ᠹᠧᠩᠵᠧᠨ ᠬᠤᠲᠠ ᠪᠥᠬᠦ ᠬᠤᠲᠠ ᠶᠢᠨ ᠬᠡᠷ ᠤᠨ ᠣᠷᠣᠶ ᠶᠢᠨ ᠲᠠᠷᠬᠠᠯᠲᠠ ᠶᠢᠨ ᠬᠡᠯᠪᠡᠷᠢ ᠶᠢᠨ ᠬᠡᠷᠡᠯ ᠴᠡᠨᠡᠭ ᠢ ᠨᠡᠭᠡᠭᠡᠨ ᠬᠥᠭᠵᠢᠭᠦᠯᠬᠦ ᠲᠤᠷᠰᠢᠯᠲᠠ ᠶᠢᠨ ᠠᠵᠢᠯ ᠢ ᠶᠡᠭᠡ ᠪᠠᠷ ᠳᠥᠯᠭᠢᠨ ᠠᠬᠢᠭᠤᠯᠵᠤ ᠪᠤᠢ
ᠨᠡᠶᠢᠲᠡᠯᠡᠭᠰᠡᠨ ᠴᠠᠭ᠄
2022/3/7
     ᠴᠠᠬᠢᠯᠭᠠᠨ ᠬᠦᠴᠦᠨ ᠤ ᠤᠷᠬᠢᠯ ᠤᠨ ᠳᠠᠭᠠᠭᠠᠴᠠ ᠶᠢ ᠪᠠᠭᠠᠰᠬᠠᠵᠤ᠂ ᠴᠠᠬᠢᠯᠭᠠᠨ ᠲᠦᠭᠡᠭᠡᠬᠦ ᠲᠣᠣᠷ ᠤᠨ ᠪᠡᠯᠡ ᠣᠷᠣᠭᠤᠯᠤᠯᠲᠠ ᠶᠢ ᠠᠷᠪᠢᠯᠠᠨ ᠰᠢᠯᠢᠳᠡᠭᠵᠢᠭᠦᠯᠵᠦ᠂ ᠪᠦᠬᠦ ᠨᠡᠶᠢᠭᠡᠮ ᠤᠨ ᠪᠣᠬᠢᠷᠲᠤᠯ ᠦᠭᠡᠢ ᠡᠨᠧᠷᠭᠢ ᠶᠢᠨ ᠬᠡᠷᠡᠭᠯᠡᠭᠡ ᠶᠢ ᠬᠦᠳᠦᠯᠦᠨ ᠵᠢᠯᠣᠭᠤᠳᠴᠤ᠂ ᠡᠨᠧᠷᠭᠢ ᠶᠢᠨ ᠪᠦᠲᠦᠴᠡ ᠶᠢ ᠴᠢᠨᠠᠭᠰᠢᠳᠠ ᠰᠢᠯᠢᠳᠡᠭᠵᠢᠭᠦᠯᠦᠨ ᠳᠡᠭᠡᠭᠰᠢᠯᠡᠭᠦᠯᠵᠦ᠂ ︽ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠤᠷᠬᠢᠯ ᠬᠡᠮᠵᠢᠭᠳᠡᠯ ᠳᠤ ᠬᠦᠷᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ︾ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠡᠮᠬᠢ ᠵᠢᠷᠤᠮ ᠲᠠᠢ ᠨᠠᠶᠢᠳᠠᠪᠤᠷᠢᠵᠢᠭᠤᠯᠬᠤ ᠶᠢ ᠥᠨᠳᠥᠷ ᠪᠦᠲᠦᠮᠵᠢᠲᠡᠢ ᠠᠬᠢᠭᠤᠯᠬᠤ ᠶᠢᠨ ᠲᠥᠯᠥᠭᠡ᠂ ᠹᠧᠩᠵᠧᠨ ᠬᠤᠳᠠ ᠶᠢᠨ ᠬᠢᠨ ᠤᠯᠤᠰ ᠤᠨ ᠡᠨᠧᠷᠭᠢ ᠶᠢᠨ ᠲᠣᠪᠴᠢᠶ᠎ᠡ ᠶᠢᠨ ᠭᠡᠷ ᠤᠨ ᠣᠷᠣᠢ ᠶᠢᠨ ᠲᠠᠷᠬᠠᠯᠲᠠ ᠶᠢᠨ ᠬᠡᠯᠪᠡᠷᠢ ᠶᠢᠨ ᠭᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠲᠦᠷᠦᠯ ᠵᠦᠢᠯ ᠢ ᠢᠳᠡᠪᠬᠢᠲᠡᠢ ᠪᠠᠷ ᠵᠣᠬᠢᠶᠠᠨ ᠪᠠᠶᠢᠭᠤᠯᠵᠤ ᠳᠡᠭᠡᠭᠰᠢ ᠮᠡᠳᠡᠭᠦᠯᠵᠡᠢ᠃ 2021 ᠣᠨ ᠤ 9 ᠰᠠᠷ᠎ᠠ ᠶᠢᠨ 8 ᠤ ᠡᠳᠦᠷ᠂ ᠤᠯᠤᠰ ᠤᠨ ᠡᠨᠧᠷᠭᠢ ᠶᠢᠨ ᠲᠣᠪᠴᠢᠶ᠎ᠠ ᠶᠢᠨ ᠠᠯᠪᠠᠨ ᠰᠦᠯᠵᠢᠶ᠎ᠡ ᠪᠥᠬᠦ ᠤᠯᠤᠰ ᠤᠨ ᠪᠥᠬᠦ ᠰᠢᠶᠠᠨ ︵ᠬᠤᠲᠠ᠂ ᠲᠣᠭᠤᠷᠢᠭ︶ ᠤ ᠬᠡᠷ ᠤᠨ ᠣᠷᠣᠶ ᠶᠢᠨ ᠲᠠᠷᠬᠠᠯᠲᠠ ᠶᠢᠨ ᠬᠡᠯᠪᠡᠷᠢ ᠶᠢᠨ ᠬᠡᠷᠡᠯ ᠴᠡᠨᠡᠭ ᠢ ᠨᠡᠭᠡᠭᠡᠨ ᠬᠥᠭᠵᠢᠭᠦᠯᠬᠦ ᠲᠤᠷᠰᠢᠯᠲᠠ ᠶᠢᠨ ᠴᠡᠭ ᠤᠨ ᠨᠡᠷᠡᠰ ᠢ ᠨᠡᠶᠢᠲᠡᠯᠡᠵᠦ᠂ ᠥᠪᠥᠷ ᠮᠣᠩᠭᠤᠯ ᠤᠨ 11 ᠰᠢᠶᠠᠨ ︵ᠬᠤᠲᠠ᠂ ᠲᠣᠭᠤᠷᠢᠭ︶ ᠢ ᠡᠭᠦᠨ ᠳᠤ ᠵᠢᠭᠰᠠᠭᠠᠨ ᠣᠷᠣᠭᠤᠯᠵᠤ᠂ ᠹᠧᠩᠵᠧᠨ ᠬᠤᠲᠠ ᠰᠣᠩᠭᠤᠭᠳᠠᠪᠠ᠃ ᠹᠧᠩᠵᠧᠨ ᠬᠤᠲᠠ ᠶᠢᠨ ᠪᠦᠬᠦ᠋ᠢᠯᠡ ᠬᠤᠲᠠ ᠶᠢᠨ ᠭᠡᠷ ᠤᠨ ᠣᠷᠣᠶ ᠶᠢᠨ ᠲᠠᠷᠬᠠᠯᠲᠠ ᠶᠢᠨ ᠬᠡᠯᠪᠡᠷᠢ ᠶᠢᠨ ᠭᠡᠷᠡᠯ ᠴᠡᠨᠡᠭ ᠤᠨ ᠨᠡᠭᠡᠭᠡᠨ ᠬᠥᠭᠵᠢᠭᠦᠯᠬᠦ ᠲᠥᠷᠥᠯ ᠵᠦᠢᠯ ᠢ ᠤᠷᠤᠭᠰᠢᠲᠠᠶ ᠬᠡᠷᠡᠭᠵᠢᠭᠦᠯᠬᠦ ᠶᠢ ᠦᠨᠡᠨᠬᠦ ᠰᠠᠶᠢᠲᠤᠷ ᠬᠢᠬᠦ ᠶᠢᠨ ᠲᠥᠯᠥᠭᠡ᠂ ᠹᠧᠩᠵᠧᠨ ᠬᠤᠲᠠ ᠶᠢᠨ ᠬᠢᠨ ︽ᠹᠧᠩᠵᠧᠨ ᠬᠤᠲᠠ ᠶᠢᠨ ᠬᠡᠷ ᠤᠨ ᠣᠷᠣᠶ ᠶᠢᠨ ᠬᠡᠷᠡᠯ ᠴᠡᠨᠡᠭ ᠤᠨ ᠲᠤᠷᠰᠢᠯᠲᠠ ᠶᠢᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ︾ ᠢ ᠨᠠᠷᠢᠨ ᠲᠣᠭᠲᠠᠭᠠᠵᠤ᠂ ᠬᠡᠷ ᠤᠨ ᠣᠷᠣᠶ ᠶᠢᠨ ᠲᠠᠷᠬᠠᠯᠲᠠ ᠶᠢᠨ ᠬᠡᠯᠪᠡᠷᠢ ᠶᠢᠨ ᠬᠡᠷᠡᠯ ᠴᠡᠨᠡᠭ ᠤᠨ ᠲᠤᠷᠰᠢᠯᠲᠠ ᠶᠢᠨ ᠲᠥᠷᠥᠯ ᠵᠦᠶᠯ ᠤᠨ ᠠᠵᠤ ᠠᠬᠤᠶᠢᠯᠠᠯ ᠤᠨ ᠰᠢᠯᠢᠳᠡᠭ ᠢ ᠨᠢ ᠰᠣᠩᠭᠤᠵᠤ ᠨᠡᠭᠡᠭᠡᠨ ᠬᠥᠭᠵᠢᠭᠦᠯᠬᠦ ᠠᠯᠪᠠᠨ ᠵᠠᠷ ᠢ ᠨᠡᠶᠢᠲᠡᠯᠡᠭᠰᠡᠨ ᠪᠥᠭᠡᠳ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠳᠤ ᠨᠠᠶᠢᠳᠠᠵᠤ ᠹᠧᠩᠵᠧᠨ ᠬᠤᠲᠠ ᠶᠢᠨ ᠬᠡᠷ ᠤᠨ ᠣᠷᠣᠶ ᠶᠢᠨ ᠲᠠᠷᠬᠠᠯᠲᠠ ᠶᠢᠨ ᠬᠡᠯᠪᠡᠷᠢ ᠶᠢᠨ ᠬᠡᠷᠡᠯ ᠴᠡᠨᠡᠭ ᠤᠨ ᠲᠤᠷᠰᠢᠯᠲᠠ ᠶᠢᠨ ᠲᠥᠷᠥᠯ ᠵᠦᠶᠯ ᠤᠨ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠢ ᠢᠯᠡ ᠪᠠᠷ ᠰᠢᠯᠢᠳᠡᠭ ᠢ ᠨᠢ ᠰᠣᠩᠭᠤᠭᠤᠯᠪᠠ᠃ ᠡᠨᠡ ᠵᠢᠯ ᠤᠨ 3 ᠰᠠᠷ᠎ᠠ ᠶᠢᠨ 1 ᠤ ᠡᠳᠦᠷ ᠪᠣᠯᠲᠠᠯ᠎ᠠ᠂ ᠹᠧᠩᠵᠧᠨ ᠬᠤᠲᠠ ᠶᠢᠨ ᠬᠡᠷ ᠤᠨ ᠣᠷᠣᠶ ᠶᠢᠨ ᠲᠠᠷᠬᠠᠯᠲᠠ ᠶᠢᠨ ᠬᠡᠯᠪᠡᠷᠢ ᠶᠢᠨ ᠬᠡᠷᠡᠯ ᠴᠡᠨᠡᠭ ᠤᠨ ᠲᠤᠷᠰᠢᠯᠲᠠ ᠶᠢᠨ ᠨᠢᠭᠡᠳᠦᠭᠡᠷ ᠪᠠᠷᠢᠮᠵᠢᠶᠠᠲᠤ ᠬᠡᠰᠡᠭ ᠤᠨ ᠲᠥᠷᠥᠯ ᠵᠦᠶᠯ ᠤᠨ 10 ᠠᠵᠤ ᠠᠬᠤᠶᠢᠯᠠᠯ ᠨᠡᠷ᠎ᠡ ᠮᠡᠳᠡᠭᠦᠯᠵᠦ᠂ ᠰᠢᠯᠢᠳᠡᠭ ᠢ ᠨᠢ ᠰᠣᠩᠭᠤᠬᠤ ᠪᠢᠴᠢᠭ ᠮᠠᠲ᠋ᠧᠷᠢᠶᠠᠯ ᠢ ᠲᠤᠰᠢᠶᠠᠭᠰᠠᠨ ᠪᠥᠭᠡᠳ ᠳᠠᠭᠠᠭᠠᠴᠢᠯᠠᠯᠲᠠ ᠥᠷᠢᠰᠥᠯᠳᠦᠵᠦ ᠰᠢᠯᠢᠳᠡᠭ ᠢ ᠨᠢ ᠰᠣᠩᠭᠤᠬᠤ ᠱᠠᠲᠤᠨ ᠳᠤ ᠤᠷᠤᠭᠰᠠᠨ ᠠᠵᠤ ᠠᠬᠤᠶᠢᠯᠠᠯ 3 ᠪᠠᠶᠢᠵᠤ᠂ ᠲᠤᠷᠰᠢᠯᠲᠠ ᠶᠢᠨ ᠬᠤᠶᠠᠳᠤᠭᠠᠷ ᠪᠠᠷᠢᠮᠵᠢᠶᠠᠲᠤ ᠬᠡᠰᠡᠭ ᠤᠨ ᠲᠥᠷᠥᠯ ᠵᠦᠶᠯ ᠤᠨ 9 ᠠᠵᠤ ᠠᠬᠤᠶᠢᠯᠠᠯ ᠨᠡᠷ᠎ᠡ ᠮᠡᠳᠡᠭᠦᠯᠵᠦ᠂ ᠰᠢᠯᠢᠳᠡᠭ ᠢ ᠨᠢ ᠰᠣᠩᠭᠤᠬᠤ ᠪᠢᠴᠢᠭ ᠮᠠᠲ᠋ᠧᠷᠢᠶᠠᠯ ᠢ ᠲᠤᠰᠢᠶᠠᠭᠰᠠᠨ ᠪᠥᠭᠡᠳ ᠳᠠᠭᠠᠭᠠᠴᠢᠯᠠᠯᠲᠠ ᠥᠷᠢᠰᠥᠯᠳᠦᠵᠦ ᠰᠢᠯᠢᠳᠡᠭ ᠢ ᠨᠢ ᠰᠣᠩᠭᠤᠬᠤ ᠱᠠᠲᠤᠨ ᠳᠤ ᠤᠷᠤᠭᠰᠠᠨ ᠠᠵᠤ ᠠᠬᠤᠶᠢᠯᠠᠯ 3 ᠪᠠᠶᠢᠨ᠎ᠠ᠃ ᠲᠠᠷᠠᠭᠠᠴᠢ ᠶᠢᠨ ᠱᠠᠲᠤᠨ ᠳᠤ᠂ ᠹᠧᠩᠵᠧᠨ ᠬᠤᠲᠠ ᠶᠢᠨ ᠬᠢᠨ ᠳᠡᠪᠰᠢᠭᠦᠯᠦᠭᠰᠡᠨ ᠭᠤᠶᠤᠴᠢᠯᠠᠨ ᠮᠡᠳᠡᠭᠦᠯᠦᠯᠲᠡ ᠶᠢᠨ ᠪᠢᠴᠢᠭ ᠮᠠᠲ᠋ᠧᠷᠢᠶᠠᠯ ᠶᠢᠨ ᠨᠡᠶᠢᠴᠡᠬᠦ ᠴᠢᠨᠠᠷ ᠤᠨ ᠬᠢᠨᠠᠨ ᠪᠠᠶᠢᠴᠠᠭᠠᠯᠲᠠ ᠪᠠ ᠨᠠᠷᠢᠨ ᠨᠢᠮᠪᠠᠶ ᠬᠢᠨᠠᠨ ᠲᠣᠭᠲᠠᠭᠠᠯᠲᠠ ᠬᠢᠵᠦ᠂ ᠬᠢᠨᠠᠨ ᠲᠣᠭᠲᠠᠭᠠᠬᠤ ᠵᠦᠶᠯᠡᠰ ᠤᠨ ᠵᠦᠶᠯ ᠬᠤᠪᠢᠶᠠᠨ ᠬᠤᠪᠢ ᠲᠣᠭᠲᠠᠭᠠᠬᠤ ᠨᠡᠶᠢᠯᠡᠪᠦᠷᠢ ᠶᠢ ᠦᠨᠳᠦᠰᠦᠯᠡᠨ ᠶᠡᠷᠦᠩᠬᠡᠶᠢᠯᠡᠭᠰᠡᠨ ᠬᠤᠪᠢ ᠣᠯᠭᠤᠵᠤ᠂ ᠣᠯᠣᠭᠰᠠᠨ ᠶᠡᠷᠦᠩᠬᠡᠶᠢᠯᠡᠭᠰᠡᠨ ᠬᠤᠪᠢ ᠶᠢᠨ ᠥᠨᠳᠥᠷ ᠪᠣᠭᠤᠨᠢ ᠶᠢ ᠦᠨᠳᠦᠰᠦᠯᠡᠨ ᠲᠠᠰ ᠳᠠᠷᠠᠭᠠᠯᠠᠨ ᠵᠢᠭᠰᠠᠭᠠᠨ᠎ᠠ᠃ ᠡᠮᠦᠨᠡᠬᠢ ᠬᠤᠭᠤᠴᠠᠭᠠᠨ ᠤ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠬᠦ ᠰᠠᠭᠤᠷᠢᠨ ᠳᠡᠭᠡᠷ᠎ᠡ᠂ ᠲᠤᠷᠰᠢᠯᠲᠠ ᠶᠢᠨ ᠴᠡᠭ ᠤᠨ ᠬᠡᠪᠴᠢᠶ᠎ᠡ ᠶᠢ ᠭᠦᠨᠵᠡᠭᠡᠶ ᠥᠷᠭᠡᠳᠬᠡᠵᠦ᠂ ᠡᠯ᠎ᠡ ᠲᠥᠷᠥᠯ ᠤᠨ ᠪᠠᠷᠢᠯᠭ᠎ᠠ ᠶᠢᠨ ᠬᠥᠭᠵᠢᠯᠲᠡ ᠶᠢᠨ ︽ᠬᠡᠷ ᠤᠨ ᠣᠷᠣᠶ ᠶᠢᠨ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ︾ ᠶᠢ ᠭᠦᠶᠴᠡᠳ ᠠᠰᠢᠭᠯᠠᠨ᠂ ᠲᠠᠷᠬᠠᠮᠠᠯ ᠬᠡᠯᠪᠡᠷᠢ ᠶᠢᠨ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠰᠢᠰᠲ᠋ᠧᠮ ᠢ ᠪᠠᠶᠢᠭᠤᠯᠵᠤ᠂ ︽ᠪᠥᠬᠦ ᠰᠢᠶᠠᠨ ᠤ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ︾ ᠶᠢᠨ ᠲᠥᠷᠥᠯ ᠵᠦᠶᠯ ᠤᠨ ᠬᠡᠷᠡᠭᠵᠢᠭᠦᠯᠦᠯᠲᠡ ᠶᠢ ᠪᠥᠬᠦ ᠬᠦᠴᠦᠨ ᠢᠶᠠᠷ ᠠᠬᠢᠭᠤᠯᠤᠨ᠎ᠠ᠃                                          ᠣᠷᠴᠢᠭᠤᠯᠤᠭᠴᠢ᠄ ᠤᠳᠠ                                          ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2