ᠴᠢ ᠹᠸᠢ ᠶᠦᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ ᠠᠮᠢ ᠠᠬᠤᠶ ᠶᠢᠨ ᠪᠦᠲᠦᠭᠡᠨ ᠪᠠᠶᠢᠭᠤᠯᠤᠯᠲᠠ  ᠵᠠᠮ ᠬᠠᠷᠢᠯᠴᠠᠭᠠᠨ ᠤ ᠬᠥᠭᠵᠢᠯᠲᠡ ᠪᠣᠯᠤᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠵᠡᠷᠭᠡ ᠠᠵᠢᠯ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2022/3/9
    3 ᠰᠠᠷ᠎ᠠ ᠶᠢᠨ 7 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠸᠢ ᠶᠦᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ︽ᠬᠤᠳᠠᠯᠳᠤᠭ᠎ᠠ ᠡᠷᠬᠢᠯᠡᠬᠦ ᠣᠷᠴᠢᠨ‌ᠨᠦ᠋ᠬᠦᠴᠡᠯ ᠢ ᠰᠢᠯᠢᠳᠡᠭᠵᠢᠭᠦᠯᠬᠦ ᠳᠦᠷᠢᠮ︾ ᠢ ᠰᠤᠷᠤᠯᠴᠠᠵᠤ᠂ ︽ᠤᠯᠠᠭᠠᠨᠴᠠᠪ ᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠬᠠᠮᠠᠭᠠᠯᠠᠯᠲᠠ ᠬᠥᠭᠵᠢᠯᠲᠡ ᠶᠢᠨ ᠲᠥᠯᠥᠪᠵᠢᠭᠦᠯᠭᠡ︾ ︽ᠤᠯᠠᠭᠠᠨᠴᠠᠪ ᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠶᠡᠷᠦᠩᠬᠡᠶᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠶᠢᠨ ᠬᠥᠭᠵᠢᠯᠲᠡ ᠶᠢᠨ ᠲᠥᠯᠥᠪᠵᠢᠭᠦᠯᠭᠡ︾ ︽ᠤᠯᠠᠭᠠᠨᠴᠠᠪ ᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠠᠷᠠᠳ ᠤᠨ ᠶᠠᠪᠤᠳᠠᠯ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ︾ ︽ᠤᠯᠠᠭᠠᠨᠴᠠᠪ ᠬᠤᠲᠠ ᠶᠢᠨ ᠬᠤᠳᠠᠯᠳᠤᠭ᠎ᠠ ᠡᠷᠭᠢᠯᠡᠬᠦ ᠣᠷᠴᠢᠨ ᠨᠦᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠨᠠᠩ ᠰᠠᠶᠢᠨ ᠦᠢᠯᠡᠴᠢᠯᠡᠬᠦ ᠠᠵᠢᠯ ᠤᠨ ᠬᠡᠷᠡᠭᠵᠢᠭᠦᠯᠬᠦ ᠲᠥᠰᠦᠯ︾ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ  ᠪᠠᠶᠢᠷᠢᠯᠠᠭᠤᠯᠪᠠ᠃     ᠬᠤᠷᠠᠯ ᠠᠴᠠ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠨᠢ ᠣᠷᠴᠢᠨ ᠲᠣᠭᠤᠷᠢᠨ ᠤ ᠠᠰᠠᠭᠤᠳᠠᠯ᠂ ᠠᠷᠠᠳ ᠤᠨ ᠠᠮᠢᠳᠤᠷᠠᠯ ᠤᠨ ᠠᠰᠠᠭᠤᠳᠠᠯ᠂ ᠬᠥᠭᠵᠢᠯᠲᠡ ᠶᠢᠨ ᠠᠰᠠᠭᠤᠳᠠᠯ ᠪᠣᠯᠬᠤ ᠪᠠᠷ ᠪᠠᠷᠠᠬᠤ ᠦᠭᠡᠢ ᠨᠡᠩ ᠴᠤ ᠴᠢᠬᠤᠯᠠ ᠶᠡᠭᠡ ᠤᠯᠤᠰ ᠲᠦᠷᠦ ᠶᠢᠨ ᠠᠰᠠᠭᠤᠳᠠᠯ ᠪᠣᠯᠤᠨ᠎ᠠ᠃ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠲᠡᠦᠬᠡ ᠶᠢᠨ ᠬᠦᠨᠳᠦ ᠡᠭᠦᠷᠭᠡ ᠶᠢ ᠡᠷᠡᠰ ᠡᠭᠦᠷᠭᠡᠯᠡᠵᠦ᠂ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠡᠪᠡᠰᠦ ᠡᠯᠡᠰᠦᠨ ᠤ ᠰᠢᠰᠲ᠋ᠧᠮᠲᠦ ᠵᠠᠰᠠᠯᠲᠠ ᠶᠢ ᠨᠢᠭᠡᠳᠦᠯᠲᠡᠢ ᠲᠥᠯᠥᠪᠵᠢᠭᠦᠯᠵᠦ᠂ ᠶᠡᠭᠡ ᠬᠡᠪᠴᠢᠶᠡᠨ ᠤ ᠤᠯᠤᠰ ᠤᠨ ᠭᠠᠵᠠᠷ ᠰᠢᠷᠣᠢ ᠶᠢᠨ ᠨᠣᠭᠤᠭᠠᠷᠠᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠠᠬᠢᠭᠤᠯᠵᠤ᠂ ᠤᠢ ᠰᠢᠭᠤᠢ᠂ ᠨᠤᠲᠤᠭ ᠪᠡᠯᠴᠢᠭᠡᠷ ᠤᠨ ᠶᠠᠰᠤ ᠴᠢᠨᠠᠷ ᠪᠣᠯᠤᠨ ᠶᠡᠷᠦᠩᠬᠡᠶᠢᠯᠡᠭᠰᠡᠨ ᠦᠷ᠎ᠡ ᠠᠰᠢᠭ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠰᠠᠶᠢᠲᠤᠷ ᠵᠠᠮᠨᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠵᠠᠮ ᠬᠠᠷᠢᠯᠴᠠᠭᠠᠨ ᠤ ᠦᠢᠯᠡᠰ ᠤᠨ ᠬᠥᠭᠵᠢᠯᠲᠡ ᠶᠢ ᠥᠨᠳᠥᠷ ᠡᠬᠢᠯᠡᠯᠲᠡ ᠲᠠᠢ᠂ ᠥᠨᠳᠥᠷ ᠪᠠᠷᠢᠮᠵᠢᠶ᠎ᠠ ᠲᠠᠢ᠂ ᠴᠢᠨᠠᠷ ᠰᠠᠶᠢᠲᠠᠶ ᠲᠥᠯᠥᠪᠯᠡᠵᠦ᠂ ᠡᠭᠦᠷᠭᠡ᠂ ᠴᠠᠭ ᠤᠨ ᠬᠢᠵᠠᠭᠠᠷ ᠪᠠ ᠠᠷᠭ᠎ᠠ ᠵᠠᠮ ᠢ ᠲᠣᠳᠣᠷᠬᠠᠶ ᠪᠣᠯᠭᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠬᠦᠴᠦᠲᠡᠶ ᠠᠳᠬᠤᠵᠤ᠂ ︽ᠲᠥᠯᠥᠪᠵᠢᠭᠦᠯᠭᠡ ᠶᠢᠨ ᠵᠢᠷᠤᠭ︾ ᠢ ︽ᠪᠣᠳᠠᠲᠤ ᠦᠵᠡᠮᠵᠢ ᠶᠢᠨ ᠵᠢᠷᠤᠭ︾ ᠪᠣᠯᠭᠠᠨ ᠬᠤᠪᠢᠷᠠᠭᠤᠯᠬᠤ ᠶᠢ ᠲᠦᠷᠭᠡᠪᠴᠢᠯᠡᠨ ᠠᠬᠢᠭᠤᠯᠬᠤ ᠬᠡᠷᠡᠭᠲᠡᠶ᠃ ᠶᠡᠷᠦᠩᠬᠡᠶᠢᠯᠡᠭᠰᠡᠨ ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ ᠲᠣᠣᠷ ᠢ ᠬᠦᠴᠦᠯᠡᠨ ᠰᠢᠯᠢᠳᠡᠭᠵᠢᠭᠦᠯᠵᠦ᠂ ᠤᠳᠤ ᠦᠶ᠎ᠡ ᠶᠢᠨ ᠪᠠᠷᠠᠭᠠᠨ ᠤ ᠭᠦᠢᠯᠭᠡᠭᠡ᠂ ᠰᠣᠶᠣᠯ ᠵᠤᠭᠠᠴᠠᠯ ᠡᠷᠡᠭᠦᠯᠵᠢᠯ ᠰᠤᠪᠢᠯᠠᠯᠲᠠ ᠵᠡᠷᠭᠡ ᠳᠠᠪᠠᠭᠤᠯᠢᠭ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠵᠠᠮ ᠬᠠᠷᠢᠯᠴᠠᠭᠠᠨ ᠤ ᠣᠷᠣᠨ ᠪᠠᠶᠢᠷᠢ ᠶᠢᠨ ᠳᠠᠪᠠᠭᠤᠯᠢᠭ ᠢ ᠦᠨᠡᠨᠬᠦ ᠠᠵᠤ ᠠᠬᠤᠢ ᠶᠢᠨ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠱᠠᠭᠠᠷᠳᠠᠪᠠ᠃    ᠬᠤᠷᠠᠯ ᠠᠴᠠ᠂ ᠠᠷᠠᠳ ᠤᠨ ᠶᠠᠪᠤᠳᠠᠯ ᠤᠨ ᠠᠵᠢᠯ ᠨᠢ ᠠᠷᠠᠳ ᠤᠨ ᠠᠮᠢᠳᠤᠷᠠᠯ ᠲᠠᠢ ᠬᠤᠯᠪᠣᠭᠳᠠᠵᠤ᠂ ᠠᠷᠠᠳ ᠤᠨ ᠰᠡᠳᠬᠢᠯ ᠲᠠᠢ ᠬᠤᠯᠪᠣᠭᠳᠠᠵᠤ ᠪᠠᠶᠢᠳᠠᠭ᠃ ᠪᠥᠬᠦ ᠬᠤᠲᠠ ᠶᠢᠨ ᠪᠣᠳᠠᠲᠤ ᠪᠠᠶᠢᠳᠠᠯ ᠳᠤ ᠰᠠᠭᠤᠷᠢᠯᠠᠨ᠂ ᠠᠷᠠᠳ ᠤᠨ ᠠᠮᠢᠳᠤᠷᠠᠯ ᠤᠨ ᠦᠨᠳᠦᠰᠦᠨ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠰᠢᠨ᠎ᠡ ᠪᠠᠶᠢᠷᠢᠰᠢᠯ ᠢ ᠪᠣᠶ ᠪᠣᠯᠭᠠᠵᠤ᠂ ᠦᠨᠳᠦᠰᠦᠨ ᠨᠡᠶᠢᠭᠡᠮ ᠤᠨ ᠦᠢᠯᠡᠴᠢᠯᠡᠭᠡ ᠶᠢ ᠴᠢᠩᠭᠠᠳᠬᠠᠨ᠂ ᠨᠡᠶᠢᠭᠡᠮ ᠤᠨ ᠠᠪᠤᠷᠠᠨ ᠲᠤᠰᠠᠯᠠᠬᠤ ᠲᠦᠷᠢᠮ ᠢ ᠲᠡᠭᠦᠯᠳᠡᠷᠵᠢᠭᠦᠯᠬᠦ᠂ ᠨᠠᠰᠤᠵᠢᠯ ᠤᠨ ᠠᠰᠠᠷᠠᠮᠵᠢ ᠬᠡᠤᠬᠡᠳ ᠰᠠᠭᠠᠲᠠᠭᠤᠯᠬᠤ ᠦᠢᠯᠡᠴᠢᠯᠡᠭᠡᠨ ᠤ ᠰᠢᠰᠲ᠋ᠧᠮ ᠢ ᠪᠦᠷᠢᠨᠰᠢᠬᠦᠯᠬᠦ ᠵᠡᠷᠭᠡ ᠭᠤᠤᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠣᠤᠷ ᠢ ᠨᠢᠭᠲᠠ ᠪᠥᠭᠡᠳ ᠪᠠᠲᠤ ᠰᠦᠯᠵᠢᠵᠦ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠨᠠᠩ ᠰᠠᠶᠢᠲᠤᠷ ᠬᠠᠩᠭᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃     ᠬᠤᠷᠠᠯ ᠠᠴᠠ᠂ ᠠᠵᠤ ᠠᠬᠤᠶᠢᠯᠠᠯ ᠢᠶᠠᠷ ᠠᠷᠠᠳ ᠲᠤ ᠠᠰᠢᠭ ᠬᠦᠷᠲᠡᠭᠡᠬᠦ ᠪᠠᠷ ᠵᠣᠷᠢᠯᠲᠠ ᠪᠠ ᠦᠷ᠎ᠡ ᠳ᠋ᠦᠩ ᠪᠣᠯᠭᠠᠵᠤ᠂ ᠲᠡᠷᠢᠭᠦᠨ ᠤ ᠲᠤᠷᠰᠢᠯᠭ᠎ᠠ ᠶᠢ ᠰᠤᠷᠤᠯᠴᠠᠨ ᠲᠤᠯᠢᠳᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠲᠡᠷᠢᠭᠦᠨ ᠤ ᠬᠤᠳᠠᠯᠳᠤᠭ᠎ᠠ ᠡᠷᠬᠢᠯᠡᠬᠦ ᠣᠷᠴᠢᠨ  ᠨᠦᠬᠦᠴᠡᠯ ᠢ ᠪᠦᠬᠦ ᠬᠦᠴᠦᠨ ᠢᠶᠠᠷ ᠢᠶᠠᠨ ᠪᠤᠢ ᠪᠣᠯᠭᠠᠬᠤ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠴᠢᠬᠤᠯᠠ ᠶᠡᠭᠡ ᠲᠦᠷᠦᠯ ᠵᠦᠢᠯ ᠢ ᠣᠷᠣᠭᠤᠯᠤᠨ ᠠᠪᠴᠢᠷᠠᠬᠤ ᠪᠠ ᠪᠦᠳᠦᠭᠡᠨ ᠪᠠᠶᠢᠭᠤᠯᠬᠤ ᠡᠷᠴᠢᠮ ᠢᠶᠠᠨ ᠴᠢᠩᠭᠠᠷᠠᠭᠤᠯᠵᠤ᠂ ᠠᠶᠤᠯᠭᠦᠢ ᠦᠢᠯᠡᠳᠪᠦᠷᠢᠯᠡᠯ ᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠨᠢᠭᠡᠳᠦᠭᠡᠷ ᠤᠯᠠᠷᠢᠯ ᠳᠤ  ᠲᠣᠭᠲᠠᠭᠤᠨ ᠰᠠᠶᠢᠨ ᠡᠬᠢᠯᠡᠯᠲᠡ ᠲᠠᠢ ᠪᠣᠯᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2