ ᠢ ᠬᠢᠨᠠᠨ ᠡᠵᠡᠮᠳᠡᠬᠦ ᠲᠣᠭᠲᠠᠴᠠ ᠶᠢ ᠪᠦᠷᠢᠨᠰᠢᠬᠦᠯᠦᠨ᠎ᠠ᠃ ᠡᠯ᠎ᠡ ᠱᠠᠳᠤ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠶᠢᠨ ᠬᠢᠨ ᠲᠥᠰᠦᠪ ᠢ ᠭᠦᠢᠴᠡᠳᠬᠡᠭᠰᠡᠨ ᠠᠬᠢᠴᠠ ᠪᠣᠯᠤᠨ ᠲᠥᠰᠦᠪ ᠤᠨ ᠠᠮᠵᠢᠯᠲᠠ ᠪᠦᠲᠦᠮᠵᠢ ᠶᠢᠨ ᠬᠠᠷᠠᠯᠲᠠ ᠶᠢ ᠪᠡᠶᠡᠯᠡᠭᠦᠯᠦᠭᠰᠡᠨ ᠬᠡᠮᠵᠢᠶ᠎ᠡ ᠶᠢ ᠬᠢᠨᠠᠨ ᠡᠵᠡᠮᠳᠡᠬᠦ ᠪᠠᠨ ᠴᠢᠩᠭᠠᠳᠬᠠᠵᠤ᠂ ᠲᠥᠰᠦᠪ ᠪᠣᠯᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠭᠦᠨᠵᠡᠭᠡᠢ ᠠᠭᠤᠰᠤᠯᠴᠠᠬᠤ ᠶᠢ ᠠᠬᠢᠭᠤᠯᠤᠨ᠎ᠠ᠃ ᠰᠠᠯᠠᠭ᠎ᠠ ᠮᠥᠴᠢᠷ ᠪᠣᠯᠤᠨ ᠨᠢᠭᠡᠴᠢ ᠨᠦᠭᠦᠳ ᠠᠵᠢᠯ ᠤᠨ ᠠᠮᠵᠢᠯᠲᠠ ᠪᠦᠲᠦᠮᠵᠢ ᠶᠢᠨ ᠠᠵᠢᠯᠯᠠᠭᠠᠨ ᠢ ᠬᠢᠨᠠᠨ ᠡᠵᠡᠮᠳᠡᠬᠦ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠪᠥᠬᠦ ᠶᠠᠪᠤᠴᠠ ᠶᠢ ᠬᠢᠨᠠᠨ ᠡᠵᠡᠮᠳᠡᠬᠦ ᠶᠢ ᠥᠷᠨᠢᠭᠦᠯᠵᠦ᠂ ᠣᠯᠵᠤ ᠮᠡᠳᠡᠭᠰᠡᠨ ᠠᠰᠠᠭᠤᠳᠠᠯ ᠢ ᠴᠠᠭ ᠲᠤᠬᠠᠶ ᠳᠤ ᠨᠢ ᠴᠡᠭᠴᠡᠯᠡᠨ ᠵᠠᠯᠠᠷᠠᠭᠤᠯᠵᠤ᠂ ᠠᠵᠢᠯ ᠤᠨ ᠠᠮᠵᠢᠯᠲᠠ ᠪᠦᠲᠦᠮᠵᠢ ᠶᠢᠨ ᠬᠠᠷᠠᠯᠲᠠ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠠᠬᠢᠭᠤᠯᠤᠨ᠎ᠠ᠃ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠴᠢᠬᠤᠯᠠ ᠶᠡᠭᠡ ᠲᠥᠷᠥ ᠶᠢᠨ ᠪᠣᠳᠣᠯᠭ᠎ᠠ ᠪᠠ ᠭᠤᠤᠯᠳᠠᠯᠭ᠎ᠠ ᠲᠠᠢ ᠲᠥᠷᠥᠯ ᠵᠦᠶᠯ ᠤᠨ ᠠᠮᠵᠢᠯᠲᠠ ᠪᠦᠲᠦᠮᠵᠢ ᠶᠢᠨ ᠬᠠᠷᠠᠯᠲᠠ ᠶᠢ ᠪᠡᠶᠡᠯᠡᠭᠦᠯᠦᠭᠰᠡᠨ ᠬᠡᠮᠵᠢᠶ᠎ᠡ᠂ ᠰᠠᠯᠠᠭ᠎ᠠ ᠮᠥᠴᠢᠷ ᠪᠠ ᠨᠢᠭᠡᠴᠢ ᠶᠢᠨ ᠲᠥᠰᠦᠪ ᠤᠨ ᠬᠡᠷᠡᠭᠵᠢᠭᠦᠯᠦᠯᠲᠡ ᠵᠢᠴᠢ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠶᠡᠷᠦᠩᠬᠡᠶᠢᠯᠡᠭᠰᠡᠨ ᠠᠵᠢᠯᠯᠠᠭᠠᠨ ᠳᠤ ᠭᠤᠤᠯᠳᠠᠯᠭ᠎ᠠ ᠲᠠᠢ ᠠᠮᠵᠢᠯᠲᠠ ᠪᠦᠲᠦᠮᠵᠢ ᠶᠢᠨ ᠬᠢᠨᠠᠨ ᠡᠵᠡᠮᠳᠡᠬᠦ ᠶᠢ ᠥᠷᠨᠢᠭᠦᠯᠦᠨ᠎ᠡ᠃ ︽ᠲᠥᠷᠥᠯ ᠵᠦᠶᠯ ᠤᠨ ᠠᠵᠢᠯ ᠤᠨ ᠠᠮᠵᠢᠯᠲᠠ ᠪᠦᠲᠦᠮᠵᠢ ᠶᠢ ᠮᠥᠷᠳᠡᠵᠦ ᠦᠨᠡᠯᠡᠨ ᠵᠢᠱᠢᠬᠦ + ᠵᠠᠷᠤᠯᠭ᠎ᠠ ᠶᠢᠨ ᠠᠬᠢᠴᠠ ᠪᠠ ᠪᠠᠯᠠ ᠮᠥᠩᠭᠦ ᠶᠢᠨ ᠳᠠᠷᠤᠭᠳᠠᠵᠤ ᠪᠠᠶᠢᠭ᠎ᠠ ᠪᠠᠶᠢᠳᠠᠯ ᠢ ᠤᠷᠢᠳᠴᠢᠯᠠᠨ ᠰᠡᠷᠡᠮᠵᠢᠯᠡᠭᠦᠯᠵᠦ ᠴᠡᠭᠴᠡᠯᠡᠨ ᠰᠠᠶᠢᠵᠢᠷᠠᠭᠤᠯᠬᠤ + ᠬᠥᠳᠡᠯᠦᠩᠭᠦᠶ ᠪᠠᠷ ᠳᠣᠭᠢᠷᠠᠭᠤᠯᠤᠨ ᠴᠡᠪᠡᠷᠯᠡᠨ ᠠᠷᠢᠯᠭᠠᠬᠤ︾ ᠲᠣᠭᠲᠠᠴᠠ ᠶᠢ ᠪᠠᠶᠢᠭᠤᠯᠵᠤ᠂ ᠵᠠᠷᠤᠯᠭ᠎ᠠ ᠶᠢᠨ ᠠᠬᠢᠴᠠ ᠳᠤ ᠬᠦᠷᠦᠭᠰᠡᠨ ᠥᠬᠡᠶ ᠪᠠ ᠠᠵᠢᠯ ᠤᠨ ᠠᠮᠵᠢᠯᠲᠠ ᠪᠦᠲᠦᠮᠵᠢ ᠶᠢᠨ ᠬᠠᠷᠠᠯᠲᠠ ᠪᠠᠨ ᠪᠡᠶᠡᠯᠡᠭᠦᠯᠦᠭᠰᠡᠨ ᠥᠬᠡᠶ ᠶᠢ ᠤᠷᠢᠳᠴᠢᠯᠠᠨ ᠰᠡᠷᠡᠮᠵᠢᠯᠡᠭᠦᠯᠵᠦ᠂ ᠰᠠᠯᠠᠭ᠎ᠠ ᠮᠥᠴᠢᠷ ᠪᠠ ᠨᠢᠭᠡᠴᠢ ᠳᠤ ᠴᠠᠭ ᠲᠤᠬᠠᠶ ᠳᠤ ᠨᠢ ᠮᠡᠳᠡᠭᠳᠡᠵᠦ ᠴᠡᠭᠴᠡᠯᠡᠨ ᠰᠠᠶᠢᠵᠢᠷᠠᠭᠤᠯᠵᠤ᠂ ᠠᠰᠠᠭᠤᠳᠠᠯ ᠬᠦᠨᠳᠦ ᠨᠣᠴᠢᠲᠠᠶ ᠪᠤᠶᠤ ᠴᠡᠭᠴᠡᠯᠡᠨ ᠰᠠᠶᠢᠵᠢᠷᠠᠭᠤᠯᠬᠤ ᠨᠢ ᠪᠠᠷᠢᠮᠵᠢᠶ᠎ᠠ ᠳᠤ ᠬᠥᠷᠬᠦ ᠥᠬᠡᠶ ᠶᠢ ᠨᠢ ᠲᠥᠰᠦᠪ ᠤᠨ ᠵᠣᠭᠤᠰ ᠢ ᠨᠢ ᠲᠦᠷ ᠬᠤᠶᠢᠰᠢᠯᠠᠭᠤᠯᠬᠤ ᠪᠤᠶᠤ ᠵᠣᠭᠰᠣᠭᠠᠨ᠎ᠠ︔ ᠵᠢᠯ ᠤᠨ ᠡᠴᠦᠰ ᠲᠤ ᠵᠠᠷᠤᠴᠠᠭᠤᠯᠬᠤ ᠶᠢᠨ ᠠᠷᠭ᠎ᠠ ᠦᠭᠡᠢ ᠲᠦᠷᠦᠯ ᠵᠦᠢᠯ ᠤᠨ ᠪᠡᠯᠡ ᠮᠥᠩᠭᠦ ᠶᠢ ᠴᠠᠭ ᠲᠤᠬᠠᠶ ᠳᠤ  ᠨᠢ  ᠴᠡᠪᠡᠷᠯᠡᠨ ᠬᠤᠷᠢᠶᠠᠨ ᠠᠪᠴᠤ᠂ ᠪᠤᠰᠤᠳ ᠭᠤᠣᠯᠳᠠᠯᠭ᠎ᠠ ᠲᠠᠢ ᠲᠥᠷᠥᠯ ᠵᠦᠢᠯ ᠲᠤ ᠲᠣᠬᠢᠷᠠᠭᠤᠯᠤᠨ ᠬᠡᠷᠡᠭᠯᠡᠵᠦ᠂ ᠰᠠᠯᠠᠭ᠎ᠠ ᠮᠥᠴᠢᠷ ᠪᠠ ᠨᠢᠭᠡᠴᠢ ᠶᠢᠨ ᠵᠠᠷᠤᠯᠭ᠎ᠠ ᠶᠢᠨ ᠠᠬᠢᠴᠠ ᠶᠢ ᠲᠦᠷᠭᠡᠳᠬᠡᠬᠦ ᠶᠢ ᠠᠬᠢᠭᠤᠯᠵᠤ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠲᠦᠷᠦ ᠶᠢᠨ ᠪᠤᠳᠤᠯᠭ᠎ᠠ ᠪᠠ ᠲᠥᠷᠥᠯ ᠵᠦᠢᠯ ᠢ ᠬᠡᠷᠡᠭᠵᠢᠭᠦᠯᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃      ︵ᠲᠦᠷᠪᠡ︶ ᠲᠥᠰᠦᠪ ᠤᠨ ᠠᠮᠵᠢᠯᠲᠠ ᠪᠦᠲᠦᠮᠵᠢ ᠶᠢ ᠦᠨᠡᠯᠡᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠲᠥᠰᠦᠪ ᠢ ᠭᠦᠶᠴᠡᠳᠬᠡᠵᠦ ᠳᠠᠭᠤᠰᠤᠭᠰᠠᠨ ᠤ ᠳᠠᠷᠠᠭ᠎ᠠ᠂ ᠲᠥᠷᠥᠯ ᠵᠦᠶᠯ ᠤᠨ ᠨᠢᠭᠡᠴᠢ ᠨᠦᠭᠦᠳ ᠲᠣᠭᠲᠠᠭᠠᠭᠰᠠᠨ ᠠᠮᠵᠢᠯᠲᠠ ᠪᠦᠲᠦᠮᠵᠢ ᠶᠢᠨ ᠬᠠᠷᠠᠯᠲᠠ ᠲᠠᠢ ᠬᠠᠷᠢᠴᠠᠭᠤᠯᠤᠨ᠂ ᠲᠥᠷᠥ ᠶᠢᠨ ᠪᠣᠳᠣᠯᠭ᠎ᠠ᠂ ᠲᠥᠷᠥᠯ ᠵᠦᠶᠯ ᠪᠠ ᠰᠠᠯᠠᠭ᠎ᠠ ᠮᠥᠴᠢᠷ ᠤᠨ ᠪᠦᠬᠦᠯᠢ ᠴᠣᠭᠴᠠ ᠶᠢᠨ ᠠᠮᠵᠢᠯᠲᠠ ᠪᠦᠲᠦᠮᠵᠢ ᠳᠤ ᠪᠥᠬᠦ ᠲᠠᠯ᠎ᠠ ᠶᠢᠨ ᠠᠮᠵᠢᠯᠲᠠ ᠪᠦᠲᠦᠮᠵᠢ ᠶᠢᠨ ᠥᠪᠡᠷ ᠤᠨ ᠦᠨᠡᠯᠡᠯᠲᠡ ᠶᠢ ᠥᠷᠨᠢᠭᠦᠯᠦᠨ᠎ᠡ︔ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠪᠡᠯᠡ ᠮᠥᠩᠭᠦ ᠶᠢᠨ ᠬᠡᠪᠴᠢᠶ᠎ᠡ ᠪᠠᠷ ᠨᠡᠯᠢᠶᠡᠳ ᠶᠡᠭᠡ᠂ ᠨᠡᠶᠢᠭᠡᠮ ᠠᠴᠠ ᠨᠡᠯᠢᠶᠡᠳ ᠠᠩᠬᠠᠷᠤᠯ ᠲᠠᠯᠪᠢᠵᠤ ᠪᠠᠶᠢᠭ᠎ᠠ ᠲᠥᠷᠥ ᠶᠢᠨ ᠪᠤᠳᠤᠯᠭ᠎ᠠ ᠪᠣᠯᠤᠨ ᠲᠥᠷᠥᠯ ᠵᠦᠢᠯ ᠢ ᠰᠣᠩᠭᠤᠵᠤ ᠭᠤᠣᠯᠳᠠᠯᠭ᠎ᠠ ᠲᠠᠢ ᠦᠨᠡᠯᠡᠯᠲᠡ ᠬᠢᠵᠦ᠂ ᠦᠨᠡᠯᠡᠭᠰᠡᠨ ᠦᠷ᠎ᠡ ᠳ᠋ᠦᠩ ᠢ ᠲᠤᠰ ᠰᠠᠯᠠᠭ᠎ᠠ ᠮᠥᠴᠢᠷ ᠲᠤᠰ ᠨᠢᠭᠡᠴᠢ ᠶᠢᠨ ᠢᠶᠠᠨ ᠲᠥᠰᠦᠪ ᠲᠤ ᠲᠤᠬᠢᠷᠠᠭᠤᠯᠤᠯᠳᠠ ᠬᠢᠬᠦ ᠪᠠ ᠬᠠᠮᠢᠶᠠᠷᠤᠯᠲᠠ ᠪᠠᠨ ᠬᠠᠯᠠᠨ ᠰᠠᠶᠢᠵᠢᠷᠠᠭᠤᠯᠬᠤ ᠶᠢᠨ ᠴᠢᠬᠤᠯᠠ ᠯᠠᠪᠯᠠᠯᠲᠠ ᠪᠣᠯᠭᠠᠨ᠎ᠠ᠃ ᠰᠠᠯᠠᠭ᠎ᠠ ᠮᠥᠴᠢᠷ ᠪᠣᠯᠤᠨ ᠨᠢᠭᠡᠴᠢ ᠶᠢᠨ ᠦᠨᠡᠯᠡᠭᠰᠡᠨ ᠦᠷ᠎ᠡ ᠳ᠋ᠦᠩ ᠢ ᠲᠣᠰ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠨ᠎ᠡ᠃ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠠᠵᠢᠯ ᠤᠨ ᠠᠮᠵᠢᠯᠲᠠ ᠪᠦᠲᠦᠮᠵᠢ ᠶᠢ ᠥᠪᠡᠰᠦᠪᠡᠨ ᠦᠨᠡᠯᠡᠭᠰᠡᠨ ᠦᠷ᠎ᠡ ᠳ᠋ᠦᠩ ᠢ ᠰᠤᠭᠤᠴᠢᠨ ᠪᠠᠶᠢᠴᠠᠭᠠᠵᠤ ᠳᠠᠬᠢᠨ ᠬᠢᠨᠠᠵᠤ᠂ ᠱᠠᠭᠠᠷᠳᠠᠯᠭ᠎ᠠ ᠶᠣᠰᠣᠭᠠᠷ ᠥᠪᠡᠷ ᠢ ᠪᠠᠨ ᠦᠨᠡᠯᠡᠭᠰᠡᠨ ᠥᠬᠡᠶ᠂ ᠥᠪᠡᠷ ᠢ ᠪᠠᠨ ᠦᠨᠡᠯᠡᠭᠰᠡᠨ ᠪᠠ ᠰᠤᠭᠤᠴᠢᠨ ᠪᠠᠶᠢᠴᠠᠭᠠᠭᠰᠠᠨ ᠦᠷ᠎ᠡ ᠳ᠋ᠦᠩ ᠨᠢ ᠨᠡᠯᠢᠶᠡᠳ ᠶᠡᠭᠡ ᠵᠥᠷᠢᠶ᠎ᠡ ᠲᠠᠢ ᠵᠢᠴᠢ ᠰᠤᠭᠤᠴᠢᠨ ᠪᠠᠶᠢᠴᠠᠭᠠᠭᠰᠠᠨ ᠦᠷ᠎ᠡ ᠳ᠋ᠦᠩ ᠨᠢ ᠠᠨᠠᠶ ᠪᠠᠶᠢᠪᠠᠯ ᠵᠠᠷᠯᠠᠨ ᠨᠡᠶᠢᠲᠡᠯᠡᠨ᠎ᠡ᠃ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠴᠢᠬᠤᠯᠠ ᠶᠡᠭᠡ ᠲᠥᠷᠥ ᠶᠢᠨ ᠪᠣᠳᠣᠯᠭ᠎ᠠ᠂ ᠭᠤᠤᠯᠳᠠᠯᠭ᠎ᠠ ᠲᠠᠢ ᠲᠥᠷᠥᠯ ᠵᠦᠶᠯ᠂ ᠬᠤᠭᠤᠴᠠᠭ᠎ᠠ ᠨᠢ ᠲᠤᠯᠤᠭᠰᠠᠨ ᠲᠤᠰᠬᠠᠶ ᠪᠠᠯᠠ ᠮᠥᠩᠭᠦ ᠵᠢᠴᠢ ᠰᠠᠯᠠᠭ᠎ᠠ ᠮᠥᠴᠢᠷ ᠪᠠ ᠨᠢᠭᠡᠴᠢ ᠶᠢᠨ ᠪᠦᠬᠦᠯᠢ ᠴᠣᠭᠴᠠ ᠶᠢᠨ ᠠᠮᠵᠢᠯᠲᠠ ᠪᠦᠲᠦᠮᠵᠢ᠂ ᠳᠣᠤᠷᠠᠳᠤ ᠱᠠᠲᠤᠨ ᠤ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠠᠵᠢᠯᠯᠠᠭᠠᠨ ᠤ ᠶᠡᠷᠦᠩᠬᠡᠶᠢᠯᠡᠭᠰᠡᠨ ᠠᠮᠵᠢᠯᠲᠠ ᠪᠦᠲᠦᠮᠵᠢ ᠳᠤ ᠠᠮᠵᠢᠯᠲᠠ ᠪᠦᠲᠦᠮᠵᠢ ᠶᠢᠨ ᠦᠨᠡᠯᠡᠯᠲᠡ ᠬᠢᠵᠦ᠂ ᠴᠢᠬᠤᠯᠠ ᠲᠠᠢ ᠦᠶ᠎ᠡ ᠳᠤ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠶᠢ ᠣᠷᠣᠭᠤᠯᠤᠨ ᠠᠪᠴᠢᠷᠠᠵᠤ ᠠᠮᠵᠢᠯᠲᠠ ᠪᠦᠲᠦᠮᠵᠢ ᠶᠢᠨ ᠦᠨᠡᠯᠡᠯᠲᠡ ᠳᠤ ᠣᠷᠣᠯᠴᠠᠭᠤᠯᠵᠤ ᠪᠣᠯᠤᠨ᠎ᠠ᠃      ︵ᠲᠠᠪᠤ︶ ᠠᠵᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠦᠷ᠎ᠡ ᠳ᠋ᠦᠩ ᠤᠨ ᠬᠡᠷᠡᠭᠯᠡᠯᠲᠡ ᠶᠢ ᠢᠯᠡ ᠪᠣᠯᠭᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠨᠦᠭᠦᠳ ᠠᠵᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠦᠷ᠎ᠡ ᠳ᠋ᠦᠩ ᠢ ᠬᠠᠷᠢᠭᠤ ᠲᠤᠰᠬᠠᠬᠤ᠂ ᠮᠡᠳᠡᠭᠦᠯᠬᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠ ᠢᠯᠡ ᠪᠣᠯᠭᠠᠬᠤ ᠲᠦᠷᠢᠮ ᠢ ᠪᠠᠶᠢᠭᠤᠯᠤᠨ᠎ᠠ᠃ ᠡᠳ᠋ ᠤᠨ ᠵᠠᠰᠠᠭ ᠤᠨ ᠰᠠᠯᠠᠭ᠎ᠠ ᠮᠥᠴᠢᠷ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠦᠷ᠎ᠡ ᠪᠦᠲᠦᠭᠡᠯ ᠢ ᠬᠡᠷᠡᠭᠯᠡᠬᠦ ᠡᠷᠴᠢᠮ ᠢᠶᠠᠨ ᠴᠢᠩᠭᠠᠷᠠᠭᠤᠯᠵᠤ᠂ ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠦᠷ᠎ᠡ ᠳ᠋ᠦᠩ ᠢ ᠲᠥᠰᠦᠪ ᠤᠨ ᠲᠣᠬᠢᠷᠠᠭᠤᠯᠤᠯᠲᠠ ᠪᠠ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠲᠠᠢ ᠬᠤᠯᠪᠣᠭᠳᠠᠭᠤᠯᠵᠤ᠂ ᠠᠮᠵᠢᠯᠲᠠ ᠪᠦᠲᠦᠮᠵᠢ ᠶᠢᠨ ᠬᠠᠷᠠᠯᠲᠠ ᠶᠢ ᠲᠥᠰᠦᠪ ᠢ ᠨᠠᠶᠢᠷᠠᠭᠤᠯᠤᠨ ᠵᠣᠬᠢᠶᠠᠬᠤ ᠯᠤᠭ᠎ᠠ ᠬᠤᠯᠪᠣᠭᠳᠠᠭᠤᠯᠵᠤ᠂ ᠠᠮᠵᠢᠯᠲᠠ ᠪᠦᠲᠦᠮᠵᠢ ᠶᠢᠨ ᠠᠵᠢᠯᠯᠠᠭᠠᠨ ᠢ ᠬᠢᠨᠠᠨ ᠡᠵᠡᠮᠳᠡᠬᠦ ᠶᠢ ᠲᠥᠰᠦᠪ ᠤᠨ ᠭᠦᠢᠴᠡᠳᠬᠡᠯ ᠳᠤ ᠳᠤᠬᠢᠷᠠᠭᠤᠯᠤᠯᠳᠠ ᠬᠢᠬᠦ ᠯᠦᠭᠡ ᠬᠤᠯᠪᠣᠭᠳᠠᠭᠤᠯᠵᠤ᠂ ᠰᠠᠯᠠᠭ᠎ᠠ ᠮᠥᠴᠢᠷ ᠤᠨ ᠪᠦᠬᠦᠯᠢ ᠴᠣᠭᠴᠠ ᠶᠢᠨ ᠠᠮᠵᠢᠯᠲᠠ ᠪᠦᠲᠦᠮᠵᠢ ᠶᠢ ᠰᠠᠯᠠᠭ᠎ᠠ ᠮᠥᠴᠢᠷ ᠤᠨ ᠲᠥᠰᠦᠪ ᠤᠨ ᠳᠤᠬᠢᠷᠠᠭᠤᠯᠤᠯᠳᠠ ᠯᠤᠭ᠎ᠠ ᠬᠤᠯᠪᠣᠭᠳᠠᠭᠤᠯᠵᠤ᠂ ᠳᠤᠤᠷᠠᠳᠤ ᠱᠠᠲᠤᠨ ᠤ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠠᠵᠢᠯᠯᠠᠭᠠᠨ ᠤ ᠶᠡᠷᠦᠩᠬᠡᠶᠢᠯᠡᠭᠰᠡᠨ ᠠᠮᠵᠢᠯᠲᠠ ᠪᠦᠲᠦᠮᠵᠢ ᠶᠢ ᠰᠢᠯᠵᠢᠭᠦᠯᠦᠨ ᠥᠭᠬᠦ ᠬᠤᠪᠢᠶᠠᠷᠢᠯᠠᠯᠲᠠ ᠯᠤᠭ᠎ᠠ ᠬᠤᠯᠪᠣᠭᠳᠠᠭᠤᠯᠵᠤ᠂ ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠦᠷ᠎ᠡ ᠳ᠋ᠦᠩ ᠢ ᠦᠨᠳᠦᠰᠦᠯᠡᠨ᠂ ᠰᠢᠯᠢᠳᠡᠭ ᠢ ᠨᠢ ᠱᠠᠩᠨᠠᠵᠤ ᠮᠠᠭᠤ ᠶᠢ ᠨᠢ ᠲᠣᠷᠭᠠᠵᠤ᠂ ᠪᠡᠯᠡ ᠮᠥᠩᠭᠦ ᠪᠤᠶᠤ ᠳᠦᠷᠦᠯ ᠵᠦᠢᠯ ᠢ ᠨᠢ ᠬᠦᠴᠦᠨ ᠦᠬᠡᠢ ᠪᠣᠯᠬᠤ ᠬᠦᠷᠲᠡᠯ᠎ᠡ ᠶᠠᠪᠤᠭᠳᠠᠭᠤᠯᠵᠤ᠂ ᠪᠡᠯᠡ ᠮᠥᠩᠭᠦ ᠶᠢᠨ ᠪᠦᠬᠦᠯᠢ ᠴᠣᠭᠴᠠ ᠶᠢᠨ ᠠᠮᠵᠢᠯᠲᠠ ᠪᠦᠲᠦᠮᠵᠢ ᠶᠢ ᠳᠡᠭᠡᠭᠰᠢᠯᠡᠭᠦᠯᠦᠨ᠎ᠡ᠃ ᠠᠮᠵᠢᠯᠲᠠ ᠪᠦᠲᠦᠮᠵᠢ ᠶᠢᠨ ᠮᠡᠳᠡᠭᠡ ᠵᠠᠩᠭᠢ ᠶᠢ ᠢᠯᠡ ᠪᠣᠯᠭᠠᠬᠤ ᠶᠢ ᠢᠳᠡᠪᠬᠢᠲᠡᠶ ᠲᠦᠯᠬᠢᠨ ᠠᠬᠢᠭᠤᠯᠤᠨ᠎ᠠ᠃      ᠲᠦᠷᠪᠡ᠂ ᠪᠦᠬᠦ ᠲᠠᠯ᠎ᠠ ᠶᠢᠨ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠬᠤᠯᠪᠣᠯᠳᠤᠭᠰᠠᠨ ᠪᠠᠶᠢᠷᠢᠰᠢᠯ ᠢ ᠪᠠᠶᠢᠭᠤᠯᠤᠨ᠎ᠠ      ᠨᠠᠮ ᠤᠨ ᠬᠤᠷᠢᠶ᠎ᠠ ᠤᠳᠤᠷᠢᠳᠤᠭᠰᠠᠨ᠂ ᠵᠠᠰᠠᠭ ᠤᠨ ᠣᠷᠳᠣᠨ ᠬᠠᠷᠢᠭᠤᠴᠠᠭᠰᠠᠨ᠂ ᠡᠳ᠋ ᠤᠨ ᠵᠠᠰᠠᠭ ᠠᠴᠠ ᠲᠦᠷᠦᠭᠦᠯᠡᠨ ᠵᠣᠬᠢᠶᠠᠨ ᠪᠠᠶᠢᠭᠤᠯᠤᠭᠰᠠᠨ᠂ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠪᠠ ᠪᠡᠯᠡ ᠮᠥᠩᠭᠦ ᠬᠡᠷᠡᠭᠯᠡᠬᠦ ᠨᠢᠭᠡᠴᠢ ᠪᠣᠳᠠᠲᠠᠶ ᠬᠡᠷᠡᠭᠵᠢᠭᠦᠯᠦᠭᠰᠡᠨ᠂ ᠨᠡᠶᠢᠭᠡᠮ ᠨᠡᠶᠢᠲᠡ ᠪᠠᠷ ᠢᠶᠠᠨ ᠥᠷᠭᠡᠨ ᠢᠶᠠᠷ ᠣᠷᠣᠯᠴᠠᠭᠰᠠᠨ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠠᠵᠢᠯ ᠢ ᠲᠦᠯᠬᠢᠨ ᠠᠬᠢᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠴᠤᠭᠭᠠᠷ ᠠᠳᠬᠤᠵᠤ ᠬᠠᠮᠲᠤ ᠪᠠᠷ ᠬᠠᠮᠢᠶᠠᠷᠤᠭᠰᠠᠨ᠂ ᠤᠯᠠᠨ ᠲᠠᠯ᠎ᠠ ᠪᠠᠷ ᠬᠠᠮᠲᠤᠷᠠᠨ ᠬᠥᠳᠡᠯᠦᠯᠴᠡᠭᠰᠡᠨ ᠠᠵᠢᠯ ᠤᠨ ᠪᠠᠶᠢᠷᠢᠰᠢᠯ ᠢ ᠪᠤᠢ ᠪᠣᠯᠭᠠᠨ᠎ᠠ᠃      ︵ᠨᠢᠭᠡ︶ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠨ᠎ᠡ᠃ ᠡᠯ᠎ᠡ ᠱᠠᠲᠤᠨ ᠤ ᠵᠠᠰᠠᠭ ᠤᠨ ᠣᠷᠳᠣᠨ ᠪᠠ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠪᠣᠯ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠭᠤᠣᠯ ᠴᠣᠭᠴᠠ ᠮᠥᠨ᠃ ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠭᠤᠣᠯ ᠬᠠᠷᠢᠭᠤᠴᠠᠯᠭᠠᠲᠠᠨ ᠲᠤᠰ ᠭᠠᠵᠠᠷ ᠣᠷᠣᠨ ᠤ ᠲᠥᠰᠦᠪ ᠤᠨ ᠠᠮᠵᠢᠯᠲᠠ ᠪᠦᠲᠦᠮᠵᠢ ᠳᠤ ᠶᠡᠷᠦᠩᠬᠡᠢ ᠬᠠᠷᠢᠭᠤᠴᠠᠯᠭ᠎ᠠ ᠶᠢ ᠡᠭᠦᠷᠭᠡᠯᠡᠵᠦ᠂ ᠰᠠᠯᠠᠭ᠎ᠠ ᠮᠥᠴᠢᠷ ᠪᠠ ᠨᠢᠭᠡᠴᠢ ᠶᠢᠨ ᠭᠤᠣᠯ ᠬᠠᠷᠢᠭᠤᠴᠠᠯᠭᠠᠲᠠᠨ ᠲᠤᠰ ᠰᠠᠯᠠᠭ᠎ᠠ ᠮᠥᠴᠢᠷ ᠲᠤᠰ ᠨᠢᠭᠡᠴᠢ ᠶᠢᠨ ᠲᠥᠰᠦᠪ ᠤᠨ ᠠᠮᠵᠢᠯᠲᠠ ᠪᠦᠲᠦᠮᠵᠢ ᠳᠤ ᠬᠠᠷᠢᠭᠤᠴᠠᠵᠤ᠂ ᠲᠦᠷᠦᠯ ᠵᠦᠢᠯ ᠤᠨ ᠬᠠᠷᠢᠭᠤᠴᠠᠯᠭᠠᠲᠠᠨ ᠲᠦᠷᠦᠯ ᠵᠦᠢᠯ ᠤᠨ ᠲᠥᠰᠦᠪ ᠤᠨ ᠠᠮᠵᠢᠯᠲᠠ ᠪᠦᠲᠦᠮᠵᠢ ᠳᠤ ᠬᠠᠷᠢᠭᠤᠴᠠᠵᠤ᠂ ᠴᠢᠬᠤᠯᠠ ᠶᠡᠭᠡ ᠲᠦᠷᠦᠯ ᠵᠦᠢᠯ ᠤᠨ ᠬᠠᠷᠢᠭᠤᠴᠠᠯᠭᠠᠲᠠᠨ ᠳᠤ ᠠᠮᠵᠢᠯᠲᠠ ᠪᠦᠲᠦᠮᠵᠢ ᠶᠢᠨ ᠨᠠᠰᠤᠨ ᠲᠤᠷᠰᠢᠳᠠ ᠶᠢᠨ ᠬᠠᠷᠢᠭᠤᠴᠠᠯᠭ᠎ᠠ ᠨᠡᠬᠡᠮᠵᠢᠯᠡᠬᠦ ᠲᠦᠷᠢᠮ ᠢ ᠬᠡᠷᠡᠭᠵᠢᠭᠦᠯᠦᠨ᠎ᠡ︔ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠲᠣᠰ ᠭᠠᠵᠠᠷ ᠣᠷᠣᠨ ᠤ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠶᠡᠷᠦᠩᠬᠡᠶ ᠲᠥᠯᠥᠪᠵᠢᠭᠦᠯᠭᠡ᠂ ᠲᠦᠷᠢᠮ ᠤᠨ  ᠲᠥᠯᠥᠪᠯᠡᠭᠡ ᠪᠠ ᠵᠣᠬᠢᠶᠠᠨ ᠪᠠᠶᠢᠭᠤᠯᠵᠤ ᠳᠥᠯᠭᠢᠨ ᠠᠬᠢᠭᠤᠯᠬᠤ ᠶᠢ ᠬᠠᠷᠢᠭᠤᠴᠠᠨ᠎ᠠ︔ ᠡᠯ᠎ᠡ ᠰᠠᠯᠠᠭ᠎ᠠ ᠮᠥᠴᠢᠷ ᠤᠳ ᠲᠣᠰ ᠰᠠᠯᠠᠭ᠎ᠠ ᠮᠥᠴᠢᠷ ᠤᠨ ᠢᠶᠠᠨ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠲᠦᠷᠢᠮ ᠤᠨ ᠠᠷᠭ᠎ᠠ ᠶᠢ ᠬᠠᠷᠢᠭᠤᠴᠠᠨ ᠲᠣᠭᠲᠠᠭᠠᠵᠤ᠂ ᠲᠣᠰ ᠰᠠᠯᠠᠭ᠎ᠠ ᠮᠥᠴᠢᠷ ᠵᠢᠴᠢ ᠬᠠᠷᠢᠶ᠎ᠠ ᠨᠢᠭᠡᠴᠢ ᠶᠢᠨ ᠢᠶᠠᠨ ᠪᠥᠬᠦ ᠶᠠᠪᠤᠴᠠ ᠶᠢᠨ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠲᠥᠷᠥᠯ ᠵᠦᠢᠯ ᠢ ᠬᠡᠷᠡᠭᠵᠢᠭᠦᠯᠬᠦ ᠨᠢᠭᠡᠴᠢ ᠨᠦᠭᠦᠳ ᠱᠠᠭᠠᠷᠳᠠᠯᠭ᠎ᠠ ᠶᠣᠰᠣᠭᠠᠷ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠵᠦ᠂ ᠲᠥᠷᠥᠯ ᠵᠦᠢᠯ ᠤᠨ ᠵᠢᠱᠢᠭᠰᠡᠨ ᠠᠮᠵᠢᠯᠲᠠ ᠪᠦᠲᠦᠮᠵᠢ ᠶᠢ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃      ︵ᠬᠤᠶᠠᠷ︶ ᠲᠥᠰᠦᠪ ᠤᠨ ᠠᠮᠵᠢᠯᠲᠠ ᠪᠦᠲᠦᠮᠵᠢ ᠶᠢᠨ ᠬᠠᠮᠵᠢᠯᠴᠠᠨ ᠬᠤᠯᠪᠣᠭᠠᠯᠠᠨ ᠡᠵᠡᠮᠳᠡᠬᠦ ᠲᠣᠭᠲᠠᠴᠠ ᠶᠢ ᠪᠠᠶᠢᠭᠤᠯᠤᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ᠂ ᠬᠢᠨᠠᠨ ᠪᠤᠳᠤᠬᠤ ᠪᠠᠶᠢᠭᠤᠯᠭ᠎ᠠ ᠶᠢᠨ ᠬᠢᠨᠠᠯᠲᠠ ᠲᠠᠯᠪᠢᠬᠤ ᠦᠶᠯᠡᠳᠦᠯ᠂ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠤᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠵᠤ ᠤᠷᠮᠠᠰᠢᠭᠤᠯᠬᠤ ᠦᠶᠯᠡᠳᠦᠯ ᠵᠢᠴᠢ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠲᠥᠰᠦᠪ ᠤᠨ ᠬᠠᠮᠢᠶᠠᠷᠤᠯᠲᠠ ᠶᠢᠨ ᠦᠶᠯᠡᠳᠦᠯ ᠢ ᠭᠦᠶᠴᠡᠳ ᠪᠠᠳᠠᠷᠠᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ᠂ ᠵᠣᠬᠢᠶᠠᠨ ᠪᠠᠶᠢᠭᠤᠯᠬᠤ ᠬᠡᠯᠲᠡᠰ᠂ ᠡᠳ᠋ ᠤᠨ ᠵᠠᠰᠠᠭ᠂ ᠬᠢᠨᠠᠨ ᠪᠤᠳᠤᠬᠤ ᠬᠠᠮᠵᠢᠯᠴᠠᠨ ᠬᠥᠳᠡᠯᠦᠯᠴᠡᠭᠰᠡᠨ ᠲᠥᠰᠦᠪ ᠤᠨ ᠠᠵᠢᠯ ᠤᠨ ᠠᠮᠵᠢᠯᠲᠠ ᠪᠦᠲᠦᠮᠵᠢ ᠶᠢ ᠨᠠᠷᠢᠯᠢᠭ ᠣᠨᠣᠴᠠᠲᠠᠶ ᠪᠠᠷ ᠡᠵᠡᠮᠳᠡᠬᠦ ᠵᠠᠭᠪᠤᠷ ᠢ ᠡᠭᠦᠳᠦᠨ ᠪᠠᠶᠢᠭᠤᠯᠵᠤ᠂ ᠵᠠᠰᠠᠭ ᠤᠨ ᠣᠷᠳᠣᠨ ᠤ ᠲᠥᠰᠦᠪ ᠤᠨ ᠠᠵᠢᠯ ᠤᠨ ᠠᠮᠵᠢᠯᠲᠠ ᠪᠦᠲᠦᠮᠵᠢ ᠵᠢᠴᠢ ᠲᠥᠷᠥ ᠶᠢᠨ ᠪᠣᠳᠣᠯᠭ᠎ᠠ ᠪᠠ ᠲᠥᠷᠥᠯ ᠵᠦᠶᠯ ᠤᠨ ᠬᠡᠷᠡᠭᠵᠢᠭᠦᠯᠦᠯᠲᠡ ᠶᠢᠨ ᠦᠷ᠎ᠡ ᠪᠦᠲᠦᠮᠵᠢ ᠶᠢ ᠦᠨᠡᠨ ᠬᠦ ᠪᠠᠲᠤᠯᠠᠨ᠎ᠠ᠃      ︵ᠭᠤᠷᠪᠠ︶ ᠨᠡᠶᠢᠭᠡᠮ ᠤᠨ ᠬᠦᠴᠦᠨ ᠤ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠳᠤ ᠣᠷᠣᠯᠴᠠᠬᠤ ᠲᠣᠭᠲᠠᠴᠠ ᠶᠢ ᠵᠢᠷᠤᠮᠵᠢᠭᠤᠯᠤᠨ᠎ᠠ᠃ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠶᠢ ᠪᠤᠶᠢᠵᠢᠭᠤᠯᠬᠤ ᠶᠢ ᠴᠢᠩᠭᠠᠳᠬᠠᠵᠤ᠂ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠶᠢᠨ ᠠᠵᠢᠯ ᠤᠨ ᠠᠮᠵᠢᠯᠲᠠ ᠪᠦᠲᠦᠮᠵᠢ ᠶᠢ ᠦᠨᠡᠯᠡᠨ ᠵᠢᠱᠢᠬᠦ᠂ ᠦᠨᠡᠯᠡᠬᠦ ᠵᠡᠷᠭᠡ ᠲᠥᠰᠦᠪ ᠤᠨ ᠠᠵᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠠᠵᠢᠯ ᠳᠤ ᠡᠮᠬᠢ ᠵᠢᠷᠤᠮ ᠲᠠᠢ ᠪᠠᠷ ᠣᠷᠣᠯᠴᠠᠬᠤ ᠶᠢ ᠬᠥᠲᠥᠯᠦᠨ ᠵᠢᠯᠣᠭᠤᠳᠬᠤ ᠪᠠ ᠵᠢᠷᠤᠮᠵᠢᠭᠤᠯᠵᠤ᠂ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠶᠢᠨ ᠣᠷᠣᠯᠴᠠᠬᠤ ᠬᠡᠪᠴᠢᠶ᠎ᠡ ᠪᠠ ᠠᠷᠭ᠎ᠠ ᠮᠠᠶ᠋ᠢᠭ ᠢ ᠴᠢᠩᠭᠠᠳᠬᠠᠨ᠎ᠠ᠃ ᠲᠤᠰᠬᠠᠢ ᠮᠡᠷᠭᠡᠵᠢᠯᠲᠡᠨ ᠤ ᠵᠥᠪᠯᠡᠯᠭᠡ ᠥᠭᠬᠦ ᠲᠣᠭᠲᠠᠴᠠ ᠶᠢ ᠪᠠᠶᠢᠭᠤᠯᠵᠤ᠂ ᠠᠳᠠᠯᠢ ᠪᠤᠰᠤ ᠬᠦᠷᠢᠶ᠎ᠡ᠂ ᠠᠳᠠᠯᠢ ᠪᠤᠰᠤ ᠠᠵᠢᠯ ᠲᠦᠷᠦᠯ᠂ ᠠᠳᠠᠯᠢ ᠪᠤᠰᠤ ᠲᠤᠰᠬᠠᠶ ᠮᠡᠷᠭᠡᠵᠢᠯ ᠢ ᠬᠠᠮᠤᠷᠤᠭᠰᠠᠨ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠲᠤᠰᠬᠠᠶ ᠮᠡᠷᠭᠡᠵᠢᠯᠲᠡᠨ ᠡᠷᠳᠡᠮᠲᠡᠨ ᠤ ᠤᠶᠤᠨ ᠤ ᠬᠥᠮᠥᠷᠭᠡ ᠶᠢ ᠪᠠᠶᠢᠭᠤᠯᠤᠨ᠎ᠠ᠃      ᠲᠠᠪᠤ᠂ ᠪᠠᠲᠤᠯᠠᠭ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠦᠨ ᠠᠬᠢᠭᠤᠯᠤᠨ᠎ᠠ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠪᠣᠳᠠᠲᠠᠶ ᠲᠠᠢ ᠪᠠᠨ ᠤᠶᠠᠯᠳᠤᠭᠤᠯᠤᠨ ᠬᠡᠷᠡᠭᠵᠢᠭᠦᠯᠬᠦ ᠠᠷᠭ᠎ᠠ᠂ ᠠᠵᠢᠯ ᠤᠨ ᠲᠥᠰᠦᠯ ᠢᠶᠠᠨ ᠲᠣᠭᠲᠠᠭᠠᠵᠤ᠂ ᠡᠯ᠎ᠡ ᠵᠦᠶᠯ ᠤᠨ ᠠᠵᠢᠯ ᠢᠶᠠᠨ ᠨᠢᠭᠡᠳᠦᠯᠲᠡᠶ ᠲᠥᠯᠥᠪᠯᠡᠨ ᠰᠦᠪᠡᠭᠴᠢᠯᠡᠨ᠎ᠡ︔ ᠲᠤᠰᠬᠠᠶ ᠲᠤᠰᠢᠶᠠᠯᠲᠤ ᠪᠠᠶᠢᠭᠤᠯᠤᠮᠵᠢ ᠪᠤᠶᠤ ᠲᠤᠰᠬᠠᠶ ᠲᠤᠰᠢᠶᠠᠯᠲᠤ ᠠᠵᠢᠯᠲᠠᠨ ᠲᠣᠬᠢᠷᠠᠭᠤᠯᠵᠤ᠂ ᠵᠠᠷᠤᠳᠠᠯ ᠤᠨ ᠪᠠᠲᠤᠯᠠᠭ᠎ᠠ ᠶᠢ ᠨᠠᠶᠢᠳᠠᠪᠤᠷᠢᠵᠢᠭᠤᠯᠤᠨ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠠᠬᠢᠭᠤᠯᠤᠨ᠎ᠠ ︔ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠰᠢᠪᠠᠳᠠᠨ ᠵᠢᠯᠣᠭᠤᠳᠴᠤ᠂ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠦᠨᠳᠦᠰᠦᠨ ᠱᠠᠲᠤᠨ ᠤ ᠨᠢᠭᠡᠴᠢ ᠪᠠ ᠪᠡᠯᠡ ᠮᠥᠩᠭᠦ ᠬᠡᠷᠡᠭᠯᠡᠬᠦ ᠦᠵᠦᠭᠦᠷ ᠬᠦᠷᠲᠡᠯ᠎ᠡ ᠤᠷᠲᠤᠳᠬᠠᠬᠤ ᠶᠢ ᠦᠨᠡᠨ ᠬᠦ ᠪᠠᠲᠤᠯᠠᠨ᠎ᠠ᠃      ︵ᠬᠤᠶᠠᠷ︶ ᠠᠵᠢᠯ ᠤᠨ ᠰᠢᠯᠭᠠᠨ ᠬᠢᠨᠠᠬᠤ ᠶᠢ ᠴᠢᠩᠭᠠᠳᠬᠠᠨ᠎ᠠ᠃ ᠲᠥᠰᠦᠪ ᠤᠨ ᠠᠮᠵᠢᠯᠲᠠ ᠪᠦᠲᠦᠮᠵᠢ ᠶᠢᠨ ᠦᠷ᠎ᠡ ᠳ᠋ᠦᠩ ᠢ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠵᠠᠰᠠᠭ ᠤᠨ ᠣᠷᠳᠣᠨ᠂ ᠬᠤᠲᠠ ᠶᠢᠨ ᠱᠠᠲᠤᠨ ᠤ ᠬᠠᠷᠢᠶ᠎ᠠ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠶᠢᠨ ᠶᠡᠷᠦᠩᠬᠡᠶᠢᠯᠡᠭᠰᠡᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠭᠦᠶᠴᠡᠳᠬᠡᠯ ᠲᠤᠭ᠎ᠠ ᠶᠢᠨ ᠰᠢᠰᠲ᠋ᠧᠮᠵᠢ ᠪᠠ ᠺᠠᠳ᠋ᠷ ᠢ ᠰᠢᠯᠭᠠᠨ ᠬᠢᠨᠠᠵᠤ ᠦᠨᠡᠯᠡᠬᠦ ᠰᠢᠰᠲ᠋ᠧᠮᠵᠢ ᠳᠤ ᠣᠷᠣᠭᠤᠯᠤᠨ᠎ᠠ᠃ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠵᠠᠰᠠᠭ ᠤᠨ ᠣᠷᠳᠣᠨ ᠨᠢ ᠲᠥᠰᠦᠪ ᠤᠨ ᠠᠵᠢᠯ ᠤᠨ ᠠᠮᠵᠢᠯᠲᠠ ᠪᠦᠲᠦᠮᠵᠢ ᠶᠢᠨ ᠦᠷ᠎ᠡ ᠳ᠋ᠦᠩ ᠢ ᠰᠢᠶᠠᠩ ᠪᠠᠯᠭᠠᠰᠤ ᠶᠢᠨ ᠵᠠᠰᠠᠭ ᠤᠨ ᠣᠷᠳᠣᠨ᠂ ᠬᠠᠷᠢᠶ᠎ᠠ ᠰᠠᠯᠠᠭ᠎ᠠ ᠮᠥᠴᠢᠷ ᠪᠠ ᠨᠢᠭᠡᠴᠢ ᠶᠢᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠶᠡᠷᠦᠩᠬᠡᠶᠢᠯᠡᠭᠰᠡᠨ ᠭᠦᠶᠴᠡᠳᠬᠡᠯ ᠲᠤᠭ᠎ᠠ ᠶᠢᠨ ᠰᠢᠰᠲ᠋ᠧᠮᠵᠢ ᠪᠠ ᠺᠠᠳ᠋ᠷ ᠢ ᠰᠢᠯᠭᠠᠨ ᠬᠢᠨᠠᠵᠤ ᠦᠨᠡᠯᠡᠬᠦ ᠰᠢᠰᠲ᠋ᠧᠮᠵᠢ ᠳᠤ ᠣᠷᠣᠭᠤᠯᠤᠨ᠎ᠠ᠃ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠲᠤᠰ ᠱᠠᠲᠤᠨ ᠤ ᠰᠠᠯᠠᠭ᠎ᠠ ᠮᠥᠴᠢᠷ ᠪᠣᠯᠤᠨ ᠲᠥᠰᠦᠪ ᠤᠨ ᠨᠢᠭᠡᠴᠢ᠂ ᠲᠤᠤᠷᠠᠳᠤ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠠᠵᠢᠯ ᠤᠨ ᠪᠠᠶᠢᠳᠠᠯ ᠲᠤ ᠬᠢᠨᠠᠨ ᠰᠢᠯᠭᠠᠯᠲᠠ ᠬᠢᠬᠦ ᠶᠢ ᠬᠠᠷᠢᠭᠤᠴᠠᠨ᠎ᠠ ᠃ ᠰᠢᠯᠭᠠᠨ ᠬᠢᠨᠠᠭᠰᠠᠨ ᠦᠷ᠎ᠡ ᠳ᠋ᠦᠩ ᠢ ᠵᠠᠷᠯᠠᠨ ᠮᠡᠳᠡᠭᠳᠡᠬᠦ ᠲᠦᠷᠢᠮ ᠢ ᠪᠠᠶᠢᠭᠤᠯᠵᠤ᠂ ᠠᠵᠢᠯ ᠤᠨ ᠦᠷ᠎ᠡ ᠪᠦᠲᠦᠮᠵᠢ ᠪᠠᠷ ᠢᠯᠡᠷᠬᠡᠶ ᠬᠤᠰᠢᠭᠤ ᠰᠢᠶᠠᠨ ᠪᠣᠯᠤᠨ ᠰᠠᠯᠠᠭ᠎ᠠ ᠮᠥᠴᠢᠷ ᠢ ᠲᠣᠭᠲᠠᠭᠠᠯ ᠶᠣᠰᠣᠭᠠᠷ ᠵᠠᠷᠯᠠᠨ ᠰᠠᠶᠢᠰᠢᠶᠠᠵᠤ᠂ ᠠᠵᠢᠯ ᠢᠶᠠᠨ  ᠬᠦᠴᠦᠲᠡᠢ ᠠᠬᠢᠭᠤᠯᠤᠭᠰᠠᠨ ᠥᠬᠡᠶ ᠪᠣᠯ ᠪᠣᠯᠵᠣᠨ ᠶᠠᠷᠢᠯᠴᠠᠬᠤ ᠶᠢᠨ ᠬᠠᠮᠲᠤ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠤᠨ᠎ᠠ᠃      ︵ᠭᠤᠷᠪᠠ︶ ᠬᠢᠨᠠᠯᠲᠠ ᠲᠠᠯᠪᠢᠵᠤ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠷᠠᠭᠤᠯᠤᠨ᠎ᠠ᠃ ᠬᠢᠨᠠᠨ ᠪᠤᠳᠤᠬᠤ ᠪᠠᠶᠢᠭᠤᠯᠭ᠎ᠠ ᠨᠤᠭᠤᠳ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠪᠠᠶᠢᠳᠠᠯ ᠳᠤ ᠬᠠᠤᠯᠢ ᠶᠣᠰᠣᠭᠠᠷ ᠬᠢᠨᠠᠨ ᠪᠤᠳᠤᠵᠤ ᠬᠢᠨᠠᠯᠲᠠ ᠲᠠᠯᠪᠢᠬᠤ ᠶᠢ ᠥᠷᠨᠢᠭᠦᠯᠵᠦ᠂ ᠲᠥᠰᠦᠪ ᠤᠨ ᠵᠠᠷᠤᠯᠭ᠎ᠠ ᠶᠢᠨ ᠠᠮᠵᠢᠯᠲᠠ ᠪᠦᠲᠦᠮᠵᠢ᠂ ᠲᠦᠷᠦ ᠶᠢᠨ ᠪᠤᠳᠤᠯᠭ᠎ᠠ ᠶᠢ ᠬᠡᠷᠡᠭᠵᠢᠭᠦᠯᠦᠭᠰᠡᠨ ᠦᠷ᠎ᠡ ᠪᠦᠲᠦᠮᠵᠢ᠂ ᠠᠮᠵᠢᠯᠲᠠ ᠪᠦᠲᠦᠮᠵᠢ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠ ᠰᠠᠯᠠᠭ᠎ᠠ ᠮᠥᠴᠢᠷ ᠤᠨ ᠠᠮᠵᠢᠯᠲᠠ ᠪᠦᠲᠦᠮᠵᠢ ᠶᠢ ᠥᠪᠡᠰᠦᠪᠡᠨ ᠦᠨᠡᠯᠡᠭᠰᠡᠨ ᠵᠡᠷᠭᠡ ᠠᠭᠤᠯᠭ᠎ᠠ ᠶᠢ ᠭᠤᠣᠯᠳᠠᠯᠭ᠎ᠠ ᠲᠠᠢ ᠪᠠᠷ ᠬᠢᠨᠠᠨ ᠪᠤᠳᠤᠬᠤ ᠶᠢᠨ ᠬᠠᠮᠲᠤ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠪᠠᠶᠢᠳᠠᠯ ᠢ ᠤᠳᠤᠷᠢᠳᠬᠤ ᠺᠠᠳ᠋ᠷᠴᠤᠳ ᠤᠨ ᠠᠵᠤ ᠠᠬᠤᠶ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ ᠬᠡᠪᠴᠢᠶᠡᠨ ᠳᠤ ᠣᠷᠣᠭᠤᠯᠤᠨ᠎ᠠ᠃ ᠡᠳ᠋ ᠤᠨ ᠵᠠᠰᠠᠭ᠂ ᠬᠢᠨᠠᠨ ᠪᠤᠳᠤᠬᠤ ᠵᠡᠷᠭᠡ ᠰᠠᠯᠠᠭ᠎ᠠ ᠮᠥᠴᠢᠷ ᠰᠠᠬᠢᠯᠭ᠎ᠠ ᠪᠠᠲᠤ ᠬᠠᠤᠯᠢ ᠴᠠᠭᠠᠵᠠ ᠠᠴᠠ ᠵᠥᠷᠢᠴᠡᠭᠰᠡᠨ ᠠᠰᠠᠭᠤᠳᠠᠯ ᠤᠨ ᠰᠦᠪᠡᠭᠴᠢ ᠶᠢ ᠣᠯᠵᠤ ᠮᠡᠳᠡᠪᠡᠯ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠳᠤ ᠴᠠᠭ ᠲᠤᠬᠠᠢ ᠳᠤ ᠨᠢ ᠰᠢᠯᠵᠢᠭᠦᠯᠦᠨ ᠬᠦᠷᠭᠡᠨ᠎ᠡ᠃                                                                                        2022 ᠣᠨ ᠤ 1 ᠰᠠᠷ᠎ᠠ ᠶᠢᠨ 11 ᠤ ᠡᠳᠦᠷ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2